| ︵ᠰᠣᠷᠪᠤᠯᠵᠢᠯᠠᠬᠴᠢ ᠶᠠᠨ ᠴᠧᠨ ᠴᠧᠨ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ | ᠵᠢᠭᠤᠯᠴᠢᠯᠠᠯ ᠤᠨ ᠲᠢᠩᠬᠢᠮ ᠠᠴᠠ 2023 ᠣᠨ ᠤ ᠪᠦᠭᠦ ᠣᠷᠣᠨ ᠤ ᠰᠢᠯᠢᠳᠡᠭ ᠰᠣᠶᠣᠯ ᠪᠠ ᠵᠢᠭᠤᠯᠴᠢᠯᠠᠯ ᠤᠨ | ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ᠂ ᠪᠦᠯᠭᠦᠮ ᠨᠡᠶᠢᠲᠡ᠂ ᠰᠠᠶᠢᠨ ᠳᠣᠷᠠᠴᠣᠳ ᠤᠨ | ᠰᠢᠯᠭᠠᠷᠠᠭᠤᠯᠤᠯᠲᠠ ᠶᠢᠨ ᠦᠷ᠎ᠡ ᠳ᠋ᠦᠩ ᠤᠨ ᠲᠤᠬᠠᠢ ᠵᠠᠷᠯᠠᠯ ᠢ ᠨᠡᠶᠢᠲᠡᠯᠡᠪᠡ᠃ᠮᠠᠨ ᠪ᠊ ᠠᠶᠢᠮᠠᠭ ᠤᠨ ᠠᠯᠠᠱᠠ | ᠮᠦᠽᠧᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠡᠵᠡᠨ᠎ᠡ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ | ᠲᠧᠯᠸᠢᠰ ᠲᠣᠪᠴᠢᠶ᠎ᠠ ᠶᠢᠨ ︽ᠰᠣᠶᠣᠯ ᠢᠶᠠᠷ ᠠᠷᠠᠳ ᠲᠤ ᠠᠰᠢᠭ ᠬᠦᠷᠲᠡᠭᠡᠨ ᠴᠡᠷᠢᠭ ᠤᠨ ᠬᠤᠸᠠᠷᠠᠨ ᠳᠤ | ᠣᠴᠢᠭᠤᠯᠵᠤ ᠰᠠᠶᠢᠨ ᠳᠤᠷ᠎ᠠ ᠶᠢᠨ ᠦᠢᠯᠡᠴᠢᠯᠡᠭᠡ ᠪᠠᠷ ᠴᠡᠷᠢᠭ ᠤᠨ ᠰᠡᠳᠬᠢᠯ ᠢ ᠳᠤᠯᠠᠭᠠᠴᠠᠭᠤᠯᠬᠤ︾ ᠲᠥᠷᠥᠯ ᠵᠦᠢᠯ | ᠰᠣᠩᠭᠤᠭᠳᠠᠪᠠ᠃ | ᠠᠯᠠᠱᠠ ᠮᠦᠽᠧᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ 2010 ᠣᠨ ᠤ 9 ᠰᠠᠷ᠎ᠠ ᠳᠤ | ᠪᠠᠶᠢᠭᠤᠯᠤᠭᠳᠠᠵᠤ᠂ ᠤᠳᠤ 94 ᠰᠠᠶᠢᠨ ᠳᠤᠷ᠎ᠠ ᠶᠢᠨ ᠦᠢᠯᠡᠴᠢᠯᠡᠭᠡᠨ ᠤ ᠭᠡᠰᠢᠭᠦᠨ ᠲᠠᠢ᠂ ᠭᠤᠣᠯᠳᠠᠭᠤ ᠮᠦᠽᠧᠢ ᠶᠢᠨ | ᠲᠠᠶᠢᠯᠪᠤᠷᠢᠯᠠᠬᠤ ᠦᠢᠯᠡᠴᠢᠯᠡᠭᠡ᠂ ᠨᠡᠶᠢᠭᠡᠮ ᠤᠨ ᠰᠤᠷᠭᠠᠨ ᠬᠥᠮᠦᠵᠢᠯ᠂ ᠯᠠᠪᠯᠠᠭ᠎ᠠ ᠥᠭᠴᠦ ᠬᠥᠲᠥᠯᠥᠨ ᠵᠢᠯᠤᠭᠤᠳᠬᠤ᠂ | ᠰᠢᠨ᠎ᠡ ᠵᠠᠭᠤᠴᠢᠯᠠᠭᠤᠷ ᠤᠨ ᠳᠠᠮᠵᠢᠭᠤᠯᠭ᠎ᠠ ᠵᠡᠷᠭᠡ ᠡᠭᠦᠷᠭᠡ ᠶᠢ ᠡᠭᠦᠷᠭᠡᠯᠡᠵᠦ ᠪᠤᠢ᠃ᠲᠤᠰ ᠦᠢᠯᠡᠴᠢᠯᠡᠭᠡᠨ ᠤ ᠠᠩᠭᠢ | ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ᠂ ᠲᠡᠦᠬᠡ ᠰᠣᠶᠣᠯ ᠢ ᠤᠯᠠᠮᠵᠢᠯᠠᠬᠤ ᠪᠠᠷ | ᠬᠠᠷᠠᠯᠲᠠ ᠪᠠᠨ ᠪᠤᠯᠭᠠᠬᠤ ᠶᠢ ᠪᠠᠷᠢᠮᠲᠠᠯᠠᠵᠤ᠂ ᠦᠵᠡᠭᠴᠢᠳ ᠲᠤ ᠶᠠᠭᠤ ᠬᠡᠷᠡᠭᠴᠡᠭᠡ ᠲᠠᠢ ᠪᠣᠯ ᠶᠠᠭᠤ ᠶᠢ ᠬᠠᠩᠭᠠᠬᠤ ᠶᠢ | ᠪᠡᠶᠡᠯᠡᠭᠦᠯᠦᠭᠰᠡᠭᠡᠷ ᠢᠷᠡᠵᠡᠢ᠃ ᠦᠵᠡᠭᠴᠢᠳ ᠬᠠᠮᠢᠭ᠎ᠠ ᠪᠠᠶᠢᠪᠠᠯ ᠰᠠᠶᠢᠨ ᠳᠤᠷ᠎ᠠ ᠶᠢᠨ ᠦᠢᠯᠡᠴᠢᠯᠡᠭᠡ ᠨᠢ ᠲᠡᠨᠳᠡ | ᠬᠦᠷᠴᠦ᠂ ᠠᠵᠢᠯ ᠲᠥᠷᠥᠯ ᠤᠨ ᠰᠢᠨ᠎ᠡ ᠰᠤᠷᠲᠠᠯ ᠢ ᠲᠠᠰᠤᠷᠠᠯᠲᠠ ᠦᠭᠡᠢ ᠬᠥᠲᠥᠯᠥᠨ ᠳᠠᠭᠠᠭᠤᠯᠵᠤ᠂ | ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠵᠡᠢ᠃ ᠠᠯᠠᠱᠠ ᠣᠷᠣᠨ ᠤ ᠲᠡᠦᠬᠡ ᠰᠣᠶᠣᠯ ᠪᠣᠯᠣᠨ ᠬᠤᠪᠢᠰᠬᠠᠯ ᠤᠨ | ᠲᠡᠦᠬᠡ ᠶᠢ ᠨᠠᠷᠢᠯᠢᠭ ᠣᠶᠢᠯᠠᠭᠠᠨ ᠮᠡᠳᠡᠵᠣ᠂ ᠤᠯᠠᠨ ᠲᠦᠮᠡᠨ ᠳᠤ ᠦᠢᠯᠡᠴᠢᠯᠡᠬᠦ ᠪᠠᠨ ᠵᠣᠭᠰᠣᠯ ᠦᠭᠡᠢ ᠪᠠᠷᠢᠮᠲᠠᠯᠠᠨ᠂ | ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠭᠰᠡᠭᠡᠷ ᠢᠷᠡᠵᠡᠢ᠃ | ᠣᠶᠢᠷ᠎ᠠ ᠶᠢᠨ ᠵᠢᠯ ᠳᠤ᠂ ᠡᠵᠡᠨ᠎ᠡ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ︽ | ᠰᠣᠶᠣᠯ ᠢᠶᠠᠷ ᠠᠷᠠᠳ ᠲᠤ ᠠᠰᠢᠭ ᠬᠦᠷᠲᠡᠭᠡᠨ ᠴᠡᠷᠢᠭ ᠤᠨ ᠬᠤᠸᠠᠷᠠᠨ ᠳᠤ ᠣᠴᠢᠭᠤᠯᠵᠤ ᠰᠠᠶᠢᠨ ᠳᠤᠷ᠎ᠠ ᠶᠢᠨ | ᠦᠢᠯᠡᠴᠢᠯᠡᠭᠡ ᠪᠠᠷ ᠴᠡᠷᠢᠭ ᠤᠨ ᠰᠡᠳᠬᠢᠯ ᠢ ᠳᠤᠯᠠᠭᠠᠴᠠᠭᠤᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ | ᠵᠦᠢᠯ ᠢ ᠭᠤᠣᠯᠳᠠᠯᠭ᠎ᠠ ᠲᠠᠢ ᠠᠵᠢᠯ ᠳᠤ ᠣᠷᠣᠭᠤᠯᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ︽ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ︾ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠬᠦ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ᠬᠠᠩᠭᠠᠭᠰᠠᠨ ᠪᠠᠶᠢᠨ᠎ᠠ᠃ ᠣᠶᠢᠷ᠎ᠠ ᠶᠢᠨ ᠵᠢᠯ ᠠᠴᠠ᠂ ᠲᠤᠰ ᠲᠣᠪᠴᠢᠶ᠎ᠠ ᠲᠣᠬᠯᠠᠯᠲᠠ ᠶᠢ ᠴᠡᠷᠢᠭ ᠤᠨ ᠬᠤᠸᠠᠷᠠᠨ ᠳᠤ | ᠬᠦᠷᠭᠡᠬᠦ᠂ ᠨᠣᠮ ᠪᠢᠴᠢᠭ ᠢ ᠴᠡᠷᠢᠭ ᠤᠨ ᠬᠤᠸᠠᠷᠠᠨ ᠳᠤ ᠬᠦᠷᠭᠡᠬᠦ᠂ ᠤᠷᠠᠨ ᠰᠠᠶᠢᠬᠠᠨ ᠤ ᠪᠦᠲᠦᠭᠡᠯ ᠢ ᠴᠡᠷᠢᠭ ᠤᠨ | ᠬᠤᠸᠠᠷᠠᠨ ᠳᠤ ᠬᠦᠷᠭᠡᠬᠦ᠂ ᠤᠷᠠᠨ ᠰᠠᠶᠢᠬᠠᠨ ᠤ ᠪᠣᠯᠪᠠᠰᠤᠷᠠᠯ ᠢ ᠴᠡᠷᠢᠭ ᠤᠨ ᠬᠤᠸᠠᠷᠠᠨ ᠳᠤ ᠬᠦᠷᠭᠡᠬᠦ ︽ᠳᠥᠷᠪᠡ ᠶᠢ | ᠬᠦᠷᠭᠡᠬᠦ︾ ᠠᠵᠢᠯᠯᠠᠭ᠎ᠠ ᠶᠢ ᠥᠷᠨᠢᠭᠦᠯᠵᠦ᠂ ᠵᠢᠯ ᠪᠦᠷᠢ ᠴᠡᠷᠢᠭ ᠠᠷᠠᠳ ᠤᠨ ᠨᠠᠶᠢᠷ ᠢ ᠵᠣᠬᠢᠶᠠᠨ ᠪᠠᠶᠢᠭᠤᠯᠬᠤ ᠪᠠ | ᠲᠣᠬᠯᠠᠯᠲᠠ ᠶᠢ ᠴᠡᠷᠢᠭ ᠤᠨ ᠬᠤᠸᠠᠷᠠᠨ ᠳᠤ 20 ᠭᠠᠷᠤᠢ ᠤᠳᠠᠭ᠎ᠠ ᠬᠦᠷᠭᠡᠵᠦ᠂ ᠴᠡᠷᠢᠭ ᠠᠩᠭᠢ ᠶᠢᠨ ᠳᠠᠷᠤᠭ᠎ᠠ | ᠪᠠᠶᠢᠯᠳᠤᠭᠴᠢᠳ ᠤᠨ ᠰᠠᠶᠢᠨ ᠦᠨᠡᠯᠡᠯᠲᠡ ᠶᠢ ᠣᠯᠵᠠᠢ᠃ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ᠂ ᠭᠠᠯ | ᠤᠨᠲᠠᠷᠠᠭᠠᠬᠤ ᠶᠡᠭᠡ ᠠᠩᠭᠢ ᠵᠡᠷᠭᠡ ᠨᠢᠭᠡᠴᠢ ᠳᠤ ᠨᠡᠭᠦᠳᠡᠯ ᠨᠣᠮ ᠪᠢᠴᠢᠭ ᠤᠨ ᠴᠢᠭ ᠢ 4 ᠪᠠᠶᠢᠭᠤᠯᠵᠤ᠂ 2000 | ᠭᠠᠷᠤᠢ ᠳᠡᠪᠲᠡᠷ ᠨᠣᠮ ᠪᠢᠴᠢᠭ ᠢ ᠬᠦᠷᠭᠡᠵᠡᠢ᠃ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠣᠨᠴᠠᠯᠢᠭ ᠲᠤ | ᠲᠣᠬᠢᠷᠠᠭᠰᠠᠨ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠪᠠᠶᠢᠯᠳᠤᠭᠴᠢᠳ ᠢᠶᠠᠷ ᠳᠡᠷᠭᠡᠳᠡᠬᠢ | ᠶᠠᠪᠤᠳᠠᠯ ᠢ ᠨᠢ ᠲᠣᠭᠯᠠᠭᠤᠯᠵᠤ᠂ᠨᠡᠶᠢᠳᠡ 50 ᠭᠠᠷᠤᠢ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠠᠶᠢᠭᠤᠯᠤᠨ | ᠵᠣᠬᠢᠶᠠᠨ ᠪᠦᠲᠦᠭᠡᠯᠭᠡᠵᠦ᠂ ᠥᠭᠡᠷᠡᠴᠢᠯᠡᠨ ᠨᠠᠶᠢᠷᠠᠭᠤᠯᠪᠠ᠃ ᠡᠭᠦᠨ ᠤ ᠬᠠᠮᠲᠤ᠂ ᠤᠷᠠᠯᠢᠭ ᠤᠨ ᠳᠠᠯᠳᠠ ᠬᠦᠴᠦᠨ ᠲᠠᠢ | ᠳᠠᠷᠤᠭ᠎ᠠ ᠪᠠᠶᠢᠯᠳᠤᠭᠴᠢᠳ ᠲᠤ ᠭᠤᠣᠯᠳᠠᠯᠭ᠎ᠠ ᠲᠠᠢ ᠪᠣᠯᠪᠠᠰᠤᠷᠠᠯ ᠬᠦᠷᠲᠡᠭᠡᠵᠦ᠂ ᠳ᠋ᠦᠩᠹᠧᠩ ᠰᠠᠨᠰᠠᠷ ᠤᠨ | ᠬᠤᠳᠠ ᠶᠢᠨ ᠣᠷᠣᠢ ᠶᠢᠨ ᠰᠤᠷᠭᠠᠭᠤᠯᠢ ᠳᠤ ᠮᠣᠷᠢᠨ ᠬᠤᠭᠤᠷ ᠤᠨ ᠪᠣᠯᠪᠠᠰᠤᠷᠠᠯ ᠤᠨ ᠠᠩᠭᠢ ᠭᠠᠷᠭᠠᠵᠤ᠂ 100 | ᠰᠢᠬᠠᠮ ᠳᠠᠷᠤᠭ᠎ᠠ ᠪᠠᠶᠢᠯᠳᠤᠭᠴᠢ ᠣᠷᠣᠯᠴᠠᠵᠤ᠂ ᠴᠡᠷᠢᠭ ᠠᠩᠭᠢ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ | ᠬᠦᠴᠦᠲᠡᠢ ᠠᠬᠢᠭᠤᠯᠤᠨ᠂ ᠳᠠᠷᠤᠭ᠎ᠠ ᠪᠠᠶᠢᠯᠳᠤᠭᠴᠢᠳ ᠤᠨ ᠰᠣᠶᠣᠯ ᠤᠨ ᠠᠮᠢᠳᠤᠷᠠᠯ ᠢ ᠬᠥᠭᠵᠢᠶᠡᠨᠲᠡᠢ ᠪᠣᠯᠭᠠᠪᠠ᠃ |