ᠠᠯᠠᠱᠠ ᠵᠡᠭᠦᠨ ᠬᠤᠰᠢᠭᠤ᠄ ᠲᠡᠮᠡᠭᠡᠨ ᠤ ᠠᠵᠤ ᠦᠢᠯᠡᠰ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/7/16
   ᠠᠯᠠᠱᠠ ᠵᠡᠭᠦᠨ ᠬᠤᠰᠢᠭᠤ ᠬᠤᠤᠰ ᠪᠥᠬᠦᠲᠦ ᠲᠡᠮᠡᠭᠡᠨ ᠤ ᠡᠭᠦᠯᠳᠡᠷ ᠤᠨ ᠡᠬᠢ ᠪᠠᠶᠠᠯᠢᠭ ᠤᠨ ᠳᠠᠪᠠᠭᠤᠯᠢᠭ ᠪᠠ ᠭᠠᠵᠠᠷ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ︽ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠠᠵᠤ ᠦᠶᠢᠯᠡᠰᠵᠢᠭᠦᠯᠬᠦ᠂ ᠨᠠᠷᠠᠲᠤ ᠲᠡᠮᠳᠡᠭᠵᠢᠭᠦᠯᠬᠦ︾ ᠠᠷᠭ᠎ᠠ ᠬᠡᠯᠪᠡᠷᠢ ᠪᠠᠷ ᠬᠤᠤᠰ ᠪᠥᠬᠦᠲᠦ ᠲᠡᠮᠡᠭᠡᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠤᠤᠰ ᠪᠥᠬᠦᠲᠦ ᠲᠡᠮᠡᠭᠡᠨ ᠤ ᠠᠵᠤ ᠦᠢᠯᠡᠰ ᠢ ᠰᠢᠯᠢᠳᠡᠭᠵᠢᠭᠦᠯᠦᠨ᠂ ᠲᠡᠮᠡᠭᠡ ᠲᠡᠵᠢᠭᠡᠨ ᠦᠷᠡᠵᠢᠭᠦᠯᠬᠦ᠂ ᠢᠩᠭᠡᠨ ᠤ ᠰᠠᠭᠠᠯᠢ᠂ ᠨᠣᠯᠤᠤᠷ ᠤᠨ ᠪᠦᠲᠦᠭᠡᠭᠳᠡᠬᠦᠨ ᠢ ᠡᠳ᠋ᠰᠢᠭᠦᠯᠦᠨ ᠪᠣᠷᠣᠯᠠᠭᠤᠯᠬᠤ᠂ ᠤᠯᠠᠮ ᠠᠴᠠ ᠣᠯᠠᠨ ᠮᠠᠯᠴᠢᠨ ᠲᠠᠷᠢᠶᠠᠴᠢᠨ ᠲᠡᠮᠡᠭᠡ ᠲᠡᠵᠢᠭᠡᠨ ᠦᠷᠡᠵᠢᠭᠦᠯᠬᠦ ᠳᠤ ᠲᠦᠰᠢᠭᠯᠡᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠵᠤ ᠪᠠᠶᠢᠨ᠎ᠠ᠃    ᠠᠯᠠᠱᠠ ᠵᠡᠭᠦᠨ ᠬᠤᠰᠢᠭᠤᠨ ᠤ ᠵᠢᠷᠠᠲᠠᠶ ᠪᠠᠯᠭᠠᠰᠤᠨ ᠤ ᠰᠢᠷᠠᠪᠦ᠋ᠷᠢᠳᠣ ᠭᠠᠴᠠᠭᠠᠨ ᠤ  ᠪᠠᠳᠦᠪᠦ᠋ᠬᠡ ᠶᠢᠨ ᠭᠡᠷ ᠲᠤ᠂ ᠥᠷᠯᠥᠭᠡ ᠡᠷᠲᠡ ᠰᠠᠭᠠᠭᠰᠠᠨ ᠢᠩᠭᠡᠨ ᠰᠦ ᠶᠢ ᠬᠥᠯᠳᠡᠭᠡᠭᠦᠷ ᠲᠤ ᠬᠠᠳᠠᠭᠠᠯᠠᠵᠤ᠂ ᠢᠩᠭᠡᠨ ᠰᠦ ᠬᠤᠳᠠᠯᠳᠤᠨ ᠠᠪᠬᠤ ᠺᠣᠮᠫᠠᠨᠢ ᠳᠤ ᠬᠦᠷᠭᠡᠵᠦ ᠬᠤᠳᠠᠯᠳᠤᠬᠤ ᠶᠢ ᠬᠦᠯᠢᠶᠡᠪᠡ᠃ ᠪᠠᠳᠦᠪᠦ᠋ᠬᠡ 2019 ᠣᠨ ᠠᠴᠠ ᠡᠬᠢᠯᠡᠨ ᠲᠡᠮᠡᠭᠡ ᠲᠡᠵᠢᠭᠡᠨ ᠦᠷᠡᠵᠢᠭᠦᠯᠵᠦ᠂ ᠣᠳᠣᠬᠠᠨ ᠳᠤ 112 ᠲᠡᠮᠡᠭᠡ ᠪᠠᠶᠢᠨ᠎ᠠ᠂ ᠡᠭᠦᠨ ᠳᠤ ᠰᠠᠭᠠᠯᠢ ᠶᠢᠨ ᠢᠩᠭᠡ 45 ᠪᠠᠶᠢᠨ᠎ᠠ ᠃ ᠡᠨᠡ ᠵᠢᠯ ᠤᠨ 5 ᠰᠠᠷ᠎ᠠ ᠳᠤ᠂ ᠲᠡᠷᠡ 10 ᠲᠦᠮᠡᠨ ᠲᠥᠭᠦᠷᠢᠭ ᠤᠨ ᠪᠡᠯᠡ ᠣᠷᠣᠭᠤᠯᠵᠤ᠂ 1000 ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠲᠡᠮᠡᠭᠡᠨ ᠬᠠᠰᠢᠶ᠎ᠠ ᠪᠦᠲᠦᠭᠡᠨ ᠪᠠᠶᠢᠭᠤᠯᠵᠤ᠂ ᠵᠢᠱᠢᠯᠲᠡ ᠪᠠᠷ 7 ᠰᠠᠷ᠎ᠠ ᠶᠢᠨ ᠳᠤᠮᠳᠠᠴᠢ ᠪᠠᠷ ᠠᠰᠢᠭᠯᠠᠯᠲᠠ ᠳᠤ ᠣᠷᠣᠭᠤᠯᠵᠤ ᠪᠣᠯᠤᠨ᠎ᠠ᠃ ᠤᠢᠢᠷ᠎ᠠ ᠶᠢᠨ ᠬᠡᠳᠦᠨ ᠵᠢᠯ ᠳᠤ᠂ ᠲᠡᠮᠡᠭᠡᠨ ᠤ ᠠᠵᠤ ᠦᠢᠯᠡᠰ ᠢ ᠬᠥᠭᠵᠢᠭᠦᠯᠬᠦ ᠰᠠᠶᠢᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠳᠣᠣᠷ᠎ᠠ᠂ ᠪᠠᠲᠤᠪᠦ᠋ᠭᠡ ᠵᠢᠯ ᠪᠦᠷᠢ ᠢᠩᠭᠡ ᠰᠠᠭᠠᠵᠤ᠂ ᠲᠡᠮᠡᠭᠡᠨ ᠨᠣᠣᠰᠣ ᠪᠠᠨ ᠬᠤᠳᠠᠯᠳᠤᠳᠠᠭ᠂ ᠠᠮᠢᠳᠤᠷᠠᠯ ᠰᠠᠶᠢᠨ ᠪᠠᠶᠢᠨ᠎ᠠ᠃    ᠠᠯᠠᠱᠠ ᠵᠡᠭᠦᠨ ᠬᠤᠰᠢᠭᠤᠨ ᠤ ᠵᠢᠷᠠᠲᠠᠢ ᠪᠠᠯᠭᠠᠰᠤᠨ ᠤ ᠰᠢᠷᠠᠪᠦ᠋ᠷᠢᠳᠣ ᠭᠠᠴᠠᠭ᠎ᠠ ᠨᠢ ᠭᠠᠵᠠᠷ ᠣᠷᠣᠨ ᠤ ᠳᠠᠪᠠᠭᠤᠯᠢᠭ ᠪᠠ ᠠᠵᠤ ᠦᠢᠯᠡᠰ ᠤᠨ ᠪᠠᠶᠢᠷᠢᠰᠢᠭᠤᠯᠤᠯᠲᠠ ᠲᠠᠢ ᠤᠶᠠᠯᠳᠤᠭᠤᠯᠤᠨ᠂ 2017 ᠣᠨ ᠳᠤ ᠭᠠᠴᠠᠭᠠᠨ ᠤ ᠨᠠᠮ ᠤᠨ ᠡᠭᠦᠷ ᠠᠴᠠ ᠲᠦᠷᠦᠭᠦᠯᠡᠨ ᠬᠤᠷᠰᠢᠶᠠᠵᠢᠯ ᠢ ᠪᠠᠶᠢᠭᠤᠯᠵᠤ᠂ 2020 ᠣᠨ ᠳᠤ ᠵᠠᠰᠠᠭ ᠤᠨ ᠣᠷᠳᠣᠨ ᠤ ᠬᠥᠭᠵᠢᠯᠲᠡ ᠶᠢᠨ ᠪᠡᠯᠡ ᠮᠥᠩᠭᠦ ᠶᠢ 600 ᠲᠦᠮᠡᠨ ᠲᠥᠭᠦᠷᠢᠭ ᠴᠢᠷᠮᠠᠶᠢᠨ ᠣᠯᠵᠤ ᠪᠠᠷᠢᠮᠵᠢᠶᠠᠵᠢᠭᠰᠠᠨ ᠰᠦ ᠰᠠᠭᠠᠬᠤ ᠰᠠᠭᠤᠷᠢᠨ ᠭᠠᠵᠠᠷ ᠢ ᠪᠠᠶᠢᠭᠤᠯᠵᠤ᠂ ᠰᠠᠭᠠᠯᠢ ᠶᠢᠨ ᠢᠩᠭᠡ ᠰᠠᠭᠠᠬᠤ᠂ ᠬᠢᠵᠢᠭ ᠎ ᠠᠴᠠ ᠰᠡᠷᠭᠡᠶᠢᠯᠡᠬᠦ᠂ ᠨᠢᠭᠡᠳᠦᠯᠲᠡᠶ ᠲᠥᠪᠯᠡᠷᠡᠭᠦᠯᠦᠨ ᠲᠡᠵᠢᠭᠡᠬᠦ᠂ ᠨᠢᠭᠡᠳᠦᠯᠲᠡᠶ ᠪᠣᠷᠣᠯᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠪᠠ᠃    ᠠᠯᠠᠱᠠ ᠵᠡᠭᠦᠨ ᠬᠤᠰᠢᠭᠤᠨ ᠤ ᠲᠦᠸᠧ ᠵᠥᠩ ᠸᠠᠩ ᠨᠣᠣᠰᠣ ᠨᠣᠣᠯᠣᠭᠤᠷ ᠤᠨ ᠪᠦᠲᠦᠭᠡᠭᠳᠡᠬᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠣᠷᠣᠬᠤ ᠳᠤ᠂ ᠨᠣᠣᠰᠣ ᠨᠣᠣᠯᠣᠭᠤᠷ ᠤᠨ ᠬᠥᠮᠥᠷᠭᠡ ᠨᠢ ᠡᠨᠡ ᠵᠢᠯ ᠤᠨ ᠬᠤᠳᠠᠯᠳᠤᠨ ᠠᠪᠤᠭᠰᠠᠨ ᠲᠡᠮᠡᠭᠡᠨ ᠤ ᠨᠣᠣᠰᠣ ᠶᠢ ᠲᠡᠷᠢ ᠲᠡᠭᠰᠢ ᠣᠪᠣᠭᠠᠯᠠᠵᠤ ᠪᠠᠶᠢᠯ᠎ᠡ᠃ ᠡᠨᠡ ᠵᠢᠯ᠂ ᠺᠣᠮᠫᠠᠨᠢ ᠵᠢᠱᠢᠯᠲᠡ ᠪᠠᠷ 300 ᠲᠣᠨ ᠲᠡᠮᠡᠭᠡᠨ ᠤ ᠨᠣᠣᠰᠣ ᠨᠣᠣᠯᠣᠭᠤᠷ ᠬᠤᠳᠠᠯᠳᠤᠨ ᠠᠪᠴᠤ᠂ ᠨᠢᠭᠡ ᠪᠦᠯᠦᠭ ᠲᠡᠮᠡᠭᠡᠨ ᠤ ᠨᠣᠣᠰᠣ ᠰᠣᠩᠭᠤᠬᠤ᠂ ᠤᠬᠢᠶᠠᠵᠤ ᠴᠡᠪᠡᠷᠯᠡᠬᠦ᠂ ᠬᠤᠪᠢᠶᠠᠨ ᠰᠠᠮᠨᠠᠬᠤ ᠵᠡᠷᠭᠡ ᠠᠵᠢᠯ ᠤᠨ ᠳᠡᠰ ᠳᠠᠷᠠᠭᠠᠯᠠᠯ ᠢ ᠥᠩᠭᠡᠷᠡᠭᠡᠭᠰᠡᠨ ᠤ ᠳᠠᠷᠠᠭ᠎ᠠ᠂ ᠬᠦᠨᠳᠦ ᠶᠢ ᠨᠢ ᠬᠡᠮᠵᠢᠭᠡᠳ ᠪᠣᠭᠤᠳᠠᠯᠯᠠᠨ ᠪᠣᠷᠣᠯᠠᠭᠤᠯᠵᠤ᠂ ᠨᠥᠭᠦᠭᠡ ᠨᠢᠭᠡ ᠬᠡᠰᠡᠭ ᠢ ᠨᠢ ᠺᠣᠮᠫᠠᠨᠢ ᠠᠴᠠ ᠨᠠᠷᠢᠯᠢᠭ ᠲᠡᠮᠡᠭᠡᠨ ᠨᠣᠣᠯᠣᠭᠤᠷ ᠤᠨ  ᠣᠷᠢᠶᠠᠯᠳᠠ᠂ ᠲᠡᠮᠡᠭᠡᠨ ᠨᠣᠣᠯᠣᠭᠤᠷ ᠤᠨ ᠳ᠋ᠠᠴᠠᠩ᠂ ᠲᠡᠮᠡᠭᠡᠨ ᠨᠣᠣᠯᠣᠭᠤᠷ ᠤᠨ ᠥᠮᠥᠳᠥ ᠪᠣᠯᠭᠠᠨ ᠪᠣᠯᠪᠠᠰᠤᠷᠠᠭᠤᠯᠤᠨ ᠪᠦᠲᠦᠭᠡᠵᠦ᠂ ᠳᠡᠯᠡᠬᠡᠶ ᠳ᠋ᠠᠬᠢᠨ ᠤ ᠡᠯ᠎ᠡ ᠭᠠᠵᠠᠷ ᠲᠤ ᠪᠣᠷᠣᠯᠠᠭᠤᠯᠬᠤ ᠪᠣᠯᠤᠨ᠎ᠠ᠃    ᠠᠯᠠᠱᠠ ᠵᠡᠭᠦᠨ ᠬᠤᠰᠢᠭᠤ ᠢᠩᠭᠡᠨ ᠰᠦ ᠶᠢᠨ ᠠᠵᠤ ᠦᠢᠯᠡᠰ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠮᠠᠯᠵᠢᠬᠤ ᠣᠷᠣᠨ ᠤ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠠᠬᠢᠭᠤᠯᠤᠨ ᠬᠥᠭᠵᠢᠭᠦᠯᠵᠦ᠂ ︽ᠪᠡᠯᠴᠢᠭᠡᠷᠯᠡᠭᠦᠯᠬᠦ + ᠲᠡᠵᠢᠭᠡᠯ ᠨᠥᠬᠦᠪᠥᠷᠢᠯᠡᠬᠦ︾ ︽ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠬᠦ︾ ᠵᠡᠷᠭᠡ ᠲᠡᠵᠢᠭᠡᠨ ᠦᠷᠡᠵᠢᠭᠦᠯᠬᠦ ᠵᠠᠭᠪᠤᠷ ᠢ ᠶᠡᠬᠡᠪᠡᠷ ᠬᠡᠷᠡᠭᠵᠢᠭᠦᠯᠵᠦ᠂ ᠢᠩᠭᠡᠨ ᠲᠡᠮᠡᠭᠡᠨ ᠤ ᠲᠡᠵᠢᠭᠡᠨ ᠦᠷᠡᠵᠢᠭᠦᠯᠬᠦ ᠠᠷᠭ᠎ᠠ ᠬᠡᠯᠪᠡᠷᠢ ᠶᠢ ᠬᠠᠰᠢᠶᠠᠯᠠᠨ ᠲᠡᠵᠢᠭᠡᠬᠦ᠂ ᠬᠠᠭᠠᠰ ᠬᠠᠰᠢᠶᠠᠯᠠᠨ ᠲᠡᠵᠢᠭᠡᠬᠦ ᠠᠷᠭ᠎ᠠ ᠮᠠᠶ᠋ᠢᠭ ᠳᠠᠰᠢ ᠬᠤᠪᠢᠷᠠᠭᠤᠯᠬᠤ ᠶᠢ ᠠᠬᠢᠭᠤᠯᠵᠤ᠂ ᠣᠳᠣᠬᠠᠨ ᠳᠤ ᠨᠢᠭᠡᠨᠲᠡ 54 ᠢᠩᠭᠡᠨ ᠲᠡᠮᠡᠭᠡ ᠲᠡᠵᠢᠭᠡᠨ ᠦᠷᠡᠵᠢᠭᠦᠯᠬᠦ ᠲᠠᠯᠠᠪᠠᠶ ᠶᠢ ᠪᠤᠶᠢᠵᠢᠭᠤᠯᠵᠤ᠂ 3000 ᠰᠠᠭᠠᠯᠢ ᠶᠢᠨ ᠢᠩᠭᠡ ᠶᠢ ᠪᠤᠶᠢᠵᠢᠭᠤᠯᠵᠤ᠂ 1 - 6 ᠳ᠋ᠤᠭᠠᠷ ᠰᠠᠷ᠎ᠠ ᠳᠤ 700 ᠲᠣᠨ ᠢᠩᠭᠡᠨ ᠰᠦ ᠦᠢᠯᠡᠳᠪᠦᠷᠢᠯᠡᠪᠡ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号