ᠠᠯᠠᠱᠠ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠣᠭᠲᠠᠭᠠᠯ ᠤᠨ ᠪᠢᠴᠢᠭ ︵᠎  ᠠᠯᠠᠱᠠ ᠣᠷᠴᠢᠨ ᠲᠣᠭᠤᠷᠢᠨ ︵᠎  ᠵᠡᠭᠦᠨ ᠬᠤᠰᠢᠭᠤ︶᠎  ᠲᠣᠷᠭᠠᠬᠤ ᠲᠠᠷᠬᠠᠭᠠᠭᠰᠠᠨ ﹇᠎  2024﹈᠎  ᠎ 1 ᠳ᠋ᠦ᠋ᠭᠡᠷ ᠲᠣᠭᠠᠲᠤ︶᠎ 
ᠨᠡᠶᠢᠲᠡᠯᠡᠭᠰᠡᠨ ᠴᠠᠭ᠄
2024/7/15
            ᠠᠯᠠᠱᠠ ᠠᠶᠢᠮᠠᠭ ᠤᠨ ᠮᠤᠤ ᠶᠤᠸᠠᠨ ᠠᠭᠤᠷᠬᠠᠶ ᠶᠢᠨ ᠦᠶᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠄             ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠺᠣᠳ᠋᠄  91152921MAC72P1U6W            ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠄  ᠭᠤᠤ ᠫᠸᠢ ᠢ            ᠬᠠᠶ᠋ᠢᠭ᠄  ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠵᠡᠭᠦᠨ ᠪᠡᠯ ᠪᠠᠯᠭᠠᠰᠤ            ᠲᠠᠨ  ᠤ ᠺᠣᠮᠫᠠᠨᠢ  ᠶᠢᠨ ᠣᠷᠴᠢᠨ ᠲᠣᠭᠤᠷᠢᠨ  ᠤ ᠬᠠᠤᠯᠢ ᠠᠴᠠ ᠵᠥᠷᠢᠴᠡᠭᠰᠡᠨ ᠬᠡᠷᠡᠭ  ᠢ ᠮᠠᠨ  ᠤ ᠲᠣᠪᠴᠢᠶ᠎ᠠ ᠪᠠᠶᠢᠴᠠᠭᠠᠭᠠᠳ᠂ ᠡᠳᠦᠭᠡ ᠨᠢᠭᠡᠨᠲᠡ ᠬᠢᠨᠠᠨ ᠪᠠᠶᠢᠴᠠᠭᠠᠵᠤ ᠳᠠᠭᠤᠰᠬᠠᠪᠠ᠃            ᠨᠢᠭᠡ᠂ ᠪᠠᠶᠢᠴᠠᠭᠠᠭᠰᠠᠨ ᠪᠠᠶᠢᠳᠠᠯ ᠵᠢᠴᠢ ᠢᠯᠡᠷᠡᠭᠦᠯᠦᠭᠰᠡᠨ ᠣᠷᠴᠢᠨ ᠲᠣᠭᠤᠷᠢᠨ  ᠤ ᠬᠠᠤᠯᠢ ᠵᠥᠷᠢᠴᠡᠭᠰᠡᠨ ᠪᠣᠳᠠᠲᠤ ᠶᠠᠪᠤᠳᠠᠯ᠂ ᠭᠡᠷᠡᠴᠢ ᠪᠠᠷᠢᠮᠲᠠ ᠪᠠ ᠲᠣᠳᠣᠷᠬᠠᠶᠢᠯᠠᠨ ᠵᠥᠪᠲᠦᠭᠡᠭᠰᠡᠨ ︵᠎  ᠭᠡᠷᠡᠴᠢᠯᠡᠭᠡ ᠰᠣᠨᠣᠰᠤᠭᠰᠠᠨ︶᠎  ᠪᠠᠶᠢᠳᠠᠯ            2023 ᠣᠨ ᠤ 12 ᠳ᠋ᠤᠭᠠᠷ ᠰᠠᠷ᠎ᠠ ᠶᠢᠨ 19᠎ ᠤ ᠡᠳᠦᠷ᠂ ᠮᠠᠨ ᠤ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠪᠠᠶᠢᠴᠠᠭᠠᠯᠲᠠ ᠬᠢᠬᠦ ᠳᠡᠭᠡᠨ᠂ ᠲᠠᠨ ᠤ ᠺᠣᠮᠫᠠᠨᠢ ᠳᠤ ᠳᠠᠷᠠᠭᠠᠬᠢ ᠮᠡᠲᠦ ᠬᠠᠤᠯᠢ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠪᠡ᠄             ᠲᠦᠭᠦᠬᠡᠶ ᠨᠡᠭᠦᠷᠡᠰᠦ ᠶᠢ ᠠᠴᠢᠶᠠᠯᠠᠵᠤ ᠪᠠᠭᠤᠯᠭᠠᠬᠤ ᠶᠠᠪᠤᠴᠠ ᠳᠤ ᠰᠦᠷᠴᠢᠨ ᠤᠰᠤ ᠰᠦᠷᠴᠢᠬᠦ ᠠᠷᠭ᠎ᠠ ᠬᠡᠮᠵᠢᠶ᠎ᠡ ᠠᠪᠤᠭᠰᠠᠨ ᠥᠬᠡᠶ ᠠᠴᠠ ᠲᠣᠭᠤᠰᠣ ᠳᠡᠭᠳᠡᠬᠦ ᠪᠣᠬᠢᠷᠲᠤᠯ ᠪᠣᠶ ᠪᠣᠯᠭᠠᠬᠤ ᠬᠡᠷᠡᠭᠲᠡᠶ᠃            ᠳᠡᠭᠡᠷᠡᠬᠢ ᠪᠣᠳᠠᠲᠤ ᠶᠠᠪᠤᠳᠠᠯ ᠳᠤ ᠲᠤᠬᠠᠶ ᠶᠢᠨ ᠲᠠᠯᠠᠪᠤᠷ ᠤᠨ ᠬᠡᠷᠡᠯ ᠵᠢᠷᠤᠭ᠂ ᠬᠠᠤᠯᠢ ᠶᠢᠨ ᠡᠷᠬᠡᠲᠡᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ᠂ 2023 ᠣᠨ ᠤ 12 ᠳ᠋ᠤᠭᠠᠷ ᠰᠠᠷ᠎ᠠ ᠶᠢᠨ 19᠎ ᠤ ᠡᠳᠦᠷ ᠦᠶᠯᠡᠳᠦᠭᠰᠡᠨ ︽ᠲᠤᠬᠠᠶ ᠶᠢᠨ ᠲᠠᠯᠠᠪᠤᠷ ᠤᠨ ᠬᠢᠨᠠᠨ ᠪᠠᠶᠢᠴᠠᠭᠠᠯᠲᠠ ᠶᠢᠨ ᠲᠡᠮᠳᠡᠭᠯᠡᠯ︾᠎ ᠂ ︽ᠲᠤᠬᠠᠶ ᠶᠢᠨ ᠲᠠᠯᠠᠪᠤᠷ ᠤᠨ ᠪᠠᠶᠢᠴᠠᠭᠠᠯᠲᠠ ︵᠎  ᠬᠠᠶᠢᠨ ᠪᠠᠶᠢᠴᠠᠭᠠᠯᠲᠠ︶᠎ ᠎ ᠶᠢᠨ ᠲᠡᠮᠳᠡᠭᠯᠡᠯ︾᠎ ᠂ ︽ᠲᠤᠬᠠᠶ ᠶᠢᠨ ᠲᠠᠯᠠᠪᠤᠷ ᠤᠨ ᠬᠠᠶᠢᠨ ᠪᠠᠶᠢᠴᠠᠭᠠᠯᠲᠠ ᠶᠢᠨ ᠲᠠᠶᠢᠯᠪᠤᠷᠢ ᠵᠢᠷᠤᠭ︾᠎ ᠂ 2023 ᠣᠨ ᠤ 12 ᠳ᠋ᠤᠭᠠᠷ ᠰᠠᠷ᠎ᠠ ᠶᠢᠨ 20᠎ ᠤ ᠡᠳᠦᠷ ᠦᠶᠯᠡᠳᠦᠭᠰᠡᠨ ︽ᠪᠠᠶᠢᠴᠠᠭᠠᠨ ᠠᠰᠠᠭᠤᠭᠰᠠᠨ ᠲᠡᠮᠳᠡᠭᠯᠡᠯ︾᠎  ᠵᠡᠷᠭᠡ ᠮᠠᠲ᠋ᠧᠷᠢᠶᠠᠯ ᠭᠡᠷᠡᠴᠢ ᠪᠠᠷᠢᠮᠲᠠ ᠪᠠᠷ ᠪᠠᠷᠢᠮᠲᠠ ᠪᠣᠯᠭᠠᠭᠰᠠᠨ ᠪᠠᠶᠢᠨ᠎ᠠ᠃            ᠲᠠᠨ ᠤ ᠺᠣᠮᠫᠠᠨᠢ ᠶᠢᠨ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠎ ᠎ ᠶᠢᠨ ᠳᠠᠯᠠᠳᠤᠭᠠᠷ ᠵᠦᠢᠯ ᠤᠨ ᠬᠤᠶᠠᠳᠤᠭᠠᠷ ᠪᠠᠳᠠᠭ ᠢ ᠵᠥᠷᠢᠴᠡᠪᠡ᠄  ︽ᠪᠣᠳᠠᠰ ᠤᠨ ᠮᠠᠲ᠋ᠧᠷᠢᠶᠠᠯ ᠢ ᠠᠴᠢᠶᠠᠯᠠᠵᠤ ᠪᠠᠭᠤᠯᠭᠠᠬᠤ ᠳᠠᠭᠠᠨ ᠨᠢᠭᠲᠠ ᠪᠢᠲᠡᠭᠦᠮᠵᠢᠯᠡᠬᠦ ᠪᠤᠶᠤ ᠰᠦᠷᠴᠢᠨ ᠨᠣᠷᠭᠠᠬᠤ ᠵᠡᠷᠭᠡ ᠠᠷᠭ᠎ᠠ ᠮᠠᠶ᠋ᠢᠭ ᠢᠶᠠᠷ ᠳᠡᠭᠳᠡᠮᠡᠯ ᠲᠣᠭᠤᠰᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠡᠷᠡᠭᠲᠡᠶ᠃︾᠎  ᠡᠭᠦᠨ ᠤ ᠲᠤᠬᠠᠶ ᠲᠣᠭᠲᠠᠭᠠᠯ᠃            ᠮᠠᠨ ᠤ ᠲᠣᠪᠴᠢᠶ᠎ᠠ 2024 ᠣᠨ ᠤ 1 ᠳ᠋ᠦ᠋ᠭᠡᠷ ᠰᠠᠷ᠎ᠠ ᠶᠢᠨ 5᠎ ᠤ ᠡᠳᠦᠷ ︽ᠠᠯᠠᠱᠠ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠰᠠᠭ ᠵᠠᠬᠢᠷᠭᠠᠨ ᠤ ᠰᠢᠶᠳᠬᠡᠯ ᠢ ᠤᠷᠢᠳᠠᠪᠠᠷ ︵᠎  ᠭᠡᠷᠡᠴᠢᠯᠡᠭᠡ ᠰᠣᠨᠣᠰᠬᠤ︶᠎  ᠮᠡᠳᠡᠭᠳᠡᠬᠦ ᠪᠢᠴᠢᠭ︾᠎  ︵᠎  ᠠᠯᠠᠱᠠ ᠣᠷᠴᠢᠨ ᠲᠣᠭᠤᠷᠢᠨ ᠲᠣᠷᠭᠠᠬᠤ ᠵᠠᠭᠠᠯᠳᠤᠬᠤ ᠲᠠᠷᠬᠠᠭᠠᠭᠰᠠᠨ ﹇᠎  2024﹈᠎  ᠎ 1 ᠳ᠋ᠦ᠋ᠭᠡᠷ ᠲᠣᠭᠠᠲᠤ︶᠎ ᠎ ᠢᠶᠠᠷ ᠲᠠᠨ ᠤ ᠺᠣᠮᠫᠠᠨᠢ ᠶᠢᠨ ᠬᠠᠤᠯᠢ ᠵᠥᠷᠢᠴᠡᠭᠰᠡᠨ ᠪᠣᠳᠠᠲᠤ ᠶᠠᠪᠤᠳᠠᠯ᠂ ᠰᠢᠶᠳᠬᠡᠯ ᠤᠨ ᠦᠨᠳᠦᠰᠦᠯᠡᠯ ᠪᠠ ᠭᠠᠷᠭᠠᠬᠤ ᠪᠠᠷ ᠪᠠᠶᠢᠭ᠎ᠠ ᠰᠢᠶᠳᠬᠡᠯ ᠤᠨ ᠲᠣᠭᠲᠠᠭᠠᠯ ᠢ ᠮᠡᠳᠡᠭᠳᠡᠬᠦ ᠶᠢᠨ ᠬᠠᠮᠲᠤ᠂ ᠲᠠᠨ ᠤ ᠺᠣᠮᠫᠠᠨᠢ ᠳᠤ ᠲᠣᠭᠠᠴᠢᠨ ᠲᠣᠳᠣᠷᠬᠠᠶᠢᠯᠠᠬᠤ ᠪᠠ ᠭᠡᠷᠡᠴᠢᠯᠡᠭᠡ ᠰᠣᠨᠣᠰᠬᠤ ᠪᠠᠷ ᠱᠠᠭᠠᠷᠳᠠᠬᠤ ᠡᠷᠬᠡ ᠵᠢᠴᠢ ᠬᠤᠭᠤᠴᠠᠭ᠎ᠠ ᠬᠢᠵᠠᠭᠠᠷ ᠢ ᠲᠣᠳᠣᠷᠬᠠᠶ ᠮᠡᠳᠡᠭᠳᠡᠨ᠎ᠡ᠃ ᠲᠠᠨ ᠤ ᠺᠣᠮᠫᠠᠨᠢ ᠬᠠᠤᠯᠢ ᠳᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠲᠣᠭᠠᠴᠢᠨ ᠵᠥᠪᠲᠦᠭᠡᠬᠦ ᠪᠠ ᠭᠡᠷᠡᠴᠢᠯᠡᠭᠡ ᠰᠣᠨᠣᠰᠤᠭᠰᠠᠨ ᠦᠭᠡᠢ ᠪᠣᠯ᠂ ᠲᠣᠭᠠᠴᠢᠨ ᠵᠥᠪᠲᠦᠭᠡᠬᠦ ᠪᠠ ᠭᠡᠷᠡᠴᠢᠯᠡᠭᠡ ᠰᠣᠨᠣᠰᠬᠤ ᠡᠷᠬᠡ ᠪᠠᠨ ᠰᠠᠶᠢᠨ ᠳᠤᠷ᠎ᠠ ᠠᠴᠠ ᠪᠠᠨ ᠬᠠᠶᠠᠭᠰᠠᠨ ᠢᠶᠠᠷ ᠦᠵᠡᠨ᠎ᠡ᠃            ᠳᠡᠭᠡᠷᠡᠬᠢ ᠪᠣᠳᠠᠲᠤ ᠶᠠᠪᠤᠳᠠᠯ ᠳᠤ᠂ ︽ᠠᠯᠠᠱᠠ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠤᠷᠢᠳᠠᠪᠠᠷ ︵᠎  ᠭᠡᠷᠡᠴᠢᠯᠡᠭᠡ ᠰᠣᠨᠣᠰᠤᠭᠰᠠᠨ︶᠎ ᠎ ᠢ ᠮᠡᠳᠡᠭᠳᠡᠬᠦ ᠪᠢᠴᠢᠭ︾᠎  ︵᠎  ᠠᠯᠠᠱᠠ ᠣᠷᠴᠢᠨ ᠲᠣᠭᠤᠷᠢᠨ ᠲᠣᠷᠭᠠᠬᠤ ᠵᠠᠭᠠᠯᠳᠤᠬᠤ ᠲᠠᠷᠬᠠᠭᠠᠭᠰᠠᠨ ﹇᠎  2024﹈᠎  ᠎ 1 ᠳ᠋ᠦ᠋ᠭᠡᠷ ᠲᠣᠭᠠᠲᠤ︶᠎  ᠵᠢᠴᠢ ᠬᠠᠷᠢᠭᠤ ᠪᠠᠷᠢᠮᠲᠠ ᠶᠢᠨ ᠭᠡᠷᠡᠴᠢ ᠪᠠᠷᠢᠮᠲᠠ ᠶᠢ ᠵᠣᠬᠢᠬᠤ ᠬᠡᠮᠵᠢᠶ᠎ᠡ ᠪᠠᠷ ᠬᠦᠷᠭᠡᠬᠦ ᠪᠠᠷ ᠪᠠᠷᠢᠮᠲᠠ ᠪᠣᠯᠭᠠᠭᠰᠠᠨ ᠪᠠᠶᠢᠨ᠎ᠠ᠃            ᠬᠤᠶᠠᠷ᠂ ᠵᠠᠰᠠᠭ ᠵᠠᠬᠢᠷᠭᠠᠨ ᠤ ᠰᠢᠢᠳᠬᠡᠯ ᠤᠨ ᠦᠨᠳᠦᠰᠦ ᠪᠠᠷᠢᠮᠲᠠ᠂ ᠲᠦᠷᠦᠯ ᠵᠦᠢᠯ             ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠎ ᠎ ᠶᠢᠨ ᠵᠠᠭᠤ ᠠᠷᠪᠠᠨ ᠳᠣᠯᠣᠳᠤᠭᠠᠷ ᠵᠦᠢᠯ ᠢ ᠦᠨᠳᠦᠰᠦᠯᠡᠪᠡᠯ᠄  ︽ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠵᠠᠷᠯᠢᠭᠳᠠᠨ ᠵᠠᠯᠠᠷᠠᠭᠤᠯᠤᠭᠤᠯᠵᠤ᠂ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︔᠎  ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠵᠤ ᠴᠡᠭᠴᠡᠯᠡᠨ ᠵᠠᠰᠠᠭᠤᠯᠬᠤ ᠪᠤᠶᠤ ᠠᠵᠢᠯ ᠢ ᠨᠢ ᠵᠣᠭᠰᠣᠭᠠᠵᠤ ᠴᠡᠭᠴᠡᠯᠡᠨ ᠵᠠᠰᠠᠭᠤᠯᠤᠨ᠎ᠠ᠄  ︵ᠭᠤᠷᠪᠠ︶᠎  ᠪᠣᠳᠠᠰ ᠤᠨ ᠮᠠᠲ᠋ᠧᠷᠢᠶᠠᠯ ᠢ ᠠᠴᠢᠶᠠᠯᠠᠵᠤ ᠪᠠᠭᠤᠯᠭᠠᠬᠤ ᠳᠤ ᠨᠢᠭᠲᠠ ᠪᠢᠲᠡᠭᠦᠮᠵᠢᠯᠡᠬᠦ ᠪᠤᠶᠤ ᠰᠦᠷᠴᠢᠨ ᠨᠣᠷᠭᠠᠬᠤ ᠵᠡᠷᠭᠡ ᠠᠷᠭ᠎ᠠ ᠮᠠᠶ᠋ᠢᠭ ᠢᠶᠠᠷ ᠲᠣᠭᠤᠰᠣ ᠰᠢᠷᠣᠶ ᠭᠠᠳᠠᠭᠰᠢᠯᠠᠭᠤᠯᠬᠤ ᠶᠢ ᠬᠢᠵᠠᠭᠠᠷᠯᠠᠭᠰᠠᠨ ᠦᠭᠡᠢ︾᠎  ᠭᠡᠬᠦ ᠲᠣᠭᠲᠠᠭᠠᠯ ᠢ ᠲᠣᠭᠲᠠᠭᠠᠵᠠᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠰᠢᠰᠲ᠋ᠧᠮ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢᠨ ᠲᠣᠭᠲᠠᠭᠠᠯ ︵᠎  ᠲᠤᠷᠰᠢᠨ ᠬᠡᠷᠡᠭᠵᠢᠭᠦᠯᠬᠦ︶᠎ ︾᠎ ᠎ ᠤᠨ ᠬᠠᠪᠰᠤᠷᠤᠯᠲᠠ ᠳᠠᠬᠢ ︽ᠦᠷᠭᠦᠯᠵᠢ ᠬᠡᠷᠡᠭᠯᠡᠬᠦ ᠠᠮᠢ ᠠᠬᠤᠶ ᠶᠢᠨ ᠣᠷᠴᠢᠨ ᠲᠣᠭᠤᠷᠢᠨ ᠤ ᠬᠠᠤᠯᠢ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢᠨ ᠬᠦᠰᠦᠨᠦᠭᠲᠦ ︵᠎  ᠲᠤᠷᠰᠢᠨ ᠬᠡᠷᠡᠭᠵᠢᠭᠦᠯᠬᠦ︶᠎ ︾᠎ ᠎ ᠶᠢᠨ 58 ᠳ᠋ᠤᠭᠠᠷ ᠵᠤᠷᠪᠤᠰ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠲᠠᠨ ᠤ ᠺᠣᠮᠫᠠᠨᠢ ᠳᠤ ᠳᠠᠷᠠᠭᠠᠬᠢ ᠮᠡᠲᠦ ᠰᠢᠢᠳᠬᠡᠯ ᠥᠭᠪᠡ᠄  ᠠᠷᠠᠳ ᠤᠨ ᠵᠣᠭᠤᠰ  ︵᠎  600000.00︶᠎  ᠲᠣᠷᠭᠠᠭᠤᠯᠢ ᠣᠨᠣᠭᠳᠠᠭᠤᠯᠬᠤ ᠶᠢᠨ ᠬᠠᠮᠲᠤ᠂ ᠬᠠᠤᠯᠢ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠪᠠᠨ ᠳᠠᠷᠦ᠋ᠢᠬᠠᠨ ᠵᠠᠯᠠᠷᠠᠭᠤᠯᠬᠤ ᠶᠢ ᠵᠠᠷᠯᠢᠭᠳᠠᠨ᠎ᠠ᠃            ᠭᠤᠷᠪᠠ᠂ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠢ ᠭᠦᠢᠴᠡᠳᠬᠡᠬᠦ ᠠᠷᠭ᠎ᠠ ᠮᠠᠶ᠋ᠢᠭ ᠪᠠ ᠬᠤᠭᠤᠴᠠᠭ᠎ᠠ            ᠵᠠᠰᠠᠭ ᠵᠠᠬᠢᠷᠭᠠᠨ ᠤ ᠰᠢᠢᠳᠬᠡᠯ ᠢ ᠭᠦᠢᠴᠡᠳᠬᠡᠬᠦ ᠠᠷᠭ᠎ᠠ ᠮᠠᠶ᠋ᠢᠭ ᠪᠠ ᠬᠤᠭᠤᠴᠠᠭ᠎ᠠ᠄  ᠲᠤᠰ ᠲᠣᠭᠲᠠᠭᠠᠯ ᠤᠨ ᠪᠢᠴᠢᠭ ᠢ ᠣᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠠᠯᠠᠱᠠ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ ᠳᠤ ᠬᠦᠷᠴᠦ ᠭᠠᠶᠢᠯᠢ ᠶᠢᠨ ᠪᠤᠰᠤ ᠣᠷᠣᠯᠭ᠎ᠠ ᠶᠢᠨ ᠡᠩ ᠤᠨ ᠵᠣᠭᠤᠰ ᠲᠤᠰᠢᠶᠠᠬᠤ ᠪᠢᠴᠢᠭ ︵᠎  ᠡᠯᠧᠺᠲᠷᠣᠨ︶᠎  ᠭᠠᠷᠭᠠᠯᠭᠠᠬᠤ ᠬᠡᠷᠡᠭᠲᠡᠶ᠃ ᠡᠭᠦᠨ ᠤ ᠬᠠᠮᠲᠤ ᠲᠤᠰᠢᠶᠠᠬᠤ ᠵᠣᠭᠤᠰ ᠤᠨ ᠨᠣᠮᠧᠷ ᠢ ᠦᠨᠳᠦᠰᠦᠯᠡᠨ ᠲᠣᠷᠭᠠᠬᠤ ︵᠎  ᠪᠠᠶᠢᠬᠤ ᠥᠬᠡᠶ︶᠎  ᠵᠣᠭᠤᠰ ᠢ ᠵᠢᠭᠠᠨ ᠲᠣᠭᠲᠠᠭᠠᠭᠰᠠᠨ ᠡᠳ᠋ ᠤᠨ ᠵᠠᠰᠠᠭ ᠤᠨ ᠲᠤᠰᠬᠠᠶ ᠲᠠᠩᠰᠠᠨ ᠡᠷᠦᠬᠡ ᠳᠤ ᠲᠤᠰᠢᠶᠠᠵᠤ᠂ ᠬᠤᠭᠤᠴᠠᠭ᠎ᠠ ᠬᠡᠲᠦᠷᠡᠲᠡᠯ᠎ᠡ ᠲᠣᠷᠭᠠᠭᠤᠯᠢ ᠶᠢᠨ ᠵᠣᠭᠤᠰ ᠢ ᠲᠤᠰᠢᠶᠠᠭᠰᠠᠨ ᠥᠬᠡᠶ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠶᠳᠬᠡᠯ ᠤᠨ ᠬᠠᠤᠯᠢ︾᠎ ᠎ ᠶᠢᠨ ᠳᠠᠯᠠᠨ ᠬᠤᠶᠠᠳᠤᠭᠠᠷ ᠵᠦᠶᠯ ᠤᠨ ᠨᠢᠭᠡᠳᠦᠭᠡᠷ ᠪᠠᠳᠠᠭ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠡᠳᠦᠷ ᠪᠦᠷᠢ ᠲᠣᠷᠭᠠᠭᠤᠯᠢ ᠶᠢᠨ ᠵᠣᠭᠤᠰ ᠤᠨ ᠲᠣᠭᠠᠨ ᠤ 3%᠎ ᠪᠠᠷ ᠵᠣᠭᠤᠰ ᠢᠶᠠᠷ ᠨᠡᠮᠡᠵᠦ ᠲᠣᠷᠭᠠᠨ᠎ᠠ᠃            ᠲᠣᠰ ᠰᠢᠢᠳᠬᠡᠯ ᠤᠨ ᠲᠣᠭᠲᠠᠭᠠᠯ ᠨᠢ ᠬᠦᠷᠭᠡᠵᠦ ᠥᠭᠭᠦᠭᠰᠡᠨ ᠡᠳᠦᠷ ᠠᠴᠠ ᠡᠬᠢᠯᠡᠨ ᠬᠠᠤᠯᠢ ᠴᠠᠭᠠᠵᠠ ᠶᠢᠨ ᠬᠦᠴᠦᠨ ᠲᠠᠢ ᠪᠣᠯᠤᠨ᠎ᠠ᠂ ᠲᠤᠬᠠᠶ ᠶᠢᠨ ᠬᠥᠮᠦᠨ ᠬᠡᠷᠪᠡ ᠲᠣᠰ ᠰᠢᠢᠳᠬᠡᠯ ᠤᠨ ᠲᠣᠭᠲᠠᠭᠠᠯ ᠢ ᠬᠦᠯᠢᠶᠡᠬᠦ ᠥᠬᠡᠶ ᠪᠣᠯ ᠲᠣᠰ ᠰᠢᠢᠳᠬᠡᠯ ᠤᠨ ᠲᠣᠭᠲᠠᠭᠠᠯ ᠤᠨ ᠪᠢᠴᠢᠭ ᠢ ᠣᠯᠤᠭᠰᠠᠨ ᠡᠳᠦᠷ ᠠᠴᠠ ᠡᠬᠢᠯᠡᠨ ᠵᠢᠷᠠᠨ ᠡᠳᠦᠷ ᠤᠨ ᠳᠣᠲᠣᠷ᠎ᠠ ᠠᠯᠠᠱᠠ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ ᠬᠤᠪᠢᠶᠠᠷᠢ ᠲᠣᠪᠴᠢᠶ᠎ᠠ ᠪᠤᠶᠤ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠵᠤ ᠪᠣᠯᠤᠨ᠎ᠠ᠂ ᠡᠰᠡᠬᠦᠯ᠎ᠡ ᠵᠢᠷᠭᠤᠭᠠᠨ ᠰᠠᠷ᠎ᠠ ᠶᠢᠨ ᠳᠣᠲᠣᠷ᠎ᠠ ᠠᠯᠠᠱᠠ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠪᠣᠯᠤᠨ᠎ᠠ᠃ ᠲᠤᠬᠠᠶ ᠶᠢᠨ ᠬᠥᠮᠦᠨ ᠎ ᠨᠢ ᠬᠠᠤᠯᠢ ᠳᠤ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠲᠠᠬᠢᠨ ᠵᠥᠪᠯᠡᠭᠦᠯᠬᠦ ᠪᠠ ᠵᠠᠭᠠᠯᠳᠤᠯᠭ᠎ᠠ ᠭᠠᠷᠭᠠᠭᠰᠠᠨ ᠦᠭᠡᠢ ᠪᠥᠭᠡᠳ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠢ ᠴᠤ ᠭᠦᠢᠴᠡᠳᠬᠡᠬᠦ ᠦᠭᠡᠢ ᠪᠠᠶᠢᠪᠠᠯ᠂ ᠲᠤᠰ ᠪᠠᠶᠢᠭᠤᠯᠭ᠎ᠠ ᠠᠴᠠ ᠠᠷᠠᠳ ᠤᠨ ᠰᠢᠭᠦᠬᠦ ᠬᠤᠷᠢᠶᠠᠨ ᠳᠤ ᠠᠯᠪᠠᠳᠠᠨ ᠭᠦᠢᠴᠡᠳᠬᠡᠭᠦᠯᠬᠦ ᠪᠠᠷ ᠭᠤᠶᠤᠴᠢᠯᠠᠨ᠎ᠠ᠃                        ᠬᠠᠷᠢᠯᠴᠠᠬᠤ ᠬᠥᠮᠦᠨ᠄  ᠵᠧᠤ ᠰᠢᠨ ᠶᠠᠩ ᠤᠨ ᠤᠲᠠᠰᠤ᠄  0483 — 8225271            ᠬᠠᠶ᠋ᠢᠭ᠄  ᠪᠠᠶᠠᠨᠬᠤᠲᠠ ᠪᠠᠯᠭᠠᠰᠤ ᠶᠢᠨ ᠰᠢ ᠴᠧᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠮᠣ ᠠᠰᠠᠷ ᠤᠨ 9 ᠳ᠋ᠦ᠋ᠭᠡᠷ ᠠᠰᠠᠷ ᠤᠨ ᠰᠢᠤᠳᠠᠨ ᠳ᠋ᠤᠭᠠᠷ᠄  750300                                    ᠠᠯᠠᠱᠠ ᠠᠶᠢᠮᠠᠭ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠲᠣᠪᠴᠢᠶ᠎ᠠ            2024 ᠣᠨ ᠤ 1ᠳ᠋ᠦ᠋ᠭᠡᠷ ᠰᠠᠷ᠎ᠠ ᠶᠢᠨ 23᠎ ᠤ  ᠡᠳᠦᠷ            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号