ᠣᠯᠠᠨᠪᠤᠯᠠᠭ ᠪᠠᠯᠭᠠᠰᠤᠨ ᠤ ᠰᠢᠨᠡᠤ᠋ᠰᠤ ᠭᠠᠴᠠᠭᠠᠨ ᠤ ︽ᠲᠡᠮᠦᠷ ᠬᠡᠦᠬᠡᠨᠴᠦᠳ︾ ᠰᠠᠶᠢᠨ ᠲᠤᠷᠠᠴᠣᠳ ᠤᠨ ᠡᠩᠨᠡᠭᠡ
ᠨᠡᠶᠢᠲᠡᠯᠡᠭᠰᠡᠨ ᠴᠠᠭ᠄
2024/7/16
             3 ᠰᠠᠷ᠎ᠠ ᠶᠢᠨ 1᠎ ᠤ ᠡᠳᠦᠷ᠂ ᠠᠯᠠᠱᠠ ᠵᠡᠭᠦᠨ ᠬᠤᠰᠢᠭᠤᠨ ᠤ ᠣᠯᠠᠨᠪᠤᠯᠠᠭ ᠪᠠᠯᠭᠠᠰᠤᠨ ᠤ ᠰᠢᠨᠡᠤ᠋ᠰᠤ ᠭᠠᠴᠠᠭᠠᠨ ᠤ ︽ᠲᠡᠮᠦᠷ ᠬᠡᠦᠬᠡᠨᠴᠦᠳ︾ ᠰᠠᠶᠢᠨ ᠲᠤᠷᠠᠴᠣᠳ ᠤᠨ ᠡᠩᠨᠡᠭᠡ ᠪᠣᠯᠣᠨ ᠲᠤᠰ ᠭᠠᠴᠠᠭᠠᠨ ᠤ ᠨᠠᠮ ᠤᠨ ᠭᠡᠰᠢᠭᠦᠳ ᠬᠠᠮᠲᠤᠷᠠᠨ S227᠂ S311 ᠵᠠᠮ ᠤᠨ ᠠᠭᠤᠯᠵᠠᠷ ᠲᠠᠬᠢ ᠯᠣᠩᠬᠤ᠂ ᠰᠦᠯᠢᠶᠥᠦ ᠵᠡᠷᠭᠡ ᠬᠤᠭ ᠨᠣᠪᠰᠢ ᠶᠢ ᠴᠡᠪᠡᠷᠯᠡᠨ ᠯᠧᠢ ᠹᠧᠩ ᠠᠴᠠ ᠲᠠᠭᠠᠨ ᠰᠤᠷᠤᠯᠴᠠᠬᠤ ᠰᠠᠶᠢᠨ ᠬᠥᠮᠥᠨ ᠤ ᠰᠠᠶᠢᠨ ᠦᠢᠯᠡ ᠠᠵᠢᠯᠯᠠᠭ᠎ᠠ ᠶᠢ ᠥᠷᠨᠢᠭᠦᠯᠵᠡᠢ᠃ ᠰᠢᠨᠡᠤ᠋ᠰᠤ ᠭᠠᠴᠠᠭ᠎ᠠ ᠨᠢ ᠭᠤᠷᠪᠠᠨ ᠵᠠᠮ ᠤᠨ ᠠᠭᠤᠯᠵᠠᠷ ᠲᠤ ᠪᠠᠶᠢᠷᠢᠯᠠᠳᠠᠭ ᠪᠣᠯᠬᠤᠷ ᠭᠠᠴᠠᠭᠠᠨ ᠤ ︽ᠲᠡᠮᠦᠷ ᠬᠡᠦᠬᠡᠨᠴᠦᠳ︾ ᠰᠠᠶᠢᠨ ᠲᠤᠷᠠᠴᠣᠳ ᠤᠨ ᠡᠩᠨᠡᠭᠡ ᠨᠢ ᠵᠢᠯ ᠪᠦᠷᠢ ᠲᠤᠰᠬᠠᠶᠢᠯᠠᠨ ᠠᠳᠡ ᠢᠷᠡᠵᠣ᠂ ᠴᠡᠪᠡᠷᠯᠡᠭᠡ ᠬᠢᠬᠦ ᠠᠵᠢᠯᠯᠠᠭ᠎ᠠ ᠶᠢ ᠥᠷᠨᠢᠭᠦᠯᠦᠨ᠂ ᠵᠠᠮ ᠤᠨ ᠬᠠᠵᠠᠭᠤ ᠳᠠᠬᠢ ᠬᠤᠭ ᠨᠣᠪᠰᠢ ᠶᠢ ᠶᠡᠭᠡ ᠪᠠᠷ ᠲᠡᠭᠦᠵᠦ ᠴᠡᠪᠡᠷᠯᠡᠳᠡᠭ᠃ ᠡᠨᠡ ᠨᠢ ︽ᠲᠡᠮᠦᠷ ᠬᠡᠦᠬᠡᠨᠴᠦᠳ︾ ᠰᠠᠶᠢᠨ ᠲᠤᠷᠠᠴᠣᠳ ᠤᠨ ᠡᠩᠨᠡᠭᠡᠨ ᠤ ᠠᠮᠢ ᠠᠬᠤᠢ ᠪᠠᠨ ᠬᠠᠮᠠᠭᠠᠯᠠᠬᠤ ᠶᠢ ᠵᠣᠷᠢᠭᠰᠠᠨ ᠦᠢᠯᠡ ᠠᠵᠢᠯᠯᠠᠭ᠎ᠠ ᠪᠤᠯᠬᠤ ᠪᠠᠷ ᠪᠠᠷᠠᠬᠤ ᠦᠭᠡᠢ ᠠᠷᠠᠳ ᠣᠯᠠᠨ ᠳᠠᠭᠠᠨ ᠲᠤᠰᠠ ᠬᠦᠷᠭᠡᠨ ᠰᠠᠶᠢᠨ ᠶᠠᠪᠤᠳᠠᠯ ᠬᠢᠵᠦ᠂ ᠯᠧᠢ ᠹᠧᠩ ᠠᠴᠠ ᠲᠠᠭᠠᠨ ᠰᠤᠷᠤᠯᠴᠠᠬᠤ ᠵᠣᠷᠢᠭ᠎ᠠ ᠰᠠᠨᠠᠭ᠎ᠠ ᠶᠢ ᠤᠯᠠᠮ ᠢᠶᠠᠷ ᠪᠠᠳᠠᠷᠠᠭᠤᠯᠤᠨ᠂ ᠨᠤᠲᠤᠭ ᠣᠰᠣᠨ ᠳᠠᠭᠠᠨ ᠬᠦᠴᠦ ᠭᠦᠳᠡᠯᠮᠣᠷᠢ ᠪᠠᠨ ᠡᠷᠭᠦᠵᠦ ᠶᠠᠪᠤᠭ᠎ᠠ ᠪᠤᠶᠠᠨᠲᠤ ᠤᠶᠢᠯᠡ ᠪᠤᠯᠬᠤ ᠶᠤᠮ᠃       ︵ᠳᠠᠪᠰᠢᠯᠲᠤ ᠰᠡᠭᠦᠳᠡᠷᠯᠡᠨ ᠮᠡᠳᠡᠭᠡᠯᠡᠪᠡ︶
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号