ᠤᠳᠤᠷᠢᠳᠬᠤ ᠪᠠᠷ ᠪᠠᠷᠠᠬᠤ ᠦᠭᠡᠢ ᠣᠷᠣᠯᠴᠠᠨ᠎ᠠ
ᠨᠡᠶᠢᠲᠡᠯᠡᠭᠰᠡᠨ ᠴᠠᠭ᠄
2024/7/16
      ᠰᠢᠨᠬᠤᠸᠠ ᠬᠤᠷᠢᠶᠠᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 17᠎ ᠤ ᠡᠳᠦᠷ ᠤᠨ ᠴᠠᠭᠢᠯᠭᠠᠨ ᠮᠡᠳᠡᠭᠡ ᠰᠡᠳᠦᠪ᠄  ᠤᠳᠤᠷᠢᠳᠬᠤ ᠪᠠᠷ ᠪᠠᠷᠠᠬᠤ ᠦᠭᠡᠢ ᠣᠷᠣᠯᠴᠠᠨ᠎ᠠ             ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠤᠢ ᠶᠠᠩ             ᠲᠦᠮᠡᠨ ᠤᠯᠠᠨ ᠤ ᠠᠩᠬᠠᠷᠤᠯ ᠢ ᠲᠠᠲᠠᠭᠰᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠨᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠪᠠᠶᠢᠷᠢᠯᠠᠭᠤᠯᠤᠯᠲᠠ ᠬᠢᠬᠦ ᠪᠠᠷ ᠪᠠᠶᠢᠨ᠎ᠠ᠃ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠬᠡᠷᠬᠢᠨ ᠰᠠᠶᠢᠲᠤᠷ ᠠᠳᠬᠤᠪᠠᠯ ᠵᠣᠬᠢᠬᠤ ᠪᠤᠢ︖᠎  ᠶᠡᠷᠦᠩᠬᠡᠶ ᠱᠦᠵᠢ ᠰᠢ ᠶᠢᠨ ᠫᠢᠩ ᠴᠢᠬᠤᠯᠠᠴᠢᠯᠠᠬᠤ ᠳᠤ ᠪᠠᠨ᠄  ᠨᠠᠮ ᠤᠨ ᠬᠤᠷᠢᠶᠠᠨ ᠤ ᠱᠦᠵᠢ ᠨᠢ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠤᠳᠤᠷᠢᠳᠬᠤ ᠪᠠᠷ ᠪᠠᠷᠠᠬᠤ ᠦᠭᠡᠢ ᠣᠷᠣᠯᠴᠠᠵᠤ᠂ ᠪᠡᠶ᠎ᠡ ᠪᠠᠷ ᠢᠶᠠᠨ ᠥᠭᠡᠷᠡᠴᠢᠯᠡᠯᠲᠡ ᠶᠢ ᠠᠳᠬᠤᠬᠤ ᠬᠡᠷᠡᠭᠲᠡᠶ ᠭᠡᠵᠡᠢ᠃             ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ᠂ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢᠨ ᠠᠳᠠᠯᠢ ᠪᠤᠰᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠢ ᠪᠣᠯᠭᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠬᠦ ᠮᠥᠷᠲᠡᠭᠡᠨ ᠪᠠᠰᠠ ᠬᠠᠷᠢᠯᠴᠠᠨ ᠬᠠᠮᠵᠢᠯᠴᠠᠬᠤ ᠶᠢ ᠪᠡᠶᠡᠯᠡᠭᠦᠯᠬᠦ ᠬᠡᠷᠡᠭᠲᠡᠢ᠃ ᠡᠭᠦᠠ ᠳᠤ᠂ ᠨᠠᠮ ᠤᠨ ᠬᠤᠷᠢᠶᠠᠨ ᠤ ᠱᠦᠵᠢ ᠪᠤᠯ ᠵᠠᠩᠭᠢᠯᠠᠭ᠎ᠠ ᠪᠤᠯᠬᠤ ᠪᠥᠭᠡᠳ ᠨᠢᠭᠡ ᠭᠠᠵᠠᠷ ᠣᠷᠣᠠ᠂ ᠨᠢᠭᠡ ᠨᠢᠭᠡᠴᠢ ᠶᠢᠨ ᠳᠦᠪ ᠬᠤᠷᠢᠶᠠᠨ ᠤ ᠣᠶᠢᠭᠡᠷᠠᠴᠢᠯᠠᠯᠲᠠ ᠶᠢᠨ ᠰᠢᠢᠣᠠᠪᠤᠷᠢᠲᠤ ᠪᠤᠲᠣᠯᠭ᠎ᠠ ᠶᠢᠨ ᠪᠠᠶᠢᠷᠢᠯᠠᠭᠤᠯᠣᠯᠲᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠶᠢᠨ ᠨᠢᠭᠡᠲᠣᠭᠡᠷ ᠬᠠᠷᠢᠭᠤᠴᠠᠯᠭᠠᠲᠠᠨ ᠮᠦᠠ᠃ ᠨᠠᠮ ᠤᠨ ᠬᠤᠷᠢᠶᠠᠨ ᠤ ᠱᠦᠵᠢ ᠶᠢᠨ ᠵᠣᠭᠰᠣᠯᠲᠠ ᠪᠠᠲᠤ ᠴᠢᠩᠭ᠎ᠠ᠂ ᠰᠡᠳᠬᠢᠮᠵᠢ ᠲᠣᠳᠣᠷᠬᠠᠶ ᠪᠠᠶᠢᠵᠤ᠂ ᠤᠳᠤᠷᠢᠳᠬᠤ ᠪᠠᠷ ᠪᠠᠷᠠᠬᠤ ᠦᠭᠡᠢ ᠣᠷᠣᠯᠴᠠᠪᠠᠯ᠂ ᠥᠭᠡᠷᠡᠴᠢᠯᠡᠯᠲᠡ ᠶᠢ ᠰᠠᠶ᠋ᠢ ᠯᠠᠪᠳᠠᠭᠤᠨ ᠢᠶᠠᠷ ᠠᠬᠢᠭᠤᠯᠵᠤ᠂ ᠴᠢᠬᠤᠯᠠ ᠶᠡᠭᠡ ᠰᠢᠪᠲᠤᠯᠤᠯᠲᠠ ᠲᠠᠢ ᠪᠣᠯᠭᠠᠵᠤ ᠴᠢᠳᠠᠨ᠎ᠠ᠃             ᠤᠳᠤᠷᠢᠳᠬᠤ ᠪᠠᠷ ᠪᠠᠷᠠᠬᠤ ᠦᠭᠡᠢ ᠣᠷᠣᠯᠴᠠᠬᠤ ᠳᠤ᠂ ᠥᠭᠡᠷᠡᠴᠢᠯᠡᠯᠲᠡ ᠶᠢᠨ ᠶᠡᠭᠡ ᠲᠤᠭ ᠢ ᠴᠢᠩᠭ᠎ᠠ ᠬᠦᠴᠦᠲᠡᠢ ᠡᠷᠭᠦᠵᠦ᠂ ᠨᠠᠮ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠦᠳᠦᠯᠦᠨ ᠳᠠᠭᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠲᠠᠢ ᠪᠠᠶᠢᠬᠤ ᠶᠢ ᠪᠠᠲᠤᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠬᠤ ᠬᠡᠷᠡᠭᠲᠡᠢ᠃ ᠨᠠᠮ ᠠᠴᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠤᠨ ᠤᠳᠤᠷᠢᠳᠬᠤ ᠶᠢᠨ ᠭᠤᠣᠯᠯᠠᠭᠴᠢ ᠦᠢᠯᠡᠳᠦᠯ ᠢ ᠪᠠᠳᠠᠷᠠᠭᠤᠯᠵᠤ᠂ ᠨᠠᠮ ᠤᠨ ᠤᠳᠤᠷᠢᠳᠤᠯᠭ᠎ᠠ ᠶᠢ ᠥᠭᠡᠷᠡᠴᠢᠯᠡᠯᠲᠡ ᠶᠢᠨ ᠡᠯ᠎ᠡ ᠲᠠᠯ᠎ᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠥᠭᠡᠷᠡᠴᠢᠯᠡᠯᠲᠡ ᠶᠢ ᠢᠮᠠᠭᠲᠠ ᠤᠯᠤᠰ ᠲᠦᠷᠦ ᠶᠢᠨ ᠵᠥᠪ ᠴᠢᠭᠯᠡᠯ ᠢᠶᠠᠷ ᠤᠷᠤᠭᠰᠢᠯᠠᠭᠤᠯᠬᠤ ᠶᠢ ᠪᠠᠲᠤᠯᠠᠬᠤ ᠬᠡᠷᠡᠭᠲᠡᠢ᠃             ᠤᠳᠤᠷᠢᠳᠬᠤ ᠪᠠᠷ ᠪᠠᠷᠠᠬᠤ ᠦᠭᠡᠢ ᠣᠷᠣᠯᠴᠠᠬᠤ ᠳᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ᠃ ᠣᠯᠠᠨ ᠢ ᠳᠠᠭᠠᠭᠤᠯᠤᠨ ᠠᠵᠢᠯ ᠤᠨ ᠲᠥᠯᠥᠪᠯᠡᠭᠡ ᠪᠠᠨ ᠰᠠᠶᠢᠲᠤᠷ ᠲᠣᠭᠲᠠᠭᠠᠨ᠂ ᠠᠷᠭ᠎ᠠ ᠬᠢᠳᠡᠯ ᠢᠶᠠᠨ ᠲᠣᠳᠣᠷᠬᠠᠶ ᠪᠣᠯᠭᠠᠨ᠂ ᠪᠣᠳᠠᠲᠠᠢ ᠠᠵᠢᠯᠯᠠᠬᠤ ᠠᠷᠭ᠎ᠠ ᠪᠠᠨ ᠵᠥᠪ ᠢᠶᠠᠷ ᠲᠣᠭᠲᠠᠭᠠᠬᠤ ᠪᠠᠷ ᠦᠯᠦ ᠪᠠᠷᠠᠨ ᠴᠢᠬᠤᠯᠠ ᠡᠭᠦᠷᠭᠡ ᠶᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠪᠡᠶ᠎ᠡ ᠪᠠᠷ ᠢᠶᠠᠨ ᠬᠠᠷᠢᠭᠤᠴᠠᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠡᠶ᠎ᠡ ᠪᠠᠷ ᠢᠶᠠᠨ ᠰᠢᠮᠳᠠᠭᠤᠯᠤᠨ ᠪᠠᠶᠢᠴᠠᠭᠠᠬᠤ ᠬᠡᠷᠡᠭᠲᠡᠶ᠃            ᠤᠳᠤᠷᠢᠳᠬᠤ ᠪᠠᠷ ᠪᠠᠷᠠᠬᠤ ᠦᠭᠡᠢ ᠣᠷᠣᠯᠴᠠᠬᠤ ᠳᠤ᠂ ᠳᠡᠭᠡᠳᠦ ᠨᠢᠭᠡ ᠱᠠᠲᠤ ᠨᠢ ᠳᠣᠣᠷᠠᠳᠤ ᠨᠢᠭᠡ ᠱᠠᠲᠤ ᠪᠠᠨ ᠳᠠᠭᠠᠭᠤᠯᠤᠨ ᠠᠵᠢᠯᠯᠠᠵᠤ᠂ ᠳᠡᠭᠡᠳᠦ ᠨᠢᠭᠡ ᠱᠠᠲᠤ ᠨᠢ ᠳᠣᠣᠷᠠᠳᠤ ᠨᠢᠭᠡ ᠱᠠᠲᠤ ᠳᠤ ᠪᠠᠨ ᠳᠠᠭᠤᠷᠢᠶᠠᠯ ᠪᠣᠯᠵᠤ᠂ ᠬᠠᠷᠢᠭᠤᠴᠠᠯᠭ᠎ᠠ ᠡᠭᠦᠷᠭᠡᠯᠡᠯ ᠲᠠᠢ ᠪᠠᠶᠢᠬᠤ ᠶᠢ ᠬᠥᠲᠥᠯᠥᠨ ᠳᠠᠭᠠᠭᠤᠯᠵᠤ᠂ ᠵᠢᠳᠬᠦᠯ ᠴᠢᠷᠮᠠᠶᠢᠯᠭ᠎ᠠ ᠭᠠᠷᠭᠠᠬᠤ ᠪᠠᠷ ᠠᠵᠢᠯ ᠢᠶᠠᠨ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠪᠡᠯ ᠠᠭᠤᠯᠠ ᠮᠠᠴᠤᠬᠤ ᠮᠡᠲᠦ ᠣᠷᠭᠢᠯ ᠳᠤ ᠨᠢ ᠬᠦᠷᠴᠦ᠂ ᠭᠤᠣᠯ ᠬᠡᠲᠦᠯᠬᠦ ᠮᠡᠲᠦ ᠲᠡᠷᠲᠡᠭᠡ ᠡᠷᠭᠢ ᠳᠤ ᠨᠢ ᠬᠦᠷᠴᠦ ᠳᠡᠶᠢᠯᠦᠨ᠎ᠡ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号