ᠠᠯᠠᠱᠠ ᠵᠡᠭᠦᠨ ᠬᠤᠰᠢᠭᠤᠨ ᠤ ᠰᠢᠨ᠎ᠡ ᠬᠣᠳᠳᠣᠭ ᠨᠡᠭᠦᠷᠡᠰᠦᠨ ᠠᠭᠤᠷᠬᠠᠶ ᠶᠢᠨ ︽2.22︾᠎ ᠤ ᠠᠳᠡᠯ ᠤᠨ ᠲᠤᠬᠠᠶ ᠶᠢᠨ ᠲᠠᠯᠠᠪᠤᠷ ᠤᠨ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/16
    ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠣᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠡᠶᠢᠲᠡᠯᠢᠭ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠪᠣᠳᠠᠲᠠᠶᠢᠵᠢᠭᠤᠯᠬᠤ ᠶᠢᠨ ᠲᠦᠯᠦᠭᠡ  ᠂ 7 ᠰᠠᠷ᠎ᠠ ᠶᠢᠨ 9᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠭᠠᠨ᠎ᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠠᠮᠢᠶ᠎ᠠ ᠪᠥᠬᠦᠶ ᠭᠤᠤᠯ ᠰᠠᠯᠠᠭ᠎ᠠ ᠮᠥᠴᠢᠷ᠂ ᠠᠭᠤᠷᠬᠠᠶ ᠶᠢᠨ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠳᠠᠭᠠᠭᠤᠯᠤᠨ ᠰᠢᠨ᠎ᠡ ᠬᠤᠳᠳᠤᠭ ᠨᠡᠭᠦᠷᠡᠰᠦᠨ ᠠᠭᠤᠷᠬᠠᠶ ᠶᠢᠨ ︽2 · 22︾᠎ ᠤ ᠠᠳᠡᠯ ᠤᠨ ᠲᠤᠬᠠᠶ ᠶᠢᠨ ᠲᠠᠯᠠᠪᠠᠶ ᠳᠤ ᠬᠦᠷᠴᠦ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠥᠷᠨᠢᠭᠦᠯᠪᠡ᠃    ᠪᠠᠭᠠᠨ᠎ᠠ ᠰᠢᠨ᠎ᠡ ᠬᠤᠳᠳᠤᠭ ᠨᠡᠭᠦᠷᠡᠰᠦᠨ ᠠᠭᠤᠷᠬᠠᠢ ᠶᠢᠨ ︽2 · 22︾᠎ ᠤ ᠠᠳᠡᠯ ᠡᠭᠦᠰᠦᠭᠰᠡᠨ ᠭᠠᠵᠠᠷ ᠲᠤ ᠬᠦᠷᠴᠦ᠂ ᠰᠢᠨ᠎ᠡ ᠬᠤᠳᠳᠤᠭ ᠨᠡᠭᠦᠷᠡᠰᠦᠨ ᠠᠭᠤᠷᠬᠠᠢ ᠶᠢᠨ ︽2 · 22︾᠎ ᠤ ᠠᠳᠡᠯ ᠤᠨ ᠰᠡᠷᠡᠮᠵᠢᠯᠡᠭᠦᠯᠬᠦ ᠬᠥᠮᠦᠵᠢᠯ ᠤᠨ ᠭᠠᠨᠵᠷ ᠢ ᠲᠣᠭᠤᠷᠢᠨ ᠦᠵᠡᠵᠦ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠭᠰᠡᠨ ᠪᠥᠭᠡᠳ ᠰᠡᠷᠡᠮᠵᠢ ᠶᠢᠨ ᠬᠦᠰᠢᠶ᠎ᠡ ᠶᠢᠨ ᠡᠮᠦᠨ᠎ᠡ ᠠᠳᠡᠭᠰᠡᠳ ᠢ ᠨᠠᠮᠠᠨᠴᠢᠯᠠᠨ ᠭᠠᠰᠢᠭᠤᠳᠠᠵᠤ᠂ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠪᠡ᠃    ᠪᠠᠭᠠᠨ᠎ᠠ ᠴᠢᠬᠤᠯᠠᠴᠢᠯᠠᠭᠰᠠᠨ ᠨᠢ᠂ ᠰᠢᠨ᠎ᠡ ᠬᠤᠳᠳᠤᠭ ᠨᠡᠭᠦᠷᠡᠰᠦᠨ ᠠᠭᠤᠷᠬᠠᠢ ᠶᠢᠨ ︽2 · 22︾᠎ ᠤ ᠣᠨᠴᠠ ᠶᠡᠭᠡ ᠨᠤᠷᠠᠭᠰᠠᠨ ᠠᠳᠡᠯ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠳᠤ ᠬᠦᠨᠳᠦ ᠶᠡᠭᠡ ᠬᠤᠬᠢᠷᠠᠯ ᠤᠴᠠᠷᠠᠭᠤᠯᠵᠠᠢ᠃ ᠡᠶᠢᠮᠦᠷᠬᠦᠦ ᠬᠡᠷᠡᠭ ᠡᠭᠦᠰᠬᠦ ᠶᠢ ᠰᠡᠷᠭᠡᠶᠢᠯᠡᠬᠦ ᠶᠢᠨ ᠲᠥᠯᠥᠭᠡ᠂ ᠡᠯ᠎ᠡ ᠱᠠᠲᠤᠨ ᠤ ᠤᠳᠤᠷᠢᠳᠬᠤ ᠺᠠᠳ᠋ᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠣᠨ ᠨᠠᠶᠢᠳᠠᠪᠤᠷᠢᠵᠢᠭᠤᠯᠵᠤ᠂ ᠦᠵᠡᠯ ᠰᠠᠨᠠᠭᠠᠨ ᠤ ᠭᠦᠨ ᠠᠴᠠ ︽ᠨᠢᠭᠡ ᠶᠢ ᠠᠯᠳᠠᠪᠠᠯ ᠲᠦᠮᠡ ᠶᠢ ᠠᠯᠳᠠᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠢᠨ᠎ᠡ ᠬᠤᠳᠳᠤᠭ ᠨᠡᠭᠦᠷᠡᠰᠦᠨ ᠠᠭᠤᠷᠬᠠᠢ ᠶᠢᠨ ︽2.22︾᠎ ᠤ ᠣᠨᠴᠠᠭᠠᠢ ᠬᠦᠨᠳᠦ ᠶᠡᠭᠡ ᠨᠤᠷᠠᠭᠰᠠᠨ ᠠᠳᠡᠯ ᠤᠨ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠠᠮᠤᠷ ᠲᠦᠪᠰᠢᠨ ᠤ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠲᠡᠪᠴᠢᠬᠦ ᠬᠡᠷᠡᠭᠲᠡᠢ᠃ ᠠᠳᠡᠯ ᠤᠨ ᠪᠤᠢ ᠪᠣᠯᠤᠭᠰᠠᠨ ᠰᠢᠯᠲᠠᠭᠠᠨ ᠢ ᠭᠦᠨᠵᠡᠭᠡᠢ ᠵᠠᠳᠠᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠤᠰ ᠪᠡᠶ᠎ᠡ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠢ ᠲᠠᠯ᠎ᠠ ᠪᠠᠨ ᠡᠷᠢᠵᠦ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ᠃ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠤᠨ ᠦᠢᠯᠡᠳᠦᠯ ᠢ ᠰᠠᠶᠢᠲᠤᠷ ᠠᠰᠢᠭᠯᠠᠵᠤ᠂ ᠬᠠᠮᠢᠶ᠎ᠠ ᠪᠦᠬᠦᠢ ᠨᠢᠭᠡᠴᠡ ᠪᠣᠯᠤᠨ ᠠᠵᠤ ᠠᠬᠤᠶᠢᠯᠠᠯ ᠤᠨ ᠠᠵᠢᠯᠳᠠᠨ ᠢ ᠪᠠᠶᠢᠩᠭᠤᠵᠢᠭᠤᠯᠤᠨ ᠵᠣᠬᠢᠶᠠᠨ ᠪᠠᠶᠢᠭᠤᠯᠵᠤ ᠰᠡᠷᠡᠮᠵᠢᠯᠡᠭᠦᠯᠬᠦ ᠬᠥᠮᠦᠵᠢᠯ ᠤᠨ ᠠᠵᠢᠯ ᠢ ᠥᠷᠨᠢᠭᠦᠯᠬᠦ ᠬᠡᠷᠡᠭᠲᠡᠢ᠃    ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠪᠠᠭᠠᠨ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠬᠦᠷᠢᠶᠡᠨ ᠤ ᠠᠶᠤᠯᠭᠦᠶ ᠦᠢᠯᠡᠳᠪᠦᠷᠢᠯᠡᠯ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠯ᠎ᠡ ᠰᠠᠯᠠᠭ᠎ᠠ ᠮᠥᠴᠢᠷ ᠢ ᠠᠮᠤᠷ ᠲᠦᠪᠰᠢᠨ ᠤ ᠤᠯᠠᠭᠠᠨ ᠱᠤᠭᠤᠮ ᠬᠤᠷᠢᠭ᠎ᠠ ᠱᠤᠭᠤᠮ ᠢ ᠪᠥᠬᠦ ᠬᠦᠴᠦᠨ ᠢᠶᠠᠷ ᠢᠶᠠᠨ ᠪᠠᠲᠤ ᠰᠠᠬᠢᠵᠤ᠂ ᠴᠢᠨᠠᠷ ᠰᠠᠶᠢᠲᠠᠶ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃        
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号