ᠰᠢ ᠶᠢᠨ ᠫᠢᠩ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ +︾᠎  ᠠᠰᠲ᠋ᠠᠨᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/7/16
                  ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 7 ᠳ᠋ᠤᠭᠠᠷ ᠰᠠᠷ᠎ᠠ ᠶᠢᠨ 4᠎ ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 7 ᠳ᠋ᠤᠭᠠᠷ ᠰᠠᠷ᠎ᠠ ᠶᠢᠨ 4᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠤ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ +︾᠎  ᠠᠰᠲ᠋ᠠᠨᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠪᠥᠭᠡᠳ ︽ᠨᠡᠩ ᠰᠠᠶᠢᠨ ᠰᠠᠶᠢᠬᠠᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠡᠷ ᠣᠷᠣᠨ ᠢ ᠭᠠᠷ ᠬᠤᠯᠪᠣᠯᠴᠠᠨ ᠪᠠᠶᠢᠭᠤᠯᠤᠶ᠎ᠠ︾᠎  ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃                  
                        ᠲᠤᠬᠠᠢ ᠶᠢᠨ ᠭᠠᠵᠠᠷ ᠤᠨ ᠴᠠᠭ ᠢᠶᠠᠷ 7 ᠳ᠋ᠤᠭᠠᠷ ᠰᠠᠷ᠎ᠠ ᠶᠢᠨ 4᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠤ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ +︾᠎  ᠠᠰᠲ᠋ᠠᠨᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠪᠥᠭᠡᠳ ︽ᠨᠡᠩ ᠰᠠᠶᠢᠨ ᠰᠠᠶᠢᠬᠠᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠡᠷ ᠣᠷᠣᠨ ᠢ ᠭᠠᠷ ᠬᠤᠯᠪᠣᠯᠴᠠᠨ ᠪᠠᠶᠢᠭᠤᠯᠤᠶ᠎ᠠ︾᠎  ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠵᠠᠢ᠃             ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠫᠠᠩ ᠰᠢᠩ ᠯᠧᠢ ᠰᠡᠭᠦᠳᠡᠷᠯᠡᠪᠡ                  
                        ᠲᠤᠬᠠᠢ ᠶᠢᠨ ᠭᠠᠵᠠᠷ ᠤᠨ ᠴᠠᠭ ᠢᠶᠠᠷ 7 ᠳ᠋ᠤᠭᠠᠷ ᠰᠠᠷ᠎ᠠ ᠶᠢᠨ 4᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠤ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ +︾᠎  ᠠᠰᠲ᠋ᠠᠨᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠪᠥᠭᠡᠳ ︽ᠨᠡᠩ ᠰᠠᠶᠢᠨ ᠰᠠᠶᠢᠬᠠᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠡᠷ ᠣᠷᠣᠨ ᠢ ᠭᠠᠷ ᠬᠤᠯᠪᠣᠯᠴᠠᠨ ᠪᠠᠶᠢᠭᠤᠯᠤᠶ᠎ᠠ︾᠎  ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ ᠲᠦᠷᠦᠭᠦᠴᠦᠳ ᠤᠨ ᠬᠤᠷᠠᠯ ᠡᠬᠢᠯᠡᠬᠦ ᠠᠴᠠ ᠡᠮᠦᠨ᠎ᠡ᠂ ᠰᠢ ᠶᠢᠨ ᠫᠢᠩ ᠲᠦᠸᠧᠺᠠᠶᠧᠹ ᠤᠨ ᠬᠤᠷᠠᠯ ᠳᠤ ᠣᠷᠤᠯᠴᠠᠬᠤ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠶᠢ ᠤᠭᠲᠤᠬᠤ ᠳᠠᠶᠢᠯᠠᠯᠭ᠎ᠠ ᠳᠤ ᠣᠷᠣᠯᠴᠠᠬᠰᠠᠨ ᠪᠥᠭᠡᠳ ᠬᠠᠮᠲᠤ ᠶᠢᠨ ᠭᠡᠷᠡᠯ ᠵᠢᠷᠤᠭ ᠲᠠᠲᠠᠭᠤᠯᠵᠠᠢ᠃             ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ             ᠰᠢ ᠶᠢᠨ ᠫᠢᠩ᠂ ᠪᠢᠳᠡ ᠠᠩᠬ᠎ᠠ ᠤᠳᠠᠭ᠎ᠠ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ +︾᠎  ᠭᠡᠯᠪᠡᠷᠢ ᠪᠠᠷ ᠲᠦᠷᠦᠭᠦᠴᠦᠳ ᠤᠨ ᠬᠤᠷᠠᠯ ᠬᠤᠷᠠᠯᠳᠤᠭᠤᠯᠵᠤ ᠪᠤᠢ᠂ ᠰᠠᠶᠢᠨ ᠨᠠᠶᠢᠵᠠ᠂ ᠰᠢᠨ᠎ᠡ ᠬᠠᠨᠢᠲᠠᠨ ᠨᠢᠭᠡ ᠲᠠᠩᠬᠢᠮ ᠳᠤ ᠬᠤᠷᠠᠨ ᠴᠤᠭᠯᠠᠷᠠᠵᠤ᠂ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠭᠰᠡᠨ ᠨᠢ ᠰᠢᠨ᠎ᠡ ᠴᠠᠭ ᠦᠶ᠎ᠡ ᠶᠢᠨ ᠨᠥᠬᠦᠴᠡᠯ ᠳᠣᠣᠷ᠎ᠠ ᠲᠤᠰ ᠵᠣᠬᠢᠶᠠᠨ ᠪᠠᠶᠢᠭᠤᠯᠤᠯᠲᠠ ᠶᠢᠨ ᠣᠶᠢᠯᠠᠭᠠᠭᠳᠠᠬᠤᠨ ᠥᠷᠭᠡᠨ ᠢᠶᠠᠷ ᠬᠦᠷᠢᠶᠡᠯᠡᠭᠳᠡᠵᠦ᠂ ᠪᠦᠷᠢᠯᠳᠦᠭᠦᠨ ᠤᠯᠤᠰ ᠤᠳ ᠤᠨ ᠨᠠᠶᠢᠵᠠ ᠳᠡᠯᠡᠬᠡᠢ ᠳ᠋ᠠᠬᠢᠨ ᠳᠤ ᠲᠠᠷᠬᠠᠵᠤ ᠪᠠᠶᠢᠬᠤ ᠶᠢ ᠬᠠᠷᠠᠭᠤᠯᠵᠤ ᠪᠠᠶᠢᠨ᠎ᠠ᠃             ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ ᠭᠡᠯᠪᠡᠷᠢ ᠪᠠᠷ ᠥᠷᠨᠢᠵᠦ ᠪᠤᠢ᠃ ᠬᠥᠮᠥᠨ ᠲᠥᠷᠥᠯᠬᠢᠲᠡᠨ ᠤ ᠪᠣᠯᠪᠠᠰᠤᠨ ᠶᠡᠭᠡ ᠠᠯᠬᠤᠮ ᠢᠶᠠᠷ ᠤᠷᠤᠭᠰᠢᠯᠠᠬᠤ ᠶᠢᠨ ᠬᠠᠮᠲᠤ ᠠᠮᠤᠷ ᠲᠦᠪᠰᠢᠨ ᠪᠤᠰᠤ᠂ ᠲᠣᠭᠲᠠᠭᠤᠨ ᠪᠤᠰᠤ᠂ ᠲᠣᠬᠲᠠᠭᠠᠯᠲᠤ ᠪᠤᠰᠤ ᠬᠦᠴᠦᠨ ᠵᠦᠢᠯ ᠴᠦ ᠢᠯᠡᠳᠲᠡ ᠨᠡᠮᠡᠭᠳᠡᠵᠦ ᠪᠠᠶᠢᠨ᠎ᠠ᠃ ᠡᠨᠡ ᠬᠦ ᠶᠡᠭᠡ ᠬᠤᠪᠢᠰᠤᠯᠲᠠ ᠶᠢ ᠰᠠᠶᠢᠲᠤᠷ ᠠᠷᠭᠠᠴᠠᠭᠠᠬᠤ ᠳᠤ ᠵᠠᠩᠭᠢᠯᠠᠭ᠎ᠠ ᠨᠢ ᠬᠤᠪᠢᠰᠤᠯᠲᠠ ᠶᠢ ᠲᠠᠨᠢᠬᠤ ᠤᠶᠤᠨ ᠤᠬᠠᠭᠠᠨ᠂ ᠬᠤᠪᠢᠰᠤᠯᠲᠠ ᠶᠢ ᠠᠷᠭᠠᠴᠠᠭᠠᠬᠤ ᠠᠷᠭ᠎ᠠ᠂ ᠬᠤᠪᠢᠰᠤᠯᠲᠠ ᠶᠢ ᠡᠷᠢᠯᠬᠢᠯᠡᠬᠦ ᠡᠷᠡᠯᠬᠡᠭ ᠵᠣᠷᠢᠭ ᠪᠠᠶᠢᠪᠠᠯ ᠵᠣᠬᠢᠨ᠎ᠠ᠃ ᠪᠢᠳᠡ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠵᠤ᠂ ︽ᠱᠠᠩᠬᠠᠢ ᠶᠢᠨ ᠵᠣᠷᠢᠭ ᠰᠠᠨᠠᠭ᠎ᠠ︾᠎ ᠎ ᠶᠢ ᠢᠮᠠᠭᠲᠠ ᠪᠠᠷᠢᠮᠲᠠᠯᠠᠵᠤ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠩ ᠰᠠᠶᠢᠨ ᠰᠠᠶᠢᠬᠠᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠵᠤ᠂ ᠡᠯ᠎ᠡ ᠤᠯᠤᠰ ᠤᠨ ᠠᠷᠠᠳ ᠲᠦᠮᠡᠨ ᠢ ᠠᠮᠤᠷ ᠠᠮᠤᠭᠤᠯᠠᠩ ᠠᠵᠤ ᠲᠦᠷᠦᠭᠦᠯᠵᠦ᠂ ᠵᠣᠯ ᠵᠢᠷᠭᠠᠯ ᠲᠠᠢ ᠠᠮᠢᠳᠤᠷᠠᠭᠤᠯᠤᠶ᠎ᠠ ᠭᠡᠵᠦ ᠵᠢᠭᠠᠵᠤ ᠭᠠᠷᠭᠠᠪᠠ᠃             ᠰᠢ ᠶᠢᠨ ᠫᠢᠩ ᠲᠠᠪᠤᠨ ᠲᠠᠯ᠎ᠠ ᠶᠢᠨ ᠰᠠᠨᠠᠭᠤᠯᠭ᠎ᠠ ᠳᠤᠷᠠᠳᠪᠠ᠃             ᠨᠢᠭᠡᠳᠦᠭᠡᠷ ᠲᠤ᠂ ᠪᠦᠯᠬᠦᠮᠳᠡᠨ ᠢᠲᠡᠭᠡᠯᠴᠡᠭᠰᠡᠨ ᠬᠠᠮᠲᠤ ᠶᠢᠨ ᠭᠡᠷ ᠣᠷᠣᠨ ᠢ ᠪᠦᠲᠦᠭᠡᠨ ᠪᠠᠶᠢᠭᠤᠯᠤᠶ᠎ᠠ᠃ ︽ᠱᠠᠩᠬᠠᠢ ᠶᠢᠨ ᠵᠣᠷᠢᠭ ᠰᠠᠨᠠᠭ᠎ᠠ︾᠎ ᠎ ᠨᠢ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠲᠠᠢ ᠤᠳᠤᠮ ᠤᠯᠠᠮᠵᠢᠯᠠᠯ ᠨᠢᠭᠡᠲᠡᠢ ᠪᠠᠶᠢᠵᠤ᠂ ᠲᠤᠰ ᠵᠣᠬᠢᠶᠠᠨ ᠪᠠᠶᠢᠭᠤᠯᠤᠯᠲᠠ ᠶᠢᠨ ᠬᠠᠮᠲᠤ ᠶᠢᠨ ᠦᠷᠳᠡᠭ ᠮᠥᠨ᠂ ᠡᠭᠦᠨ ᠢ ᠬᠤᠪᠢ ᠲᠠᠭᠢᠨ ᠢᠶᠠᠷ ᠨᠠᠨᠳᠢᠩᠨᠠᠵᠤ ᠢᠮᠠᠭᠲᠠ ᠵᠢᠷᠤᠮᠯᠠᠪᠠᠯ ᠵᠣᠬᠢᠨ᠎ᠠ᠃ ᠪᠢᠳᠡ ᠲᠤᠰ ᠲᠤᠰ ᠤᠨ ᠢᠶᠠᠨ ᠪᠡᠶ᠎ᠡ ᠪᠠᠨ ᠳᠠᠭᠠᠭᠠᠵᠤ ᠰᠣᠩᠭᠤᠭᠰᠠᠨ ᠬᠥᠭᠵᠢᠯᠲᠡ ᠶᠢᠨ ᠵᠠᠮ ᠢ ᠭᠦᠨᠳᠦᠳᠭᠡᠵᠦ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠠᠨ ᠬᠠᠮᠠᠭᠠᠯᠠᠬᠤ ᠶᠢ ᠳᠡᠮᠵᠢᠵᠦ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠷ ᠳᠠᠮᠵᠢᠨ ᠵᠥᠷᠢᠯᠳᠦᠭᠡᠨ ᠢᠶᠠᠨ ᠠᠷᠢᠯᠭᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠢᠲᠡᠭᠡᠯᠴᠡᠭᠡ ᠪᠠᠨ ᠨᠡᠮᠡᠭᠳᠡᠭᠦᠯᠦᠶ᠎ᠡ᠃ ᠪᠦᠷᠢᠯᠳᠦᠭᠦᠨ ᠤᠯᠤᠰ ᠤᠳ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠦᠷᠦ ᠶᠢᠨ ᠨᠠᠮ ᠤᠨ ᠶᠠᠷᠢᠶᠠᠨ ᠤ ᠲᠠᠪᠴᠠᠩ ᠢ ᠵᠣᠬᠢᠰᠲᠠᠢ ᠴᠠᠭ ᠲᠤ ᠡᠷᠭᠢᠯᠡᠭᠦ ᠶᠢ ᠳᠤᠮᠳᠠᠳᠤ ᠤᠯᠤᠰ ᠰᠠᠨᠠᠭᠠᠴᠢᠯᠠᠵᠤ ᠪᠠᠶᠢᠨ᠎ᠠ᠃             ᠬᠤᠶᠠᠳᠤᠭᠠᠷ ᠲᠤ᠂ ᠠᠮᠤᠷ ᠠᠮᠤᠭᠤᠯᠠᠩ ᠬᠠᠮᠲᠤ ᠶᠢᠨ ᠭᠡᠷ ᠣᠷᠣᠨ ᠢ ᠪᠦᠲᠦᠭᠡᠨ ᠪᠠᠶᠢᠭᠤᠯᠤᠶ᠎ᠠ᠃ ᠡᠯ᠎ᠡ ᠤᠯᠤᠰ ᠴᠥᠮ ᠠᠮᠤᠷ ᠲᠦᠪᠰᠢᠨ ᠪᠠᠶᠢᠪᠠᠯ ᠰᠠᠶ᠋ᠢ ᠵᠢᠩᠬᠢᠨᠢ ᠠᠮᠤᠷ ᠲᠦᠪᠰᠢᠨ ᠪᠠᠶᠢᠵᠤ ᠴᠢᠳᠠᠨ᠎ᠠ᠃ ᠪᠢᠳᠡ ᠠᠮᠤᠷ ᠲᠦᠪᠰᠢᠨ ᠤ ᠬᠠᠮᠲᠤᠷᠠᠯᠴᠠᠭᠠᠨ ᠤ ᠲᠣᠭᠲᠠᠴᠠ ᠶᠢᠨ ᠠᠷᠭ᠎ᠠ ᠪᠠᠷᠢᠯ ᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠰᠦᠷᠳᠡᠭᠦᠯᠦᠯ ᠪᠠ ᠥᠷᠢᠰᠦᠯᠳᠦᠭᠡᠨ ᠢ ᠠᠷᠭᠠᠴᠠᠭᠠᠬᠤ ᠶᠡᠷᠦᠩᠬᠡᠶᠢᠯᠡᠭᠰᠡᠨ ᠲᠥᠪ ᠵᠢᠴᠢ ᠲᠡᠭᠦᠨ ᠤ ᠳᠣᠣᠷᠠᠬᠢ ᠪᠠᠶᠢᠭᠤᠯᠤᠮᠵᠢ ᠶᠢ ᠲᠦᠷᠭᠡᠳᠬᠡᠨ ᠪᠠᠶᠢᠭᠤᠯᠵᠤ᠂ ᠬᠤᠣᠷᠲᠤ ᠡᠳ᠋ ᠢ ᠬᠤᠷᠢᠭᠯᠠᠬᠤ ᠲᠥᠪ ᠢ ᠪᠠᠶᠢᠭᠤᠯᠵᠤ᠂ ᠨᠢᠭᠤᠴᠠ ᠮᠡᠳᠡᠭᠡᠨ ᠤ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠭᠰᠠᠨ ᠠᠵᠢᠯᠯᠠᠭ᠎ᠠ ᠥᠷᠨᠢᠭᠦᠯᠦᠶ᠎ᠡ᠃ ᠳᠤᠮᠳᠠᠳᠤ ᠤᠯᠤᠰ ︽ᠰᠦᠷᠳᠡᠭᠦᠯᠦᠯ ᠢ ᠡᠰᠡᠷᠭᠦᠴᠡᠬᠦ ᠬᠠᠮᠵᠢᠯᠴᠠᠭ᠎ᠠ — 2024︾᠎  ᠬᠠᠮᠲᠤᠷᠠᠭᠰᠠᠨ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠵᠡᠷᠭᠡ ᠠᠵᠢᠯᠯᠠᠭ᠎ᠠ ᠶᠢ ᠰᠠᠶᠢᠲᠤᠷ ᠡᠷᠭᠢᠯᠡᠭᠦ ᠪᠣᠯᠣᠨ᠎ᠠ᠃ ᠠᠹᠭᠠᠨᠢᠰᠲ᠋ᠠᠨ ᠤ ᠬᠥᠷᠰᠢ ᠤᠯᠤᠰ ᠤᠨ ᠵᠣᠬᠢᠴᠠᠭᠤᠯᠭ᠎ᠠ ᠬᠠᠮᠲᠤᠷᠠᠯᠴᠠᠭᠠᠨ ᠤ ᠲᠣᠭᠲᠠᠴᠠ ᠵᠡᠷᠭᠡ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠠᠹᠭᠠᠨᠢᠰᠲ᠋ᠠᠨ ᠤ ᠡᠩᠬᠡ ᠲᠠᠶᠢᠪᠤᠩ ᠢᠶᠠᠷ ᠳᠠᠭᠢᠨ ᠪᠠᠶᠢᠭᠤᠯᠬᠤ ᠵᠠᠮ ᠢᠶᠠᠷ ᠵᠠᠮᠨᠠᠬᠤ ᠶᠢ ᠠᠬᠢᠭᠤᠯᠤᠶ᠎ᠠ᠃             ᠭᠤᠷᠪᠠᠳᠤᠭᠠᠷ ᠲᠤ᠂ ᠴᠡᠴᠡᠭᠯᠡᠨ ᠬᠥᠭᠵᠢᠭᠰᠡᠨ ᠬᠠᠮᠲᠤ ᠶᠢᠨ ᠭᠡᠷ ᠣᠷᠣᠨ ᠢ ᠪᠦᠲᠦᠭᠡᠨ ᠪᠠᠶᠢᠭᠤᠯᠤᠶ᠎ᠠ᠃ ᠳᠤᠮᠳᠠᠳᠤ ᠤᠯᠤᠰ 2025 ᠣᠨ ᠢ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠦᠷᠭᠦᠯᠵᠢᠯᠡᠬᠦ ᠬᠥᠭᠵᠢᠯᠲᠡ ᠶᠢᠨ ᠣᠨ︾᠎ ᠎ ᠢᠶᠠᠷ ᠲᠣᠭᠲᠠᠭᠠᠬᠤ ᠶᠢ ᠰᠠᠨᠠᠭᠠᠴᠢᠯᠠᠵᠤ᠂ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾᠎ ᠎ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠨᠠᠢᠮᠠᠨ ᠵᠦᠢᠯ ᠤᠨ ᠠᠵᠢᠯᠯᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠢ ᠶᠢᠨ ᠵᠢᠱᠢᠶ᠎ᠡ ᠦᠵᠡᠭᠦᠯᠭᠦ ᠰᠠᠭᠤᠷᠢᠨ᠂ ᠣᠷᠣᠨ ᠨᠤᠲᠤᠭ ᠤᠨ ᠠᠵᠤ ᠠᠬᠤᠢ ᠠᠷᠠᠯᠵᠢᠶᠠᠨ ᠤ ᠵᠢᠱᠢᠶ᠎ᠡ ᠦᠵᠡᠭᠦᠯᠭᠦ ᠣᠷᠣᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠶᠢ ᠡᠭᠦᠳᠬᠦ ᠰᠠᠭᠤᠷᠢᠨ ᠵᠡᠷᠭᠡ ᠲᠠᠪᠴᠠᠩ ᠢ ᠰᠠᠶᠢᠲᠤᠷ ᠠᠰᠢᠭᠯᠠᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠳᠤᠮᠳᠠᠳᠤ ᠶᠢᠨ ᠲᠠᠯ᠎ᠠ ᠡᠯ᠎ᠡ ᠲᠠᠯ᠎ᠠ ᠶᠢᠨ ᠬᠢᠨ ᠳᠣᠬᠢᠭᠤᠷ ᠲᠤᠯᠤᠭᠠᠨ ᠣᠲᠣ ᠳᠠᠭᠠᠭᠤᠯᠢ ᠣᠲᠣ ᠪᠠᠷ ᠵᠠᠮᠴᠢᠯᠠᠬᠤ ᠰᠢᠰᠲ᠋ᠧᠮ ᠢ ᠬᠡᠷᠡᠭᠯᠡᠵᠦ᠂ ᠣᠯᠠᠨ ᠤᠯᠤᠰ ᠤᠨ ᠰᠠᠷᠠᠨ ᠪᠥᠮᠪᠥᠷᠴᠡᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠤᠯᠤᠰ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠣᠭᠠᠴᠢᠯᠠᠭᠰᠠᠨ ᠰᠤᠷᠭᠠᠨ ᠬᠥᠮᠦᠵᠢᠯ ᠤᠨ ᠬᠤᠯᠪᠤᠭ᠎ᠠ ᠪᠠᠶᠢᠭᠤᠯᠬᠤ ᠶᠢ ᠰᠠᠨᠠᠭᠠᠴᠢᠯᠠᠵᠤ᠂ ᠲᠤᠰ ᠵᠣᠬᠢᠶᠠᠨ ᠪᠠᠶᠢᠭᠤᠯᠤᠯᠲᠠ ᠶᠢᠨ ᠤᠯᠤᠰ ᠤᠳ ᠲᠤ ᠲᠣᠭᠠᠴᠢᠯᠠᠭᠰᠠᠨ ᠮᠡᠷᠭᠡᠵᠢᠯ ᠤᠨ ᠰᠤᠷᠭᠠᠯᠲᠠ ᠶᠢᠨ ᠣᠷᠣᠨ ᠲᠤᠭ᠎ᠠ ᠬᠠᠩᠭᠠᠬᠤ ᠳᠤ ᠳᠤᠷᠠᠲᠠᠢ ᠪᠠᠶᠢᠨ᠎ᠠ᠃ ᠲᠤᠰ ᠵᠣᠬᠢᠶᠠᠨ ᠪᠠᠶᠢᠭᠤᠯᠤᠯᠲᠠ ᠶᠢᠨ ᠵᠠᠰᠠᠯᠲᠠ ᠶᠢᠨ ᠰᠢᠰᠲ᠋ᠧᠮ ᠤᠨ ᠣᠳᠣᠬᠢᠴᠢᠯᠠᠯᠲᠠ ᠶᠢ ᠠᠬᠢᠭᠤᠯᠵᠤ᠂ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠤᠨ᠎ᠠ᠃             ᠳᠥᠷᠪᠡᠳᠦᠭᠡᠷ ᠲᠤ᠂ ᠡᠶᠡᠯᠳᠡᠭ ᠬᠥᠷᠰᠢ ᠶᠢᠨ ᠨᠥᠭᠦᠷᠰᠡᠭ ᠬᠠᠮᠲᠤ ᠶᠢᠨ ᠭᠡᠷ ᠣᠷᠣᠨ ᠢ ᠪᠦᠲᠦᠭᠡᠨ ᠪᠠᠶᠢᠭᠤᠯᠤᠶ᠎ᠠ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠮᠲᠤᠷᠠᠯᠴᠠᠭᠠᠨ ᠤ ᠵᠥᠪᠯᠡᠯ ᠵᠡᠷᠭᠡ ᠠᠷᠠᠳ ᠤᠨ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠮᠵᠢᠯᠠᠯᠲᠤ ᠠᠨᠠᠭᠠᠬᠤ ᠤᠬᠠᠭᠠᠨ ᠤ ᠶᠠᠷᠢᠶᠠᠨ ᠤ ᠲᠠᠪᠴᠠᠩ᠂ ᠠᠷᠠᠳ ᠤᠨ ᠨᠥᠬᠦᠷᠯᠡᠯ ᠤᠨ ᠶᠠᠷᠢᠶᠠᠨ ᠤ ᠲᠠᠪᠴᠠᠩ᠂ ᠵᠠᠯᠠᠭᠤᠴᠤᠳ ᠤᠨ ᠰᠣᠯᠢᠯᠴᠠᠭᠠᠨ ᠤ ᠬᠤᠸᠠᠷᠠᠨ᠂ ᠵᠠᠯᠠᠭᠤᠴᠤᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠵᠡᠷᠭᠡ ᠲᠦᠷᠦᠯ ᠲᠡᠮᠳᠡᠭ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠭᠢᠯᠡᠨ᠎ᠡ᠃ ᠡᠯ᠎ᠡ ᠲᠠᠯ᠎ᠠ ᠶᠢᠨ ᠬᠢᠨ ᠤ ᠴᠢᠩᠳᠣᠣ ᠶᠢᠨ ᠪᠣᠬᠢᠷᠳᠤᠯ ᠦᠭᠡᠢ ᠬᠥᠭᠵᠢᠯᠲᠡ ᠶᠢᠨ ᠶᠠᠷᠢᠶᠠᠨ ᠤ ᠲᠠᠪᠴᠠᠩ᠂ ᠡᠮᠡᠭᠲᠡᠶᠢᠴᠦᠳ ᠤᠨ ᠶᠠᠷᠢᠶᠠᠨ ᠤ ᠲᠠᠪᠴᠠᠩ ᠳᠤ ᠢᠳᠡᠪᠬᠢᠲᠡᠢ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠢᠷᠡᠬᠦ 5 ᠵᠢᠯ ᠳᠤ᠂ ᠳᠤᠮᠳᠠᠳᠤ ᠤᠯᠤᠰ ᠲᠤᠰ ᠵᠣᠬᠢᠶᠠᠨ ᠪᠠᠶᠢᠭᠤᠯᠤᠯᠲᠠ ᠶᠢᠨ ᠤᠯᠤᠰ ᠤᠳ ᠲᠤ 1000 ᠵᠠᠯᠠᠭᠤᠴᠤᠳ ᠤᠨ ᠳᠤᠮᠳᠠᠳᠤ ᠤᠯᠤᠰ ᠲᠤ ᠬᠦᠷᠴᠦ ᠰᠣᠯᠢᠯᠴᠠᠭ᠎ᠠ ᠬᠢᠬᠦ ᠣᠷᠣᠨ ᠲᠤᠭ᠎ᠠ ᠬᠠᠩᠭᠠᠨ᠎ᠠ᠃             