| | | ᠮᠦᠽᠧᠶ ᠶᠢᠨ ᠨᠡᠶᠢᠭᠡᠮ ᠤᠨ ᠰᠤᠷᠭᠠᠨ ᠬᠥᠮᠦᠵᠢᠯ ᠤᠨ ᠴᠢᠳᠠᠮᠵᠢ ᠶᠢ ᠭᠦᠶᠴᠡᠳ ᠪᠠᠳᠠᠷᠠᠭᠤᠯᠵᠤ᠂ ᠥᠷᠭᠡᠨ | ᠣᠯᠠᠨ ᠨᠡᠶᠢᠲᠡ ᠶᠢᠨ ᠣᠶᠤᠨ ᠤ ᠰᠣᠶᠣᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠵᠣᠷᠢᠯᠭ᠎ᠠ ᠪᠠᠷ᠂ | ᠤᠯᠤᠰ ᠤᠨ ᠲᠡᠤᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠠᠯᠪᠠᠨ ᠬᠡᠷ ᠤᠨ ︽2024 ᠣᠨ ᠤ | ᠵᠣᠨ ᠤ ᠠᠮᠠᠷᠠᠯᠲᠠ ᠶᠢᠨ ᠬᠤᠭᠤᠴᠠᠭᠠᠨ ᠤ ᠮᠦᠽᠧᠶ ᠶᠢᠨ ᠨᠡᠭᠡᠭᠡᠯᠲᠡ ᠶᠢᠨ ᠦᠶᠯᠡᠴᠢᠯᠡᠭᠡᠨ ᠤ ᠠᠵᠢᠯ ᠢ ᠰᠠᠶᠢᠲᠤᠷ | ᠭᠦᠢᠴᠡᠳᠬᠡᠬᠦ ᠲᠤᠬᠠᠶ ᠮᠡᠳᠡᠭᠳᠡᠯ︾ ᠤᠨ ᠰᠠᠨᠠᠯ ᠢ ᠦᠨᠳᠦᠰᠦᠯᠡᠨ᠂ ᠠᠯᠠᠱᠠ ᠶᠢᠨ ᠸᠠᠩ ᠤᠨ ᠣᠷᠳᠣᠨ ᠤ | ᠮᠦᠽᠧᠶ ᠶᠢᠨ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ ᠨᠡᠭᠡᠭᠡᠯᠲᠡ ᠶᠢᠨ ᠦᠶᠯᠡᠴᠢᠯᠡᠭᠡᠨ ᠤ ᠴᠠᠭ ᠢ | ᠳᠣᠭᠢᠷᠠᠭᠤᠯᠤᠨ᠎ᠠ᠂ ᠪᠣᠳᠠᠲᠠᠶ ᠲᠣᠬᠢᠷᠠᠭᠤᠯᠤᠯᠲᠠ ᠨᠢ ᠳᠠᠷᠠᠭᠠᠬᠢ ᠮᠡᠲᠦ᠄ | | ᠨᠢᠭᠡ᠂ ᠨᠡᠭᠡᠭᠡᠬᠦ ᠴᠠᠭ | | ᠭᠠᠷᠠᠭ ᠤᠨ ᠬᠤᠶᠠᠷ ᠠᠴᠠ ᠭᠠᠷᠠᠭ ᠤᠨ ᠡᠳᠦᠷ ᠤᠨ ᠦᠳᠡ ᠶᠢᠨ ᠡᠮᠦᠨᠡᠬᠢ 9᠄ 00 — 11᠄ 30᠂ | ᠦᠳᠡ ᠶᠢᠨ ᠬᠤᠶᠢᠨᠠᠬᠢ 15᠄ 00 — 17᠄ 50︔ ︵ 17᠄ 30 ᠳᠤ ᠨᠣᠮ ᠤᠨ ᠰᠠᠩ ᠳᠤ | ᠣᠷᠣᠬᠤ ᠶᠢ ᠵᠣᠭᠰᠣᠭᠠᠨ᠎ᠠ︶ ᠨᠡᠭᠡᠭᠡᠨ᠎ᠡ᠃ ᠭᠠᠷᠠᠭ ᠪᠦᠷᠢ ᠶᠢᠨ ᠨᠢᠭᠡᠨ ᠳᠤ ᠡᠭᠦᠳᠡ ᠪᠠᠨ ᠬᠠᠭᠠᠵᠤ᠂ ᠤᠯᠤᠰ ᠤᠨ | ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠲᠣᠬᠢᠶᠠᠯᠳᠤᠪᠠᠯ ᠠᠰ ᠲᠤᠨᠢ | ᠲᠣᠬᠢᠷᠠᠭᠤᠯᠤᠨ᠎ᠠ᠃ | | ᠬᠤᠶᠠᠷ᠂ ᠲᠣᠭᠤᠷᠢᠨ ᠦᠵᠡᠬᠦ ᠳᠤ ᠡᠷᠬᠡᠪᠰᠢ ᠮᠡᠳᠡᠬᠦ ᠬᠡᠷᠡᠭᠲᠡᠶ ᠵᠦᠢᠯ | | 1. ᠲᠣᠭᠤᠷᠢᠨ ᠦᠵᠡᠬᠦ ᠳᠤ ᠳᠠᠩᠰᠠᠯᠠᠬᠤ ᠪᠠ ᠰᠢᠯᠭᠠᠨ ᠪᠠᠲᠤᠯᠠᠬᠤ ᠲᠦᠷᠢᠮ ᠢ ᠬᠡᠷᠡᠭᠵᠢᠭᠦᠯᠦᠨ᠎ᠡ᠂ ᠣᠷᠣᠬᠤ | ᠡᠭᠦᠳᠡᠨ ᠳᠤ ᠲᠠ ᠪᠡᠶ᠎ᠡ ᠶᠢᠨ ᠦᠨᠡᠮᠯᠡᠯ ᠢᠶᠠᠨ ᠤᠷᠢᠳᠴᠢᠯᠠᠨ ᠪᠡᠯᠡᠳᠬᠡᠵᠦ᠂ ᠠᠮᠤᠷ ᠲᠦᠪᠰᠢᠨ ᠤ ᠪᠠᠶᠢᠴᠠᠭᠠᠯᠲᠠ ᠳᠤ | ᠬᠠᠮᠵᠢᠭᠠᠷᠠᠶ᠃ | | 2. ᠲᠠᠯᠠᠪᠠᠶ ᠳᠤ ᠤᠷᠤᠭᠰᠠᠨ ᠤ ᠳᠠᠷᠠᠭ᠎ᠠ᠂ ᠶᠠᠮᠠᠷᠪᠠ ᠳᠡᠯᠭᠡᠨ ᠦᠵᠡᠭᠦᠯᠬᠦ ᠪᠣᠳᠠᠰ᠂ ᠳᠡᠯᠭᠡᠨ ᠦᠵᠡᠭᠦᠯᠬᠦ | ᠬᠡᠷᠡᠭᠰᠡᠯ᠂ ᠳᠡᠯᠭᠡᠨ ᠦᠵᠡᠭᠦᠯᠬᠦ ᠬᠤᠷᠭᠤ ᠳᠤ ᠭᠠᠷ ᠬᠦᠷᠴᠦ ᠪᠣᠯᠬᠤ ᠥᠬᠡᠶ᠂ ᠥᠪᠡᠷ ᠢ ᠪᠠᠨ ᠬᠠᠮᠠᠭᠠᠯᠠᠬᠤ ᠦᠵᠡᠯ | ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠶ᠃ | | 3. ᠨᠣᠮ ᠤᠨ ᠰᠠᠩ ᠳᠤ ᠲᠠᠮᠠᠬᠢ ᠲᠠᠲᠠᠬᠤ ᠶᠢ ᠬᠤᠷᠢᠭᠯᠠᠨ᠎ᠠ᠂ ᠪᠡᠶ᠎ᠡ ᠳᠡᠭᠡᠨ ᠠᠪᠴᠤ ᠶᠠᠪᠤᠭ᠎ᠠ ᠨᠣᠴᠣᠭᠠᠭᠤᠷ᠂ | ᠴᠦᠢᠳᠧᠩ ᠢᠶᠠᠨ ᠠᠶᠤᠯ ᠥᠬᠡᠶ ᠶᠢ ᠪᠠᠶᠢᠴᠠᠭᠠᠬᠤ ᠠᠵᠢᠯᠲᠠᠨ ᠳᠤ ᠲᠤᠰᠢᠶᠠᠵᠤ ᠲᠦᠷ ᠬᠠᠳᠠᠭᠠᠯᠠᠭᠤᠯᠤᠨ᠎ᠠ᠃ | | 4. ᠵᠢᠭᠤᠯᠴᠢᠯᠠᠭᠴᠢᠳ ᠲᠤ ᠬᠦᠷᠳᠦᠲᠦ ᠰᠠᠨᠳᠠᠯᠢ᠂ ᠪᠣᠷᠣᠭᠠᠨ ᠤ ᠰᠢᠬᠦᠷ᠂ ᠡᠮ ᠵᠡᠷᠭᠡ ᠪᠣᠳᠠᠰ ᠬᠠᠩᠭᠠᠵᠤ᠂ | ᠬᠡᠷᠡᠭᠴᠡᠭᠡ ᠲᠠᠢ ᠪᠣᠯ ᠠᠵᠢᠯᠲᠠᠳ ᠲᠠᠢ ᠪᠠᠨ ᠬᠠᠷᠢᠯᠴᠠᠭᠠᠷᠠᠶ᠃ | | 5. ᠲᠠ ᠴᠠᠬᠢᠯᠭᠠᠨ ᠮᠡᠳᠡᠭᠡ ᠶᠠᠪᠤᠭᠤᠯᠵᠤ ᠲᠣᠭᠤᠷᠢᠨ ᠦᠵᠡᠬᠦ ᠶᠢ ᠤᠷᠢᠳᠴᠢᠯᠠᠨ ᠪᠣᠯᠵᠣᠬᠤ ᠪᠤᠶᠤ ᠠᠰᠠᠭᠤᠨ | ᠯᠠᠪᠯᠠᠬᠤ ᠶᠢ ᠪᠠᠶᠠᠷᠯᠠᠨ ᠤᠭᠲᠤᠨ᠎ᠠ᠃ | | ᠯᠠᠪᠯᠠᠯᠲᠠ ᠶᠢᠨ ᠤᠲᠠᠰᠤ ᠶᠢ ᠤᠷᠢᠳᠴᠢᠯᠠᠨ ᠪᠣᠯᠵᠣᠬᠤ᠄ 0483 — 8222019 | | | | | ᠠᠯᠠᠱᠠ ᠶᠢᠨ ᠸᠠᠩ ᠤᠨ ᠣᠷᠳᠣᠨ ᠤ ᠮᠦᠽᠧᠶ | | 2024 ᠣᠨ ᠤ 7 ᠳ᠋ᠤᠭᠠᠷ ᠰᠠᠷ᠎ᠠ ᠶᠢᠨ 10 | | | |