ᠠᠯᠠᠱᠠ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠣᠭᠲᠠᠭᠠᠯ ᠤᠨ ᠪᠢᠴᠢᠭ ︵᠎  ᠠᠯᠠᠱᠠ ᠣᠷᠴᠢᠨ ᠲᠣᠭᠤᠷᠢᠨ ︵᠎  ᠵᠡᠭᠦᠨ ᠬᠤᠰᠢᠭᠤ︶᠎  ᠲᠣᠷᠭᠠᠬᠤ ᠲᠠᠷᠬᠠᠭᠠᠭᠰᠠᠨ ﹇᠎  2024﹈᠎  ᠎ 4 ᠳ᠋ᠦ᠋ᠭᠡᠷ ᠲᠣᠭᠠᠲᠤ︶᠎ 
ᠨᠡᠶᠢᠲᠡᠯᠡᠭᠰᠡᠨ ᠴᠠᠭ᠄
2024/7/15
             ᠠᠯᠠᠱᠠ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠰᠠᠭ                        ᠶᠠᠨᠵᠢᠨ ᠰᠢᠶᠠᠨ ᠤ ᠴᠢᠶᠠᠩ ᠱᠧᠩ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠪᠦᠷᠢ ᠳᠤ ᠄             ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠺᠣᠳ᠋᠄  91410726MA9GRM646J             ︵ᠬᠤᠪᠢ ᠬᠥᠮᠦᠨ ᠤ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ︶᠎ ᠎ ᠤᠨ ᠪᠡᠯᠡ ᠣᠷᠣᠭᠤᠯᠤᠭᠴᠢ ᠄  ᠵᠠᠩ ᠪᠦᠦ ᠴᠧᠩ            ᠰᠠᠭᠤᠭ᠎ᠠ ᠭᠠᠵᠠᠷ᠄  ᠪᠠᠷᠠᠭᠤᠨ ᠪᠡᠯ ᠪᠠᠯᠭᠠᠰᠤᠨ ᠤ ᠱᠠᠩᠬᠠᠶ ᠭᠠᠴᠠᠭ᠎ᠠ            ᠲᠠᠨ  ᠤ ᠺᠣᠮᠫᠠᠨᠢ  ᠶᠢᠨ ᠣᠷᠴᠢᠨ ᠲᠣᠭᠤᠷᠢᠨ  ᠤ ᠬᠠᠤᠯᠢ ᠠᠴᠠ ᠵᠥᠷᠢᠴᠡᠭᠰᠡᠨ ᠬᠡᠷᠡᠭ  ᠢ ᠮᠠᠨ  ᠤ ᠲᠣᠪᠴᠢᠶ᠎ᠠ ᠪᠠᠶᠢᠴᠠᠭᠠᠭᠠᠳ᠂ ᠡᠳᠦᠭᠡ ᠨᠢᠭᠡᠨᠲᠡ ᠬᠢᠨᠠᠨ ᠪᠠᠶᠢᠴᠠᠭᠠᠵᠤ ᠳᠠᠭᠤᠰᠬᠠᠪᠠ᠃            ᠲᠣᠰ ᠨᠢᠭᠡᠴᠡ 2024 ᠣᠨ ᠤ 3 ᠳ᠋ᠤᠭᠠᠷ ᠰᠠᠷ᠎ᠠ ᠶᠢᠨ 26᠎ ᠤ ᠡᠳᠦᠷ ᠶᠠᠨᠵᠢᠨ ᠰᠢᠶᠠᠨ ᠤ ᠴᠢᠶᠠᠩ ᠱᠧᠩ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠦᠶᠯᠡᠳᠪᠦᠷᠢ ᠶᠢᠨ ᠪᠠᠷᠠᠭᠤᠨ ᠪᠡᠯ ᠪᠠᠯᠭᠠᠰᠤᠨ ᠤ ᠬᠠᠶᠢᠷ ᠴᠢᠯᠠᠭᠤ ᠰᠤᠷᠭᠠᠯᠲᠠ ᠳᠤ ᠬᠠᠮᠤᠷᠤᠭᠤᠯᠬᠤ ᠲᠥᠷᠥᠯ ᠵᠦᠶᠯ ᠳᠤ ᠪᠠᠶᠢᠴᠠᠭᠠᠯᠲᠠ ᠬᠢᠭᠡᠳ᠂ ᠲᠠᠨ ᠤ ᠨᠢᠭᠡᠴᠡ ᠳᠠᠷᠠᠭᠠᠬᠢ ᠮᠡᠲᠦ ᠣᠷᠴᠢᠨ ᠠᠬᠤᠶ ᠶᠢᠨ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠬᠢᠭᠰᠡᠨ ᠢ ᠣᠯᠵᠤ ᠮᠡᠳᠡᠵᠡᠶ᠄              ︵᠎  ᠨᠢᠭᠡ︶᠎  ᠪᠠᠶᠢᠴᠠᠭᠠᠯᠲᠠ ᠪᠠᠷ ᠣᠯᠵᠤ ᠮᠡᠳᠡᠭᠰᠡᠨ ᠨᠢ᠂ ᠶᠠᠨᠵᠢᠨ ᠰᠢᠶᠠᠨ ᠤ ᠴᠢᠶᠠᠩ ᠱᠧᠩ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠦᠶᠯᠡᠳᠪᠦᠷᠢ ᠶᠢᠨ ᠪᠠᠷᠠᠭᠤᠨ ᠪᠡᠯ ᠪᠠᠯᠭᠠᠰᠤᠨ ᠤ ᠬᠠᠶᠢᠷ ᠴᠢᠯᠠᠭᠤ ᠡᠳ᠋ᠰᠢᠭᠦᠯᠬᠦ ᠲᠥᠷᠥᠯ ᠵᠦᠶᠯ ᠳᠤ ᠵᠥᠪᠰᠢᠶᠡᠷᠡᠯ ᠥᠬᠡᠶ ᠪᠠᠷ ᠤᠷᠢᠳᠠᠪᠠᠷ ᠪᠠᠶᠢᠭᠤᠯᠬᠤ ᠬᠠᠤᠯᠢ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠨ᠎ᠠ᠃            ᠳᠡᠭᠡᠷᠡᠬᠢ ᠪᠣᠳᠠᠲᠤ ᠶᠠᠪᠤᠳᠠᠯ ᠳᠤ ᠳᠣᠣᠷᠠᠬᠢ ᠭᠡᠷᠡᠴᠢ ᠪᠠᠷᠢᠮᠲᠠ ᠨᠤᠭᠤᠳ ᠢᠶᠠᠷ ᠪᠠᠷᠢᠮᠲᠠ ᠪᠣᠯᠭᠠᠨ᠎ᠠ᠄             1. 