| | | ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠳ᠋ᠤᠭᠠᠷ ᠰᠠᠷ᠎ᠠ ᠶᠢᠨ 5 ᠤ ᠴᠠᠭᠢᠯᠭᠠᠨ ᠮᠡᠳᠡᠭᠡ 7 ᠳ᠋ᠤᠭᠠᠷ ᠰᠠᠷ᠎ᠠ ᠶᠢᠨ | 5 ᠤ ᠦᠳᠡ ᠶᠢᠨ ᠬᠤᠶᠢᠨ᠎ᠠ᠂ ᠬᠤᠨᠠᠨ ᠤ ᠶᠤᠸᠠᠢ ᠶᠠᠩ ᠬᠤᠲᠠ ᠶᠢᠨ ᠬᠤᠸᠠ ᠷᠦᠩ ᠰᠢᠶᠠᠨ ᠤ ᠲᠤᠸᠠᠨ ᠵᠧᠦ ᠰᠢᠶᠠᠩ ᠤᠨ | ᠲᠤᠸᠠᠨ ᠪᠧᠢ ᠲᠣᠰᠬᠤᠨ ᠤ ᠲᠤᠸᠠᠨ ᠵᠧᠦ ᠳᠠᠯᠠᠩ ᠤᠨ ᠳ᠋ᠦᠩ ᠲᠢᠩ ᠬᠤ᠋ ᠨᠠᠭᠤᠷ ᠤᠨ ᠡᠮᠦᠨ᠎ᠡ ᠹᠷᠣᠨᠲ ᠤᠨ ᠬᠠᠰᠢᠯᠭ᠎ᠠ | ᠰᠡᠲᠡᠷᠡᠵᠦ᠂ ᠬᠤᠲᠣᠭᠤᠷ ᠭᠠᠵᠠᠷ ᠤᠰᠤᠨ ᠳᠤ ᠠᠪᠲᠠᠭᠳᠠᠪᠠ᠂ ᠲᠤᠬᠠᠢ ᠶᠢᠨ ᠭᠠᠵᠠᠷ ᠤᠨ ᠭᠠᠮᠰᠢᠭᠳᠠᠭᠰᠠᠨ ᠣᠯᠠᠨ ᠲᠦᠮᠡᠨ | ᠪᠦᠭᠦᠨ ᠢᠶᠠᠷ ᠢᠶᠠᠨ ᠠᠮᠤᠷ ᠲᠦᠪᠰᠢᠨ ᠢᠶᠠᠷ ᠰᠢᠯᠵᠢᠵᠡᠢ᠃ | | ᠲᠦᠭᠰᠢᠭᠦᠷᠢ ᠲᠠᠢ ᠪᠠᠶᠢᠳᠠᠯ ᠭᠠᠷᠤᠭᠰᠠᠨ ᠤ ᠳᠠᠷᠠᠭ᠎ᠠ᠂ ᠭᠠᠳᠠᠭᠠᠳᠤ ᠳᠤ ᠠᠶᠢᠯᠴᠢᠯᠠᠵᠤ ᠪᠠᠶᠢᠭ᠎ᠠ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠴᠢᠬᠤᠯᠠ ᠵᠢᠭᠠᠪᠤᠷᠢ ᠥᠭᠴᠦ᠂ | ᠬᠤᠨᠠᠨ ᠤ ᠶᠤᠸᠠᠢ ᠶᠠᠩ ᠬᠤᠳᠠ ᠶᠢᠨ ᠬᠤᠸᠠ ᠷᠦᠩ ᠰᠢᠶᠠᠨ ᠤ ᠲᠤᠸᠠᠨ ᠵᠧᠦ ᠳᠠᠯᠠᠩ ᠤᠨ ᠳ᠋ᠦᠩ ᠲᠢᠩ ᠬᠤ᠋ ᠨᠠᠭᠤᠷ ᠤᠨ | ᠡᠮᠦᠨ᠎ᠡ ᠹᠷᠣᠨᠲ ᠤᠨ ᠬᠠᠰᠢᠯᠭ᠎ᠠ ᠰᠡᠲᠡᠷᠡᠭᠰᠡᠨ ᠳᠤ᠂ ᠲᠦᠭᠰᠢᠭᠦᠷᠢ ᠳᠤ ᠤᠴᠠᠷᠠᠭᠰᠠᠨ ᠭᠠᠵᠠᠷ ᠣᠷᠣᠨ ᠤ ᠤᠯᠠᠨ ᠲᠦᠮᠡᠨ ᠢ | ᠴᠠᠭ ᠲᠤᠬᠠᠢ ᠳᠤᠨᠢ ᠰᠢᠯᠵᠢᠭᠦᠯᠬᠦ ᠶᠢᠨ ᠬᠠᠮᠲᠤ ᠲᠣᠬᠢᠲᠠᠢ ᠲᠥᠪᠬᠢᠨᠡᠭᠦᠯᠵᠦ᠂ ᠠᠶᠤᠯ ᠠᠴᠠ ᠠᠪᠤᠷᠠᠨ ᠲᠤᠰᠠᠯᠠᠬᠤ ᠠᠵᠢᠯ ᠢ | ᠪᠦᠭᠦ ᠬᠦᠴᠦ ᠪᠠᠷ ᠢᠶᠠᠨ ᠥᠷᠨᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ | ᠰᠠᠶᠢᠲᠤᠷ ᠬᠠᠮᠠᠭᠠᠯᠠᠵᠤ᠂ ᠤᠯᠤᠰ ᠤᠨ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ ᠶᠡᠷᠦᠩᠬᠡᠢ ᠵᠢᠯᠤᠭᠤᠳᠬᠤ | ᠭᠠᠵᠠᠷ ᠤᠨ ᠬᠢᠨ ᠠᠵᠢᠯᠯᠠᠬᠤ ᠳᠤᠭᠤᠶᠢᠯᠠᠩ ᠲᠣᠮᠢᠯᠠᠨ ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠢ ᠭᠡᠪᠡ᠃ ᠰᠢ ᠶᠢᠨ | ᠫᠢᠩ᠂ ᠮᠠᠨ ᠤ ᠤᠯᠤᠰ ᠪᠦᠭᠦ ᠲᠠᠯ᠎ᠠ ᠪᠠᠷ ᠦᠶᠡᠷ ᠤᠨ ᠭᠤᠣᠯ ᠬᠤᠭᠤᠴᠠᠭᠠᠨ ᠳᠤ ᠣᠷᠣᠭᠰᠠᠨ ᠠᠴᠠ ᠨᠠᠭᠠᠰᠢ᠂ ᠵᠠᠷᠢᠮ | ᠭᠠᠵᠠᠷ ᠲᠤ ᠬᠤᠷ᠎ᠠ ᠲᠤᠨᠳᠠᠰᠤ ᠶᠢᠨ ᠬᠡᠮᠵᠢᠶ᠎ᠡ ᠶᠡᠬᠡᠳᠡᠵᠦ᠂ ᠦᠷᠭᠦᠯᠵᠢᠯᠡᠭᠰᠡᠨ ᠴᠠᠭ ᠨᠢ ᠣᠷᠳᠣ᠂ ᠦᠶᠡᠷ ᠤᠰᠤᠨ ᠤ | ᠭᠠᠮᠰᠢᠭ ᠠᠴᠠ ᠰᠡᠷᠭᠡᠶᠢᠯᠡᠬᠦ ᠪᠠᠶᠢᠳᠠᠯ ᠬᠦᠨᠳᠦ ᠨᠣᠴᠢᠲᠠᠢ ᠪᠠᠶᠢᠵᠤ᠂ ᠢᠯᠠᠩᠭᠤᠶ᠎ᠠ ᠬᠠᠰᠢᠯᠭ᠎ᠠ ᠳᠠᠯᠠᠩ ᠤᠨ ᠤᠰᠤᠨ ᠳᠤ | ᠢᠳᠡᠭᠳᠡᠭᠰᠡᠨ ᠴᠠᠭ ᠨᠢ ᠭᠡᠲᠦ ᠣᠷᠳᠣ ᠪᠣᠯᠪᠠᠯ ᠴᠤᠷᠭᠢᠯᠠᠬᠤ ᠵᠡᠷᠭᠡ ᠠᠶᠤᠯ ᠲᠦᠭᠰᠢᠭᠦᠷᠢ ᠠᠮᠠᠷᠬᠠᠨ ᠡᠭᠦᠰᠳᠡᠭ ᠪᠠᠶᠢᠵᠤ᠂ | ᠨᠡᠯᠢᠶᠡᠳ ᠶᠡᠭᠡ ᠠᠶᠤᠯ ᠲᠦᠭᠰᠢᠭᠦᠷᠢ ᠭᠡᠮ ᠰᠣᠭᠤᠭ ᠣᠷᠣᠰᠢᠵᠤ ᠪᠠᠶᠢᠨ᠎ᠠ᠃ ᠬᠠᠮᠢᠶ᠎ᠠ ᠪᠦᠬᠦᠢ ᠣᠷᠣᠨ ᠨᠤᠲᠤᠭ ᠤᠨ | ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠠᠷᠤᠢ ᠲᠦᠷᠭᠡᠨ | ᠬᠥᠳᠡᠯᠦᠯᠴᠡᠵᠦ᠂ ᠬᠦᠴᠦᠨ ᠢᠶᠠᠨ ᠵᠣᠬᠢᠶᠠᠨ ᠪᠠᠶᠢᠭᠤᠯᠤᠨ ᠦᠶᠡᠷ ᠤᠰᠤᠨ ᠤ ᠭᠠᠮᠰᠢᠭ ᠠᠴᠠ ᠰᠡᠷᠭᠡᠶᠢᠯᠡᠵᠦ ᠭᠠᠮᠰᠢᠭ ᠠᠴᠠ | ᠠᠪᠤᠷᠠᠬᠤ ᠠᠵᠢᠯ ᠢ ᠥᠷᠨᠢᠭᠦᠯᠵᠦ᠂ ᠬᠠᠰᠢᠯᠭ᠎ᠠ ᠳᠠᠯᠠᠩ ᠢ ᠴᠠᠭᠳᠠᠨ ᠪᠠᠶᠢᠴᠠᠭᠠᠬᠤ ᠠᠵᠢᠯ ᠢᠶᠠᠨ ᠴᠢᠩᠭᠠᠳᠬᠠᠵᠤ᠂ ᠠᠶᠤᠯ | ᠲᠦᠭᠰᠢᠭᠦᠷᠢ ᠶᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠲᠡᠷᠡ ᠳᠠᠷᠤᠢ ᠳᠤᠨᠢ ᠰᠢᠢᠳᠪᠦᠷᠢᠯᠡᠵᠦ᠂ ᠦᠶᠡᠷ ᠤᠰᠤᠨ ᠤ | ᠭᠠᠮᠰᠢᠭ ᠠᠴᠠ ᠰᠡᠷᠭᠡᠶᠢᠯᠡᠬᠦ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠠᠶᠤᠯ ᠠᠴᠠ ᠠᠪᠤᠷᠠᠵᠤ | ᠰᠢᠢᠳᠪᠦᠷᠢᠯᠡᠬᠦ ᠠᠵᠢᠯ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ᠂ ᠠᠶᠤᠯ ᠲᠦᠭᠰᠢᠭᠦᠷᠢ ᠶᠢᠨ ᠪᠠᠶᠢᠳᠠᠯ ᠢ ᠡᠵᠡᠮᠳᠡᠵᠦ᠂ | ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠬᠦ ᠶᠢᠨ ᠬᠠᠮᠲᠤ ᠴᠦᠭᠦᠷᠦᠮ ᠤᠨ ᠬᠠᠰᠢᠯᠭ᠎ᠠ ᠶᠢ ᠴᠠᠭᠳᠠᠨ | ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠶᠢ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠭᠡᠮ ᠰᠣᠭᠤᠭ ᠢ | ᠵᠢᠭᠰᠠᠭᠠᠨ ᠪᠠᠶᠢᠴᠠᠭᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ | ᠬᠡᠷᠡᠭᠲᠡᠢ᠃ ᠤᠯᠤᠰ ᠤᠨ ᠦᠶᠡᠷ ᠤᠰᠤᠨ ᠤ ᠭᠠᠮᠰᠢᠭ ᠠᠴᠠ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ | ᠵᠢᠯᠤᠭᠤᠳᠬᠤ ᠭᠠᠵᠠᠷ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠭᠦ ᠪᠠ ᠵᠥᠪᠳᠡᠯᠴᠡᠨ ᠰᠤᠳᠤᠯᠤᠨ | ᠮᠠᠭᠠᠳᠯᠠᠬᠤ ᠪᠠᠨ ᠴᠢᠩᠭᠠᠳᠬᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠶᠡᠷ ᠤᠰᠤᠨ ᠤ ᠭᠠᠮᠰᠢᠭ ᠠᠴᠠ | ᠰᠡᠷᠭᠡᠶᠢᠯᠡᠵᠦ ᠠᠶᠤᠯ ᠠᠴᠠ ᠠᠪᠤᠷᠠᠵᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠥᠴᠥᠬᠡᠨ ᠴᠦ ᠰᠤᠯᠠᠷᠠᠭᠤᠯᠤᠯ | ᠦᠭᠡᠢ ᠪᠠᠷ ᠰᠠᠶᠢᠲᠤᠷ ᠬᠢᠵᠦ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠥᠩᠭᠡᠷᠡᠭᠦᠯᠬᠦ ᠶᠢ ᠪᠦᠭᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠪᠡ᠃ | | ᠰᠢ ᠶᠢᠨ ᠫᠢᠩ ᠤᠨ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠤᠯᠤᠰ ᠤᠨ ᠦᠶᠡᠷ | ᠤᠰᠤᠨ ᠤ ᠭᠠᠮᠰᠢᠭ ᠠᠴᠠ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ᠂ ᠤᠰᠤᠨ | ᠠᠰᠢᠭᠯᠠᠯᠲᠠ ᠶᠢᠨ ᠶᠠᠮᠤᠨ᠂ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠨᠢᠭᠡᠨᠲᠡ ᠠᠵᠢᠯᠯᠠᠬᠤ | ᠳᠤᠭᠤᠶᠢᠯᠠᠩ ᠲᠣᠮᠢᠯᠠᠨ ᠲᠤᠬᠠᠢ ᠶᠢᠨ ᠲᠠᠯᠠᠪᠠᠢ ᠳᠤ ᠣᠴᠢᠭᠤᠯᠵᠤ ᠵᠢᠭᠠᠨ ᠵᠢᠯᠣᠭᠤᠳᠴᠠᠢ᠃ ᠬᠤᠨᠠᠨ ᠮᠤᠵᠢ᠂ ᠶᠤᠸᠠᠢ ᠶᠠᠩ | ᠬᠤᠲᠠ ᠶᠢᠨ ᠨᠠᠮ ᠵᠠᠰᠠᠭ ᠤᠨ ᠬᠠᠷᠢᠭᠤᠴᠠᠯᠭᠠᠲᠠᠳ ᠲᠤᠬᠠᠢ ᠶᠢᠨ ᠲᠠᠯᠠᠪᠠᠶ ᠳᠤ ᠠᠶᠤᠯ ᠠᠴᠠ ᠠᠪᠤᠷᠠᠵᠤ ᠠᠪᠤᠷᠠᠨ | ᠲᠤᠰᠠᠯᠠᠬᠤ ᠶᠢ ᠵᠢᠯᠤᠭᠤᠳᠴᠤ ᠪᠠᠶᠢᠨ᠎ᠠ᠃ ᠣᠳᠣᠬᠠᠨ ᠳᠤ ᠬᠤᠯᠪᠣᠭᠳᠠᠯ ᠪᠦᠬᠦᠢ ᠠᠵᠢᠯ ᠶᠠᠭ ᠶᠠᠪᠤᠭᠳᠠᠵᠤ ᠪᠠᠶᠢᠨ᠎ᠠ᠃ |