| | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠣᠶᠢᠷ᠎ᠠ ᠳᠤ ︽2024 ᠣᠨ ᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ︾ ᠶᠢ ᠪᠠᠭᠤᠯᠭᠠᠵᠤ᠂ ᠮᠠᠨ ᠤ ᠣᠷᠣᠨ ᠤ ᠡᠨᠡ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠲᠣᠭᠲᠠᠭᠠᠪᠠ᠃ | ᠲᠥᠯᠥᠪᠯᠡᠭᠡ ᠳᠤ ᠳᠤᠷᠠᠳᠤᠭᠰᠠᠨ ᠢᠶᠠᠷ᠂ ᠡᠨᠡ ᠵᠢᠯ ᠤᠨ ᠮᠠᠨ ᠤ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ | ᠦᠷᠳᠡᠭ ᠢ 6% ᠠᠴᠠ ᠳᠡᠭᠡᠭᠰᠢ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ | ᠢ 7% ᠣᠷᠴᠢᠮ᠂ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠶᠢ 15% ᠣᠷᠴᠢᠮ᠂ᠡᠩ ᠤᠨ ᠤᠯᠠᠨ | ᠨᠡᠶᠢᠳᠡ ᠶᠢᠨ ᠲᠥᠰᠥᠪ ᠤᠨ ᠤᠷᠤᠯᠭ᠎ᠠ ᠶᠢ 5.5% ᠣᠷᠴᠢᠮ ᠨᠡᠮᠡᠭᠳᠡᠭᠦᠯᠦᠨ᠎ᠠ᠂ ᠬᠤᠳᠠ ᠪᠠᠯᠭᠠᠰᠤ ᠶᠢᠨ 18 | ᠲᠦᠮᠡ ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠨ᠂ ᠬᠤᠳᠠ ᠪᠠᠯᠭᠠᠰᠤ ᠶᠢᠨ ᠪᠠᠶᠢᠴᠠᠭᠠᠭᠰᠠᠨ ᠠᠵᠢᠯ | ᠠᠯᠳᠠᠯᠲᠠ ᠶᠢᠨ ᠨᠤᠷᠮ᠎ᠠ ᠶᠢ 6% ᠣᠷᠴᠢᠮ ᠳᠤ ᠬᠢᠵᠠᠭᠠᠷᠯᠠᠨ᠎ᠠ᠂ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ | ᠪᠣᠯᠣᠨ ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠠᠯᠬᠤᠮ ᠨᠢᠭᠡᠲᠡᠢ ᠪᠠᠶᠢᠯᠭᠠᠵᠤ᠂ ᠰᠠᠭᠤᠭᠠᠯᠢ ᠠᠷᠠᠳ | ᠤᠨ ᠬᠡᠷᠡᠭᠯᠡᠭᠡ ᠶᠢᠨ ᠦᠨ᠎ᠡ ᠥᠰᠦᠯᠲᠡ ᠶᠢᠨ ᠬᠡᠮᠵᠢᠶ᠎ᠡ ᠶᠢ 3% ᠣᠷᠴᠢᠮ ᠳᠤ ᠬᠢᠵᠠᠭᠠᠷᠯᠠᠨ᠎ᠠ᠂ ᠨᠢᠭᠡᠴᠢ ᠣᠷᠣᠨ | ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠡᠨᠧᠷᠭᠢ ᠶᠢᠨ ᠬᠤᠷᠣᠭᠳᠠᠭᠤᠯᠤᠯ ᠢ 1.6% ᠣᠷᠴᠢᠮ | ᠪᠠᠭᠤᠷᠠᠭᠤᠯᠤᠨ᠎ᠠ᠃ | ᠡᠶᠢᠨ ᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠠᠴᠠ ᠲᠦᠷᠦ ᠶᠢᠨ | ᠪᠣᠳᠣᠯᠭ᠎ᠠ ᠶᠢᠨ ᠬᠦᠴᠦᠨ ᠢ ᠪᠠᠳᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ ᠢ ᠱᠠᠯᠠᠪᠳᠠᠨ ᠬᠡᠷᠡᠭᠵᠢᠭᠦᠯᠬᠦ᠂ ᠠᠵᠤ ᠦᠢᠯᠡᠰ ᠤᠨ ᠰᠢᠰᠲ᠋ᠧᠮ ᠢ | ᠲᠡᠭᠦᠯᠳᠡᠷᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ︽ | ᠪᠦᠰᠡᠯᠡᠯᠲᠡ ᠰᠢᠪᠲᠤᠯᠬᠤ︾ ᠢᠨᠵᠧᠨᠧᠷᠢᠩ ᠢ ᠱᠠᠯᠠᠪᠳᠠᠨ ᠬᠡᠷᠡᠭᠵᠢᠭᠦᠯᠬᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ | ᠳᠤ ᠠᠩᠬᠠᠷᠤᠯ ᠢᠶᠠᠨ ᠲᠥᠪᠯᠡᠷᠡᠭᠦᠯᠦᠨ ᠬᠡᠷᠡᠭᠯᠡᠭᠡ ᠪᠠ ᠪᠡᠯᠡ ᠤᠷᠤᠭᠤᠯᠤᠯᠳᠠ ᠶᠢᠨ ᠬᠠᠷᠢᠯᠴᠠᠨ ᠠᠬᠢᠭᠤᠯᠤᠭᠰᠠᠨ | ᠰᠠᠶᠢᠨ ᠰᠠᠶᠢᠬᠠᠨ ᠣᠷᠴᠢᠯ ᠢ ᠱᠠᠯᠠᠪᠳᠠᠨ ᠪᠦᠷᠢᠯᠳᠦᠭᠦᠯᠬᠦ᠂ ᠬᠥᠭᠵᠢᠯᠲᠡ ᠶᠢᠨ ᠣᠷᠴᠢᠨ ᠨᠥᠬᠦᠴᠡᠯ ᠢ | ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠢ ᠱᠠᠯᠠᠪᠳᠠᠨ ᠬᠡᠷᠡᠭᠵᠢᠭᠦᠯᠬᠦ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ | ᠲᠦᠪᠰᠢᠨ ᠤ ᠴᠢᠬᠤᠯᠠ ᠬᠠᠯᠬᠠᠪᠴᠢ ᠶᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠦᠨ ᠡᠯᠡᠰᠦᠷᠬᠡᠭᠵᠢᠯ | ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ | ᠢᠨᠵᠧᠨᠧᠷᠢᠩ ᠢ ᠱᠠᠯᠠᠪᠳᠠᠨ ᠬᠡᠷᠡᠭᠵᠢᠭᠦᠯᠬᠦ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ ᠢ ᠥᠨᠳᠥᠷ ᠲᠦᠪᠰᠢᠨ ᠢᠶᠠᠷ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ | ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠱᠠᠯᠠᠪᠳᠠᠨ ᠪᠠᠶᠢᠭᠤᠯᠬᠤ᠂ ᠤᠯᠤᠰ ᠤᠨ ᠮᠠᠯ ᠤᠨ ᠠᠰᠢᠭ ᠰᠢᠮ᠎ᠡ | ᠪᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠢ ᠴᠢᠨᠠᠷ ᠰᠠᠶᠢᠲᠠᠢ ᠪᠦᠲᠦᠭᠡᠨ | ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢ | ᠱᠠᠯᠠᠪᠳᠠᠨ ᠠᠬᠢᠭᠤᠯᠬᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠬᠤ ᠳᠤ ᠠᠩᠬᠠᠷᠤᠯ ᠢᠶᠠᠨ | ᠲᠥᠪᠯᠡᠷᠡᠭᠦᠯᠦᠨ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠱᠠᠯᠠᠪᠳᠠᠨ | ᠬᠡᠷᠡᠭᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ︽ | ᠬᠠᠶᠢᠷ᠎ᠠ ᠬᠠᠯᠠᠮᠵᠢ ᠬᠦᠷᠭᠡᠬᠦ ᠢᠨᠵᠧᠨᠧᠷᠢᠩ︾ ᠢ ᠱᠠᠯᠠᠪᠳᠠᠨ ᠬᠡᠷᠡᠭᠵᠢᠭᠦᠯᠬᠦ᠂ ᠡᠬᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠦᠨ | ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠬᠦ ᠵᠡᠷᠭᠡ 10 ᠲᠠᠯ᠎ᠠ ᠠᠴᠠ ᠬᠦᠴᠦᠯᠡᠨ ᠴᠢᠷᠮᠠᠶᠢᠬᠤ ᠪᠣᠯᠣᠨ᠎ᠠ᠃ | |