ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠶᠠᠪᠤᠭᠤᠯᠪᠠ ᠰᠢ ᠶᠢᠨ ᠫᠢᠩ ᠢᠷᠠᠭᠤ ᠠᠯᠳᠠᠷ ᠤᠨ ᠴᠣᠯᠠ ᠣᠯᠣᠭᠰᠠᠨ ᠨᠢᠭᠡᠴᠢ ᠳᠤ ᠱᠠᠩᠨᠠᠯ ᠤᠨ ᠳᠤᠭ ᠣᠯᠭᠤᠵᠠᠢ
ᠨᠡᠶᠢᠲᠡᠯᠡᠭᠰᠡᠨ ᠴᠠᠭ᠄
2024/7/16
            ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠳ᠋ᠤᠭᠠᠷ ᠰᠠᠷ᠎ᠠ ᠶᠢᠨ 9᠎ ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠤᠢ ᠶᠢᠨ ᠲᠠᠰᠢᠷᠠᠮ ᠢᠶᠠᠷ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ 9᠎ ᠤ ᠡᠳᠦᠷ ᠪᠡᠭᠡᠵᠢᠩ ᠳᠤ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠢ ᠦᠪᠡᠳᠡᠭᠰᠢ ᠶᠡᠭᠡ ᠪᠠᠷ ᠶᠠᠪᠤᠭᠤᠯᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠢᠷᠠᠭᠤ ᠠᠯᠳᠠᠷ ᠤᠨ ᠴᠣᠯᠠ ᠣᠯᠣᠭᠰᠠᠨ ᠨᠢᠭᠡᠴᠢ ᠳᠤ ᠱᠠᠩᠨᠠᠯ ᠤᠨ ᠲᠤᠭ ᠣᠯᠭᠤᠪᠠ᠃            
                  7 ᠳ᠋ᠤᠭᠠᠷ ᠰᠠᠷ᠎ᠠ ᠶᠢᠨ 9᠎ ᠤ ᠡᠳᠦᠷ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠢ ᠪᠡᠭᠡᠵᠢᠩ ᠳᠤ ᠦᠪᠡᠳᠡᠭᠰᠢ ᠶᠡᠭᠡ ᠪᠠᠷ ᠶᠠᠪᠤᠭᠤᠯᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ︽ᠲᠡᠶᠢᠷᠦᠯᠲᠦ ᠶᠡᠭᠡ ᠫᠤᠤᠲᠤ ᠴᠡᠷᠢᠭ ᠤᠨ ᠵᠢᠱᠢᠶᠡᠴᠢ ᠰᠤᠮᠤ︾᠎  ᠭᠡᠬᠦ ᠢᠷᠠᠭᠤ ᠠᠯᠳᠠᠷ ᠤᠨ ᠴᠣᠯᠠ ᠭᠥᠷᠳᠡᠭᠰᠡᠨ ᠬᠠᠭᠤᠷᠠᠢ ᠵᠠᠮ ᠤᠨ ᠴᠡᠷᠢᠭ ᠤᠨ ᠨᠢᠭᠡᠨ ᠪᠠᠷᠢᠭᠠᠳᠠ ᠶᠢᠨ      ᠨᠢᠭᠡᠳᠦᠭᠡᠷ ᠪᠠᠳ᠋ᠯᠢᠶᠤᠨ ᠤ ᠬᠤᠶᠠᠳᠤᠭᠠᠷ ᠰᠤᠮᠤ ᠳᠤ ᠱᠠᠩᠨᠠᠯ ᠤᠨ ᠲᠤᠭ ᠣᠯᠭᠤᠭᠰᠠᠨ ᠪᠥᠭᠡᠳ ᠲᠤᠰ ᠰᠤᠮᠤᠨ ᠤ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠲᠠᠢ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃             ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ             ︽8 · 1︾᠎  ᠲᠣᠮᠣ ᠠᠰᠠᠷ ᠤᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠪᠣᠯᠣᠨ ᠪᠢᠴᠢᠭ ᠤᠨ ᠲᠤᠰᠢᠶᠠᠯᠲᠠᠨ ᠤ ᠲᠥᠯᠥᠭᠡᠯᠡᠭᠴᠢ ᠲᠡᠷᠢ ᠲᠡᠭᠰᠢ ᠵᠢᠭᠰᠠᠵᠤ᠂ ᠣᠷᠴᠢᠨ ᠨᠥᠬᠦᠴᠡᠯ ᠲᠥᠪ ᠬᠢᠴᠢᠶᠡᠩᠭᠦᠢ ᠪᠥᠭᠡᠳ ᠭᠦᠷ ᠬᠥᠭᠵᠢᠶᠡᠨ ᠲᠠᠢ ᠪᠠᠶᠢᠯ᠎ᠠ᠃ ᠦᠳᠡ ᠶᠢᠨ ᠬᠤᠶᠢᠨᠠᠬᠢ 3 ᠴᠠᠭ 30 ᠮᠢᠨᠦ᠋ᠲ ᠤᠨ ᠦᠶ᠎ᠡ ᠪᠠᠷ᠂ 18 ᠶᠣᠰᠣᠯᠠᠯ ᠤᠨ ᠴᠡᠷᠢᠭ ᠲᠥᠪ ᠠᠯᠬᠤᠮ ᠢᠶᠠᠷ ᠲᠠᠯᠠᠪᠠᠢ ᠳᠤ ᠠᠯᠬᠤᠨ ᠣᠷᠣᠵᠤ᠂ ᠫᠤᠤ ᠠᠳᠬᠤᠨ ᠬᠤᠶᠠᠷ ᠲᠠᠯ᠎ᠠ ᠪᠠᠷ ᠵᠣᠭᠰᠣᠵᠤ᠂ ᠴᠣᠯᠠ ᠣᠯᠭᠤᠬᠤ ᠶᠣᠰᠣᠯᠠᠯ ᠡᠬᠢᠯᠡᠬᠦ ᠳᠤ ᠲᠠᠯᠠᠪᠠᠢ ᠳᠠᠶᠠᠭᠠᠷ ᠢᠶᠠᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠢᠷᠠᠭᠤ ᠠᠯᠳᠠᠷ ᠤᠨ ᠴᠣᠯᠠ ᠣᠯᠭᠤᠬᠤ ᠵᠠᠷᠯᠢᠭ ᠢ ᠤᠩᠰᠢᠨ ᠨᠡᠶᠢᠲᠡᠯᠡᠵᠦ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠶᠣᠰᠣᠯᠠᠯ ᠢ ᠡᠷᠭᠢᠯᠡᠪᠡ᠃             ᠢᠳᠡ ᠬᠦᠴᠦᠲᠡᠢ ︽ᠠᠷᠠᠳ ᠤᠨ ᠴᠡᠷᠢᠭ ᠠᠩᠭᠢ ᠨᠠᠮ ᠳᠠᠭᠠᠨ ᠦᠨᠡᠨᠴᠢ︾᠎  ᠭᠡᠬᠦ ᠬᠥᠭᠵᠢᠮ ᠤᠨ ᠳᠤᠮᠳᠠ᠂ ᠰᠢ ᠶᠢᠨ ᠫᠢᠩ ︽ᠲᠡᠶᠢᠷᠦᠯᠲᠦ ᠶᠡᠭᠡ ᠫᠤᠤᠲᠤ ᠴᠡᠷᠢᠭ ᠤᠨ ᠵᠢᠱᠢᠶᠡᠴᠢ ᠰᠤᠮᠤ︾᠎  ᠭᠡᠬᠦ ᠢᠷᠠᠭᠤ ᠠᠯᠳᠠᠷ ᠤᠨ ᠴᠣᠯᠠ ᠭᠥᠷᠳᠡᠭᠰᠡᠨ ᠬᠠᠭᠤᠷᠠᠢ ᠵᠠᠮ ᠤᠨ ᠴᠡᠷᠢᠭ ᠤᠨ ᠨᠢᠭᠡᠨ ᠪᠠᠷᠢᠭᠠᠳᠠ ᠶᠢᠨ ᠨᠢᠭᠡᠳᠦᠭᠡᠷ ᠪᠠᠳ᠋ᠯᠢᠶᠤᠨ ᠤ ᠬᠤᠶᠠᠳᠤᠭᠠᠷ ᠰᠤᠮᠤ ᠳᠤ ᠱᠠᠩᠨᠠᠯ ᠤᠨ ᠲᠤᠭ ᠣᠯᠭᠤᠪᠠ᠃ ᠰᠤᠮᠤᠨ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠰᠢ ᠶᠢᠨ ᠫᠢᠩ ᠳᠤ ᠶᠣᠰᠣᠯᠠᠵᠤ᠂ ᠱᠠᠩᠨᠠᠯ ᠤᠨ ᠲᠤᠭ ᠢ ᠲᠥᠪ ᠴᠢᠩᠭ᠎ᠠ ᠪᠠᠷ ᠲᠤᠰᠴᠤ ᠠᠪᠤᠪᠠ᠃ ᠰᠢ ᠶᠢᠨ ᠫᠢᠩ ᠲᠡᠳᠡᠨ ᠳᠤ ᠳᠣᠲᠣᠨᠣ ᠮᠡᠨᠳᠦᠴᠢᠯᠡᠯ ᠬᠦᠷᠭᠡᠵᠦ᠂ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ᠃             ᠴᠣᠯᠠ ᠣᠯᠭᠤᠬᠤ ᠶᠣᠰᠣᠯᠠᠯ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠬᠠᠩᠭᠢᠨᠠᠮ᠎ᠠ ᠰᠠᠶᠢᠬᠠᠨ ᠴᠡᠷᠢᠭ ᠤᠨ ᠳᠠᠭᠤᠤ ᠶᠢᠨ ᠳᠤᠮᠳᠠ ᠲᠡᠭᠦᠰᠪᠡ᠃             ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠴᠡᠷᠢᠭ ᠠᠩᠭᠢ ᠶᠢᠨ ᠪᠡᠭᠡᠵᠢᠩ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠢᠷᠠᠭᠤ ᠠᠯᠳᠠᠷ ᠤᠨ ᠴᠣᠯᠠ ᠣᠯᠣᠭᠰᠠᠨ ᠨᠢᠭᠡᠴᠢ ᠶᠢᠨ ᠲᠥᠯᠥᠭᠡᠯᠡᠭᠴᠢᠳ ᠶᠣᠰᠣᠯᠠᠯ ᠳᠤ ᠣᠷᠣᠯᠴᠠᠵᠠᠢ᠃                  
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号