2024 ᠣᠨ ᠤ 4ᠳ᠋ᠦ᠋ᠭᠡᠷ ᠰᠠᠷ᠎ᠠ ᠶᠢᠨ 7᠎ ᠤ ᠡᠳᠦᠷ ᠬᠠᠤᠯᠢ ᠬᠡᠷᠡᠭᠵᠢᠭᠦᠯᠦᠭᠴᠢ ᠵᠧᠦ ᠰᠢᠨ ᠶᠠᠩ ᠲᠤᠬᠠᠶ ᠶᠢᠨ ᠲᠠᠯᠠᠪᠤᠷ ᠤᠨ ᠭᠡᠷᠡᠯ ᠵᠢᠷᠤᠭ ᠢ ᠰᠡᠭᠦᠳᠡᠷᠯᠡᠵᠦ᠂ ᠲᠤᠰ ᠬᠠᠶᠢᠷ ᠴᠢᠯᠠᠭᠤᠨ ᠤ ᠦᠢᠯᠡᠳᠪᠦᠷᠢ ᠶᠢ ᠵᠥᠪᠰᠢᠶᠡᠷᠡᠯ ᠦᠭᠡᠢ ᠪᠠᠷ ᠤᠷᠢᠳᠠᠪᠠᠷ ᠪᠠᠶᠢᠭᠤᠯᠤᠭᠰᠠᠨ ᠢ ᠭᠡᠷᠡᠴᠢᠯᠡᠪᠡ︔᠎             2. 2024 ᠣᠨ ᠤ 3 ᠳ᠋ᠤᠭᠠᠷ ᠰᠠᠷ᠎ᠠ ᠶᠢᠨ 26᠎ ᠤ ᠡᠳᠦᠷ ᠸᠠᠩ ᠸᠧᠶ ᠭᠠᠷ ᠤᠨ ᠥᠰᠥᠭ ᠵᠢᠷᠤᠵᠤ ︽ᠲᠤᠬᠠᠶ ᠶᠢᠨ ᠲᠠᠯᠠᠪᠤᠷ ᠤᠨ ᠪᠠᠶᠢᠴᠠᠭᠠᠯᠲᠠ ︵᠎  ᠬᠠᠶᠢᠨ ᠪᠠᠶᠢᠴᠠᠭᠠᠯᠲᠠ︶᠎ ᠎ ᠶᠢᠨ ᠲᠡᠮᠳᠡᠭᠯᠡᠯ︾᠎ ᠎ ᠢ ᠨᠤᠲᠠᠯᠠᠵᠤ᠂ ᠲᠣᠰ ᠬᠠᠶᠢᠷ ᠴᠢᠯᠠᠭᠤᠨ ᠤ ᠦᠶᠯᠡᠳᠪᠦᠷᠢ ᠣᠲᠣ ᠶᠠᠭ ᠦᠶᠯᠡᠳᠪᠦᠷᠢᠯᠡᠵᠦ ᠪᠠᠶᠢᠬᠤ ᠪᠥᠭᠡᠳ ᠣᠷᠴᠢᠨ ᠠᠬᠤᠶ ᠶᠢᠨ ᠨᠥᠯᠥᠭᠡᠯᠡᠯ ᠤᠨ ᠦᠨᠡᠯᠡᠯᠲᠡ ᠶᠢᠨ ᠭᠠᠷ ᠭᠦᠶᠴᠡᠳᠬᠡᠯ ᠬᠢᠭᠰᠡᠨ ᠥᠬᠡᠶ ᠶᠢ ᠭᠡᠷᠡᠴᠢᠯᠡᠪᠡ︔᠎             3. 2024 ᠣᠨ ᠤ 3 ᠳ᠋ᠤᠭᠠᠷ ᠰᠠᠷ᠎ᠠ ᠶᠢᠨ 26᠎ ᠤ ᠡᠳᠦᠷ ᠸᠠᠩ ᠸᠧᠶ ᠭᠠᠷ ᠤᠨ ᠥᠰᠥᠭ ᠵᠢᠷᠤᠵᠤ ︽ᠲᠤᠬᠠᠶ ᠶᠢᠨ ᠲᠠᠯᠠᠪᠤᠷ ᠤᠨ ᠬᠠᠶᠢᠨ ᠪᠠᠶᠢᠴᠠᠭᠠᠯᠲᠠ ᠶᠢᠨ ᠲᠠᠶᠢᠯᠪᠤᠷᠢ ᠵᠢᠷᠤᠭ︾᠎ ᠎ ᠢ ᠨᠤᠲᠠᠯᠠᠪᠠ︔᠎             4. 2024 ᠣᠨ ᠤ 3 ᠳ᠋ᠤᠭᠠᠷ ᠰᠠᠷ᠎ᠠ ᠶᠢᠨ 26᠎ ᠤ ᠡᠳᠦᠷ ᠸᠠᠩ ᠸᠧᠶ ᠭᠠᠷ ᠤᠨ ᠦᠰᠦᠭ ᠵᠢᠷᠤᠵᠤ ︽ᠪᠠᠶᠢᠴᠠᠭᠠᠨ ᠠᠰᠠᠭᠤᠭᠰᠠᠨ ᠲᠡᠮᠳᠡᠭᠯᠡᠯ︾᠎ ᠎ ᠢ ᠨᠤᠲᠠᠯᠠᠵᠤ᠂ ᠲᠤᠰ ᠬᠠᠶᠢᠷ ᠴᠢᠯᠠᠭᠤᠨ ᠤ ᠦᠢᠯᠡᠳᠪᠦᠷᠢ ᠶᠢ ᠵᠥᠪᠰᠢᠶᠡᠷᠡᠯ ᠦᠭᠡᠢ ᠪᠠᠷ ᠤᠷᠢᠳᠠᠪᠠᠷ ᠪᠠᠶᠢᠭᠤᠯᠤᠭᠰᠠᠨ ᠢ ᠭᠡᠷᠡᠴᠢᠯᠡᠪᠡ︔᠎             5. 2024 ᠣᠨ ᠤ 4ᠳ᠋ᠦ᠋ᠭᠡᠷ ᠰᠠᠷ᠎ᠠ ᠶᠢᠨ 7᠎ ᠤ ᠡᠳᠦᠷ ︵᠎  ᠬᠤᠪᠢ ᠬᠥᠮᠦᠨ ᠤ ᠲᠤᠰᠠᠭᠠᠷ ᠪᠠᠯᠠ ᠣᠷᠣᠭᠤᠯᠤᠭᠰᠠᠨ ᠠᠵᠤ ᠠᠬᠤᠶᠢᠯᠠᠯ︶᠎  ᠪᠠᠯᠠ ᠣᠷᠣᠭᠤᠯᠤᠭᠴᠢ ᠵᠠᠩ ᠪᠦᠦ ᠴᠧᠩ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ ᠭᠠᠷᠭᠠᠨ ᠠᠪᠴᠤ᠂ ᠪᠠᠯᠠ ᠣᠷᠣᠭᠤᠯᠤᠭᠴᠢ ᠶᠢᠨ ᠪᠡᠶ᠎ᠡ ᠶᠢᠨ ᠬᠢᠷᠢ ᠬᠡᠮ ᠢ ᠭᠡᠷᠡᠴᠢᠯᠡᠪᠡ︔᠎             6. 