ᠠᠯᠠᠱᠠ ᠵᠡᠭᠦᠨ ᠬᠤᠰᠢᠭᠤᠨ ᠤ ᠨᠣᠮ ᠤᠨ ᠰᠠᠩ ᠤᠨ ᠵᠤᠨ ᠤ ᠠᠮᠠᠷᠠᠯᠲᠠ ᠶᠢᠨ ᠪᠦᠲᠦᠭᠡᠯᠴᠢ ᠤᠷᠠᠨ ᠵᠢᠷᠤᠭ ᠪᠣᠯᠣᠨ ᠤᠷᠠᠨ ᠪᠢᠴᠢᠯᠭᠡ ᠶᠢᠨ ᠰᠤᠷᠭᠠᠯᠲᠠ ᠶᠢᠨ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/7/16
           ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠪᠠᠶᠠᠯᠢᠭᠵᠢᠭᠤᠯᠵᠤ᠂ ᠤᠯᠠᠨ ᠨᠡᠶᠢᠲᠡ ᠶᠢᠨ ᠨᠣᠮ ᠤᠨ ᠰᠠᠩ ᠤᠨ ᠦᠢᠯᠡᠴᠢᠯᠡᠭᠡᠨ ᠤ ᠴᠢᠳᠠᠪᠬᠢ ᠶᠢ ᠦᠷᠭᠦᠯᠵᠢᠯᠡᠨ ᠳᠡᠭᠡᠭᠰᠢᠯᠡᠭᠦᠯᠬᠦ ᠵᠣᠷᠢᠯᠭ᠎ᠠ ᠪᠠᠷ᠂ ᠠᠯᠠᠱᠠ ᠵᠡᠭᠦᠨ ᠬᠤᠰᠢᠭᠤᠨ ᠤ ᠨᠣᠮ ᠤᠨ ᠰᠠᠩ ᠤᠨ ᠨᠢᠭᠡ ᠭᠠᠷᠠᠭ ᠤᠨ ᠬᠤᠭᠤᠴᠠᠭ᠎ᠠ ᠲᠠᠢ ᠪᠦᠲᠦᠭᠡᠯᠴᠢ ᠤᠷᠠᠨ ᠵᠢᠷᠤᠭ ᠪᠣᠯᠣᠨ ᠤᠷᠠᠨ ᠪᠢᠴᠢᠯᠭᠡ ᠶᠢᠨ ᠰᠤᠷᠭᠠᠯᠲᠠ ᠶᠢᠨ ᠠᠩᠭᠢ ᠵᠢᠩᠬᠢᠨᠢ ᠪᠠᠷ ᠡᠬᠢᠯᠡᠵᠦ᠂ ᠬᠡᠦᠬᠡᠳ ᠤᠳ ᠲᠤ ᠪᠠᠶᠠᠯᠢᠭ ᠰᠠᠶᠢᠬᠠᠨ ᠤᠷᠠᠯᠢᠭ ᠤᠨ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃            7 ᠳ᠋ᠤᠭᠠᠷ ᠰᠠᠷ᠎ᠠ ᠶᠢᠨ 17᠎ ᠤ ᠡᠳᠦᠷ᠂ ᠰᠤᠷᠭᠠᠯᠲᠠ ᠶᠢᠨ ᠠᠩᠭᠢ ᠶᠢᠨ ᠠᠩᠭᠢ ᠡᠬᠢᠯᠡᠬᠦ ᠶᠣᠰᠣᠯᠠᠯ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠳᠤ ᠶᠠᠪᠤᠭᠳᠠᠪᠠ᠃ ᠲᠤᠰ ᠠᠵᠢᠯᠯᠠᠭ᠎ᠠ ᠳᠤ ᠣᠷᠣᠯᠴᠠᠭᠰᠠᠨ ᠬᠡᠦᠬᠡᠳ ᠤᠳ ᠤᠷᠠᠯᠢᠭ ᠲᠤ ᠬᠠᠯᠠᠭᠤᠨ ᠬᠠᠶᠢᠷ᠎ᠠ ᠪᠠ ᠬᠦᠰᠡᠯ ᠡᠪᠦᠷᠯᠡᠨ ᠨᠢᠭᠡ ᠲᠠᠩᠬᠢᠮ ᠳᠤ ᠴᠤᠭᠯᠠᠷᠠᠵᠤ᠂ ᠠᠯᠠᠱᠠ ᠵᠡᠭᠦᠨ ᠬᠤᠰᠢᠭᠤᠨ ᠤ ᠨᠣᠮ ᠤᠨ ᠰᠠᠩ ᠤᠨ ᠳᠠᠷᠤᠭ᠎ᠠ ᠸᠠᠩ ᠨᠠ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠶᠠᠷᠢᠶ᠎ᠠ ᠲᠠᠯᠪᠢᠵᠤ᠂ ᠤᠷᠠᠯᠢᠭ ᠤᠨ ᠬᠥᠮᠦᠵᠢᠯ ᠤᠨ ᠬᠡᠦᠬᠡᠳ ᠤᠨ ᠦᠰᠦᠨ ᠪᠤᠶᠢᠵᠢᠯᠲᠠ ᠳᠤ ᠦᠵᠡᠭᠦᠯᠬᠦ ᠠᠴᠢ ᠬᠤᠯᠪᠣᠭᠳᠠᠯ ᠢ ᠴᠢᠬᠤᠯᠠᠴᠢᠯᠠᠭᠰᠠᠨ ᠪᠥᠭᠡᠳ ᠨᠣᠮ ᠤᠨ ᠰᠠᠩ ᠨᠢ ᠬᠡᠦᠬᠡᠳ ᠤᠳ ᠲᠤ ᠰᠢᠯᠢᠳᠡᠭ ᠰᠠᠶᠢᠨ ᠵᠢᠭᠠᠨ ᠰᠤᠷᠭᠠᠯᠲᠠ ᠶᠢᠨ ᠡᠬᠢ ᠪᠠᠶᠠᠯᠢᠭ ᠪᠠ ᠲᠠᠭᠠᠯᠠᠮᠵᠢᠲᠠᠢ ᠪᠠᠷ ᠰᠤᠷᠤᠯᠴᠠᠬᠤ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠬᠠᠩᠭᠠᠨ᠎ᠠ ᠭᠡᠵᠦ ᠢᠯᠡᠳᠬᠡᠪᠡ᠃            ᠪᠦᠲᠦᠭᠡᠯᠴᠢ ᠤᠷᠠᠨ ᠵᠢᠷᠤᠭ ᠤᠨ ᠠᠩᠭᠢ ᠶᠢᠨ ᠬᠢᠴᠢᠶᠡᠯ ᠤᠨ ᠲᠠᠩᠬᠢᠮ ᠳᠤ ᠥᠩᠭᠡ ᠢᠯᠭᠠᠷᠠᠭᠰᠠᠨ ᠵᠢᠷᠤᠭ ᠤᠨ ᠪᠢᠷ᠂ ᠪᠠᠶᠠᠯᠢᠭ ᠣᠯᠠᠨ ᠶᠠᠩᠵᠤ ᠶᠢᠨ ᠵᠠᠭᠤᠴᠢᠯᠠᠭᠤᠷ ᠤᠳ ᠨᠢ ᠬᠡᠦᠬᠡᠳ ᠤᠨ ᠬᠢᠵᠠᠭᠠᠯᠠᠰᠢ ᠦᠭᠡᠢ ᠤᠷᠭᠤᠭᠤᠯᠤᠨ ᠪᠣᠳᠣᠯᠲᠠ ᠪᠠ ᠪᠦᠲᠦᠭᠡᠯᠴᠢ ᠴᠢᠳᠠᠪᠤᠷᠢ ᠶᠢ  ᠬᠥᠭᠵᠢᠭᠡᠵᠦ᠂ ᠲᠤᠰᠬᠠᠢ ᠮᠡᠷᠭᠡᠵᠢᠯ ᠤᠨ ᠤᠷᠠᠨ ᠵᠢᠷᠤᠭ ᠤᠨ ᠪᠠᠭᠰᠢ ᠠᠮᠢᠳᠤᠯᠢᠭ ᠰᠣᠨᠢᠷᠬᠠᠯᠲᠠᠢ ᠵᠢᠭᠠᠨ ᠰᠤᠷᠭᠠᠯᠲᠠ ᠶᠢᠨ ᠬᠡᠯᠪᠡᠷᠢ ᠪᠠᠷ ᠬᠡᠦᠬᠡᠳ ᠢ ᠵᠢᠯᠣᠭᠤᠳᠤᠨ ᠠᠵᠢᠭᠯᠠᠬᠤ᠂ ᠰᠡᠳᠬᠢᠬᠦ ᠪᠠ ᠢᠯᠡᠳᠬᠡᠬᠦ ᠪᠣᠯᠭᠠᠵᠤ᠂ ᠴᠢᠯᠦᠭᠡᠲᠡᠢ ᠵᠣᠬᠢᠶᠠᠨ ᠪᠦᠲᠦᠭᠡᠯᠭᠡ ᠶᠢᠨ ᠳᠤᠮᠳᠠ ᠠᠴᠠ ᠭᠤᠸ᠎ᠠ ᠰᠠᠶᠢᠬᠠᠨ ᠢ ᠢᠯᠡᠷᠡᠭᠦᠯᠵᠦ᠂ ᠭᠤᠸ᠎ᠠ ᠰᠠᠶᠢᠬᠠᠨ ᠢ ᠮᠡᠳᠡᠷᠡᠭᠦᠯᠦᠨ᠎ᠡ᠃ ᠬᠡᠦᠬᠡᠳ ᠤᠨ ᠳᠤᠷ᠎ᠠ ᠰᠣᠨᠢᠷᠬᠠᠯ ᠪᠠ ᠥᠪᠡᠷᠮᠢᠴᠡ ᠣᠨᠴᠠᠯᠢᠭ  ᠲᠠᠢ ᠪᠦᠲᠦᠭᠡᠯ ᠤᠳ ᠬᠡᠦᠬᠡᠳ ᠤᠨ ᠭᠠᠷ ᠲᠤ ᠪᠤᠶ ᠪᠣᠯᠵᠤ᠂ ᠲᠡᠳᠡᠨ ᠤ ᠥᠪᠡᠷᠮᠢᠴᠡ ᠬᠠᠷᠠᠭᠠᠰᠤ ᠪᠠ ᠳᠣᠲᠣᠭᠠᠳᠤ ᠰᠡᠳᠬᠢᠯ ᠤᠨ ᠶᠢᠷᠲᠢᠨᠴᠦ ᠶᠢ ᠳᠡᠯᠭᠡᠨ ᠦᠵᠡᠭᠦᠯᠦᠭᠰᠡᠨ ᠪᠠᠶᠢᠨ᠎ᠠ᠃             ᠤᠷᠠᠨ ᠪᠢᠴᠢᠯᠭᠡ ᠶᠢᠨ ᠠᠩᠭᠢ ᠳᠤ ᠪᠠᠭᠰᠢ ᠨᠢ ᠦᠨᠳᠦᠰᠦᠨ ᠵᠢᠷᠤᠯᠭ᠎ᠠ᠂ ᠦᠰᠦᠭ ᠤᠨ ᠬᠡᠯᠪᠡᠷᠢ ᠶᠢᠨ ᠪᠦᠲᠦᠴᠡ ᠵᠡᠷᠭᠡ ᠲᠠᠯ᠎ᠠ ᠠᠴᠠ ᠭᠠᠷᠳᠠᠵᠤ᠂ ᠬᠡᠦᠬᠡᠳ ᠤᠳ ᠲᠤ ᠬᠦᠯᠢᠴᠡᠩᠭᠦᠢ ᠪᠠᠷ ᠲᠠᠶᠢᠯᠪᠤᠷᠢᠯᠠᠨ ᠦᠯᠢᠭᠡᠷ ᠵᠢᠱᠢᠶ᠎ᠡ ᠦᠵᠡᠭᠦᠯᠪᠡ᠃ ᠬᠡᠦᠬᠡᠳ ᠤᠳ ᠰᠠᠭᠤᠳᠠᠯ ᠢᠶᠠᠨ ᠲᠥᠪ ᠪᠣᠯᠭᠠᠨ᠂ ᠨᠢᠭᠡ ᠨᠢᠭᠡ ᠵᠢᠷᠤᠯᠭ᠎ᠠ ᠪᠠᠷ ᠨᠠᠷᠢᠨ ᠬᠢᠨᠠᠮᠠᠭᠠᠢ ᠪᠢᠴᠢᠵᠦ᠂ ᠬᠢᠲᠠᠳ ᠦᠰᠦᠭ ᠤᠨ ᠷᠢᠳᠢ ᠰᠢᠳᠢ ᠪᠠ ᠤᠷᠠᠨ ᠪᠢᠴᠢᠯᠭᠡ ᠶᠢᠨ ᠬᠥᠭ ᠠᠶᠠᠰ ᠢ ᠣᠶᠢᠯᠠᠭᠠᠵᠤ ᠪᠠᠶᠢᠯ᠎ᠠ᠃ ᠬᠠᠲᠠᠭᠤ ᠪᠢᠷ ᠤᠨ ᠤᠷᠠᠨ ᠪᠢᠴᠢᠯᠭᠡ ᠶᠢ ᠪᠣᠯᠪᠠᠰᠤᠷᠠᠪᠠᠯ ᠬᠡᠦᠬᠡᠳ ᠤᠨ ᠪᠢᠴᠢᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠦᠭᠡᠢ ᠲᠡᠰᠪᠦᠷᠢ ᠲᠡᠪᠴᠢᠶᠡᠷᠢ ᠪᠠ ᠠᠩᠬᠠᠷᠤᠯ ᠢᠶᠠᠨ ᠬᠠᠨᠳᠤᠭᠤᠯᠬᠤ ᠴᠢᠳᠠᠪᠤᠷᠢ ᠶᠢ ᠨᠢ ᠬᠥᠮᠥᠵᠢᠭᠦᠯᠬᠦ ᠳᠤ ᠠᠰᠢᠭᠲᠠᠢ ᠶᠤᠮ᠃            ᠭᠡᠷ ᠤᠨ ᠠᠬᠠᠮᠠᠳ᠄  ︽ᠨᠣᠮ ᠤᠨ ᠰᠠᠩ ᠠᠴᠠ ᠡᠷᠬᠢᠯᠡᠭᠰᠡᠨ ᠰᠤᠷᠭᠠᠯᠲᠠ ᠶᠢᠨ ᠠᠩᠭᠢ ᠦᠨᠡᠬᠡᠷ ᠰᠠᠶᠢᠨ᠂ ᠬᠡᠦᠬᠡᠳ ᠢ ᠵᠤᠨ ᠤ ᠠᠮᠠᠷᠠᠯᠲᠠ ᠳᠤ ᠮᠡᠳᠡᠯᠭᠡ ᠡᠵᠡᠮᠰᠢᠭᠦᠯᠬᠦ ᠪᠠᠷ ᠪᠠᠷᠠᠬᠤ ᠦᠭᠡᠢ ᠪᠠᠰᠠ ᠳᠤᠷ᠎ᠠ ᠰᠣᠨᠢᠷᠬᠠᠯ ᠢ ᠨᠢ ᠬᠥᠮᠥᠵᠢᠭᠦᠯᠵᠦ᠂ ᠪᠠᠰᠠ ᠨᠣᠮ ᠤᠨ ᠦᠨᠦᠷ ᠬᠠᠩᠬᠤᠯᠤᠭᠰᠠᠨ ᠣᠷᠴᠢᠨ ᠲᠣᠭᠤᠷᠢᠨ ᠳᠤ ᠨᠥᠯᠥᠭᠡ ᠬᠦᠷᠲᠡᠭᠡᠨ᠎ᠡ︾᠎  ᠭᠡᠵᠡᠢ᠃            ᠲᠣᠰ ᠤᠳᠠᠭᠠᠨ ᠤ ᠨᠣᠮ ᠤᠨ ᠰᠠᠩ ᠤᠨ ᠵᠣᠨ ᠤ ᠠᠮᠠᠷᠠᠯᠲᠠ ᠶᠢᠨ ᠪᠦᠲᠦᠭᠡᠯᠴᠢ ᠤᠷᠠᠨ ᠵᠢᠷᠤᠭ ᠪᠠ ᠤᠷᠠᠨ ᠪᠢᠴᠢᠯᠭᠡ ᠶᠢᠨ ᠰᠤᠷᠭᠠᠯᠲᠠ ᠶᠢᠨ ᠠᠩᠭᠢ ᠶᠢ ᠡᠷᠭᠢᠯᠡᠭᠰᠡᠨ ᠨᠢ ᠨᠣᠮ ᠤᠨ ᠰᠠᠩ ᠤᠨ ᠨᠡᠶᠢᠭᠡᠮ ᠤᠨ ᠰᠤᠷᠭᠠᠨ ᠬᠥᠮᠦᠵᠢᠯ ᠤᠨ ᠡᠭᠦᠷᠭᠡ ᠴᠢᠳᠠᠪᠤᠷᠢ ᠶᠢ ᠢᠳᠡᠪᠬᠢᠲᠡᠢ ᠪᠠᠳᠠᠷᠠᠭᠤᠯᠵᠤ᠂ ᠵᠠᠯᠠᠭᠤᠴᠤᠳ ᠪᠠᠭᠠᠴᠤᠳ ᠤᠨ ᠵᠣᠨ ᠤ ᠠᠮᠠᠷᠠᠯᠲᠠ ᠶᠢᠨ ᠠᠮᠢᠳᠤᠷᠠᠯ ᠢ ᠪᠠᠶᠠᠯᠢᠭᠵᠢᠭᠤᠯᠬᠤ ᠴᠢᠬᠤᠯᠠ ᠠᠷᠭ᠎ᠠ ᠲᠠᠷᠠᠭᠠᠴᠢ ᠶᠢᠨ ᠬᠢᠴᠢᠶᠡᠯ ᠳᠤ᠂ ᠬᠡᠦᠬᠡᠳ ᠤᠳ ᠤᠷᠠᠯᠢᠭ ᠤᠨ ᠲᠡᠯᠡᠶ ᠳᠤᠮᠳᠠ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠦᠰᠦᠨ ᠪᠣᠶᠢᠵᠢᠵᠤ᠂ ᠨᠢᠭᠡᠨ ᠪᠦᠷᠢᠨ ᠲᠡᠭᠦᠯᠳᠡᠷ ᠪᠥᠭᠡᠳ ᠤᠳᠬ᠎ᠠ ᠠᠭᠤᠯᠭ᠎ᠠ ᠲᠠᠢ ᠠᠮᠠᠷᠠᠯᠲᠠ ᠶᠢᠨ ᠬᠤᠭᠤᠴᠠᠭ᠎ᠠ ᠪᠠᠨ ᠥᠩᠭᠡᠷᠡᠭᠦᠯᠬᠦ ᠶᠢ ᠢᠲᠡᠭᠡᠵᠦ ᠪᠠᠶᠢᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号