ᠠᠯᠠᠱᠠ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠶᠤᠸᠠᠨ ᠸᠠᠨ ᠴᠦᠨ ᠤ ᠦᠨᠳᠦᠰᠦᠲᠡᠨ ᠤ ᠪᠦᠷᠢᠯᠳᠦᠬᠦᠨ ᠢ ᠬᠤᠪᠢᠷᠠᠭᠤᠯᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2024/7/15
            ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠳ ᠤᠨ ᠦᠨᠳᠦᠰᠦᠲᠡᠨ ᠤ ᠪᠦᠷᠢᠯᠳᠦᠬᠦᠨ ᠢ ᠳᠡᠩᠰᠡᠯᠡᠨ ᠬᠠᠮᠢᠶᠠᠷᠬᠤ ᠬᠡᠷᠡᠭᠵᠢᠭᠦᠯᠬᠦ ᠠᠷᠭ᠎ᠠ︾  ︵  ᠥᠪᠥᠷ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠲᠠᠷᠬᠠᠭᠠᠭᠰᠠᠨ ﹇  2016﹈   13 ᠳ᠋ᠤᠭᠠᠷ ᠲᠣᠭᠠᠲᠤ︶  ᠪᠠ ︽ᠦᠨᠳᠦᠰᠦᠲᠡᠨ ᠤ ᠪᠦᠷᠢᠯᠳᠦᠬᠦᠨ ᠢ ᠥᠭᠡᠷᠡᠴᠢᠯᠡᠬᠦ ᠠᠵᠢᠯ ᠤᠨ ᠬᠤᠯᠪᠣᠭᠳᠠᠯ ᠪᠥᠬᠦᠶ ᠵᠦᠶᠯᠡᠰ ᠤᠨ ᠲᠤᠬᠠᠶ ᠠᠯᠠᠱᠠ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠮᠡᠳᠡᠭᠳᠡᠯ︾  ︵  ᠠᠯᠠᠱᠠ ᠦᠨᠳᠦᠰᠦᠲᠡᠨ ᠤ ᠶᠠᠪᠤᠳᠠᠯ ᠲᠠᠷᠬᠠᠭᠠᠭᠰᠠᠨ ﹇  2017﹈   90 ᠳ᠋ᠦ᠋ᠭᠡᠷ ᠲᠣᠭᠠᠲᠤ︶  ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠠᠯᠠᠱᠠ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠶᠤᠸᠠᠨ ᠸᠠᠨ ᠴᠦᠨ ᠤ ᠦᠨᠳᠦᠰᠦᠲᠡᠨ ᠤ ᠪᠦᠷᠢᠯᠳᠦᠬᠦᠨ ᠤ ᠭᠤᠶᠤᠴᠢᠯᠠᠯ ᠤᠨ ᠮᠠᠲ᠋ᠧᠷᠢᠶᠠᠯ ᠳᠤ ᠠᠩᠬᠠᠨ ᠤ ᠬᠢᠨᠠᠯᠲᠠ ᠬᠢᠪᠡ᠂ ᠡᠳᠦᠭᠡ ᠨᠡᠷᠡᠰ ᠢ ᠳᠣᠣᠷᠠᠬᠢ ᠮᠡᠲᠦ ᠨᠡᠶᠢᠲᠡᠯᠡᠶ᠎ᠡ᠄             ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠡᠷᠪᠡ ᠵᠠᠷᠯᠠᠨ ᠨᠡᠶᠢᠲᠡᠯᠡᠭᠰᠡᠨ ᠡᠲᠡᠭᠡᠳ ᠨᠢ ᠨᠥᠬᠦᠴᠡᠯ ᠪᠠ ᠱᠠᠭᠠᠷᠳᠠᠯᠭ᠎ᠠ ᠳᠤ ᠨᠡᠶᠢᠴᠡᠬᠦ ᠥᠬᠡᠶ ᠪᠠᠶᠢᠪᠠᠯ᠂ ᠠᠯᠠᠱᠠ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠳᠤ ᠰᠢᠭᠤᠳ ᠲᠤᠰᠬᠠᠬᠤ ᠬᠡᠷᠡᠭᠲᠡᠶ᠃ ᠠᠭᠤᠯᠭ᠎ᠠ ᠶᠢ ᠲᠤᠰᠬᠠᠬᠤ ᠳᠠᠭᠠᠨ ᠦᠨᠡᠨ ᠠᠴᠠ ᠵᠥᠪ ᠢ ᠡᠷᠢᠵᠦ᠂ ᠦᠨᠡᠨ ᠪᠣᠳᠠᠲᠠᠶ ᠪᠠᠶᠢᠬᠤ ᠬᠡᠷᠡᠭᠲᠡᠶ᠂ ᠵᠠᠪᠰᠢᠶᠠᠨ ᠢ ᠳᠠᠯᠢᠮᠳᠠᠭᠤᠯᠤᠨ ᠵᠣᠷᠢᠭᠤᠳᠠ ᠣᠷᠣ ᠦᠭᠡᠢ ᠭᠠᠵᠠᠷ ᠤᠪᠤᠭ᠎ᠠ ᠪᠤᠰᠬᠠᠵᠦ ᠪᠣᠯᠬᠤ ᠦᠭᠡᠢ᠃ ᠪᠢᠴᠢᠭ ᠢᠶᠠᠷ ᠲᠤᠰᠬᠠᠭᠰᠠᠨ ᠰᠠᠨᠠᠯ ᠳᠤ ᠡᠷᠬᠡᠪᠰᠢ ᠦᠨᠡᠨ ᠪᠣᠳᠠᠲᠠᠶ ᠤᠪᠤᠭ ᠨᠡᠷ᠎ᠡ ᠶᠢ ᠪᠢᠴᠢᠬᠦ ᠬᠡᠷᠡᠭᠲᠡᠶ᠃ ᠮᠠᠨ ᠤ ᠬᠤᠷᠢᠶ᠎ᠠ ᠲᠤᠰᠬᠠᠭᠰᠠᠨ ᠬᠥᠮᠦᠨ ᠪᠠ ᠲᠤᠰᠬᠠᠭᠰᠠᠨ ᠤᠴᠢᠷ ᠶᠠᠪᠤᠳᠠᠯ ᠤᠨ ᠨᠢᠭᠤᠴᠠ ᠶᠢ ᠴᠢᠩᠭ᠎ᠠ ᠬᠠᠮᠠᠭᠠᠯᠠᠪᠠ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠲᠤᠰᠬᠠᠭᠰᠠᠨ ᠠᠰᠠᠭᠤᠳᠠᠯ ᠢ ᠪᠢᠳᠡ ᠨᠠᠷᠢᠨ ᠬᠢᠨᠠᠮᠠᠭᠠᠶ ᠪᠠᠶᠢᠴᠠᠭᠠᠨ ᠬᠠᠷᠭᠤᠭᠤᠯᠵᠤ᠂ ᠪᠠᠶᠢᠳᠠᠯ ᠢ ᠨᠢ ᠦᠵᠡᠵᠦ ᠪᠠᠶᠢᠭᠠᠳ ᠰᠤᠳᠤᠯᠤᠨ ᠰᠢᠶᠳᠪᠦᠷᠢᠯᠡᠨ᠎ᠡ᠃                        ᠵᠠᠷᠯᠠᠨ ᠨᠡᠶᠢᠲᠡᠯᠡᠬᠦ ᠶᠢ ᠭᠥᠯᠢᠶᠡᠨ ᠠᠪᠴᠤ ᠰᠢᠶᠳᠪᠦᠷᠢᠯᠡᠬᠦ ᠴᠠᠭ᠄  2024 ᠣᠨ ᠤ 7 ᠳ᠋ᠤᠭᠠᠷ ᠰᠠᠷ᠎ᠠ ᠶᠢᠨ 8 ᠤ ᠡᠳᠦᠷ ᠠᠴᠠ 2024 ᠣᠨ ᠤ 7 ᠳ᠋ᠤᠭᠠᠷ ᠰᠠᠷ᠎ᠠ ᠶᠢᠨ 12 ᠤᠨ ᠡᠳᠦᠷ ᠪᠣᠯᠲᠠᠯ᠎ᠠ᠂ ᠦᠳᠡ ᠶᠢᠨ ᠡᠮᠦᠨᠡᠬᠢ 9 ᠄  00 — 12᠄  00᠂ ᠦᠳᠡ ᠶᠢᠨ ᠬᠤᠶᠢᠨᠠᠬᠢ 15᠄  00 — 18᠄  00᠃            ᠬᠦᠯᠢᠶᠡᠨ ᠠᠪᠴᠤ ᠰᠢᠶᠳᠪᠦᠷᠢᠯᠡᠬᠦ ᠨᠢᠭᠡᠴᠢ᠄  ᠠᠯᠠᠱᠠ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ            ᠬᠠᠷᠢᠯᠴᠠᠬᠤ ᠤᠲᠠᠰᠤ᠄  0483 — 8222883            ᠬᠠᠪᠰᠤᠷᠤᠯᠲᠠ᠄  ᠦᠨᠳᠦᠰᠦᠲᠡᠨ ᠤ ᠪᠦᠷᠢᠯᠳᠦᠬᠦᠨ ᠢ ᠬᠤᠪᠢᠷᠠᠭᠤᠯᠬᠤ ᠶᠢ ᠳᠠᠩᠰᠠᠯᠠᠭᠤᠯᠬᠤ ᠬᠦᠰᠦᠨᠦᠭᠲᠦ ︵ᠶᠤᠸᠠᠨ ᠸᠠᠨ ᠴᠦᠨ︶ 
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号