ᠮᠠᠨ ᠤ ᠠᠶᠢᠮᠠᠭ ᠬᠡᠰᠡᠭ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/7/16
            ︵ᠵᠠᠩ ᠢᠦᠢ︶ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠯᠤᠰ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠮᠤᠵᠢ ᠶᠢᠨ ᠲᠡᠰ ᠤᠨ ᠲᠤᠷᠰᠢᠯᠲᠠ ᠶᠢᠨ ᠠᠵᠢᠯ ᠢ ᠰᠠᠶᠢᠲᠤᠷ ᠬᠢᠵᠦ᠂ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠲᠣᠬᠢᠷᠠᠭᠤᠯᠬᠤ ᠲᠣᠭᠲᠠᠴᠠ ᠶᠢ ᠴᠢᠨᠠᠭᠰᠢᠳᠠ ᠰᠢᠯᠢᠳᠡᠭᠵᠢᠭᠦᠯᠦᠨ᠂ ᠡᠮᠨᠡᠯᠭᠡ ᠶᠢᠨ ᠠᠵᠢᠯᠲᠠᠳ ᠤᠨ ᠮᠡᠷᠭᠡᠵᠢᠯ ᠭᠦᠳᠡᠯᠮᠦᠷᠢ ᠦᠢᠯᠡᠴᠢᠯᠡᠭᠡᠨ ᠤ ᠦᠨ᠎ᠡ ᠦᠷᠳᠡᠭ ᠢ ᠭᠦᠢᠴᠡᠳ ᠢᠯᠡᠷᠡᠭᠦᠯᠬᠦ ᠶᠢᠨ ᠲᠤᠰᠠᠳᠠ᠂ 2 ᠰᠠᠷ᠎ᠠ ᠶᠢᠨ 28᠎ ᠤ ᠡᠳᠦᠷ ᠠᠴᠠ ᠡᠬᠢᠯᠡᠨ ᠮᠠᠨ ᠤ ᠠᠶᠢᠮᠠᠭ 612 ᠲᠦᠷᠦᠯ ᠤᠨ ᠡᠮ ᠡᠮᠨᠡᠯᠭᠡ ᠶᠢᠨ ᠦᠢᠯᠡᠴᠢᠯᠡᠭᠡᠨ ᠤ ᠲᠦᠷᠦᠯ ᠵᠦᠢᠯ ᠤᠨ ᠦᠨ᠎ᠡ ᠬᠠᠩᠰᠢ ᠳᠤ ᠲᠣᠬᠢᠷᠠᠭᠤᠯᠤᠯᠲᠠ ᠬᠢᠭᠰᠡᠨ ᠪᠠᠶᠢᠨ᠎ᠠ᠃      ᠲᠣᠬᠢᠷᠠᠭᠤᠯᠤᠯᠲᠠ ᠬᠢᠭᠰᠡᠨ ᠵᠦᠢᠯ ᠪᠣᠯ᠄ ᠨᠢᠭᠡ ᠳᠤ᠂ ︽ᠪᠠᠭᠤᠤ ᠶᠢᠨ ᠭᠤᠷᠪᠠᠯᠵᠢᠨ ᠮᠥᠭᠡᠷᠰᠦ ᠶᠢ ᠣᠶᠣᠵᠤ ᠨᠥᠬᠦᠬᠦ ᠵᠠᠰᠠᠯ︾ ᠵᠡᠷᠭᠡ 554 ᠵᠦᠢᠯ ᠤᠨ ᠮᠡᠰᠡ ᠵᠠᠰᠠᠯ ᠤᠨ ᠲᠥᠷᠥᠯ ᠤᠨ ᠡᠮᠴᠢᠯᠡᠭᠡᠨ ᠤ ᠵᠦᠢᠯᠡᠰ ᠤᠨ ᠦᠨ᠎ᠡ ᠬᠠᠩᠰᠢ ᠶᠢ ᠥᠰᠭᠡᠨ᠎ᠡ᠂ ᠬᠤᠶᠠᠷ ᠲᠤ᠂ 56 ᠵᠦᠢᠯ ᠤᠨ ᠰᠢᠯᠭᠠᠨ ᠪᠠᠶᠢᠴᠠᠭᠠᠬᠤ ᠲᠥᠷᠥᠯ ᠤᠨ ᠡᠮᠴᠢᠯᠡᠭᠡᠨ ᠤ ᠵᠦᠢᠯᠡᠰ ᠤᠨ ᠦᠨ᠎ᠡ ᠬᠠᠩᠰᠢ ᠶᠢ ᠪᠠᠭᠤᠷᠠᠭᠤᠯᠤᠨ᠎ᠠ᠂ ᠭᠤᠷᠪᠠ ᠳᠤ᠂ ︽ᠡᠮᠴᠢᠯᠡᠭᠡᠨ ᠤ ᠬᠡᠮᠵᠢᠭᠦᠷ ᠤᠨ ᠦᠨᠡᠯᠡᠨ ᠵᠢᠱᠢᠯᠲᠡ ︵ᠪᠤᠰᠤᠳ ᠦᠨᠡᠯᠡᠯᠲᠡ︶ ᠤᠯᠠᠭᠠᠭᠴᠢᠨ ᠲᠥᠷᠥᠯ︾ ᠪᠠ ︽ᠡᠮᠴᠢᠯᠡᠭᠡᠨ ᠤ ᠬᠡᠮᠵᠢᠭᠦᠷ ᠤᠨ ᠦᠨᠡᠯᠡᠨ ᠵᠢᠱᠢᠯᠲᠡ ︵ᠪᠤᠰᠤᠳ ᠦᠨᠡᠯᠡᠯᠲᠡ︶ ᠤᠯᠠᠭᠠᠭᠴᠢᠨ ᠲᠥᠷᠥᠯ ᠤᠨ 2 ᠵᠦᠢᠯ ᠤᠨ ᠡᠮᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢ ᠥᠰᠭᠡᠨ᠎ᠡ᠂ ᠳᠥᠷᠪᠡ ᠳᠤ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠦᠨ᠎ᠡ ᠬᠠᠩᠰᠢ ᠶᠢ ᠪᠦᠭᠦ ᠠᠶᠢᠮᠠᠭ ᠤᠨ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠳᠤ ᠬᠡᠷᠡᠭᠯᠡᠵᠦ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠪᠤᠰᠤᠳ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠬᠤᠪᠢᠷᠠᠭᠤᠯᠬᠤ ᠦᠭᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号