ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠤᠨ ᠠᠬᠢᠴᠠ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/16
     7 ᠰᠠᠷ᠎ᠠ ᠶᠢᠨ 10᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    ᠬᠤᠸᠠᠩ ᠶᠠ ᠯᠢ ᠠᠯᠠᠱᠠ ᠵᠡᠭᠦᠨ ᠬᠤᠰᠢᠭᠤᠨ ᠤ ᠪᠠᠶᠠᠨᠬᠤᠲᠠ ᠶᠢᠨ ᠴᠡᠪᠡᠷ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠶᠦᠨ ᠳ᠋ᠡ ᠱᠧᠩ ᠨᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠪᠠ ᠷᠧᠨ ᠾᠧ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠦᠢᠯᠡᠳᠪᠦᠷᠢ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠲᠥᠬᠦᠭᠡᠷᠦᠮᠵᠢ ᠶᠢ ᠣᠷᠣᠭᠤᠯᠤᠨ ᠠᠪᠴᠢᠷᠠᠭᠰᠠᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠵᠢᠴᠢ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠠᠰᠠᠭᠤᠨ ᠯᠠᠪᠯᠠᠪᠠ᠃ ᠲᠡᠷᠡ᠂ ᠲᠣᠨᠣᠭᠯᠠᠯ ᠦᠢᠯᠡᠳᠬᠦ ᠪᠣᠯ ᠠᠯᠠᠱᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠭᠤᠭᠴᠤᠭ᠎ᠠ ᠮᠥᠨ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠬᠦᠷᠢᠶᠡᠯᠡᠩ ᠲᠣᠭᠤᠷᠢᠭ ᠤᠨ ᠬᠡᠪᠴᠢᠶᠡᠵᠢᠭᠰᠡᠨ ᠦᠢᠯᠡᠳᠬᠦᠨ ᠤ ᠦᠷᠳᠡᠭ᠂ ᠲᠦᠷᠦᠯ ᠵᠦᠢᠯ ᠤᠨ ᠲᠤᠯᠭᠠᠭᠤᠷᠢᠯᠠᠯ᠂ ᠡᠯᠧᠮᠧᠨ᠋ᠲ ᠤᠨ ᠪᠠᠲᠤᠯᠠᠭ᠎ᠠ ᠵᠡᠷᠭᠡ ᠶᠢ ᠰᠢᠰᠲ᠋ᠧᠮ ᠲᠠᠢ ᠲᠥᠯᠥᠪᠵᠢᠭᠦᠯᠵᠦ᠂ ᠲᠠᠭᠠᠭᠤᠯᠤᠭᠴᠢ ᠠᠵᠤ ᠠᠬᠤᠶᠢᠯᠠᠯ᠂ ᠬᠡᠯᠬᠢᠶ᠎ᠡ ᠶᠢᠨ ᠭᠤᠣᠯ ᠠᠵᠤ ᠠᠬᠤᠶᠢᠯᠠᠯ ᠢ ᠬᠠᠷᠠᠭᠠᠯᠠᠵᠤ᠂ ᠳᠡᠭᠡᠳᠦ ᠳᠤᠤᠷᠠᠳᠤ ᠤᠷᠤᠰᠬᠠᠯ ᠤᠨ ᠢᠵᠢ ᠪᠦᠷᠢᠳᠦᠭᠦᠯᠬᠦ᠂ ᠠᠵᠤ ᠦᠢᠯᠡᠰ ᠤᠨ ᠬᠡᠯᠬᠢᠶ᠎ᠡ ᠶᠢᠨ ᠨᠡᠶᠢᠯᠡᠯ ᠢ ᠬᠦᠴᠦᠯᠡᠨ ᠴᠢᠩᠭᠠᠳᠬᠠᠵᠤ᠂ ᠠᠵᠤ ᠦᠢᠯᠡᠰ ᠢ ᠦᠨᠡᠨ ᠬᠦ ᠲᠥᠪᠯᠡᠷᠡᠭᠦᠯᠵᠦ᠂ ᠬᠦᠴᠦᠨ ᠵᠦᠢᠯ ᠢ ᠲᠥᠪᠯᠡᠷᠡᠭᠦᠯᠵᠦ᠂ ᠬᠡᠪᠴᠢᠶᠡᠵᠢᠭᠰᠡᠨ ᠦᠢᠯᠡᠳᠦᠯ ᠢ ᠪᠦᠷᠢᠯᠳᠦᠭᠦᠯᠬᠦ ᠬᠡᠷᠡᠭᠲᠡᠢ᠃ ᠲᠦᠷᠦᠯ ᠵᠦᠢᠯ ᠤᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠵᠢᠷᠤᠭ ᠂ ᠴᠠᠭ ᠤᠨ ᠬᠦᠰᠦᠨᠦᠭᠲᠦ ᠶᠢ ᠨᠠᠷᠢᠯᠢᠬᠵᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠲᠦᠷᠭᠡᠨ ᠮᠣᠷᠢᠨ ᠳᠤ ᠲᠠᠰᠢᠭᠤᠷ ᠨᠡᠮᠡᠵᠦ ᠡᠯ᠎ᠡ ᠵᠦᠢᠯ ᠤᠨ ᠠᠵᠢᠯ ᠢ ᠠᠬᠢᠭᠤᠯᠵᠤ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠡᠷᠲᠡᠬᠡᠨ ᠪᠠᠷᠢᠯᠭ᠎ᠠ ᠳᠠᠭᠤᠰᠬᠠᠵᠤ᠂ ᠡᠷᠲᠡᠬᠡᠨ ᠦᠷ᠎ᠡ ᠪᠦᠲᠦᠮᠵᠢ ᠤᠯᠬᠤ ᠬᠡᠷᠡᠭᠲᠡᠢ  ᠭᠡᠪᠡ᠃    ᠬᠤᠸᠠᠩ ᠶᠠ ᠯᠢ ᠪᠠᠰᠠ ᠠᠯᠠᠱᠠ ᠵᠡᠭᠦᠨ ᠬᠤᠰᠢᠭᠤ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠤᠰᠤ᠂ ᠴᠠᠬᠢᠯᠭᠠᠨ᠂ ᠭᠠᠵᠠᠷ ᠵᠡᠷᠭᠡ ᠬᠠᠩᠭᠠᠯᠭ᠎ᠠ ᠶᠢᠨ ᠪᠠᠲᠤᠯᠠᠭ᠎ᠠ ᠵᠢᠴᠢ ᠦᠢᠯᠡᠳᠪᠦᠷᠢᠯᠡᠯ ᠦᠢᠯᠡᠴᠢᠯᠡᠭᠡᠨ ᠤ ᠦᠢᠯᠡᠰ ᠤᠨ ᠢᠵᠢ ᠪᠦᠷᠢᠳᠦᠭᠦᠯᠬᠦ ᠶᠢ ᠤᠷᠢᠳᠴᠢᠯᠠᠨ ᠲᠥᠯᠥᠪᠵᠢᠭᠦᠯᠦᠨ ᠰᠠᠶᠢᠲᠤᠷ ᠬᠢᠵᠦ᠂ ᠠᠵᠤ ᠠᠬᠤᠶᠢᠯᠠᠯ ᠤᠨ ᠦᠢᠯᠡᠳᠪᠦᠷᠢᠯᠡᠯ᠂ ᠠᠵᠢᠯᠳᠠᠨ ᠤ ᠠᠮᠢᠳᠤᠷᠠᠯ ᠳᠤ ᠴᠢᠨᠠᠷ ᠰᠠᠶᠢᠲᠠᠢ ᠦᠢᠯᠡᠴᠢᠯᠡᠭᠡ ᠪᠣᠯᠤᠨ ᠲᠦᠬᠦᠮ ᠨᠥᠬᠦᠴᠡᠯ ᠬᠠᠩᠭᠠᠬᠤ ᠬᠡᠷᠡᠭᠲᠡᠢ ᠭᠡᠵᠦ ᠵᠠᠬᠢᠪᠠ᠃    ᠠᠶᠢᠮᠠᠭ ᠤᠨ ᠤᠳᠤᠷᠢᠳᠤᠯᠭ᠎ᠠ ᠸᠧᠶ ᡁᠢ ᠭᠦᠸᠧ᠂ ᠪᠦᠦ ᠶᠧ ᠣᠷᠣᠯᠴᠠᠵᠠᠶ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号