﹇ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ﹈ ᠱᠠᠩᠨᠠᠵᠤ ᠲᠣᠷᠭᠠᠬᠤ ᠶᠢ ᠲᠣᠳᠣᠷᠬᠠᠢ ᠪᠤᠯᠭᠠᠵᠦ ᠦᠨᠡᠨᠴᠢ ᠢᠲᠡᠭᠡᠮᠵᠢ ᠶᠢ ᠡᠷᠭᠢᠮᠯᠡᠭᠰᠡᠳ ᠢ ᠢᠯᠭᠤᠮ ᠤᠷᠤᠭᠰᠢᠲᠠᠢ ᠪᠠᠶᠢᠯᠭᠠᠶ᠎ᠠ
ᠨᠡᠶᠢᠲᠡᠯᠡᠭᠰᠡᠨ ᠴᠠᠭ᠄
2024/7/16
        - ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ      ᠎ ᠢ ᠶᠡᠭᠡ ᠪᠠᠷ ᠬᠡᠷᠡᠭᠵᠢᠭᠦᠯᠬᠦ ᠲᠤᠬᠠᠢ ᠰᠢᠷᠢᠰ ᠥᠭᠦᠯᠡᠮᠵᠢ                   ᠶᠤᠸᠠᠨ ᠪᠦᠦ ᠨᠢᠶᠠᠨ            ᠬᠥᠮᠥᠨ ᠢᠲᠡᠭᠡᠯ ᠬᠦᠨᠳᠦ ᠪᠠᠨ ᠪᠠᠷᠠᠵᠤ ᠪᠤᠯᠬᠤ ᠦᠭᠡᠢ᠂ ᠢᠷᠭᠡᠳ ᠢᠲᠡᠭᠡᠯ ᠬᠦᠨᠳᠦ ᠪᠠᠨ ᠪᠠᠷᠠᠪᠠᠯ ᠦᠢᠯᠡᠰ ᠪᠦᠲᠦᠭᠡᠵᠦ ᠴᠢᠳᠠᠬᠤ ᠦᠭᠡᠢ᠂ ᠢᠲᠡᠭᠡᠮᠵᠢ ᠦᠭᠡᠢ ᠦᠢᠯᠡᠰ ᠬᠥᠭᠵᠢᠨ ᠮᠠᠨᠳᠤᠵᠤ ᠴᠢᠳᠠᠬᠤ ᠦᠭᠡᠢ᠃ ᠦᠨᠡᠨᠴᠢ ᠢᠲᠡᠭᠡᠮᠵᠢ ᠨᠢ ᠬᠡᠳᠦᠶᠢᠪᠡᠷ ᠨᠢᠳᠦᠨ ᠳᠤ ᠦᠵᠡᠭᠳᠡᠵᠦ ᠭᠠᠷ ᠲᠤ ᠪᠠᠷᠢᠭᠳᠠᠬᠤ ᠦᠭᠡᠢ ᠪᠤᠯᠪᠠᠴᠤ ᠨᠢᠭᠡ ᠬᠥᠮᠥᠨ ᠤ ᠣᠷᠣᠰᠢᠨ ᠲᠣᠭᠲᠠᠨᠢᠬᠤ ᠶᠢᠨ ᠦᠨᠳᠦᠰᠦ᠂ ᠠᠵᠤ ᠠᠬᠤᠢ ᠨᠡᠶᠢᠭᠡᠮ ᠤᠨ ᠡᠷᠭᠢᠯᠲᠡ ᠶᠢᠨ ᠰᠠᠭᠤᠷᠢ ᠪᠤᠯᠳᠠᠭ᠃ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠠᠴᠠ ᠱᠠᠩᠨᠠᠵᠤ ᠲᠣᠷᠭᠠᠬᠤ ᠶᠢ ᠲᠣᠳᠣᠷᠬᠠᠢ ᠪᠤᠯᠭᠠᠬᠤ ᠠᠵᠢᠯ ᠢ ᠰᠠᠶᠢᠲᠤᠷ ᠬᠢᠵᠦ᠂ ᠢᠲᠡᠭᠡᠮᠵᠢ ᠲᠠᠢ ᠬᠥᠮᠥᠰ ᠢ ᠬᠡᠵᠢᠶ᠎ᠡ ᠬᠠᠮᠢᠭ᠎ᠠ ᠪᠤᠯᠪᠠᠴᠤ ᠢᠯᠭᠤᠮ ᠤᠷᠤᠭᠰᠢᠲᠠᠢ ᠪᠠᠶᠢᠯᠭᠠᠵᠤ᠂ ᠢᠲᠡᠭᠡᠮᠵᠢ ᠪᠠᠨ ᠠᠯᠳᠠᠭᠰᠠᠳ ᠢ ᠨᠢᠭᠡ ᠠᠯᠬᠤᠮ ᠤᠷᠤᠭᠰᠢᠯᠠᠬᠤ ᠳᠤ ᠴᠸ ᠬᠦᠴᠢᠷ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠢᠯᠡ ᠲᠣᠳᠣ ᠣᠪᠣᠷ ᠪᠣᠯᠣᠨ ᠬᠠᠲᠠᠭᠤ ᠴᠢᠩᠭ᠎ᠠ ᠱᠠᠭᠠᠷᠳᠠᠯᠭ᠎ᠠ ᠶᠢ ᠬᠠᠷᠠᠭᠤᠯᠪᠠ᠃      ᠦᠨᠡᠨᠴᠢ ᠪᠠᠶᠢᠵᠤ ᠢᠲᠡᠭᠡᠯ ᠢ ᠣᠯᠵᠤ᠂ ᠢᠲᠡᠭᠡᠮᠵᠢ ᠲᠠᠢ ᠪᠠᠶᠢᠵᠤ ᠠᠮᠵᠢᠯᠲᠠ ᠳᠤ ᠭᠦᠷᠦᠨ᠎ᠠ᠃ ᠭᠠᠭᠴᠠ ᠬᠦ ᠢᠲᠡᠭᠡᠮᠵᠢ ᠶᠢ ︽ᠪᠡᠯᠡᠨ ᠮᠥᠩᠭᠦ ᠪᠤᠯᠭᠠᠵᠤ︾᠂ ᠢᠲᠡᠭᠡᠮᠵᠢ ᠶᠢ ︽ᠬᠡᠷᠡᠭᠴᠡᠭᠡ ᠲᠠᠢ︾ ᠪᠣᠯᠭᠠᠪᠠᠯ ᠰᠠᠶ᠋ᠢ ᠦᠨᠡᠨᠴᠢ ᠢᠲᠡᠭᠡᠮᠵᠢ ᠶᠢ ᠬᠥᠮᠥᠰ ᠤᠨ ᠰᠡᠳᠬᠢᠯ ᠳᠤ ︽ᠥᠷᠲᠡᠭ ᠲᠠᠢ ᠪᠤᠯᠭᠠᠵᠤ︾ ᠴᠢᠳᠠᠨ᠎ᠠ᠃ ᠢᠲᠡᠭᠡᠮᠵᠢ ᠲᠠᠢ ᠬᠥᠮᠥᠰ ᠲᠤ ᠨᠠᠩ ᠣᠯᠠᠨ ᠰᠠᠶᠢᠰᠢᠶᠠᠯ ᠬᠥᠬᠢᠭᠦᠯᠦᠯ ᠣᠯᠭᠤᠨ ᠪᠣᠳᠠᠲᠤ ᠠᠰᠢᠭ ᠬᠦᠷᠲᠡᠭᠡᠪᠡᠯ ᠰᠠᠶ᠋ᠢ ᠢᠲᠡᠭᠡᠮᠵᠢ ᠶᠢ ᠡᠷᠬᠢᠮᠯᠡᠪᠡᠯ ᠠᠰᠢᠭᠲᠠᠢ ᠪᠠᠶᠢᠬᠤ᠂ ᠢᠲᠡᠭᠡᠮᠵᠢ ᠶᠢ ᠡᠷᠭᠢᠮᠯᠡᠭᠦ ᠶᠢᠨ ᠦᠷ᠎ᠡ ᠳ᠋ᠦᠩ ᠢ ᠮᠡᠳᠡᠷᠡᠭᠦᠯᠵᠦ ᠴᠢᠳᠠᠨ᠎ᠠ᠃ ᠢᠲᠡᠭᠡᠮᠵᠢ ᠶᠢᠨ ᠬᠤᠪᠢ ᠬᠤᠷᠠᠮᠳᠤᠭᠤᠯᠬᠤ ᠳᠦᠷᠢᠮ ᠢ ᠢᠳᠡᠪᠬᠢᠲᠡᠢ ᠬᠡᠷᠡᠭᠵᠢᠭᠦᠯᠵᠦ᠂ ︽ᠣᠯᠠᠨ ᠢᠶᠠᠷ ᠢᠶᠠᠨ ᠦᠨᠡᠯᠡᠬᠦ︾ ᠲᠥᠷᠥᠯ ᠤᠨ ᠮᠡᠳᠡᠭᠡ ᠵᠠᠩᠭᠢ ᠶᠢᠨ ᠲᠠᠪᠴᠠᠩ ᠢ ᠠᠰᠢᠭᠯᠠᠵᠤ᠂ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠬᠦ ᠲᠠᠢ ᠤᠶᠠᠯᠳᠤᠭᠤᠯᠤᠨ᠂ ᠬᠤᠷᠠᠮᠳᠤᠭᠤᠯᠤᠭᠰᠠᠨ ᠬᠤᠪᠢ ᠪᠠᠷ ᠢᠶᠠᠨ ᠡᠳ᠋ ᠪᠣᠳᠠᠰ ᠰᠣᠯᠢᠬᠤ ᠲᠣᠭᠲᠠᠴᠠ ᠶᠢ ᠰᠦᠪᠡᠭᠴᠢᠯᠡᠵᠦ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠨᠡᠶᠢᠭᠡᠮ ᠤᠨ ᠪᠠᠲᠤᠯᠠᠭ᠎ᠠ ᠪᠠ ᠵᠠᠮ ᠬᠠᠷᠢᠯᠴᠠᠭ᠎ᠠ ᠶᠢᠨ ᠶᠠᠪᠤᠵᠤ ᠰᠠᠭᠤᠬᠤ᠂ ᠵᠢᠭᠤᠯᠴᠢᠯᠠᠯ ᠤᠨ ᠦᠢᠯᠡᠴᠢᠯᠡᠭᠡ ᠵᠡᠷᠭᠡ ᠲᠠᠯ᠎ᠠ ᠪᠠᠷ ᠬᠤᠷᠠᠮᠳᠤᠭᠤᠯᠤᠭᠰᠠᠨ ᠬᠤᠪᠢ ᠥᠨᠳᠥᠷ ᠪᠠᠶᠢᠭ᠎ᠠ ᠦᠨᠡᠨᠴᠢ ᠢᠲᠡᠭᠡᠮᠵᠢ ᠲᠠᠢ ᠭᠤᠣᠯ ᠴᠣᠭᠴᠠ ᠳᠤ ᠤᠯᠠᠨ ᠵᠦᠢᠯ ᠤᠨ ᠬᠠᠷᠠᠭᠠᠯᠵᠠᠯ ᠦᠵᠡᠭᠦᠯᠦᠨ᠂ ᠦᠨᠡᠨᠴᠢ ᠢᠲᠡᠭᠡᠮᠵᠢ ᠲᠠᠢ ᠲᠡᠷᠢᠭᠦᠨ ᠤ ᠨᠡᠶᠢᠲᠡᠯᠢᠭ ᠵᠢᠱᠢᠶ᠎ᠡ ᠳᠤ ᠨᠡᠩ ᠤᠯᠠᠨ ᠳᠥᠭᠦᠮ ᠳᠥᠲᠡ ᠳᠣᠲᠣᠨᠣᠰᠤᠭ ᠬᠠᠷᠠᠭᠠᠯᠵᠠᠯ ᠦᠵᠡᠭᠦᠯᠵᠦ᠂ ᠨᠡᠩ ᠥᠨᠳᠥᠷ ᠢᠲᠡᠭᠡᠮᠵᠢ ᠶᠢᠨ ᠲᠤᠭ᠎ᠠ ᠬᠡᠮᠵᠢᠶ᠎ᠡ᠂ ᠨᠡᠩ ᠶᠡᠭᠡ ᠬᠡᠮᠵᠢᠶ᠎ᠡ ᠪᠠᠷ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠤ ᠣᠷᠤᠯᠴᠠᠬᠤ ᠨᠡᠩ ᠤᠯᠠᠨ ᠲᠣᠭᠢᠶᠠᠯ ᠣᠯᠭᠤᠨ᠂ ᠢᠲᠡᠭᠡᠮᠵᠢ ᠲᠠᠢ ᠬᠥᠮᠥᠰ ᠢ ᠢᠷᠠᠭᠤ ᠠᠯᠳᠠᠷ ᠤᠨ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠲᠠᠢ ᠪᠤᠯᠭᠠᠬᠤ ᠬᠡᠷᠡᠭᠲᠡᠢ᠃      ᠱᠠᠩᠨᠠᠯ ᠲᠠᠢ ᠪᠣᠯ ᠲᠣᠷᠭᠠᠭᠤᠯᠢ ᠲᠠᠢ ᠪᠠᠶᠢᠬᠤ ᠬᠡᠷᠡᠭᠲᠡᠢ᠃ ᠢᠲᠡᠭᠡᠮᠵᠢ ᠲᠠᠢ ᠬᠥᠮᠥᠰ ᠲᠤ ᠠᠰᠢᠭ ᠬᠦᠷᠲᠡᠭᠡᠬᠦ ᠪᠠᠷ ᠪᠠᠷᠠᠬᠤ ᠦᠭᠡᠢ᠂ ᠢᠲᠡᠭᠡᠮᠵᠢ ᠪᠠᠨ ᠠᠯᠳᠠᠭᠰᠠᠳ ᠲᠤ ᠨᠠᠩ ᠴᠤ ᠭᠠᠴᠢᠭᠳᠠᠵᠤ ᠲᠦᠪᠡᠭᠳᠡᠬᠦ ᠲᠥᠷᠥᠭᠳᠡᠯ ᠲᠠᠢ ᠪᠤᠯᠭᠠᠵᠤ᠂ ᠲᠡᠳᠡᠨ ᠢᠶᠠᠷ ᠵᠣᠬᠢᠬᠤ ᠦᠷᠲᠡᠭ ᠭᠠᠷᠭᠠᠭᠤᠯᠵᠤ᠂ ᠣᠯᠵᠠ ᠨᠢ ᠭᠠᠷᠤᠵᠠ ᠳᠠᠭᠠᠨ ᠬᠦᠷᠬᠦ ᠦᠭᠡᠢ ᠪᠤᠯᠭᠠᠬᠤ ᠬᠡᠷᠡᠭᠲᠡᠢ᠃ ᠦᠨᠡᠨᠴᠢ ᠢᠲᠡᠭᠡᠮᠵᠢ ᠦᠭᠡᠢ ᠠᠵᠤ ᠠᠬᠤᠶᠢᠯᠠᠯ ᠨᠢᠭᠡ ᠭᠠᠵᠠᠷ ᠲᠤ ᠢᠲᠡᠭᠡᠮᠵᠢ ᠠᠯᠳᠠᠪᠠᠯ ᠭᠠᠵᠠᠷ ᠪᠣᠯᠭᠠᠨ ᠳᠤ ᠬᠦᠯᠢᠶᠡᠰᠦᠯᠡᠭᠳᠡᠵᠦ ᠬᠢᠵᠠᠭᠠᠷᠯᠠᠭᠳᠠᠬᠤ ᠪᠤᠯᠭᠠᠬᠤ ᠭᠡᠷᠡᠭᠲᠡᠶ᠂ ᠦᠨᠡᠨᠴᠢ ᠢᠲᠡᠭᠡᠮᠵᠢ ᠦᠭᠡᠢ ᠬᠤᠪᠢ ᠬᠥᠮᠥᠨ ᠳᠤ ᠴᠦ ᠣᠯᠠᠨ ᠳᠠᠪᠬᠤᠷ ᠬᠤᠷᠢᠭ᠎ᠠ ᠪᠣᠰᠬᠠᠵᠤ᠂ ︽ᠮᠡᠯᠵᠢᠭᠴᠢ ᠥᠷᠢᠲᠡᠨ︾᠎ ᠢ ᠣᠷᠣᠩᠨᠠᠬᠤ ᠭᠠᠵᠠᠷ ᠦᠭᠡᠢ ᠪᠤᠯᠭᠠᠬᠤ ᠬᠡᠷᠡᠭᠲᠡᠢ᠃ ᠢᠲᠡᠭᠡᠮᠵᠢ ᠦᠭᠡᠢ ᠠᠵᠤ ᠠᠬᠤᠶᠢᠯᠠᠯ᠂ ᠬᠤᠪᠢ ᠬᠥᠮᠥᠨ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠪᠣᠯᠣᠨ ᠨᠠᠮ ᠵᠠᠰᠠᠭ ᠤᠨ ᠪᠠᠶᠢᠭᠤᠯᠭ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠢᠲᠡᠭᠡᠮᠵᠢ ᠪᠠᠨ ᠠᠯᠳᠠᠭᠰᠠᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃      ᠢᠲᠡᠭᠡᠮᠵᠢ ᠲᠠᠢ ᠪᠠᠶᠢᠬᠤ ᠶᠢ ᠨᠢ ᠤᠷᠮᠠᠰᠢᠭᠤᠯᠤᠨ ᠵᠣᠷᠢᠭᠵᠢᠭᠤᠯᠬᠤ ᠶᠢ ᠴᠢᠩᠭᠠᠳᠬᠠᠵᠤ᠂ ᠢᠲᠡᠭᠡᠮᠵᠢ ᠪᠠᠨ ᠠᠯᠳᠠᠬᠤ ᠥᠪᠡᠷ ᠤᠨ ᠦᠷᠳᠡᠭ ᠢ ᠨᠡᠮᠡᠭᠳᠡᠭᠦᠯᠦᠨ᠂ ᠦᠨᠡᠨᠴᠢ ᠢᠲᠡᠭᠡᠮᠵᠢ ᠲᠠᠢ ᠪᠠᠶᠢᠬᠤ ᠶᠢ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ᠂ ᠬᠥᠮᠥᠨ ᠤ ᠠᠮᠢᠳᠤᠷᠠᠯ ᠤᠨ ᠨᠡᠪᠲᠡᠷᠡᠬᠦ ᠦᠨᠡᠮᠯᠡᠯ᠂ ᠠᠵᠢᠯ ᠦᠢᠯᠡᠰ ᠤᠨ ᠰᠢᠯᠭᠠᠭᠤᠷ ᠪᠤᠯᠭᠠᠵᠤ᠂ ᠢᠲᠡᠭᠡᠮᠵᠢ ᠲᠠᠢ ᠬᠥᠮᠥᠰ ᠢ ᠬᠠᠮᠢᠭ᠎ᠠ ᠬᠡᠵᠢᠶ᠎ᠡ ᠴᠤ ᠢᠯᠭᠤᠮ ᠤᠷᠤᠭᠰᠢᠲᠠᠢ ᠪᠠᠶᠢᠯᠭᠠᠵᠤ᠂ ᠢᠲᠡᠭᠡᠮᠵᠢ ᠎ ᠪᠠᠨ ᠠᠯᠳᠠᠭᠰᠠᠳ ᠢ ᠨᠢᠭᠡ ᠠᠯᠬᠤᠮ ᠤᠷᠤᠭᠰᠢᠯᠠᠬᠤ ᠳᠤ ᠴᠸ ᠬᠦᠴᠢᠷ ᠪᠣᠯᠭᠠᠪᠠᠯ ᠯᠠᠪᠲᠠᠢ ᠢᠲᠡᠭᠡᠮᠵᠢ ᠶᠢ ᠣᠶᠢᠯᠠᠭᠠᠬᠤ᠂ ᠢᠲᠡᠭᠡᠮᠵᠢ ᠶᠢ ᠴᠢᠬᠤᠯᠠᠴᠢᠯᠠᠬᠤ᠂ ᠢᠲᠡᠭᠡᠮᠵᠢ ᠶᠢ ᠰᠠᠬᠢᠬᠤ ᠶᠢ ᠪᠦᠭᠦ ᠨᠡᠶᠢᠭᠡᠮ ᠤᠨ ᠬᠡᠪ ᠰᠤᠷᠲᠠᠯ ᠪᠤᠯᠭᠠᠵᠤ᠂ ᠦᠨᠡᠨᠴᠢ ᠢᠲᠡᠭᠡᠮᠵᠢ ᠶᠢᠨ ᠭᠡᠷᠡᠯ ᠭᠢᠯᠪᠠᠭ᠎ᠠ ᠶᠢ ᠤᠮᠠᠷᠠᠲᠤ ᠬᠢᠯᠢ ᠶᠢᠨ ᠡᠬᠡ ᠭᠠᠵᠠᠷ ᠲᠤ ᠰᠠᠴᠤᠷᠠᠭᠤᠯᠵᠤ ᠴᠢᠳᠠᠨ᠎ᠠ᠃            
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号