ᠥᠯᠵᠡᠶ ᠰᠤᠷᠭᠠᠭᠤᠯᠢ ᠡᠷᠬᠢᠨ ᠲᠣᠭᠤᠷᠢᠨ ᠤ ᠠᠵᠤ ᠠᠬᠤᠶᠢᠯᠠᠯ ᠳᠤ ᠬᠦᠷᠴᠦ ᠰᠣᠷᠣᠭᠴᠢ ᠡᠯᠰᠡᠬᠦ ᠤᠬᠠᠭᠤᠯᠭ᠎ᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/7/16
   ︽ᠲᠠᠨ ᠤ ᠰᠤᠷᠭᠠᠭᠤᠯᠢ ᠪᠣᠯ ᠮᠠᠨ ᠤ ᠠᠵᠤ ᠠᠬᠤᠶᠢᠯᠠᠯ ᠠᠴᠠ ᠬᠠᠮᠤᠭ ᠤᠨ ᠣᠶᠢᠷ᠎ᠠ ᠰᠤᠷᠭᠠᠭᠤᠯᠢ ᠶᠤᠮ᠂ ᠮᠠᠨ ᠤ ᠠᠵᠤ ᠠᠬᠤᠶᠢᠯᠠᠯ ᠳᠤ ᠵᠠᠯᠠᠭᠤᠴᠣᠳ ᠣᠯᠠᠨ᠂ ᠬᠡᠦᠬᠡᠳ ᠢᠶᠠᠨ ᠰᠤᠷᠭᠠᠭᠤᠯᠢ ᠳᠤ ᠣᠷᠣᠭᠤᠯᠬᠤ ᠭᠡᠵᠦ ᠵᠣᠪᠠᠵᠣ ᠪᠠᠶᠢᠬᠤ ᠳᠤ ᠲᠠ ᠨᠠᠷ ᠬᠦᠷᠦᠭᠡᠳ ᠢᠷᠡᠯ᠎ᠡ︾ ᠭᠡᠪᠡ᠃ ᠥᠪᠥᠷ ᠮᠣᠩᠭᠤᠯ ᠤᠨ ᠪᠥᠸᠧ ᠶᠤᠸᠠᠨ ᠤ ᠢᠩᠭᠡᠨ ᠎ ᠳᠠᠬᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠠᠵᠢᠯᠯᠠᠭᠠᠨ ᠤ ᠲᠠᠰᠤᠭ ᠲᠤ᠂ ᠲᠣᠰ ᠤᠳᠠᠭᠠᠨ ᠤ ᠣᠨᠴᠠᠭᠠᠶ ᠰᠣᠷᠣᠭᠴᠢ ᠡᠯᠰᠡᠬᠦ ᠤᠬᠠᠭᠤᠯᠭ᠎ᠠ ᠶᠢᠨ ᠠᠵᠢᠯᠯᠠᠭ᠎ᠠ ᠨᠢ ᠶᠡᠭᠡ ᠬᠡᠮᠵᠢᠶᠡᠨ ᠤ ᠠᠵᠤ ᠠᠬᠤᠶᠢᠯᠠᠯ ᠤᠨ ᠠᠵᠢᠯᠲᠠᠨ ᠤ ᠠᠩᠬᠠᠷᠤᠯ ᠢ ᠲᠠᠲᠠᠵᠠᠶ᠃ ᠡᠨᠡ ᠪᠣᠯ ᠥᠯᠵᠡᠶ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠥᠯᠵᠡᠶ ᠰᠤᠷᠭᠠᠭᠤᠯᠢ᠂ ᠬᠡᠤᠬᠡᠳ ᠤᠨ ᠴᠡᠴᠡᠷᠯᠢᠭ ᠲᠠᠢ ᠬᠠᠮᠲᠤᠷᠠᠨ ᠥᠪᠥᠷ ᠮᠣᠩᠭᠤᠯ ᠤᠨ ᠪᠥᠸᠧ ᠶᠤᠸᠠᠨ ᠤ ᠢᠩᠭᠡᠨ ᠳᠠᠬᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠥᠷᠨᠢᠭᠦᠯᠦᠭᠰᠡᠨ ᠨᠢᠭᠡ ᠤᠳᠠᠭᠠᠨ ᠤ ᠰᠣᠷᠣᠭᠴᠢ ᠡᠯᠰᠡᠬᠦ ᠤᠬᠠᠭᠤᠯᠭ᠎ᠠ ᠶᠢᠨ ᠠᠵᠢᠯᠯᠠᠭ᠎ᠠ ᠪᠣᠯᠤᠨ᠎ᠠ᠃    ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠪᠥᠸᠧ ᠶᠤᠸᠠᠨ ᠤ ᠢᠩᠭᠡᠨ ᠳᠠᠬᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠨᠢ ᠥᠪᠥᠷ ᠮᠣᠩᠭᠤᠯ ᠤᠨ ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤᠨ ᠤ ᠲᠠᠩᠰᠣᠭᠪᠣᠯᠠᠭ ᠰᠤᠮᠤ ᠶᠢᠨ ᠡᠩᠭᠡᠷ ᠤᠰᠤ ᠭᠠᠴᠠᠭᠠᠨ ᠤ ᠬᠢᠯᠢ ᠪᠠᠷ ᠪᠠᠶᠢᠷᠢᠯᠠᠵᠤ᠂  ᠪᠦᠷᠢᠳᠭᠡᠯ ᠳᠤ ᠪᠠᠶᠢᠭ᠎ᠠ ᠠᠵᠢᠯᠲᠠᠨ 900 ᠭᠠᠷᠤᠶ ᠪᠠᠶᠢᠵᠤ᠂ ᠶᠡᠬᠡᠩᠬᠢ ᠬᠡᠰᠡᠭ ᠨᠢ ᠵᠠᠯᠠᠭᠤᠴᠤᠳ ᠶᠤᠮ᠃ ᠲᠣᠰ ᠺᠣᠮᠫᠠᠨᠢ ᠬᠡᠳᠦ᠋ᠢᠪᠡᠷ ᠠᠯᠠᠱᠠ ᠪᠠᠷᠠᠭᠤᠨ ᠬᠤᠰᠢᠭᠤᠨ ᠤ ᠬᠢᠯᠢ ᠳᠣᠲᠣᠷ᠎ᠠ ᠪᠠᠶᠢᠷᠢᠯᠠᠵᠤ ᠪᠠᠶᠢᠭ᠎ᠠ ᠪᠣᠯᠪᠠᠴᠤ ᠠᠯᠠᠱᠠ ᠪᠠᠷᠠᠭᠤᠨ ᠬᠤᠰᠢᠭᠤᠨ ᠤ ᠬᠠᠮᠤᠭ ᠤᠨ ᠣᠶᠢᠷ᠎ᠠ ᠰᠤᠷᠭᠠᠭᠤᠯᠢ ᠠᠴᠠ ᠴᠥᠮ 400 ᠭᠠᠷᠤᠶ ᠺᠢᠯᠣᠮᠧᠲᠷ ᠵᠠᠶᠢᠲᠠᠶ ᠪᠠᠶᠢᠳᠠᠭ᠂ ᠠᠯᠠᠱᠠ ᠪᠠᠷᠠᠭᠤᠨ ᠬᠤᠰᠢᠭᠤ ᠲᠠᠢ ᠵᠠᠬ᠎ᠠ ᠨᠡᠶᠢᠯᠡᠵᠦ ᠪᠠᠶᠢᠭ᠎ᠠ ᠠᠯᠠᠱᠠ ᠵᠡᠭᠦᠨ ᠬᠤᠰᠢᠭᠤᠨ ᠤ ᠥᠯᠵᠡᠶ ᠰᠤᠮᠤ ᠨᠢ ᠥᠪᠥᠷ ᠮᠣᠩᠭᠤᠯ ᠤᠨ ᠪᠥᠸᠧ ᠶᠤᠸᠠᠨ ᠤ ᠢᠩᠭᠡᠨ ᠳᠠᠬᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠠᠴᠠ ᠵᠥᠪᠬᠡᠨ 170 ᠺᠢᠯᠣᠮᠧᠲᠷ ᠵᠠᠶᠢᠲᠠᠶ ᠪᠠᠶᠢᠳᠠᠭ᠃ ᠥᠯᠵᠡᠶ ᠰᠤᠷᠭᠠᠭᠤᠯᠢ ᠪᠣᠯ ᠠᠯᠠᠱᠠ ᠵᠡᠭᠦᠨ ᠬᠤᠰᠢᠭᠤᠨ ᠤ 2023 ᠣᠨ ᠤ 9 ᠰᠠᠷ᠎ᠠ ᠳᠤ ᠰᠢᠨ᠎ᠡ ᠪᠠᠷ ᠪᠠᠶᠢᠭᠤᠯᠤᠭᠰᠠᠨ ᠲᠣᠳᠣᠭᠤᠷ ᠪᠠᠶᠢᠷᠢ ᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠪᠣᠯᠤᠨ᠎ᠠ᠂ ᠰᠤᠷᠭᠠᠭᠤᠯᠢ ᠶᠢᠨ ᠶᠡᠷᠦᠩᠬᠡᠶ ᠲᠠᠯᠠᠪᠠᠶ ᠨᠢ 18909 ᠺᠦᠸᠠᠳ᠋ ᠮᠧᠲᠷ᠂ ᠬᠤᠶᠠᠷ ᠳᠠᠪᠬᠤᠷᠯᠢᠭ ᠲᠠᠢ ᠰᠣᠷᠣᠭᠴᠢ ᠶᠢᠨ ᠪᠠᠶᠢᠷᠢ ᠶᠢᠨ ᠠᠰᠠᠷ᠂  ᠭᠤᠷᠪᠠᠨ ᠳᠠᠪᠬᠤᠷᠯᠢᠭ ᠲᠠᠢ ᠵᠢᠭᠠᠨ ᠰᠤᠷᠭᠠᠯᠲᠠ ᠶᠢᠨ ᠠᠰᠠᠷ᠂ ᠰᠣᠷᠣᠭᠴᠢ ᠶᠢᠨ ᠬᠤᠭᠤᠯᠠᠨ ᠬᠡᠷ᠂ ᠰᠠᠭᠰᠤᠨ ᠪᠥᠮᠪᠦᠭᠡ ᠶᠢᠨ ᠲᠠᠯᠠᠪᠠᠶ᠂ ᠠᠯᠠᠭᠠᠳᠠᠬᠤ ᠪᠥᠮᠪᠦᠭᠡ ᠶᠢᠨ ᠲᠠᠯᠠᠪᠤᠷ ᠵᠡᠷᠭᠡ ᠵᠢᠭᠠᠨ ᠰᠤᠷᠭᠠᠯᠲᠠ ᠶᠢᠨ ᠲᠠᠯᠠᠪᠤᠷ ᠪᠠᠶᠢᠵᠤ᠂ 180 ᠡᠷᠳᠡᠮ ᠤᠨ ᠴᠣᠯᠠ ᠪᠠ 134 ᠪᠠᠶᠢᠷᠢ ᠶᠢᠨ ᠣᠷᠣ ᠪᠠᠶᠢᠵᠤ ᠰᠤᠷᠤᠭᠴᠢᠳ ᠤᠨ ᠰᠤᠷᠤᠯᠭ᠎ᠠ ᠠᠮᠢᠳᠤᠷᠠᠯ ᠳᠤ ᠬᠠᠩᠭᠠᠵᠤ ᠪᠠᠶᠢᠳᠠᠭ᠃ ᠠᠵᠢᠯ ᠤᠨ ᠪᠠᠶᠢᠷᠢ ᠳᠤ ᠪᠠᠶᠢᠭ᠎ᠠ ᠠᠶᠢᠮᠠᠭ ᠤᠨ ᠲᠠᠰ ᠤᠨ ᠰᠢᠯᠢᠳᠡᠭ ᠪᠠᠭᠰᠢ᠂ ᠵᠢᠭᠠᠨ ᠰᠤᠷᠭᠠᠬᠤ ᠴᠢᠳᠠᠪᠤᠷᠢᠲᠠᠨ ᠵᠢᠴᠢ ᠬᠤᠰᠢᠭᠤᠨ ᠤ ᠲᠠᠰ ᠤᠨ ᠰᠢᠯᠢᠳᠡᠭ ᠠᠩᠭᠢ ᠶᠢᠨ ᠡᠷᠬᠢᠯᠡᠭᠴᠢ᠂ ᠪᠠᠭᠰᠢ ᠠᠵᠢᠯᠲᠠᠨ 41 ᠬᠥᠮᠦᠨ ᠪᠠᠶᠢᠵᠤ᠂ ᠲᠡᠭᠦᠯᠳᠡᠷᠵᠢᠭᠰᠡᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠨᠥᠬᠦᠴᠡᠯ ᠨᠢ ᠡᠷᠬᠢᠨ ᠲᠣᠭᠤᠷᠢᠨ ᠤ ᠮᠠᠯᠴᠢᠳ ᠵᠢᠴᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠷ᠎ᠡ ᠬᠡᠦᠬᠡᠳ ᠤᠨ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ ᠬᠡᠷᠡᠭᠴᠡᠭᠡ ᠶᠢ ᠬᠠᠩᠭᠠᠪᠠ᠃    ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠨᠠᠩ ᠰᠠᠶᠢᠲᠤᠷ ᠰᠢᠯᠢᠳᠡᠭᠵᠢᠭᠦᠯᠵᠦ᠂ ᠠᠯᠠᠱᠠ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠪᠠᠰᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠬᠦᠢᠴᠡᠳ ᠠᠰᠢᠭᠯᠠᠬᠤ ᠶᠢᠨ ᠲᠥᠯᠥᠭᠡ᠂ ᠥᠯᠵᠡᠶ ᠰᠤᠮᠤ ᠰᠡᠳᠬᠢᠴᠡ ᠪᠠᠨ ᠰᠢᠨᠡᠴᠢᠯᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠶ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠥᠪᠥᠷ ᠮᠣᠩᠭᠤᠯ ᠤᠨ ᠪᠥᠸᠧ ᠶᠤᠸᠠᠨ ᠤ ᠢᠩᠭᠡᠨ ᠳᠠᠬᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠰᠣᠷᠣᠭᠴᠢ ᠡᠯᠰᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃ ᠠᠯᠠᠱᠠ ᠵᠡᠭᠦᠨ ᠬᠤᠰᠢᠭᠤᠨ ᠤ ᠥᠯᠵᠡᠶ ᠰᠤᠮᠤᠨ ᠤ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠴᠧᠨ ᠬᠤᠸᠠᠢ ᠮᠢᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠥᠯᠵᠡᠶ ᠰᠤᠮᠤ ᠶᠢᠨ ᠬᠢᠨ ᠠᠷᠠᠳ ᠤᠨ ᠲᠥᠯᠥᠭᠡ ᠰᠤᠷᠭᠠᠭᠤᠯᠢ ᠡᠷᠭᠢᠯᠡᠵᠦ᠂ ᠠᠵᠤ ᠠᠬᠤᠶᠢᠯᠠᠯ ᠤᠨ ᠲᠥᠯᠥᠭᠡ ᠵᠣᠪᠠᠨᠢᠯ ᠢ ᠬᠤᠪᠢᠶᠠᠯᠴᠠᠬᠤ ᠵᠠᠷᠴᠢᠮ ᠶᠣᠰᠣᠭᠠᠷ᠂ ᠠᠵᠤ ᠠᠬᠤᠶᠢᠯᠠᠯ ᠢ ᠬᠠᠪᠰᠤᠷᠤᠨ ᠠᠵᠢᠯᠲᠠᠨ ᠠᠵᠢᠯᠴᠢᠨ ᠤ ᠦᠷ᠎ᠡ ᠬᠡᠦᠬᠡᠳ ᠤᠨ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ ᠪᠣᠳᠠᠲᠠᠶ ᠬᠡᠷᠡᠭᠴᠡᠭᠡ ᠶᠢ ᠰᠢᠢᠳᠪᠦᠷᠢᠯᠡᠵᠦ᠂ ᠠᠵᠢᠯᠲᠠᠨ ᠠᠵᠢᠯᠴᠢᠨ ᠤ ᠭᠠᠷᠠᠭ ᠪᠦᠷᠢ ᠦᠷ᠎ᠡ ᠬᠡᠦᠬᠡᠳ ᠲᠠᠢ ᠪᠠᠨ ᠠᠭᠤᠯᠵᠠᠵᠤ ᠴᠢᠳᠠᠬᠤ ᠶᠢ ᠪᠠᠲᠣᠯᠠᠵᠤ᠂ ᠠᠵᠤ ᠠᠬᠤᠶᠢᠯᠠᠯ ᠤᠨ ᠬᠥᠭᠵᠢᠯᠲᠡ ᠳᠤ ᠵᠣᠪᠠᠭ᠋ᠣ ᠤᠴᠢᠷ ᠦᠭᠡᠢ ᠪᠤᠯᠭᠠᠭᠰᠠᠨ ᠪᠥᠭᠡᠳ ᠪᠠᠰᠠ ᠠᠯᠠᠱᠠ ᠳᠤ ᠴᠢᠳᠠᠪᠤᠷᠢᠲᠠᠨ ᠢ ᠦᠯᠡᠳᠡᠭᠡᠵᠤ ᠴᠢᠳᠠᠭᠰᠠᠨ ᠪᠠᠶᠢᠨ᠎ᠠ ᠭᠡᠵᠡᠶ᠃    ᠲᠣᠰ ᠤᠳᠠᠭᠠᠨ ᠤ ᠰᠣᠷᠣᠭᠴᠢ ᠡᠯᠰᠡᠬᠦ ᠤᠬᠠᠭᠤᠯᠭ᠎ᠠ ᠪᠣᠯ ᠥᠯᠵᠡᠶ ᠰᠤᠮᠤ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠪᠠᠷᠢᠮᠲᠠᠯᠠᠵᠤ᠂ ᠬᠤᠰᠢᠭᠤ ᠠᠯᠤᠰᠯᠠᠭᠰᠠᠨ ᠪᠥᠬᠦ ᠠᠶᠢᠮᠠᠭ ᠤᠨ ᠴᠢᠬᠤᠯᠠ ᠶᠡᠭᠡ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠬᠦ ᠰᠢᠨ᠎ᠡ ᠶᠢ ᠡᠭᠦᠳᠬᠦ ᠲᠤᠷᠰᠢᠯᠲᠠ ᠮᠥᠨ᠂ ᠪᠠᠰᠠ ᠴᠤ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭᠠᠨ ᠤ ᠢᠯᠡᠷᠡᠯ ᠮᠥᠨ᠃ ᠲᠠᠷᠠᠭᠠᠴᠢ ᠶᠢᠨ ᠠᠯᠬᠤᠮ ᠳᠤ᠂ ᠥᠯᠵᠡᠶ ᠰᠤᠮᠤ ᠡᠷᠬᠢᠨ ᠲᠣᠭᠤᠷᠢᠨ ᠤ ᠰᠤᠮᠤ ᠪᠠᠯᠭᠠᠰᠤ᠂ ᠠᠵᠤ ᠠᠬᠤᠶᠢᠯᠠᠯ ᠯᠤᠭ᠎ᠠ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠦᠷᠭᠦᠯᠵᠢᠯᠡᠨ ᠰᠠᠶᠢᠲᠤᠷ ᠬᠢᠵᠦ᠂ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠤᠨ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ ᠶᠢ ᠬᠠᠪᠰᠤᠷᠤᠨ ᠰᠢᠢᠳᠪᠦᠷᠢᠯᠡᠬᠦ ᠲᠠᠯ᠎ᠠ ᠪᠠᠷ ᠬᠠᠯᠠᠭᠤᠨ ᠳᠤᠯᠠᠭᠠᠨ᠂  ᠪᠥᠬᠦ ᠲᠠᠯ᠎ᠠ ᠶᠢᠨ ᠦᠢᠯᠡᠴᠢᠯᠡᠭᠡ ᠬᠠᠩᠭᠠᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号