ᠲᠠᠪᠤᠳᠤᠭᠠᠷ ᠲᠤ᠂ ᠲᠥᠪ ᠭᠤᠣᠯᠴᠢ ᠰᠢᠳᠤᠷᠭᠤ ᠶᠣᠰᠣᠨ ᠤ ᠬᠠᠮᠲᠤ ᠶᠢᠨ ᠭᠡᠷ ᠣᠷᠣᠨ ᠢ ᠪᠦᠲᠦᠭᠡᠨ ᠪᠠᠶᠢᠭᠤᠯᠤᠶ᠎ᠠ ᠃ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠲᠡ ᠪᠠ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ ᠰᠠᠨᠠᠭᠠᠴᠢᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠵᠤ᠂ ᠡᠩᠬᠡ ᠲᠠᠶᠢᠪᠤᠩ ᠤᠨ ᠤᠯᠠᠭᠠᠨ ᠲᠤᠭ᠎ᠠ᠂ ᠬᠥᠭᠵᠢᠯᠲᠡ ᠶᠢᠨ ᠤᠯᠠᠭᠠᠨ ᠲᠤᠭ᠎ᠠ᠂ ᠠᠮᠤᠷ ᠲᠦᠪᠰᠢᠨ ᠤ ᠤᠯᠠᠭᠠᠨ ᠲᠤᠭ᠎ᠠ᠂ ᠵᠠᠰᠠᠯᠲᠠ ᠶᠢᠨ ᠤᠯᠠᠭᠠᠨ ᠲᠤᠭ᠎ᠠ ᠶᠢ ᠠᠷᠢᠯᠭᠠᠬᠤ ᠳᠤ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠦᠴᠦᠨ︾᠎ ᠎ ᠢ ᠨᠡᠮᠡᠷᠢᠯᠡᠨ᠎ᠡ᠃             ᠰᠢ ᠶᠢᠨ ᠫᠢᠩ᠂ ᠪᠦᠯᠬᠦᠮᠳᠡᠨ ᠬᠠᠮᠵᠢᠯᠴᠠᠬᠤ ᠪᠣᠯ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠶᠠᠪᠤᠵᠤ ᠢᠷᠡᠭᠰᠡᠨ ᠠᠮᠵᠢᠯᠲᠠ ᠲᠠᠢ ᠲᠤᠷᠰᠢᠯᠭ᠎ᠠ ᠮᠥᠨ᠂ ᠪᠠᠰᠠ ᠴᠤ ᠰᠢᠨ᠎ᠡ ᠠᠶᠠᠨ ᠳᠤ ᠬᠤᠪᠢᠷᠠᠯᠲᠠ ᠶᠢ ᠠᠷᠭᠠᠴᠠᠭᠠᠬᠤ᠂ ᠰᠢᠨ᠎ᠡ ᠪᠠᠶᠢᠳᠠᠯ ᠢ ᠡᠭᠦᠳᠬᠦ ᠶᠢᠨ ᠵᠠᠶᠢᠯᠠᠰᠢ ᠦᠭᠡᠢ ᠰᠣᠩᠭᠤᠯᠲᠠ ᠮᠥᠨ᠃ ᠠᠰᠲ᠋ᠠᠨᠠ ᠶᠢᠨ ᠲᠦᠷᠦᠭᠦᠴᠦᠳ ᠤᠨ ᠬᠤᠷᠠᠯ ᠤᠨ ᠳᠠᠷᠠᠭ᠎ᠠ᠂ ᠳᠤᠮᠳᠠᠳᠤ ᠤᠯᠤᠰ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠬᠦ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠲᠤᠰ ᠵᠣᠬᠢᠶᠠᠨ ᠪᠠᠶᠢᠭᠤᠯᠤᠯᠲᠠ ᠶᠢᠨ ᠬᠠᠨᠢᠲᠠᠨ ᠲᠠᠢ ᠪᠦᠯᠬᠦᠮᠳᠡᠨ ᠬᠠᠮᠵᠢᠯᠴᠠᠵᠤ᠂ ︽ᠱᠠᠩᠬᠠᠢ ᠶᠢᠨ ᠵᠣᠷᠢᠭ ᠰᠠᠨᠠᠭ᠎ᠠ︾᠎ ᠎ ᠶᠢ ᠮᠡᠳᠡᠷᠡᠬᠦ ᠨᠡᠩ ᠤᠯᠠᠨ ᠤᠯᠤᠰ ᠪᠠ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠲᠠᠢ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠢᠷᠡᠭᠡᠳᠦᠢ ᠶᠢ ᠨᠡᠩ ᠭᠡᠭᠡᠨ ᠰᠠᠷᠠᠭᠤᠯ ᠪᠣᠯᠭᠠᠨ᠎ᠠ ᠭᠡᠵᠦ ᠴᠢᠬᠤᠯᠠᠴᠢᠯᠠᠪᠠ᠃             ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠬᠤᠷᠠᠯ ᠢ ᠡᠷᠭᠢᠯᠡᠪᠡ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠪᠧᠯᠤᠷᠦ᠋ᠰᠢᠶ᠎ᠠ ᠶᠢᠨ ᠶᠡᠷᠦᠩᠬᠡᠶᠢᠯᠡᠭᠴᠢ ᠯᠦᠺᠡᠱᠧᠨᠺᠧ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠫᠠᠺᠢᠰᠲ᠋ᠠᠨ ᠤ ᠶᠡᠷᠦᠩᠬᠡᠢ ᠰᠠᠶᠢᠳ ᠰᠢᠶᠠᠪᠠᠽᠢ᠂ ᠣᠷᠣᠰ ᠤᠨ ᠶᠡᠷᠦᠩᠬᠡᠶᠢᠯᠡᠭᠴᠢ ᠫᠦᠲ᠋ᠢᠨ᠂ ᠲᠠᠵᠢᠺᠰᠲ᠋ᠠᠨ ᠤ ᠶᠡᠷᠦᠩᠬᠡᠶᠢᠯᠡᠭᠴᠢ ᠯᠠᡁᠧᠮᠧᠩ᠂ ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ᠂ ᠢᠷᠠᠨ ᠤ ᠣᠷᠣᠯᠠᠭᠴᠢ ᠶᠡᠷᠦᠩᠬᠡᠶᠢᠯᠡᠭᠴᠢ ᠮᠦᠾᠧᠪᠧᠶᠢᠷ ᠪᠣᠯᠣᠨ ᠡᠨᠡᠳᠬᠡᠭ ᠤᠨ ᠲᠥᠯᠥᠭᠡᠯᠡᠭᠴᠢ᠂ ᠠᠵᠢᠭᠯᠠᠭᠴᠢ ᠤᠯᠤᠰ ᠪᠤᠯᠬᠤ ᠮᠣᠩᠭᠤᠯ ᠤᠯᠤᠰ ᠤᠨ ᠤᠳᠤᠷᠢᠳᠬᠤ ᠬᠥᠮᠥᠨ᠂ ᠲᠡᠷᠢᠭᠦᠯᠡᠭᠴᠢ ᠤᠯᠤᠰ ᠤᠨ ᠵᠣᠴᠢᠨ ᠠᠽᠧᠷᠪᠠᠶᠢᠵᠠᠨ᠂ ᠺᠠᠲ᠋ᠠᠷ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ᠂ ᠲᠦᠷᠺ᠂ ᠲᠦᠷᠺᠮᠧᠨᠰᠲ᠋ᠠᠨ ᠤ ᠤᠳᠤᠷᠢᠳᠤᠭᠴᠢ ᠵᠢᠴᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠦ᠋ᠢᠰ ᠵᠡᠷᠭᠡ ᠳᠡᠯᠡᠬᠡᠢ ᠶᠢᠨ ᠪᠠ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠣᠷᠣᠯᠴᠠᠪᠠ᠃             ᠲᠦᠷᠦᠭᠦᠴᠦᠳ ᠤᠨ ᠬᠤᠷᠠᠯ ᠡᠬᠢᠯᠡᠬᠦ ᠠᠴᠠ ᠡᠮᠦᠨ᠎ᠡ᠂ ᠰᠢ ᠶᠢᠨ ᠫᠢᠩ ᠲᠦᠸᠧᠺᠠᠶᠧᠹ ᠤᠨ ᠬᠤᠷᠠᠯ ᠳᠤ ᠣᠷᠤᠯᠴᠠᠬᠤ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠶᠢ ᠤᠭᠲᠤᠬᠤ ᠳᠠᠶᠢᠯᠠᠯᠭ᠎ᠠ ᠳᠤ ᠣᠷᠣᠯᠴᠠᠬᠰᠠᠨ ᠪᠥᠭᠡᠳ ᠬᠠᠮᠲᠤ ᠭᠡᠷᠡᠯ ᠵᠢᠷᠤᠭ ᠲᠠᠲᠠᠭᠤᠯᠪᠠ᠃             ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃            
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号