ᠠᠯᠠᠱᠠ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠰᠠᠭ ᠵᠠᠬᠢᠷᠭᠠᠨ ᠤ ᠰᠢᠢᠳᠬᠡᠯ ᠥᠯᠥ ᠥᠭᠬᠦ ᠲᠣᠭᠲᠠᠭᠠᠯ ᠤᠨ ᠪᠢᠴᠢᠭ ︵᠎  ᠠᠯᠠᠱᠠ ᠣᠷᠴᠢᠨ ᠲᠣᠭᠤᠷᠢᠨ ︵᠎  ᠵᠡᠭᠦᠨ ᠬᠤᠰᠢᠭᠤ︶᠎  ᠥᠯᠥ ᠲᠣᠷᠭᠠᠬᠤ ᠰᠢᠶᠳᠪᠦᠷᠢ ᠲᠠᠷᠬᠠᠭᠠᠭᠰᠠᠨ ﹇᠎  2024﹈᠎  ᠎ 3 ᠳ᠋ᠤᠭᠠᠷ ᠲᠣᠭᠠᠲᠤ︶᠎ 
ᠨᠡᠶᠢᠲᠡᠯᠡᠭᠰᠡᠨ ᠴᠠᠭ᠄
2024/7/15
               ᠠᠯᠠᠱᠠ ᠵᠡᠭᠦᠨ ᠬᠤᠰᠢᠭᠤᠨ ᠤ ᠬᠡᠷ ᠤᠨ ᠲᠡᠵᠢᠭᠡᠪᠦᠷᠢ ᠶᠢ ᠰᠠᠶᠢᠵᠢᠷᠠᠭᠤᠯᠬᠤ ᠠᠵᠢᠯ ᠤᠨ ᠥᠷᠲᠡᠭᠡ ᠳᠤ᠄             ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠺᠣᠳ᠋᠄  1215292146127862XU            ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠄  ᠸᠠᠩ ᠰᠢᠤ ᠶᠠᠨ            ᠰᠠᠭᠤᠭ᠎ᠠ ᠭᠠᠵᠠᠷ᠄  ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠪᠠᠷᠠᠭᠤᠨ ᠬᠤᠲᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠲᠣᠮᠣ ᠠᠰᠠᠷ ᠤᠨ ᠵᠢᠷᠭᠤᠳᠤᠭᠠᠷ ᠠᠰᠠᠷ            ᠲᠣᠰ ᠨᠢᠭᠡᠴᠡ 2024 ᠣᠨ ᠤ 1 ᠳ᠋ᠦ᠋ᠭᠡᠷ ᠰᠠᠷ᠎ᠠ ᠶᠢᠨ 12᠎ ᠤᠨ ᠡᠳᠦᠷ ᠠᠯᠠᠱᠠ ᠵᠡᠭᠦᠨ ᠬᠤᠰᠢᠭᠤᠨ ᠤ ᠬᠡᠷ ᠤᠨ ᠲᠡᠵᠢᠭᠡᠪᠦᠷᠢ ᠶᠢ ᠰᠠᠶᠢᠵᠢᠷᠠᠭᠤᠯᠬᠤ ᠠᠵᠢᠯ ᠤᠨ ᠥᠷᠲᠡᠭᠡ ᠶᠢᠨ ᠠᠯᠠᠱᠠ ᠵᠡᠭᠦᠨ ᠬᠤᠰᠢᠭᠤᠨ ᠤ ᠮᠣᠩᠭᠤᠯ ᠦᠬᠡᠷ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠲᠥᠷᠥᠯ ᠵᠦᠶᠯ ᠢ ᠵᠥᠪᠰᠢᠶᠡᠷᠡᠭᠰᠡᠨ ᠥᠬᠡᠶ ᠪᠠᠷ ᠤᠷᠢᠳᠠᠪᠠᠷ ᠪᠠᠶᠢᠭᠤᠯᠤᠭᠰᠠᠨ ᠬᠡᠷᠡᠭ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠪᠠ᠃ ᠪᠠᠶᠢᠴᠠᠭᠠᠭᠰᠠᠨ ᠢᠶᠠᠷ᠂ ᠲᠠᠨ ᠤ ︵᠎  ᠨᠢᠭᠡᠴᠡ ︶᠎  ᠠᠯᠠᠱᠠ ᠵᠡᠭᠦᠨ ᠬᠤᠰᠢᠭᠤᠨ ᠤ ᠴᠣᠭᠲᠤᠬᠦ᠋ᠷᠢᠶ᠎ᠡ ᠠᠯᠠᠱᠠ ᠵᠡᠭᠦᠨ ᠬᠤᠰᠢᠭᠤᠨ ᠤ ᠮᠣᠩᠭᠤᠯ ᠦᠬᠡᠷ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠲᠥᠷᠥᠯ ᠵᠦᠶᠯ ᠢ ᠡᠬᠢᠯᠡᠨ ᠪᠠᠶᠢᠭᠤᠯᠬᠤ ᠎ ᠠᠴᠠ ᠡᠮᠦᠨ᠎ᠡ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ ᠭᠠᠷᠳᠠᠮ ᠢ ᠣᠯᠤᠭᠰᠠᠨ ᠥᠬᠡᠶ᠃ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠠᠬᠤᠶ ᠶᠢᠨ ᠨᠥᠯᠥᠭᠡᠯᠡᠯ ᠢ ᠦᠨᠡᠯᠡᠬᠦ ᠬᠠᠤᠯᠢ︾᠎ ᠎ ᠶᠢᠨ ᠠᠷᠪᠠᠨ ᠵᠢᠷᠭᠤᠳᠤᠭᠠᠷ ᠵᠦᠢᠯ ᠤᠨ ᠬᠤᠶᠠᠳᠤᠭᠠᠷ ᠪᠠᠳᠠᠭ ᠤᠨ ᠭᠤᠷᠪᠠᠳᠤᠭᠠᠷ ᠵᠤᠷᠪᠤᠰ ᠤᠨ ᠲᠣᠭᠲᠠᠭᠠᠯ ᠢ ᠵᠥᠷᠢᠴᠡᠵᠦ᠂ ᠨᠢᠭᠡᠨᠲᠡ ᠬᠠᠤᠯᠢ ᠶᠢ ᠵᠥᠷᠢᠴᠡᠭᠰᠡᠨ ᠠᠵᠢᠯᠯᠠᠭ᠎ᠠ ᠪᠤᠯᠵᠤ ᠪᠦᠷᠢᠯᠳᠦᠵᠡᠶ᠃ ᠳᠡᠭᠡᠷᠡᠬᠢ ᠪᠣᠳᠠᠲᠤ ᠶᠠᠪᠤᠳᠠᠯ ᠳᠤ ᠳᠣᠣᠷᠠᠬᠢ ᠮᠡᠲᠦ ᠭᠡᠷᠡᠴᠢ ᠪᠠᠷᠢᠮᠲᠠ ᠲᠠᠢ᠄  1. ︽ᠬᠡᠷᠡᠭ ᠤᠨ ᠲᠠᠯᠠᠪᠠᠢ ᠶᠢᠨ ᠭᠡᠷᠡᠯ ᠵᠢᠷᠤᠭ︾᠎ ︔᠎  2. ︽ᠲᠤᠬᠠᠶ ᠶᠢᠨ ᠭᠠᠵᠠᠷ ᠲᠤᠨᠢ ᠪᠠᠶᠢᠴᠠᠭᠠᠭᠰᠠᠨ ︵ᠬᠠᠶᠢᠨ ᠪᠠᠶᠢᠴᠠᠭᠠᠭᠰᠠᠨ︶᠎  ᠲᠡᠮᠳᠡᠭᠯᠡᠯ︾᠎ ︔᠎  3. ︽ᠲᠤᠬᠠᠶ ᠶᠢᠨ ᠲᠠᠯᠠᠪᠠᠢ ᠶᠢᠨ ᠬᠠᠶᠢᠨ ᠪᠠᠶᠢᠴᠠᠭᠠᠯᠲᠠ ᠶᠢᠨ ᠲᠠᠶᠢᠯᠪᠤᠷᠢ ᠵᠢᠷᠤᠭ︾᠎ ︔᠎  4. ︽ᠪᠠᠶᠢᠴᠠᠭᠠᠨ ᠠᠰᠠᠭᠤᠭᠰᠠᠨ ᠲᠡᠮᠳᠡᠭᠯᠡᠯ︾᠎ ︔᠎  5. ᠬᠠᠤᠯᠢ ᠶᠢᠨ ᠡᠷᠬᠡᠲᠡᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ︔᠎  6. ᠠᠵᠢᠯ ᠦᠢᠯᠡᠰ ᠤᠨ ᠨᠢᠭᠡᠴᠢ ᠶᠢᠨ ᠬᠠᠤᠯᠢ ᠶᠢᠨ ᠬᠥᠮᠦᠨ ᠤ ᠦᠨᠡᠮᠯᠡᠯ ᠤᠨ ᠪᠠᠭᠤᠯᠭᠠᠪᠤᠷᠢ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠣᠷᠴᠢᠨ ᠲᠣᠭᠤᠷᠢᠨ  ᠤ ᠨᠥᠯᠥᠭᠡᠯᠡᠯ  ᠢ ᠦᠨᠡᠯᠡᠬᠦ ᠬᠠᠤᠯᠢ ︾᠎  ᠎ ᠶᠢᠨ ᠭᠤᠴᠢᠨ ᠨᠢᠭᠡᠳᠦᠭᠡᠷ ᠵᠦᠢᠯ ᠥᠨ ᠭᠤᠷᠪᠠᠳᠤᠭᠠᠷ ᠵᠤᠷᠪᠤᠰ ᠪᠣᠯᠤᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠵᠠᠰᠠᠭ ᠵᠠᠬᠢᠷᠭᠠᠨ  ᠤ ᠰᠢᠢᠳᠬᠡᠯ  ᠤᠨ ᠬᠠᠤᠯᠢ︾᠎  ᠎ ᠶᠢᠨ ᠭᠤᠴᠢᠨ ᠭᠤᠷᠪᠠᠳᠤᠭᠠᠷ ᠵᠦᠢᠯ ᠥᠨ ᠨᠢᠭᠡᠳᠦᠭᠡᠷ ᠵᠤᠷᠪᠤᠰ  ᠤᠨ ᠲᠣᠭᠲᠠᠭᠠᠯ  