ᠥᠯᠵᠡᠢ ᠰᠤᠮᠤ ᠭᠠᠩ ᠬᠠᠭᠰᠠᠷᠠᠭᠠᠨ ᠢ ᠳᠠᠪᠠᠨ ᠲᠤᠭᠤᠯᠬᠤ ᠡᠪᠡᠰᠦ ᠪᠣᠷᠳᠤᠭ᠎ᠠ ᠶᠢ ᠨᠥᠭᠡᠴᠡᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/16
            ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠨ᠂ ︽ᠬᠦᠨᠳᠦ ᠬᠡᠴᠡᠭᠦᠦ ᠭᠠᠩ ᠬᠠᠭᠰᠠᠷᠠᠭᠠᠨ ᠲᠠᠢ ᠲᠡᠮᠡᠴᠡᠵᠦ ᠣᠷᠳᠣ ᠬᠤᠭᠤᠴᠠᠭᠠᠨ ᠤ ᠭᠠᠩ ᠬᠠᠭᠰᠠᠷᠠᠭᠠᠨ ᠢ ᠳᠠᠪᠠᠨ ᠲᠤᠭᠤᠯᠬᠤ︾ ᠠᠵᠢᠯ ᠤᠨ ᠬᠠᠷᠢᠭᠤᠴᠠᠯᠭ᠎ᠠ ᠶᠢ ᠪᠠᠷᠢᠮᠲᠠᠯᠠᠬᠤ ᠵᠣᠷᠢᠯᠭ᠎ᠠ ᠲᠠᠢ ᠪᠠᠷ᠂ ᠣᠶᠢᠷ᠎ᠠ ᠶᠢᠨ ᠡᠳᠦᠷ᠂ ᠥᠯᠵᠡᠢ ᠰᠤᠮᠤ ᠡᠪᠡᠰᠦ ᠪᠣᠷᠳᠤᠭ᠎ᠠ ᠨᠥᠭᠡᠴᠡᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃       ᠥᠯᠵᠡᠢ ᠰᠤᠮᠤ ᠨᠢ ᠠᠯᠠᠱᠠ ᠵᠡᠭᠦᠨ ᠬᠤᠰᠢᠭᠤᠨ ᠤ ᠬᠤᠶᠢᠲᠤ ᠪᠡᠶ᠎ᠡ ᠶᠢᠨ ᠭᠤᠪᠢ ᠳᠤ ᠪᠠᠶᠢᠷᠢᠯᠠᠵᠤ᠂ ᠮᠠᠯ ᠠᠵᠤ ᠠᠬᠤᠢ ᠨᠢ ᠲᠤᠬᠠᠢ ᠶᠢᠨ ᠭᠠᠵᠠᠷ ᠤᠨ ᠭᠤᠣᠯᠯᠠᠭᠴᠢ ᠠᠵᠤ ᠦᠢᠯᠡᠰ ᠪᠣᠯᠣᠭᠰᠠᠭᠠᠷ ᠢᠷᠡᠵᠠᠢ᠃ ᠣᠶᠢᠷ᠎ᠠ ᠶᠢᠨ ᠵᠢᠯ ᠤᠳ ᠲᠤ ᠠᠭᠤᠷ ᠠᠮᠢᠰᠬᠤᠯ ᠤᠨ ᠬᠤᠪᠢᠷᠠᠯᠲᠠ ᠪᠣᠯᠣᠨ ᠪᠠᠶᠢᠭᠠᠯᠢ ᠶᠢᠨ ᠭᠠᠮᠰᠢᠭ ᠤᠨ ᠨᠥᠯᠥᠭᠡ ᠠᠴᠠ ᠪᠣᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠬᠦᠨᠳᠦ ᠨᠣᠴᠢᠲᠠᠢ ᠡᠪᠳᠡᠭᠳᠡᠵᠦ᠂ ᠡᠪᠡᠰᠦ ᠪᠣᠷᠳᠤᠭ᠎ᠠ ᠳᠤᠲᠠᠭᠳᠠᠬᠤ ᠠᠰᠠᠭᠤᠳᠠᠯ ᠡᠳᠦᠷ ᠢᠷᠡᠬᠦᠶ᠎ᠡ ᠲᠣᠪᠣᠶᠢᠮ᠎ᠠ ᠪᠣᠯᠵᠤ᠂ ᠮᠠᠯ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠬᠤ ᠪᠣᠭᠤᠮᠢ ᠪᠣᠯᠵᠤ ᠪᠠᠶᠢᠨ᠎ᠠ᠃ ᠡᠨᠡᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠵᠣᠷᠢᠯᠭ᠎ᠠ ᠎ ᠪᠠᠷ᠂ ᠥᠯᠵᠡᠢ ᠰᠤᠮᠤ ᠢᠳᠡᠪᠬᠢᠲᠡᠢ ᠪᠠᠷ ᠪᠡᠯᠡ ᠮᠥᠩᠭᠦ ᠶᠢᠨ ᠡᠬᠢ ᠪᠠᠶᠠᠯᠢᠭ ᠢ ᠴᠤᠭᠯᠠᠭᠤᠯᠵᠤ᠂ ᠡᠪᠡᠰᠦ ᠪᠣᠷᠳᠤᠭ᠎ᠠ ᠨᠥᠭᠡᠴᠡᠯᠡᠬᠦ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠥᠷᠨᠢᠭᠦᠯᠵᠡᠢ᠃       