ᠣᠯᠠᠨᠪᠤᠯᠠᠭ ᠪᠠᠯᠭᠠᠰᠤ᠄ ᠳᠠᠪᠠᠭᠤᠯᠢᠭ ᠢᠶᠠᠨ ᠲᠥᠪᠯᠡᠷᠡᠭᠦᠯᠦᠨ ᠲᠣᠯᠣᠭᠠᠶᠢᠯᠠᠭᠴᠢ ᠪᠣᠯᠵᠤ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/7/15
     ᠠᠯᠠᠱᠠ ᠵᠡᠭᠦᠨ ᠬᠤᠱᠢᠭᠤᠨ ᠤ ᠣᠯᠠᠨᠪᠤᠯᠠᠭ ᠪᠠᠯᠭᠠᠰᠤ ᠢᠯᠡᠳᠲᠡ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠳᠠᠪᠠᠭᠤᠯᠢᠭ ᠲᠤ ᠲᠦᠰᠢᠭᠯᠡᠨ᠂ ᠬᠦᠴᠦ ᠪᠠᠨ ᠲᠦᠪᠯᠡᠷᠡᠭᠦᠯᠦᠨ ᠨᠢᠭᠡ ᠪᠦᠯᠦᠭ ᠵᠠᠬ᠎ᠠ ᠵᠡᠭᠡᠯᠢ ᠶᠢᠨ ᠪᠠᠶᠢᠳᠠᠯ ᠰᠠᠶᠢᠨ᠂  ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠥᠨᠳᠥᠷ᠂ ᠳᠠᠶᠢᠴᠢᠯᠠᠬᠤ ᠴᠢᠳᠠᠪᠤᠷᠢ ᠴᠢᠩᠭ᠎ᠠ᠂ ᠠᠵᠤ ᠦᠢᠯᠡᠰ ᠤᠨ ᠬᠡᠯᠬᠢᠶ᠎ᠡ ᠶᠢᠨ ᠬᠠᠷᠢᠴᠠᠩᠭᠤᠢ ᠪᠦᠷᠢᠨ ᠪᠦᠲᠦᠨ ᠲᠣᠯᠣᠭᠠᠶᠢᠯᠠᠭᠴᠢ ᠠᠵᠤ ᠠᠬᠤᠶᠢᠯᠠᠯ ᠢ ᠳᠡᠳᠬᠦᠨ ᠲᠡᠮᠵᠢᠵᠣ᠂ ᠴᠠᠭᠠᠨ ᠨᠣᠣᠯᠣᠷᠲᠣ ᠢᠮᠠᠭ᠎ᠠ᠂ ᠬᠤᠣᠰ ᠪᠥᠬᠦᠲᠦ ᠲᠡᠮᠡᠭᠡ ᠪᠠᠷ ᠭᠤᠣᠯ ᠪᠣᠯᠭᠠᠭᠰᠠᠨ ᠲᠤᠬᠠᠢ ᠶᠢᠨ ᠭᠠᠵᠠᠷ ᠤᠨ ᠣᠨᠴᠠᠯᠢᠭᠳᠣ ᠮᠠᠯ ᠤᠨ ᠡᠭᠦᠯᠳᠡᠷ ᠪᠠ ᠠᠯᠠᠰᠢᠨ ᠦᠬᠡᠷ᠂ ᠰᠠᠭᠠᠯᠢ ᠶᠢᠨ ᠦᠨᠢᠶ᠎ᠡ ᠵᠡᠷᠭᠡ  ᠠᠵᠤ ᠦᠢᠯᠡᠰᠵᠢᠯᠲᠡ᠂ ᠬᠡᠪᠴᠢᠶᠡᠵᠢᠭᠰᠡᠨ ᠬᠦᠭᠵᠢᠯᠲᠡ ᠶᠢ ᠲᠦᠯᠬᠢᠨ ᠠᠬᠢᠭᠤᠯᠪᠠ᠃    ᠠᠯᠠᠱᠨ ᠶᠢᠨ ᠴᠠᠭᠠᠨ ᠨᠣᠣᠯᠣᠷᠲᠣ ᠢᠮᠠᠭᠠᠨ ᠤ ᠦᠢᠯᠡᠳᠪᠦᠷᠢᠯᠡᠭᠰᠡᠨ ᠨᠣᠯᠣᠣᠷ ᠨᠢ ︽ᠰᠢᠷᠬᠢᠭᠯᠢᠭ ᠠᠯᠮᠠᠰ ᠴᠢᠯᠠᠭᠤ︾ ︽ᠵᠥᠭᠡᠯᠡᠨ ᠰᠢᠵᠢᠷ ᠠᠯᠲᠠ︾᠎ ᠶᠢᠨ ᠠᠯᠳᠠᠷ ᠲᠠᠢ᠃ ᠣᠯᠠᠨᠪᠤᠯᠠᠭ ᠪᠠᠯᠭᠠᠰᠤ ᠨᠢ ᠠᠯᠠᠱᠠ ᠶᠢᠨ ᠴᠠᠭᠠᠨ ᠨᠣᠣᠯᠣᠷᠲᠣ ᠢᠮᠠᠭᠠᠨ ᠤ ᠭᠤᠤᠯ ᠳᠦᠷᠰᠦ ᠶᠢᠨ ᠰᠦᠷᠦᠭ ᠤᠨ ᠬᠠᠮᠠᠭᠠᠯᠠᠯᠲᠠ ᠶᠢᠨ ᠣᠷᠣᠨ ᠤ ᠨᠢᠭᠡ ᠪᠣᠯᠤᠭᠰᠠᠨ ᠤ ᠬᠤᠪᠢ ᠳᠤ᠂ ᠠᠯᠠᠱᠠ ᠶᠢᠨ ᠬᠤᠩ ᠶᠧ ᠪᠠᠶ ᠴᠦᠨ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠠᠭᠠᠰᠢᠶᠠᠯ ᠢ ᠣᠯᠵᠤ᠂ ᠬᠤᠩ ᠶᠧ ᠪᠠᠶ ᠴᠦᠨ ᠨᠠᠷᠠᠲᠤ ᠲᠡᠮᠳᠡᠭᠲᠦ ᠨᠢ ᠤᠯᠤᠰ ᠤᠨ ᠳᠣᠲᠣᠭᠠᠳᠤ ᠶᠢᠨ ᠢᠮᠠᠭᠠᠨ ᠨᠣᠯᠣᠣᠷ ᠤᠨ ᠵᠠᠬ᠎ᠠ ᠳᠡᠯᠭᠡᠭᠦᠷ ᠲᠤ ᠨᠡᠯᠢᠶᠡᠳ ᠥᠨᠳᠥᠷ ᠠᠯᠳᠠᠷᠰᠢᠯ ᠲᠠᠢ ᠪᠠᠶᠢᠵᠤ᠂ ᠳᠡᠭᠡᠳᠦ ᠲᠠᠰ ᠤᠨ ᠢᠮᠠᠭᠠᠨ ᠨᠣᠯᠣᠣᠷ ᠤᠨ ᠬᠠᠨᠲᠠᠭᠠᠰᠤ ᠦᠢᠯᠡᠳᠬᠦ ᠲᠠᠯ᠎ᠠ ᠪᠠᠷ ᠬᠠᠷᠢᠴᠠᠯᠠᠰᠢ ᠥᠬᠡᠶ ᠳᠠᠪᠠᠭᠤᠯᠢᠭ ᠪᠠ ᠨᠡᠯᠢᠶᠡᠳ ᠶᠡᠭᠡ ᠬᠡᠮᠵᠢᠶᠡᠨ ᠤ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠲᠠᠢ ᠶᠤᠮ᠃    ᠠᠯᠠᠱᠠ ᠶᠢᠨ ᠬᠤᠩ ᠶᠧ ᠪᠠᠶ ᠴᠦᠨ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠣᠯᠠᠨᠪᠤᠯᠠᠭ ᠪᠠᠯᠭᠠᠰᠤᠨ ᠳᠤ 500 ᠲᠦᠮᠡᠨ ᠲᠡᠭᠰᠢ ᠳᠥᠷᠪᠡᠯᠵᠢᠨ  ᠮᠧᠲᠷ ᠭᠠᠵᠠᠷ ᠡᠵᠡᠯᠡᠭᠰᠡᠨ ᠴᠠᠭᠠᠨ ᠨᠣᠯᠤᠤᠷ ᠤᠨ ᠢᠮᠠᠭ᠎ᠠ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠᠶᠢᠭᠤᠯᠵᠤ᠂ ᠣᠳᠣᠬᠠᠨ ᠳᠤ ᠨᠢᠭᠡᠨᠲᠡ ᠬᠠᠮᠢᠶ᠎ᠠ ᠪᠥᠬᠦᠶ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠩᠬ᠎ᠠ ᠠᠯᠬᠤᠮ ᠪᠡᠶᠡᠯᠡᠭᠦᠯᠵᠦ᠂ 10 ᠰᠠᠭᠤᠷᠢ ᠣᠳᠣᠬᠢᠴᠢᠯᠠᠭᠰᠠᠨ ᠬᠤᠨᠢᠨ ᠤ ᠬᠠᠰᠢᠶ᠎ᠠ ᠵᠢᠴᠢ ᠳᠤᠯᠠᠭᠠᠨ ᠰᠠᠷᠠᠪᠴᠢ ᠶᠢ ᠨᠢᠭᠡᠨᠲᠡ ᠪᠥᠲᠥᠭᠡᠨ ᠪᠠᠶᠢᠭᠤᠯᠵᠤ᠂ ᠣᠲᠣ 2000 ᠴᠠᠭᠠᠨ ᠨᠣᠯᠣᠣᠷ ᠤᠨ ᠢᠮᠠᠭᠠᠨ ᠤ ᠲᠤᠭ᠎ᠠ ᠪᠠᠶᠢᠵᠤ᠂ ᠵᠢᠯ ᠤᠨ ᠡᠴᠦᠰ  ᠪᠣᠯᠬᠤ ᠳᠤ 2  ᠲᠦᠮᠡᠨ ᠲᠤᠭ᠎ᠠ ᠲᠣᠯᠣᠭᠠᠢ ᠲᠡᠵᠢᠭᠡᠬᠦ ᠪᠠᠷ ᠲᠦᠯᠦᠪᠯᠡᠵᠣ ᠪᠠᠶᠢᠨ᠎ᠠ᠃ ᠰᠠᠭᠤᠷᠢᠨ ᠭᠠᠵᠠᠷ ᠢ ᠪᠠᠶᠢᠭᠤᠯᠤᠭᠰᠠᠨ ᠨᠢ ᠠᠯᠠᠱᠠ ᠵᠡᠭᠦᠨ ᠬᠤᠰᠢᠭᠤ ᠬᠤᠩ ᠶᠧ ᠪᠠᠶ ᠴᠦᠨ ᠲᠡᠮᠳᠡᠭᠲᠦ ᠠᠵᠤ ᠦᠢᠯᠡᠰ ᠲᠤ ᠳᠡᠯᠡᠬᠡᠶ ᠶᠢᠨ ᠨᠣᠯᠣᠣᠷ ᠤᠨ ᠴᠢᠨᠠᠷ ᠢᠶᠠᠷ ᠬᠠᠮᠤᠭ ᠤᠨ ᠰᠠᠶᠢᠨ ᠨᠣᠯᠣᠣᠷ ᠤᠨ ᠲᠦᠭᠦᠬᠡᠶ ᠮᠠᠲ᠋ᠧᠷᠢᠶᠠᠯ ᠢ ᠬᠠᠩᠭᠠᠵᠤ᠂ ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠠᠵᠤ ᠦᠶᠢᠯᠡᠰᠵᠢᠭᠰᠡᠨ ᠬᠥᠭᠵᠢᠯᠲᠡ ᠶᠢᠨ ᠵᠠᠮ ᠢ ᠪᠣᠶ ᠪᠣᠯᠭᠠᠬᠤ ᠶᠢ ᠬᠠᠷᠠᠭᠤᠯᠵᠤ ᠪᠠᠶᠢᠨ᠎ᠠ᠃    ᠠᠯᠠᠱᠠ ᠠᠶᠢᠮᠠᠭ ᠤᠨ ᠱᠧᠩ ᠮᠦ ᠵᠣᠣ ᠹᠧᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ ᠮᠠᠯ ᠤᠨ ᠬᠠᠰᠢᠶᠠᠨ ᠳᠤ᠂ 4000 ᠭᠠᠷᠤᠶ ᠰᠠᠭᠠᠯᠢ ᠶᠢᠨ ᠦᠨᠢᠶ᠎ᠡ ᠴᠢᠨᠠᠷ ᠰᠠᠶᠢᠲᠠᠶ ᠣᠷᠭᠠᠨᠢᠭ ᠲᠡᠵᠢᠭᠡᠯ ᠡᠪᠡᠰᠦ ᠶᠢ ᠠᠮᠲᠠᠯᠠᠵᠤ᠂ ᠲᠡᠵᠢᠭᠡᠯ ᠡᠪᠡᠰᠦ ᠶᠢ ᠣᠯᠠᠨᠪᠤᠯᠠᠭ ᠪᠠᠯᠭᠠᠰᠤᠨ ᠤ ᠨᠠᠶᠢᠷᠠᠮᠳᠠᠯ ᠭᠠᠴᠠᠭ᠎ᠠ ᠳᠤ ᠰᠠᠭᠤᠷᠢᠰᠢᠭᠰᠠᠨ ᠠᠯᠠᠱᠠ ᠠᠶᠢᠮᠠᠭ ᠤᠨ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠤᠪᠢ ᠡᠵᠡᠮᠳᠡᠭᠰᠡᠨ ᠡᠪᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠠᠴᠠ ᠬᠠᠩᠭᠠᠵᠤ ᠪᠠᠶᠢᠨ᠎ᠠ᠃ ᠮᠠᠯᠵᠢᠯ ᠤᠨ ᠲᠠᠯᠠᠪᠠᠶ ᠶᠢᠨ ᠦᠢᠯᠡᠳᠪᠦᠷᠢᠯᠡᠭᠰᠡᠨ ᠰᠢᠨ᠎ᠡ ᠰᠣᠷᠭᠤᠭ ᠰᠦ 90 ᠭᠠᠷᠤᠶ ᠲᠣᠨ ᠪᠠᠶᠢᠵᠤ᠂ ᠰᠢᠨ᠎ᠡ ᠰᠦ ᠲᠤᠬᠠᠶ ᠶᠢᠨ ᠭᠠᠵᠠᠷ ᠲᠤᠨᠢ ᠥᠪᠥᠷ ᠮᠣᠩᠭᠤᠯ ᠤᠨ ᠢ ᠶᠢᠩ ᠮᠧᠶ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠵᠢᠯ ᠳᠤ 2 ᠲᠦᠮᠡᠨ ᠲᠣᠨ ᠨᠢᠯᠬ᠎ᠠ ᠬᠡᠦᠬᠡᠳ ᠤᠨ ᠣᠷᠭᠠᠨᠢᠭ ᠰᠦᠨ ᠲᠠᠯᠬ᠎ᠠ ᠦᠢᠯᠡᠳᠪᠦᠷᠢᠯᠡᠬᠦ ᠲᠥᠷᠥᠯ ᠵᠦᠢᠯ ᠳᠤ ᠲᠦᠭᠦᠬᠡᠶ ᠮᠠᠲ᠋ᠧᠷᠢᠶᠠᠯ ᠬᠠᠩᠭᠠᠵᠤ  ᠪᠠᠶᠢᠨ᠎ᠠ᠃    ᠣᠯᠠᠨᠪᠤᠯᠠᠭ ᠪᠠᠯᠭᠠᠰᠤ ᠲᠣᠯᠣᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢ ᠪᠦᠬᠦ ᠬᠦᠴᠦᠨ ᠢᠶᠠᠷ ᠢᠶᠠᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠲᠤᠬᠠᠢ ᠶᠢᠨ ᠭᠠᠵᠠᠷ ᠤᠨ ᠣᠨᠴᠠᠯᠢᠭ ᠲᠠᠢ ᠳᠠᠪᠠᠭᠤᠯᠢᠭ ᠮᠠᠯ ᠤᠨ ᠡᠭᠦᠯᠳᠡᠷ ᠢ ᠠᠵᠤ ᠦᠢᠯᠡᠰᠵᠢᠭᠦᠯᠦᠨ ᠬᠥᠭᠵᠢᠭᠦᠯᠬᠦ ᠶᠢ ᠳᠠᠶᠢᠴᠢᠯᠠᠬᠤ ᠶᠢᠨ ᠬᠠᠮᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠦᠲᠦᠮᠵᠢᠲᠡᠢ ᠬᠦᠴᠦᠨ ᠨᠡᠮᠡᠷᠢᠯᠡᠪᠡ᠃ ᠣᠳᠣᠬᠠᠨ ᠳᠤ᠂ ᠣᠯᠠᠨᠪᠤᠯᠠᠭ ᠪᠠᠯᠭᠠᠰᠤᠨ ᠳᠤ  6 ᠮᠠᠯ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶᠢᠯᠠᠯ᠂ 13 ᠲᠡᠵᠢᠭᠡᠨ ᠦᠷᠡᠵᠢᠭᠦᠯᠬᠦ ᠬᠤᠷᠰᠢᠶᠠᠵᠢᠯ᠂ ᠪᠥᠬᠦ ᠪᠠᠯᠭᠠᠰᠤᠨ ᠤ ᠮᠠᠯ ᠤᠨ ᠲᠤᠭ᠎ᠠ ᠲᠣᠯᠣᠭᠠᠶ 87752 ᠲᠣᠯᠣᠭᠠᠶ ᠪᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号