2024 ᠣᠨ ᠤ 4ᠳ᠋ᠦ᠋ᠭᠡᠷ ᠰᠠᠷ᠎ᠠ ᠶᠢᠨ 7᠎ ᠤ ᠡᠳᠦᠷ ᠶᠠᠨᠵᠢᠨ ᠰᠢᠶᠠᠨ ᠤ ᠴᠢᠶᠠᠩ ᠱᠧᠩ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠦᠶᠯᠡᠳᠪᠦᠷᠢ ᠶᠢᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠶᠢ ᠭᠠᠷᠭᠠᠨ ᠠᠪᠴᠤ᠂ ᠪᠡᠶ᠎ᠡ ᠪᠠᠨ ᠳᠠᠭᠠᠭᠠᠭᠰᠠᠨ ᠪᠡᠶᠡᠴᠢ ᠴᠣᠭᠴᠠ ᠶᠢᠨ ᠬᠢᠷᠢ ᠬᠡᠮ ᠢ ᠭᠡᠷᠡᠴᠢᠯᠡᠪᠡ᠃            ᠲᠠᠨ ᠤ ᠨᠢᠭᠡᠴᠢ ᠶᠢᠨ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠠᠤᠯᠢ︾᠎ ᠎ ᠶᠢᠨ ᠬᠤᠷᠢᠨ ᠲᠠᠪᠤᠳᠤᠭᠠᠷ ᠵᠦᠢᠯ ᠤᠨ ︽ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠭᠰᠠᠨ ᠦᠭᠡᠢ ᠪᠤᠶᠤ ᠬᠢᠨᠠᠨ ᠪᠠᠶᠢᠴᠠᠭᠠᠯᠭᠠᠭᠰᠠᠨ ᠤ ᠳᠠᠷᠠᠭ᠎ᠠ ᠵᠥᠪᠰᠢᠶᠡᠷᠡᠭᠰᠡᠨ ᠦᠭᠡᠢ ᠪᠠᠶᠢᠪᠠᠯ᠂ ᠪᠦᠲᠦᠭᠡᠨ ᠪᠠᠶᠢᠭᠤᠯᠬᠤ ᠨᠢᠭᠡᠴᠢ ᠪᠠᠷᠢᠯᠭ᠎ᠠ ᠡᠬᠢᠯᠡᠭᠦᠯᠵᠦ ᠪᠦᠲᠦᠭᠡᠨ ᠪᠠᠶᠢᠭᠤᠯᠵᠤ ᠪᠣᠯᠬᠤ ᠦᠭᠡᠢ︾᠎ ᠃ ᠡᠭᠦᠨ ᠤ ᠲᠤᠬᠠᠶ ᠲᠣᠭᠲᠠᠭᠠᠯ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠠᠤᠯᠢ︾᠎ ᠎ ᠶᠢᠨ ᠭᠤᠴᠢᠨ ᠨᠢᠭᠡᠳᠦᠭᠡᠷ ᠵᠦᠢᠯ ᠤᠨ ᠨᠢᠭᠡᠳᠦᠭᠡᠷ ᠪᠠᠳᠠᠭ ᠤᠨ ︽ᠪᠦᠲᠦᠭᠡᠨ ᠪᠠᠶᠢᠭᠤᠯᠤᠯᠲᠠ ᠶᠢᠨ ᠨᠢᠭᠡᠴᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ᠂ ᠮᠡᠳᠡᠭᠦᠯᠦᠯᠲᠡ ᠶᠢᠨ ᠬᠦᠰᠦᠨᠦᠭᠲᠦ ᠶᠢ ᠬᠠᠤᠯᠢ ᠶᠣᠰᠣᠭᠠᠷ ᠮᠡᠳᠡᠭᠦᠯᠦᠨ ᠵᠥᠪᠰᠢᠶᠡᠷᠡᠭᠦᠯᠦᠭᠰᠡᠨ ᠦᠭᠡᠶ᠂ ᠡᠰᠡᠬᠦᠯ᠎ᠡ ᠲᠤᠰ ᠬᠠᠤᠯᠢ ᠶᠢᠨ ᠬᠤᠷᠢᠨ ᠳᠥᠷᠪᠡᠳᠦᠭᠡᠷ ᠵᠦᠢᠯ ᠤᠨ ᠲᠣᠭᠲᠠᠭᠠᠯ ᠶᠣᠰᠣᠭᠠᠷ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ᠂ ᠮᠡᠳᠡᠭᠦᠯᠦᠯᠲᠡ ᠶᠢᠨ ᠬᠦᠰᠦᠨᠦᠭᠲᠦ ᠶᠢ ᠳᠠᠬᠢᠨ ᠮᠡᠳᠡᠭᠦᠯᠦᠨ ᠵᠥᠪᠰᠢᠶᠡᠷᠡᠭᠦᠯᠬᠦ ᠦᠭᠡᠶ ᠪᠤᠶᠤ ᠳᠠᠬᠢᠨ ᠬᠢᠨᠠᠨ ᠬᠠᠷᠭᠤᠭᠤᠯᠤᠭᠤᠯᠬᠤ ᠪᠠᠷ ᠮᠡᠳᠡᠭᠦᠯᠦᠨ ᠳᠡᠪᠰᠢᠭᠦᠯᠦᠭᠰᠡᠨ ᠦᠭᠡᠶ᠂ ᠳᠤᠷ᠎ᠠ ᠪᠠᠷ ᠢᠶᠠᠨ ᠠᠵᠢᠯ ᠡᠬᠢᠯᠡᠭᠦᠯᠦᠨ ᠪᠦᠳᠦᠭᠡᠨ ᠪᠠᠶᠢᠭᠤᠯᠤᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠮᠢ ᠠᠬᠤᠢ ᠶᠢᠨ ᠣᠷᠴᠢᠨ ᠨᠥᠬᠦᠴᠡᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠪᠦᠳᠦᠭᠡᠨ ᠪᠠᠶᠢᠭᠤᠯᠤᠯᠲᠠ ᠶᠢ ᠨᠢ ᠵᠣᠭᠰᠣᠭᠠᠵᠤ᠂ ᠬᠠᠤᠯᠢ ᠶᠢ ᠵᠥᠷᠢᠴᠡᠭᠰᠡᠨ ᠦᠢᠯᠡ ᠪᠠᠶᠢᠳᠠᠯ ᠪᠠ ᠬᠤᠣᠷ ᠬᠥᠨᠥᠭᠡᠯ ᠤᠨ ᠦᠷ᠎ᠡ ᠤᠷᠰᠢᠭ ᠢ ᠨᠢ ᠦᠨᠳᠦᠰᠦᠯᠡᠨ᠂ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠪᠦᠬᠦ ᠪᠡᠯᠡ ᠣᠷᠣᠭᠤᠯᠤᠯᠲᠠ ᠶᠢᠨ ᠲᠣᠭᠠᠨ ᠤ ᠵᠠᠭᠤᠨ ᠤ ᠨᠢᠭᠡ ᠠᠴᠠ ᠳᠡᠭᠡᠭᠰᠢ ᠵᠠᠭᠤᠨ ᠤ ᠲᠠᠪᠤ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠬᠦ ᠪᠥᠭᠡᠳ ᠵᠠᠷᠯᠢᠭᠳᠠᠵᠤ ᠪᠠᠶᠢᠭᠠᠳ ᠤᠤᠯ ᠤᠨ ᠪᠠᠶᠢᠳᠠᠯ ᠢ ᠨᠢ ᠰᠡᠷᠭᠦᠭᠡᠯᠭᠡᠵᠦ ᠪᠣᠯᠤᠨ᠎ᠠ︔᠎  ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ︾᠎  ᠭᠡᠵᠦ ᠲᠣᠭᠲᠠᠭᠠᠳ ᠲᠠᠨ ᠤ ︵ᠨᠢᠭᠡᠴᠢ︶᠎ ᠎ ᠳᠤ ᠳᠣᠣᠷᠠᠬᠢ ᠮᠡᠲᠦ ᠰᠢᠢᠳᠬᠡᠯ ᠥᠭᠬᠦ ᠪᠠᠷ ᠲᠣᠭᠲᠠᠭᠠᠪᠠ᠄             1. ᠠᠷᠠᠳ ᠤᠨ ᠵᠣᠭᠤᠰ ᠢᠶᠠᠷ ᠭᠤᠷᠪᠠᠨ ᠮᠢᠩᠭ᠎ᠠ ᠶᠢᠰᠦᠨ ᠮᠢᠩᠭ᠎ᠠ ᠶᠢᠰᠦᠨ ᠵᠠᠭᠤ ᠪᠥᠭᠡᠳ ᠲᠠᠪᠤᠨ ᠲᠥᠭᠦᠷᠢᠭ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ ︵᠎ 3095.00︶᠎ ︔᠎             2. ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠠᠯᠠᠷᠠᠭᠤᠯᠤᠭᠤᠯᠤᠨ᠎ᠠ᠃             ︵᠎  ᠬᠤᠶᠠᠷ︶᠎  ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠶᠠᠨᠵᠢᠨ ᠰᠢᠶᠠᠨ ᠤ ᠴᠢᠶᠠᠩ ᠱᠧᠩ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠦᠶᠯᠡᠳᠪᠦᠷᠢ ᠶᠢᠨ ᠪᠠᠷᠠᠭᠤᠨ ᠪᠡᠯ ᠪᠠᠯᠭᠠᠰᠤᠨ ᠤ ᠬᠠᠶᠢᠷ ᠴᠢᠯᠠᠭᠤ ᠡᠳ᠋ᠰᠢᠭᠦᠯᠬᠦ ᠲᠥᠷᠥᠯ ᠵᠦᠶᠯ ᠳᠤ ᠵᠠᠳᠠᠭᠠᠶ ᠣᠪᠣᠭᠠᠯᠠᠭᠰᠠᠨ ᠬᠠᠶᠢᠷ ᠴᠢᠯᠠᠭᠤ ᠨᠢ ᠪᠦᠲᠡᠭᠡᠭᠰᠡᠨ ᠥᠬᠡᠶ ᠬᠠᠤᠯᠢ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠨ᠎ᠠ᠃            ᠳᠡᠭᠡᠷᠡᠬᠢ ᠪᠣᠳᠠᠲᠤ ᠶᠠᠪᠤᠳᠠᠯ ᠳᠤ ᠳᠣᠣᠷᠠᠬᠢ ᠭᠡᠷᠡᠴᠢ ᠪᠠᠷᠢᠮᠲᠠ ᠨᠤᠭᠤᠳ ᠢᠶᠠᠷ ᠪᠠᠷᠢᠮᠲᠠ ᠪᠣᠯᠭᠠᠨ᠎ᠠ᠄             1. 2024 ᠣᠨ ᠤ 4ᠳ᠋ᠦ᠋ᠭᠡᠷ ᠰᠠᠷ᠎ᠠ ᠶᠢᠨ 7᠎ ᠤ ᠡᠳᠦᠷ ᠬᠠᠤᠯᠢ ᠬᠡᠷᠡᠭᠵᠢᠭᠦᠯᠦᠭᠴᠢ ᠵᠧᠦ ᠰᠢᠨ ᠶᠠᠩ ᠲᠤᠬᠠᠶ ᠶᠢᠨ ᠲᠠᠯᠠᠪᠤᠷ ᠤᠨ ᠭᠡᠷᠡᠯ ᠵᠢᠷᠤᠭ ᠢ ᠰᠡᠭᠦᠳᠡᠷᠯᠡᠵᠦ᠂ ᠲᠤᠰ ᠬᠠᠶᠢᠷ ᠴᠢᠯᠠᠭᠤᠨ ᠤ ᠦᠢᠯᠡᠳᠪᠦᠷᠢ ᠶᠢᠨ ᠵᠠᠳᠠᠭᠠᠶ ᠬᠠᠶᠢᠷ ᠴᠢᠯᠠᠭᠤᠨ ᠤ ᠮᠠᠲ᠋ᠧᠷᠢᠶᠠᠯ ᠣᠪᠣᠭᠠᠯᠠᠭᠰᠠᠨ ᠢ ᠭᠡᠷᠡᠴᠢᠯᠡᠪᠡ︔᠎             2. 2024 ᠣᠨ ᠤ 3 ᠳ᠋ᠤᠭᠠᠷ ᠰᠠᠷ᠎ᠠ ᠶᠢᠨ 26᠎ ᠤ ᠡᠳᠦᠷ ᠸᠠᠩ ᠸᠧᠶ ᠭᠠᠷ ᠤᠨ ᠥᠰᠥᠭ ᠵᠢᠷᠤᠵᠤ ︽ᠲᠤᠬᠠᠶ ᠶᠢᠨ ᠲᠠᠯᠠᠪᠤᠷ ᠤᠨ ᠪᠠᠶᠢᠴᠠᠭᠠᠯᠲᠠ ︵᠎  ᠬᠠᠶᠢᠨ ᠪᠠᠶᠢᠴᠠᠭᠠᠯᠲᠠ︶᠎ ᠎ ᠶᠢᠨ ᠲᠡᠮᠳᠡᠭᠯᠡᠯ︾᠎ ᠎ ᠢ ᠨᠤᠲᠠᠯᠠᠵᠤ᠂ ᠲᠣᠰ ᠬᠠᠶᠢᠷ ᠴᠢᠯᠠᠭᠤᠨ ᠤ ᠦᠶᠯᠡᠳᠪᠦᠷᠢ ᠶᠢᠨ ᠲᠤᠬᠠᠶ ᠶᠢᠨ ᠲᠠᠯᠠᠪᠤᠷ ᠲᠤ 770 ᠺᠦᠸᠠᠳ᠋ ᠮᠧᠲᠷ ᠲᠠᠯᠠᠪᠠᠶ ᠪᠥᠬᠦᠶ ᠬᠠᠶᠢᠷ ᠴᠢᠯᠠᠭᠤᠨ ᠤ ᠮᠠᠲ᠋ᠧᠷᠢᠶᠠᠯ ᠢ ᠵᠠᠳᠠᠭᠠᠶ ᠣᠪᠣᠭᠠᠯᠠᠨ ᠪᠦᠲᠡᠭᠡᠭᠰᠡᠨ ᠥᠬᠡᠶ ᠶᠢ ᠭᠡᠷᠡᠴᠢᠯᠡᠪᠡ︔᠎             3. 2024 ᠣᠨ ᠤ 3 ᠳ᠋ᠤᠭᠠᠷ ᠰᠠᠷ᠎ᠠ ᠶᠢᠨ 26᠎ ᠤ ᠡᠳᠦᠷ ᠸᠠᠩ ᠸᠧᠶ ᠭᠠᠷ ᠤᠨ ᠥᠰᠥᠭ ᠵᠢᠷᠤᠵᠤ ︽ᠲᠤᠬᠠᠶ ᠶᠢᠨ ᠲᠠᠯᠠᠪᠤᠷ ᠤᠨ ᠬᠠᠶᠢᠨ ᠪᠠᠶᠢᠴᠠᠭᠠᠯᠲᠠ ᠶᠢᠨ ᠲᠠᠶᠢᠯᠪᠤᠷᠢ ᠵᠢᠷᠤᠭ︾᠎ ᠎ ᠢ ᠨᠤᠲᠠᠯᠠᠪᠠ︔᠎             4. 2024 ᠣᠨ ᠤ 3 ᠳ᠋ᠤᠭᠠᠷ ᠰᠠᠷ᠎ᠠ ᠎ ᠶᠢᠨ 26᠎ ᠤ ᠡᠳᠦᠷ ᠸᠠᠩ ᠸᠧᠶ ᠭᠠᠷ ᠤᠨ ᠥᠰᠥᠭ ᠵᠢᠷᠤᠵᠤ ︽ᠪᠠᠶᠢᠴᠠᠭᠠᠨ ᠠᠰᠠᠭᠤᠭᠰᠠᠨ ᠲᠡᠮᠳᠡᠭᠯᠡᠯ︾᠎ ᠎ ᠎ ᠢ ᠨᠤᠲᠠᠯᠠᠵᠤ᠂ ᠲᠣᠰ ᠬᠠᠶᠢᠷ ᠴᠢᠯᠠᠭᠤᠨ ᠤ ᠦᠶᠯᠡᠳᠪᠦᠷᠢ ᠎ ᠶᠢᠨ ᠵᠠᠳᠠᠭᠠᠶ ᠬᠠᠶᠢᠷ ᠴᠢᠯᠠᠭᠤᠨ ᠤ ᠮᠠᠲ᠋ᠧᠷᠢᠶᠠᠯ ᠣᠪᠣᠭᠠᠯᠠᠭᠰᠠᠨ ᠎ ᠢ ᠭᠡᠷᠡᠴᠢᠯᠡᠪᠡ︔᠎             5. 2024 ᠣᠨ ᠤ 4ᠳ᠋ᠦ᠋ᠭᠡᠷ ᠰᠠᠷ᠎ᠠ ᠶᠢᠨ 7᠎ ᠤ ᠡᠳᠦᠷ ︵᠎  ᠬᠤᠪᠢ ᠬᠥᠮᠦᠨ ᠤ ᠲᠤᠰᠠᠭᠠᠷ ᠪᠠᠯᠠ ᠣᠷᠣᠭᠤᠯᠤᠭᠰᠠᠨ ᠠᠵᠤ ᠠᠬᠤᠶᠢᠯᠠᠯ︶᠎  ᠪᠠᠯᠠ ᠣᠷᠣᠭᠤᠯᠤᠭᠴᠢ ᠵᠠᠩ ᠪᠦᠦ ᠴᠧᠩ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠶᠢ ᠭᠠᠷᠭᠠᠨ ᠠᠪᠴᠤ᠂ ᠪᠠᠯᠠ ᠣᠷᠣᠭᠤᠯᠤᠭᠴᠢ ᠶᠢᠨ ᠪᠡᠶ᠎ᠡ ᠶᠢᠨ ᠬᠢᠷᠢ ᠬᠡᠮ ᠢ ᠭᠡᠷᠡᠴᠢᠯᠡᠪᠡ︔᠎             6. 2024 ᠣᠨ ᠤ 4ᠳ᠋ᠦ᠋ᠭᠡᠷ ᠰᠠᠷ᠎ᠠ ᠶᠢᠨ 7᠎ ᠤ ᠡᠳᠦᠷ ᠶᠠᠨᠵᠢᠨ ᠰᠢᠶᠠᠨ ᠤ ᠴᠢᠶᠠᠩ ᠱᠧᠩ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠦᠶᠯᠡᠳᠪᠦᠷᠢ ᠶᠢᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠶᠢ ᠭᠠᠷᠭᠠᠨ ᠠᠪᠴᠤ᠂ ᠪᠡᠶ᠎ᠡ ᠪᠠᠨ ᠳᠠᠭᠠᠭᠠᠭᠰᠠᠨ ᠪᠡᠶᠡᠴᠢ ᠴᠣᠭᠴᠠ ᠶᠢᠨ ᠬᠢᠷᠢ ᠬᠡᠮ ᠢ ᠭᠡᠷᠡᠴᠢᠯᠡᠪᠡ᠃            ᠲᠠᠨ ᠤ ᠨᠢᠭᠡᠴᠢ ᠶᠢᠨ ᠳᠡᠭᠡᠷ᠎ᠡ ᠳᠤᠷᠠᠳᠤᠭᠰᠠᠨ ᠠᠵᠢᠯᠯᠠᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠎ ᠎ ᠶᠢᠨ ᠳᠠᠯᠠᠨ ᠬᠤᠶᠠᠳᠤᠭᠠᠷ ᠵᠦᠶᠯ ᠤᠨ ᠨᠢᠭᠡᠳᠦᠭᠡᠷ ᠵᠤᠷᠪᠤᠰ ᠤᠨ ︽ᠨᠡᠭᠦᠷᠡᠰᠦ᠂ ᠨᠡᠭᠦᠷᠡᠰᠦᠨ ᠴᠢᠯᠠᠭᠤ᠂ ᠨᠡᠭᠦᠷᠡᠰᠦᠨ ᠤ ᠰᠢᠭᠠᠷᠤ᠂ ᠨᠡᠭᠦᠷᠡᠰᠦᠨ ᠤ ᠦᠨᠡᠰᠦ ᠂ ᠱᠦᠶᠨᠢ᠂ ᠴᠤᠬᠤᠢ᠂ ᠵᠤᠭᠠᠩ᠂ ᠡᠯᠡᠰᠦ ᠰᠢᠷᠣᠶ ᠵᠡᠷᠭᠡ ᠠᠮᠠᠷᠬᠠᠨ ᠲᠣᠭᠤᠰᠣ ᠳᠡᠭᠳᠡᠬᠦ ᠪᠣᠳᠠᠰ ᠤᠨ ᠮᠠᠲ᠋ᠧᠷᠢᠶᠠᠯ ᠢ ᠬᠠᠳᠠᠭᠠᠯᠠᠬᠤ ᠳᠤ ᠨᠢᠭᠲᠠ ᠪᠢᠲᠡᠭᠦᠮᠵᠢᠯᠡᠬᠦ ᠬᠡᠷᠡᠭᠲᠡᠶ︔᠎  ᠨᠢᠭᠲᠠ ᠪᠢᠲᠡᠭᠦᠮᠵᠢᠯᠡᠵᠦ ᠪᠣᠯᠬᠤ ᠦᠭᠡᠢ ᠪᠠᠶᠢᠪᠠᠯ᠂ ᠣᠪᠣᠭᠠᠯᠠᠨ ᠲᠠᠯᠪᠢᠭᠰᠠᠨ ᠪᠣᠳᠠᠰ ᠤᠨ ᠥᠨᠳᠥᠷ ᠤᠨ ᠬᠡᠮᠵᠢᠶ᠎ᠡ ᠠᠴᠠ ᠳᠣᠣᠷ᠎ᠠ ᠦᠭᠡᠢ ᠨᠢᠭᠲᠠ ᠴᠢᠩᠭ᠎ᠠ ᠪᠦᠰᠡᠯᠡᠨ ᠬᠠᠰᠢᠬᠤ ᠪᠥᠭᠡᠳ ᠪᠦᠲᠦᠮᠵᠢᠲᠡᠶ ᠪᠦᠷᠬᠦᠬᠦ ᠠᠷᠭ᠎ᠠ ᠬᠡᠮᠵᠢᠶ᠎ᠡ ᠠᠪᠴᠤ ᠪᠠᠶᠢᠭᠠᠳ ᠳᠡᠭᠳᠡᠮᠡᠯ ᠲᠣᠭᠤᠰᠣ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠡᠷᠡᠭᠲᠡᠶ︾᠎  ᠭᠡᠵᠦ ᠲᠣᠭᠲᠠᠭᠠᠵᠠᠶ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠎ ᠎ ᠶᠢᠨ ᠵᠠᠭᠤ ᠠᠷᠪᠠᠨ ᠳᠣᠯᠣᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ︽ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠵᠠᠷᠯᠢᠭᠳᠠᠨ ᠵᠠᠯᠠᠷᠠᠭᠤᠯᠤᠭᠤᠯᠵᠤ᠂ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔᠎  ᠵᠠᠯᠠᠷᠠᠭᠤᠯᠬᠤ ᠶᠢ ᠲᠡᠪᠴᠢᠪᠡᠯ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠵᠤ ᠵᠠᠰᠠᠨ ᠴᠡᠭᠴᠡᠯᠡᠬᠦ ᠪᠤᠶᠤ ᠠᠵᠢᠯ ᠢ ᠨᠢ ᠵᠣᠭᠰᠣᠭᠠᠵᠤ ᠴᠡᠭᠴᠡᠯᠡᠨ ᠵᠠᠰᠠᠭᠤᠯᠤᠨ᠎ᠠ᠄  ︵᠎  ᠬᠤᠶᠠᠷ︶᠎  ᠨᠢᠭᠲᠠ ᠪᠢᠲᠡᠭᠦᠮᠵᠢᠯᠡᠵᠦ ᠪᠣᠯᠬᠤ ᠥᠬᠡᠶ ᠠᠮᠠᠷᠬᠠᠨ ᠲᠣᠭᠤᠰᠣ ᠳᠡᠭᠳᠡᠬᠦ ᠪᠣᠳᠠᠰ ᠤᠨ ᠮᠠᠲ᠋ᠧᠷᠢᠶᠠᠯ ᠢ ᠣᠪᠣᠭᠠᠯᠠᠨ ᠲᠠᠯᠪᠢᠭᠰᠠᠨ ᠪᠣᠳᠠᠰ ᠤᠨ ᠥᠨᠳᠥᠷ ᠤᠨ ᠬᠡᠮᠵᠢᠶ᠎ᠡ ᠠᠴᠠ ᠳᠣᠤᠷ᠎ᠠ ᠥᠬᠡᠶ ᠪᠠᠷ ᠴᠢᠩᠭ᠎ᠠ ᠪᠦᠰᠡᠯᠡᠨ ᠬᠠᠰᠢᠭᠰᠠᠨ ᠥᠬᠡᠶ᠂ ᠡᠰᠡᠬᠦᠯ᠎ᠡ ᠪᠦᠲᠦᠮᠵᠢᠲᠡᠶ ᠪᠦᠷᠬᠦᠬᠦ ᠠᠷᠭ᠎ᠠ ᠬᠡᠮᠵᠢᠶ᠎ᠡ ᠠᠪᠴᠤ ᠲᠣᠭᠤᠰᠣ ᠳᠡᠭᠳᠡᠬᠦ ᠪᠣᠬᠢᠷᠲᠤᠯ ᠢ ᠰᠡᠷᠭᠡᠶᠢᠯᠡᠨ ᠵᠠᠰᠠᠭᠰᠠᠨ ᠥᠬᠡᠶ︔᠎ ︾᠎  ᠭᠡᠬᠦ ᠲᠣᠭᠲᠠᠭᠠᠯ ᠳᠤ᠂ ᠲᠠᠨ ᠤ ︵᠎  ᠨᠢᠭᠡᠴᠢ︶᠎ ᠎ ᠳᠤ ᠳᠠᠷᠠᠭᠠᠬᠢ ᠮᠡᠲᠦ ᠰᠢᠢᠳᠬᠡᠯ ᠥᠭᠬᠦ ᠪᠠᠷ ᠲᠣᠭᠲᠠᠪᠠ᠄             1. ᠠᠷᠠᠳ ᠤᠨ ᠲᠣᠷᠭᠠᠭᠤᠯᠢ ᠣᠨᠣᠭᠳᠠᠭᠤᠯᠬᠤ ᠨᠢ ᠮᠢᠩᠭᠠᠨ ᠲᠥᠭᠦᠷᠢᠭ ︵᠎  77000.00︶᠎             2. ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠠᠯᠠᠷᠠᠭᠤᠯᠤᠭᠤᠯᠤᠨ᠎ᠠ᠃            ᠳᠡᠭᠡᠷᠡᠬᠢ ᠶᠢ ᠬᠤᠷᠢᠶᠠᠩᠭᠤᠶᠢᠯᠠᠪᠠᠯ᠂ ᠲᠠᠨ ᠤ ︵᠎  ᠨᠢᠭᠡᠴᠢ︶᠎ ᠎ ᠳᠤ ᠳᠠᠷᠠᠭᠠᠬᠢ ᠮᠡᠲᠦ ᠰᠢᠢᠳᠬᠡᠯ ᠥᠭᠪᠡ᠄    ︵᠎  80095.00︶᠎  ᠲᠣᠷᠭᠠᠭᠤᠯᠢ ᠣᠨᠣᠭᠳᠠᠭᠤᠯᠬᠤ ᠶᠢᠨ ᠬᠠᠮᠲᠤ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠳᠠᠷᠦ᠋ᠢᠬᠠᠨ ᠵᠠᠯᠠᠷᠠᠭᠤᠯᠬᠤ ᠪᠠᠷ ᠵᠠᠷᠯᠢᠭᠳᠠᠨ᠎ᠠ᠃                ᠮᠠᠨ ᠤ ᠲᠣᠪᠴᠢᠶ᠎ᠠ 2024 ᠣᠨ ᠤ 5 ᠳ᠋ᠤᠭᠠᠷ ᠰᠠᠷ᠎ᠠ ᠶᠢᠨ 21᠎ ᠤ ᠡᠳᠦᠷ ︽ᠠᠯᠠᠱᠠ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠰᠠᠭ ᠵᠠᠬᠢᠷᠭᠠᠨ ᠤ ᠰᠢᠢᠳᠬᠡᠯ ᠢ ᠤᠷᠢᠳᠠᠪᠠᠷ ︵᠎  ᠭᠡᠷᠡᠴᠢᠯᠡᠭᠡ ᠰᠣᠨᠣᠰᠬᠤ︶᠎  ᠮᠡᠳᠡᠭᠳᠡᠬᠦ ᠪᠢᠴᠢᠭ︾᠎  ︵᠎  ᠠᠯᠠᠱᠠ ᠣᠷᠴᠢᠨ ᠲᠣᠭᠤᠷᠢᠨ ︵᠎  ᠵᠡᠭᠦᠨ ᠬᠤᠰᠢᠭᠤ︶᠎  ᠲᠣᠷᠭᠠᠬᠤ ᠵᠠᠭᠠᠯᠳᠤᠬᠤ ᠲᠠᠷᠬᠠᠭᠠᠭᠰᠠᠨ ﹇᠎  2024﹈᠎  ᠎ 4 ᠳ᠋ᠦ᠋ᠭᠡᠷ ᠲᠣᠭᠠᠲᠤ︶᠎ ᠎ ᠢᠶᠠᠷ ᠲᠠᠨ ᠤ ᠨᠢᠭᠡᠴᠡ ᠳᠤ ᠲᠣᠭᠠᠴᠢᠨ ᠲᠣᠳᠣᠷᠬᠠᠶᠢᠯᠠᠬᠤ ᠡᠷᠬᠡ ᠪᠠ ᠭᠡᠷᠡᠴᠢᠯᠡᠭᠡ ᠰᠣᠨᠣᠰᠬᠤ ᠪᠠᠷ ᠭᠤᠶᠤᠴᠢᠯᠠᠬᠤ ᠡᠷᠬᠡ ᠲᠠᠢ ᠪᠠᠶᠢᠬᠤ ᠶᠢ ᠮᠡᠳᠡᠭᠳᠡᠪᠡ᠃ ᠲᠣᠭᠲᠠᠭᠰᠠᠨ ᠬᠤᠭᠤᠴᠠᠭᠠᠨ ᠳᠤ᠂ ᠲᠠᠨ ᠤ ᠨᠢᠭᠡᠴᠢ ᠲᠣᠭᠠᠴᠢᠯᠲᠠ ᠪᠠ ᠵᠥᠪᠲᠦᠭᠡᠨ ᠲᠣᠳᠣᠷᠬᠠᠶᠢᠯᠠᠬᠤ ᠪᠠᠨ ᠳᠤᠷᠠᠳᠤᠭᠰᠠᠨ ᠦᠭᠡᠢ᠂ ᠭᠡᠷᠡᠴᠢᠯᠡᠭᠡ ᠰᠣᠨᠣᠰᠬᠤ ᠪᠠᠷ ᠴᠤ ᠭᠤᠶᠤᠴᠢᠯᠠᠭᠰᠠᠨ ᠦᠭᠡᠢ᠃ ᠳᠡᠭᠡᠷᠡᠬᠢ ᠪᠣᠳᠠᠲᠤ ᠶᠠᠪᠤᠳᠠᠯ ︽ᠠᠯᠠᠱᠠ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠤᠷᠢᠳᠠᠪᠠᠷ ︵᠎  ᠭᠡᠷᠡᠴᠢᠯᠡᠭᠡ ᠰᠣᠨᠣᠰᠬᠤ︶᠎ ᠎ ᠶᠢ ᠮᠡᠳᠡᠭᠳᠡᠬᠦ ᠪᠢᠴᠢᠭ︾᠎  ︵᠎  ᠠᠯᠠᠱᠠ ᠣᠷᠴᠢᠨ ᠲᠣᠭᠤᠷᠢᠨ ︵᠎  ᠵᠡᠭᠦᠨ ᠬᠤᠰᠢᠭᠤ︶᠎  ᠲᠣᠷᠭᠠᠬᠤ ᠵᠠᠭᠠᠯᠳᠤᠬᠤ ᠲᠠᠷᠬᠠᠭᠠᠭᠰᠠᠨ ﹇᠎  2024﹈᠎  ᠎ 4 ᠳ᠋ᠦ᠋ᠭᠡᠷ ᠲᠣᠭᠠᠲᠤ︶᠎  ᠪᠠ ︽ᠬᠦᠷᠭᠡᠭᠰᠡᠨ ᠬᠠᠷᠢᠭᠤ ᠭᠡᠷᠡᠴᠢ︾᠎ ᠎ ᠪᠠᠷ ᠭᠡᠷᠡᠴᠢ ᠪᠣᠯᠭᠠᠨ᠎ᠠ᠃            ᠲᠠᠨ ᠤ ︵᠎  ᠨᠢᠭᠡᠴᠡ︶᠎  ᠲᠣᠰ ᠰᠢᠶᠳᠬᠡᠯ ᠤᠨ ᠲᠣᠭᠲᠠᠭᠠᠯ ᠢ ᠣᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠠᠯᠠᠱᠠ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ ᠳᠤ ᠬᠦᠷᠴᠦ ᠭᠠᠶᠢᠯᠢ ᠶᠢᠨ ᠪᠤᠰᠤ ᠣᠷᠣᠯᠭ᠎ᠠ ᠶᠢᠨ ᠡᠩ ᠤᠨ ᠵᠣᠭᠤᠰ ᠲᠤᠰᠢᠶᠠᠬᠤ ᠪᠢᠴᠢᠭ ︵᠎  ᠡᠯᠧᠺᠲᠷᠣᠨ︶᠎  ᠭᠠᠷᠭᠠᠯᠭᠠᠬᠤ ᠬᠡᠷᠡᠭᠲᠡᠶ᠃ ᠡᠭᠦᠨ ᠤ ᠬᠠᠮᠲᠤ ᠲᠤᠰᠢᠶᠠᠬᠤ ᠵᠣᠭᠤᠰ ᠤᠨ ᠨᠣᠮᠧᠷ ᠢ ᠦᠨᠳᠦᠰᠦᠯᠡᠨ ᠲᠣᠷᠭᠠᠬᠤ ︵᠎  ᠪᠠᠶᠢᠬᠤ ᠥᠬᠡᠶ︶᠎  ᠵᠣᠭᠤᠰ ᠢ ᠵᠢᠭᠠᠨ ᠲᠣᠭᠲᠠᠭᠠᠭᠰᠠᠨ ᠡᠳ᠋ ᠤᠨ ᠵᠠᠰᠠᠭ ᠤᠨ ᠲᠤᠰᠬᠠᠶ ᠲᠠᠩᠰᠠᠨ ᠡᠷᠦᠬᠡ ᠳᠤ ᠲᠤᠰᠢᠶᠠᠵᠤ᠂ ᠬᠤᠭᠤᠴᠠᠭ᠎ᠠ ᠬᠡᠲᠦᠷᠡᠲᠡᠯ᠎ᠡ ᠲᠣᠷᠭᠠᠭᠤᠯᠢ ᠶᠢᠨ ᠵᠣᠭᠤᠰ ᠢ ᠲᠤᠰᠢᠶᠠᠭᠰᠠᠨ ᠥᠬᠡᠶ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠶᠳᠬᠡᠯ ᠤᠨ ᠬᠠᠤᠯᠢ︾᠎ ᠎ ᠶᠢᠨ ᠳᠠᠯᠠᠨ ᠬᠤᠶᠠᠳᠤᠭᠠᠷ ᠵᠦᠶᠯ ᠤᠨ ᠨᠢᠭᠡᠳᠦᠭᠡᠷ ᠪᠠᠳᠠᠭ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠡᠳᠦᠷ ᠪᠦᠷᠢ ᠲᠣᠷᠭᠠᠭᠤᠯᠢ ᠶᠢᠨ ᠵᠣᠭᠤᠰ ᠤᠨ ᠲᠣᠭᠠᠨ ᠤ 3%᠎ ᠪᠠᠷ ᠵᠣᠭᠤᠰ ᠢᠶᠠᠷ ᠨᠡᠮᠡᠵᠦ ᠲᠣᠷᠭᠠᠨ᠎ᠠ᠃            ᠲᠠᠨ ᠤ ᠨᠢᠭᠡᠴᠢ ᠬᠡᠷᠪᠡ ᠲᠣᠰ ᠰᠢᠢᠳᠬᠡᠯ ᠤᠨ ᠲᠣᠭᠲᠠᠭᠠᠯ ᠢ ᠥᠯᠥ ᠬᠦᠯᠢᠶᠡᠪᠡᠯ᠂ ᠲᠣᠰ ᠰᠢᠢᠳᠬᠡᠯ ᠤᠨ ᠲᠣᠭᠲᠠᠭᠠᠯ ᠤᠨ ᠪᠢᠴᠢᠭ ᠢ ᠣᠯᠤᠭᠰᠠᠨ ᠡᠳᠦᠷ ᠠᠴᠠ ᠡᠬᠢᠯᠡᠨ ᠵᠢᠷᠠᠨ ᠡᠳᠦᠷ ᠤᠨ ᠳᠣᠲᠣᠷ᠎ᠠ ᠠᠯᠠᠱᠠ ᠠᠶᠢᠮᠠᠭ ᠤᠨ ᠵᠠᠬᠢᠷᠭ᠎ᠠ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠵᠤ ᠪᠣᠯᠤᠨ᠎ᠠ᠂ ᠪᠠᠰᠠ ᠵᠢᠷᠭᠤᠭᠠᠨ ᠰᠠᠷ᠎ᠠ ᠶᠢᠨ ᠳᠣᠲᠣᠷ᠎ᠠ ᠠᠯᠠᠱᠠ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠳᠤ ᠵᠠᠰᠠᠭ ᠵᠠᠬᠢᠷᠭᠠᠨ ᠤ ᠵᠠᠷᠭᠤ ᠳᠤᠷᠠᠳᠴᠤ ᠪᠣᠯᠤᠨ᠎ᠠ᠃ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠬᠦ ᠳᠡᠭᠡᠨ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠢ ᠬᠡᠷᠡᠭᠵᠢᠭᠦᠯᠬᠦ ᠶᠢ ᠵᠣᠭᠰᠣᠭᠠᠬᠤ ᠦᠭᠡᠢ᠃            ᠬᠤᠭᠤᠴᠠᠭ᠎ᠠ ᠬᠡᠲᠦᠷᠡᠲᠡᠯ᠎ᠡ ᠵᠠᠰᠠᠭ ᠵᠠᠬᠢᠷᠭᠠᠨ ᠢᠶᠠᠷ ᠲᠠᠬᠢᠨ ᠵᠥᠪᠯᠡᠭᠦᠯᠬᠦ ᠪᠠᠷ ᠭᠤᠶᠤᠴᠢᠯᠠᠬᠤ ᠦᠭᠡᠢ᠂ ᠵᠠᠰᠠᠭ ᠵᠠᠬᠢᠷᠭᠠᠨ ᠤ ᠵᠠᠷᠭᠤ ᠬᠢᠬᠦ ᠦᠭᠡᠢ ᠪᠥᠭᠡᠳ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠢ ᠴᠤ ᠭᠦᠢᠴᠡᠳᠬᠡᠬᠦ ᠦᠭᠡᠢ ᠪᠠᠶᠢᠪᠠᠯ᠂ ᠮᠠᠨ ᠤ ᠲᠣᠪᠴᠢᠶ᠎ᠠ ᠠᠴᠠ ᠠᠷᠠᠳ ᠤᠨ ᠰᠢᠭᠦᠬᠦ ᠬᠤᠷᠢᠶᠠᠨ ᠳᠤ ᠠᠯᠪᠠᠳᠠᠨ ᠭᠦᠢᠴᠡᠳᠬᠡᠭᠦᠯᠬᠦ ᠪᠠᠷ ᠬᠠᠤᠯᠢ ᠶᠣᠰᠣᠭᠠᠷ ᠭᠤᠶᠤᠴᠢᠯᠠᠨ᠎ᠠ᠃                                                ᠠᠯᠠᠱᠠ ᠠᠶᠢᠮᠠᠭ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠲᠣᠪᠴᠢᠶ᠎ᠠ            2024 ᠣᠨ ᠤ 6 ᠳ᠋ᠤᠭᠠᠷ ᠰᠠᠷ᠎ᠠ ᠶᠢᠨ 6᠎ ᠤ  ᠡᠳᠦᠷ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号