ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ 2024 ᠣᠨ ᠤ 4 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/16
           2024 ᠣᠨ ᠤ 7 ᠳ᠋ᠤᠭᠠᠷ ᠰᠠᠷ᠎ᠠ ᠶᠢᠨ 16᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠭᠠᠨ᠎ᠠ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 4 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃            ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠪᠣᠯᠣᠨ ᠲᠥᠪ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ︽ᠬᠦᠨᠳᠦ ᠬᠡᠴᠡᠭᠦᠦ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠰᠠᠶᠢᠲᠤᠷ ᠰᠤᠷᠤᠯᠴᠠᠵᠤ ᠰᠠᠶᠢᠲᠤᠷ ᠬᠡᠷᠡᠭᠯᠡᠬᠦ ᠲᠤᠬᠠᠢ ᠮᠡᠳᠡᠭᠳᠡᠯ︾᠎ ᠎ ᠢ ᠤᠯᠠᠮᠵᠢᠯᠠᠨ ᠰᠤᠷᠤᠯᠴᠠᠪᠠ᠃            ᠬᠤᠷᠠᠯ ᠠᠴᠠ ︽ᠠᠯᠠᠱᠠ ᠵᠡᠭᠦᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠬᠢᠨᠠᠨ ᠪᠠᠶᠢᠴᠠᠭᠠᠬᠤ ᠠᠵᠢᠯ ᠤᠨ ᠲᠤᠰᠬᠠᠢ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾᠎  ︽ᠠᠯᠠᠱᠠ ᠵᠡᠭᠦᠨ ᠬᠤᠰᠢᠭᠤᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠠᠵᠢᠯ ᠤᠨ ᠡᠭᠦᠷᠭᠡ ᠶᠢᠨ ᠨᠠᠷᠢᠨ ᠵᠢᠭᠰᠠᠭᠠᠯᠲᠠ︾᠎ ᠎ ᠶᠢ ᠬᠢᠨᠠᠨ ᠶᠠᠷᠢᠯᠴᠠᠵᠤ ᠵᠠᠷᠴᠢᠮ ᠳᠡᠭᠡᠷ᠎ᠡ ᠪᠠᠨ ᠪᠠᠲᠤᠯᠠᠪᠠ᠃            ᠬᠤᠷᠠᠯ ᠠᠴᠠ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ᠂ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠲᠦᠷᠭᠡᠨ ᠠᠷᠭᠠᠴᠠᠬᠤ ᠶᠡᠷᠦᠩᠬᠡᠶᠢᠯᠡᠭᠰᠡᠨ ᠡᠳ᠋ ᠪᠣᠳᠠᠰ ᠤᠨ ᠨᠥᠭᠡᠴᠡ ᠶᠢᠨ ᠬᠥᠮᠥᠷᠭᠡ ᠶᠢᠨ ᠲᠥᠷᠥᠯ ᠵᠦᠢᠯ ᠤᠨ ᠲᠤᠬᠠᠢ ᠬᠠᠷᠢᠭᠤ ᠮᠡᠳᠡᠭᠦᠯᠦᠯᠲᠡ᠂ ᠰᠤᠮᠤ ᠪᠠᠯᠭᠠᠰᠤᠨ ᠤ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠲᠣᠬᠢᠷᠠᠭᠤᠯᠬᠤ ᠪᠠ ᠰᠢᠨ᠎ᠡ ᠪᠠᠷ ᠵᠠᠭᠠᠭᠯᠠᠨ ᠲᠣᠭᠲᠠᠭᠠᠬᠤ ᠲᠤᠬᠠᠢ ᠬᠤᠯᠪᠣᠭᠳᠠᠯ ᠪᠦᠬᠦᠢ ᠶᠠᠪᠤᠳᠠᠯ ᠢ ᠰᠣᠨᠣᠰᠤᠨ ᠰᠤᠳᠤᠯᠵᠠᠢ᠃            ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                        ᠮᠡᠳᠡᠭᠡᠯᠡᠯ ᠤᠨ ᠡᠬᠢ ᠰᠤᠷᠪᠤᠯᠵᠢ᠄  ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号