ᠢ ᠦᠨᠳᠦᠰᠦᠯᠡᠨ᠂ ᠲᠠᠨ  ᠤ ︵ᠨᠢᠭᠡᠴᠢ︶᠎  ᠵᠠᠰᠠᠭ ᠵᠠᠬᠢᠷᠭᠠᠨ  ᠤ ᠰᠢᠢᠳᠬᠡᠯ ᠥᠭᠬᠦ ᠦᠭᠡᠢ  ᠪᠠᠷ ᠲᠣᠭᠲᠠᠪᠠ᠃             ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠶᠳᠬᠡᠯ ᠤᠨ ᠬᠠᠤᠯᠢ︾᠎ ᠎ ᠶᠢᠨ ᠭᠤᠴᠢᠨ ᠭᠤᠷᠪᠠᠳᠤᠭᠠᠷ ᠵᠦᠢᠯ ᠤᠨ ᠭᠤᠷᠪᠠᠳᠤᠭᠠᠷ ᠵᠤᠷᠪᠤᠰ ᠢ ᠦᠨᠳᠦᠰᠦᠯᠡᠨ ᠲᠠᠨ ︵᠎  ᠨᠢᠭᠡᠴᠢ︶᠎ ᠎ ᠳᠤ ᠬᠥᠮᠦᠵᠢᠯ ᠬᠢᠨ᠎ᠡ᠂ ᠪᠣᠳᠠᠲᠠᠢ ᠠᠭᠤᠯᠭ᠎ᠠ ᠨᠢ ᠳᠣᠣᠷᠠᠬᠢ ᠮᠡᠲᠦ᠄             ᠲᠠᠨ ᠤ ︵᠎  ᠨᠢᠭᠡᠴᠢ︶᠎  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠠᠤᠯᠢ︾᠎  ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠶᠯ ᠤᠨ ᠲᠣᠭᠲᠠᠭᠠᠯ ᠢ ᠤᠬᠠᠮᠰᠠᠷ ᠎ ᠠᠴᠠ ᠪᠠᠨ ᠭᠦᠶᠴᠡᠳᠬᠡᠵᠦ᠂ ᠣᠷᠴᠢᠨ ᠲᠣᠭᠤᠷᠢᠨ ᠤ ᠬᠠᠤᠯᠢ ᠎ ᠠᠴᠠ ᠵᠥᠷᠢᠴᠡᠭᠰᠡᠨ ᠠᠰᠠᠭᠤᠳᠠᠯ ᠳᠠᠬᠢᠨ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃            ᠲᠠᠨ ᠤ ︵᠎  ᠨᠢᠭᠡᠴᠢ︶᠎  ᠲᠣᠰ ᠲᠣᠭᠲᠠᠭᠠᠯ ᠢ ᠥᠯᠥ ᠬᠦᠯᠢᠶᠡᠪᠡᠯ᠂ ᠲᠣᠰ ᠲᠣᠭᠲᠠᠭᠠᠯ ᠤᠨ ᠪᠢᠴᠢᠭ ᠢ ᠣᠯᠤᠭᠰᠠᠨ ᠡᠳᠦᠷ ᠠᠴᠠ ᠡᠬᠢᠯᠡᠨ ᠵᠢᠷᠠᠨ ᠡᠳᠦᠷ ᠤᠨ ᠳᠣᠲᠣᠷ᠎ᠠ ᠠᠯᠠᠱᠠ ᠠᠶᠢᠮᠠᠭ ᠤᠨ ᠵᠠᠬᠢᠷᠭ᠎ᠠ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠵᠤ ᠪᠣᠯᠤᠨ᠎ᠠ᠂ ᠲᠣᠰ ᠲᠣᠭᠲᠠᠭᠠᠯ ᠤᠨ ᠪᠢᠴᠢᠭ ᠢ ᠣᠯᠤᠭᠰᠠᠨ ᠡᠳᠦᠷ ᠠᠴᠠ ᠡᠬᠢᠯᠡᠨ ᠵᠢᠷᠭᠤᠭᠠᠨ ᠰᠠᠷ᠎ᠠ ᠶᠢᠨ ᠳᠣᠲᠣᠷ᠎ᠠ ᠠᠯᠠᠱᠠ ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠵᠠᠭᠠᠯᠳᠤᠯᠭ᠎ᠠ ᠭᠠᠷᠭᠠᠭᠰᠠᠨ ᠴᠤ ᠪᠣᠯᠤᠨ᠎ᠠ᠃                                    2024 ᠣᠨ ᠤ 2 ᠳ᠋ᠤᠭᠠᠷ ᠰᠠᠷ᠎ᠠ ᠶᠢᠨ 27᠎ ᠤ  ᠡᠳᠦᠷ                              
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号