ᠲᠣᠰ ᠤᠳᠠᠭᠠᠨ ᠤ ᠠᠵᠢᠯᠯᠠᠭ᠎ᠠ ᠳᠤ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠬᠦᠴᠦᠲᠡᠢ ᠳᠡᠮᠵᠢᠯᠭᠡ ᠪᠠ ᠬᠠᠪᠰᠤᠷᠤᠯᠭ᠎ᠠ ᠬᠠᠩᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠨᠢᠭᠡᠴᠡ ᠶᠢ ᠵᠣᠬᠢᠴᠠᠭᠤᠯᠵᠤ᠂ ᠨᠡᠶᠢᠲᠡ 100 ᠲᠣᠨ ᠡᠪᠡᠰᠦ ᠪᠣᠷᠳᠤᠭ᠎ᠠ ᠶᠢ ᠲᠣᠬᠢᠷᠠᠭᠤᠯᠤᠨ ᠨᠥᠭᠡᠴᠡᠯᠡᠵᠡᠢ᠃ ᠰᠤᠮᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶᠎ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠭᠤᠯᠤᠯᠭ᠎ᠠ ᠶᠢᠨ ᠺᠠᠳ᠋ᠷ ᠂ ᠲᠣᠮᠢᠯᠠᠭᠰᠠᠨ ᠰᠠᠯᠪᠤᠷᠢ᠂ ᠠᠷᠠᠴᠢᠯᠠᠨ ᠬᠠᠮᠠᠭᠠᠯᠠᠬᠤ ᠠᠩᠭᠢ᠂ ᠴᠠᠬᠢᠯᠭᠠᠨ ᠤ ᠦᠢᠯᠡᠰ ᠤᠨ ᠲᠣᠪᠴᠢᠶ᠎ᠠ ︵ᠴᠠᠬᠢᠯᠭᠠᠨ ᠬᠠᠩᠭᠠᠬᠤ ᠭᠠᠵᠠᠷ︶᠂ ᠡᠷᠡᠭᠦᠯ ᠬᠠᠮᠠᠭᠠᠯᠠᠯ ᠤᠨ ᠬᠤᠷᠢᠶ᠎ᠠ᠂ ᠥᠯᠵᠡᠢ ᠰᠤᠷᠭᠠᠭᠤᠯᠢ ᠵᠡᠷᠭᠡ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠵᠤ᠂ ᠠᠴᠢᠶᠠᠯᠠᠵᠤ ᠪᠠᠭᠤᠯᠭᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠣᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠵᠦ᠂ ᠡᠪᠡᠰᠦ ᠪᠣᠷᠳᠤᠭ᠎ᠠ ᠶᠢ ᠨᠥᠭᠡᠴᠡᠯᠡᠬᠦ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠵᠠᠢ᠃       ᠦᠷᠭᠦᠯᠵᠢᠯᠡᠭᠰᠡᠨ ᠭᠠᠩ ᠬᠠᠭᠰᠠᠷᠠᠭᠠᠨ ᠤ ᠡᠮᠦᠨ᠎ᠡ᠂ ᠥᠯᠵᠡᠢ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ︽ᠬᠦᠨᠳᠦ ᠬᠡᠴᠡᠭᠦᠦ ᠭᠠᠩ ᠬᠠᠭᠰᠠᠷᠠᠭᠠᠨ ᠲᠠᠢ ᠲᠡᠮᠡᠴᠡᠵᠦ᠂ ᠤᠷᠳᠤ ᠬᠤᠭᠤᠴᠠᠭᠠᠨ ᠤ ᠭᠠᠩ ᠬᠠᠭᠰᠠᠷᠠᠭᠠᠨ ᠢ ᠳᠠᠪᠠᠨ ᠲᠤᠭᠤᠯᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠠᠷᠯᠢᠭ ᠤᠨ ᠳᠠᠭᠠᠤ ᠬᠥᠳᠡᠯᠦᠯᠴᠡᠵᠦ᠂ ᠭᠠᠩ ᠬᠠᠭᠰᠠᠷᠠᠭᠠᠨ ᠲᠠᠢ ᠲᠡᠮᠡᠴᠡᠵᠦ ᠮᠠᠯ ᠠᠵᠤ ᠠᠬᠤᠢ ᠶᠢ ᠬᠠᠮᠠᠭᠠᠯᠠᠬᠤ ︽ᠬᠠᠲᠠᠭᠤ ᠡᠭᠦᠷᠭᠡ︾᠎ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠰᠤᠮᠤ ︱ ᠭᠠᠴᠠᠭ᠎ᠠ ︱ ᠮᠠᠯᠵᠢᠬᠤ ᠡᠷᠦᠬᠡ ᠭᠤᠷᠪᠠᠨ ᠳᠡᠰ ᠤᠨ ᠡᠪᠡᠰᠦ ᠬᠠᠳᠠᠭᠠᠯᠠᠬᠤ ᠵᠠᠭᠪᠤᠷ ᠢ ᠪᠠᠶᠢᠭᠤᠯᠵᠤ᠂ ᠡᠯ᠎ᠡ ᠲᠦᠷᠦᠯ ᠤᠨ ᠲᠤᠰᠬᠠᠢ ᠪᠡᠯᠡ ᠮᠥᠩᠭᠦ ᠶᠢ ᠨᠡᠶᠢᠢᠳᠡ 822 ᠲᠦᠮᠡᠨ ᠲᠥᠭᠦᠷᠢᠭ ᠣᠯᠵᠤ᠂ 6 ᠬᠥᠮᠥᠷᠭᠡ ᠶᠢ ᠪᠠᠶᠢᠭᠤᠯᠵᠤ᠂ ᠭᠠᠩ ᠬᠠᠭᠰᠠᠷᠠᠭᠠᠨ ᠢ ᠳᠠᠪᠠᠨ ᠲᠤᠭᠤᠯᠬᠤ ᠤᠰᠤᠨ ᠤ ᠡᠬᠢ ᠰᠤᠷᠪᠤᠯᠵᠢ ᠶᠢᠨ ᠬᠤᠳᠳᠤᠭ ᠢ 16 ᠭᠠᠷᠭᠠᠵᠠᠢ᠃ 40 ᠭᠠᠷᠤᠢ ᠲᠦᠮᠡᠨ ᠲᠥᠭᠦᠷᠢᠭ ᠤᠨ ᠭᠠᠩ ᠬᠠᠭᠰᠠᠷᠠᠭᠠᠨ ᠢ ᠳᠠᠪᠠᠨ ᠲᠤᠭᠤᠯᠬᠤ ᠳᠡᠭᠡᠳᠦ ᠱᠠᠲᠤᠨ ᠤ ᠨᠥᠬᠦᠪᠦᠷᠢ ᠮᠥᠩᠭᠦ ᠭᠤᠶᠤᠴᠢᠯᠠᠵᠤ᠂ 500 ᠭᠠᠷᠤᠢ ᠲᠣᠨ ᠡᠪᠡᠰᠦ ᠪᠣᠷᠳᠤᠭ᠎ᠠ ᠲᠦᠭᠡᠭᠡᠵᠦ᠂ ᠭᠠᠩ ᠬᠠᠭᠰᠠᠷᠠᠭᠠᠨ ᠤ ᠪᠠᠶᠢᠳᠠᠯ ᠢ ᠠᠷᠭᠠᠴᠠᠬᠤ ᠳᠤ ᠪᠠᠲᠤ ᠰᠠᠭᠤᠷᠢ ᠶᠢ ᠲᠠᠯᠪᠢᠭᠰᠠᠨ ᠪᠠᠶᠢᠨ᠎ᠠ᠃       ᠬᠤᠶᠢᠰᠢᠳᠠ᠂ ᠥᠯᠵᠡᠢ ᠰᠤᠮᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠡᠪᠡᠰᠦ ᠪᠣᠷᠳᠤᠭ᠎ᠠ ᠶᠢ ᠨᠥᠭᠡᠴᠡᠯᠡᠵᠦ ᠲᠣᠬᠢᠷᠠᠭᠤᠯᠤᠨ ᠨᠥᠭᠡᠴᠡᠯᠡᠬᠦ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠠᠮᠵᠢᠯᠴᠠᠬᠤ ᠶᠢ ᠨᠢᠭᠲᠠᠷᠠᠭᠤᠯᠤᠨ᠂ ᠡᠪᠡᠰᠦ ᠪᠣᠷᠳᠤᠭ᠎ᠠ ᠶᠢ ᠨᠥᠭᠡᠴᠡᠯᠡᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠨᠥᠯᠥᠭᠡᠯᠡᠬᠦ ᠬᠡᠪᠴᠢᠶ᠎ᠡ ᠶᠢ ᠥᠷᠭᠡᠳᠬᠡᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠪᠡᠰᠦ ᠪᠣᠷᠳᠤᠭ᠎ᠠ ᠶᠢ ᠨᠥᠭᠡᠴᠡᠯᠡᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠤᠬᠠᠢ ᠶᠢᠨ ᠭᠠᠵᠠᠷ ᠤᠨ ᠮᠠᠯᠴᠢᠳ ᠪᠠ ᠮᠠᠯ ᠠᠵᠤ ᠠᠬᠤᠢ ᠶᠢᠨ ᠬᠥᠭᠵᠢᠯᠲᠡ ᠳᠤ ᠨᠠᠩ ᠰᠠᠶᠢᠨ ᠰᠠᠶᠢᠬᠠᠨ ᠨᠥᠬᠦᠴᠡᠯ ᠢ ᠡᠭᠦᠳᠬᠦ ᠪᠣᠯᠣᠨ᠎ᠠ᠃
     
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号