ᠠᠯᠠᠱᠠ ᠠᠶᠢᠮᠠᠭ ᠤᠨ ᠰᠢᠯᠢᠳᠡᠭ ᠰᠣᠶᠣᠯ ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠ ᠲᠥᠷᠥᠯ ᠵᠦᠢᠯ ᠪᠦᠭᠦ ᠣᠷᠣᠨ ᠤ ᠨᠡᠷᠡᠰ ᠲᠤ ᠵᠢᠭᠰᠠᠭᠠᠭᠳᠠᠯ᠎ᠠ
ᠨᠡᠶᠢᠲᠡᠯᠡᠭᠰᠡᠨ ᠴᠠᠭ᠄
2024/7/16
        ︵ᠰᠣᠷᠪᠤᠯᠵᠢᠯᠠᠬᠴᠢ ᠶᠠᠨ ᠴᠧᠨ ᠴᠧᠨ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠠᠴᠠ 2023 ᠣᠨ ᠤ ᠪᠦᠭᠦ ᠣᠷᠣᠨ ᠤ ᠰᠢᠯᠢᠳᠡᠭ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ᠂ ᠪᠦᠯᠭᠦᠮ ᠨᠡᠶᠢᠲᠡ᠂ ᠰᠠᠶᠢᠨ ᠳᠣᠷᠠᠴᠣᠳ ᠤᠨ ᠰᠢᠯᠭᠠᠷᠠᠭᠤᠯᠤᠯᠲᠠ ᠶᠢᠨ ᠦᠷ᠎ᠡ ᠳ᠋ᠦᠩ ᠤᠨ ᠲᠤᠬᠠᠢ ᠵᠠᠷᠯᠠᠯ ᠢ ᠨᠡᠶᠢᠲᠡᠯᠡᠪᠡ᠃ᠮᠠᠨ ᠪ᠊ ᠠᠶᠢᠮᠠᠭ ᠤᠨ ᠠᠯᠠᠱᠠ ᠮᠦᠽᠧᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠡᠵᠡᠨ᠎ᠡ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠶᠢᠨ ︽ᠰᠣᠶᠣᠯ ᠢᠶᠠᠷ ᠠᠷᠠᠳ ᠲᠤ ᠠᠰᠢᠭ ᠬᠦᠷᠲᠡᠭᠡᠨ ᠴᠡᠷᠢᠭ ᠤᠨ ᠬᠤᠸᠠᠷᠠᠨ ᠳᠤ ᠣᠴᠢᠭᠤᠯᠵᠤ ᠰᠠᠶᠢᠨ ᠳᠤᠷ᠎ᠠ ᠶᠢᠨ ᠦᠢᠯᠡᠴᠢᠯᠡᠭᠡ ᠪᠠᠷ ᠴᠡᠷᠢᠭ ᠤᠨ ᠰᠡᠳᠬᠢᠯ ᠢ ᠳᠤᠯᠠᠭᠠᠴᠠᠭᠤᠯᠬᠤ︾ ᠲᠥᠷᠥᠯ ᠵᠦᠢᠯ ᠰᠣᠩᠭᠤᠭᠳᠠᠪᠠ᠃      ᠠᠯᠠᠱᠠ ᠮᠦᠽᠧᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ 2010 ᠣᠨ ᠤ 9 ᠰᠠᠷ᠎ᠠ ᠳᠤ ᠪᠠᠶᠢᠭᠤᠯᠤᠭᠳᠠᠵᠤ᠂ ᠤᠳᠤ 94 ᠰᠠᠶᠢᠨ ᠳᠤᠷ᠎ᠠ ᠶᠢᠨ ᠦᠢᠯᠡᠴᠢᠯᠡᠭᠡᠨ ᠤ ᠭᠡᠰᠢᠭᠦᠨ ᠲᠠᠢ᠂ ᠭᠤᠣᠯᠳᠠᠭᠤ ᠮᠦᠽᠧᠢ ᠶᠢᠨ ᠲᠠᠶᠢᠯᠪᠤᠷᠢᠯᠠᠬᠤ ᠦᠢᠯᠡᠴᠢᠯᠡᠭᠡ᠂ ᠨᠡᠶᠢᠭᠡᠮ ᠤᠨ ᠰᠤᠷᠭᠠᠨ ᠬᠥᠮᠦᠵᠢᠯ᠂ ᠯᠠᠪᠯᠠᠭ᠎ᠠ ᠥᠭᠴᠦ ᠬᠥᠲᠥᠯᠥᠨ ᠵᠢᠯᠤᠭᠤᠳᠬᠤ᠂ ᠰᠢᠨ᠎ᠡ ᠵᠠᠭᠤᠴᠢᠯᠠᠭᠤᠷ ᠤᠨ ᠳᠠᠮᠵᠢᠭᠤᠯᠭ᠎ᠠ ᠵᠡᠷᠭᠡ ᠡᠭᠦᠷᠭᠡ ᠶᠢ ᠡᠭᠦᠷᠭᠡᠯᠡᠵᠦ ᠪᠤᠢ᠃ᠲᠤᠰ ᠦᠢᠯᠡᠴᠢᠯᠡᠭᠡᠨ ᠤ ᠠᠩᠭᠢ  ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ᠂ ᠲᠡᠦᠬᠡ ᠰᠣᠶᠣᠯ ᠢ ᠤᠯᠠᠮᠵᠢᠯᠠᠬᠤ ᠪᠠᠷ ᠬᠠᠷᠠᠯᠲᠠ ᠪᠠᠨ ᠪᠤᠯᠭᠠᠬᠤ ᠶᠢ ᠪᠠᠷᠢᠮᠲᠠᠯᠠᠵᠤ᠂ ᠦᠵᠡᠭᠴᠢᠳ ᠲᠤ ᠶᠠᠭᠤ ᠬᠡᠷᠡᠭᠴᠡᠭᠡ ᠲᠠᠢ ᠪᠣᠯ ᠶᠠᠭᠤ ᠶᠢ ᠬᠠᠩᠭᠠᠬᠤ ᠶᠢ ᠪᠡᠶᠡᠯᠡᠭᠦᠯᠦᠭᠰᠡᠭᠡᠷ ᠢᠷᠡᠵᠡᠢ᠃ ᠦᠵᠡᠭᠴᠢᠳ ᠬᠠᠮᠢᠭ᠎ᠠ ᠪᠠᠶᠢᠪᠠᠯ ᠰᠠᠶᠢᠨ ᠳᠤᠷ᠎ᠠ ᠶᠢᠨ ᠦᠢᠯᠡᠴᠢᠯᠡᠭᠡ ᠨᠢ ᠲᠡᠨᠳᠡ ᠬᠦᠷᠴᠦ᠂ ᠠᠵᠢᠯ ᠲᠥᠷᠥᠯ ᠤᠨ ᠰᠢᠨ᠎ᠡ ᠰᠤᠷᠲᠠᠯ ᠢ ᠲᠠᠰᠤᠷᠠᠯᠲᠠ ᠦᠭᠡᠢ ᠬᠥᠲᠥᠯᠥᠨ ᠳᠠᠭᠠᠭᠤᠯᠵᠤ᠂ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠵᠡᠢ᠃ ᠠᠯᠠᠱᠠ ᠣᠷᠣᠨ ᠤ ᠲᠡᠦᠬᠡ ᠰᠣᠶᠣᠯ ᠪᠣᠯᠣᠨ ᠬᠤᠪᠢᠰᠬᠠᠯ ᠤᠨ ᠲᠡᠦᠬᠡ ᠶᠢ ᠨᠠᠷᠢᠯᠢᠭ ᠣᠶᠢᠯᠠᠭᠠᠨ ᠮᠡᠳᠡᠵᠣ᠂ ᠤᠯᠠᠨ ᠲᠦᠮᠡᠨ ᠳᠤ ᠦᠢᠯᠡᠴᠢᠯᠡᠬᠦ ᠪᠠᠨ ᠵᠣᠭᠰᠣᠯ ᠦᠭᠡᠢ ᠪᠠᠷᠢᠮᠲᠠᠯᠠᠨ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠭᠰᠡᠭᠡᠷ ᠢᠷᠡᠵᠡᠢ᠃      ᠣᠶᠢᠷ᠎ᠠ ᠶᠢᠨ ᠵᠢᠯ ᠳᠤ᠂ ᠡᠵᠡᠨ᠎ᠡ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ︽ᠰᠣᠶᠣᠯ ᠢᠶᠠᠷ ᠠᠷᠠᠳ ᠲᠤ ᠠᠰᠢᠭ ᠬᠦᠷᠲᠡᠭᠡᠨ ᠴᠡᠷᠢᠭ ᠤᠨ ᠬᠤᠸᠠᠷᠠᠨ ᠳᠤ ᠣᠴᠢᠭᠤᠯᠵᠤ ᠰᠠᠶᠢᠨ ᠳᠤᠷ᠎ᠠ ᠶᠢᠨ ᠦᠢᠯᠡᠴᠢᠯᠡᠭᠡ ᠪᠠᠷ ᠴᠡᠷᠢᠭ ᠤᠨ ᠰᠡᠳᠬᠢᠯ ᠢ ᠳᠤᠯᠠᠭᠠᠴᠠᠭᠤᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠭᠤᠣᠯᠳᠠᠯᠭ᠎ᠠ ᠲᠠᠢ ᠠᠵᠢᠯ ᠳᠤ ᠣᠷᠣᠭᠤᠯᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠬᠦ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠣᠶᠢᠷ᠎ᠠ ᠶᠢᠨ ᠵᠢᠯ ᠠᠴᠠ᠂ ᠲᠤᠰ ᠲᠣᠪᠴᠢᠶ᠎ᠠ ᠲᠣᠬᠯᠠᠯᠲᠠ ᠶᠢ ᠴᠡᠷᠢᠭ ᠤᠨ ᠬᠤᠸᠠᠷᠠᠨ ᠳᠤ ᠬᠦᠷᠭᠡᠬᠦ᠂ ᠨᠣᠮ ᠪᠢᠴᠢᠭ ᠢ ᠴᠡᠷᠢᠭ ᠤᠨ ᠬᠤᠸᠠᠷᠠᠨ ᠳᠤ ᠬᠦᠷᠭᠡᠬᠦ᠂ ᠤᠷᠠᠨ ᠰᠠᠶᠢᠬᠠᠨ ᠤ ᠪᠦᠲᠦᠭᠡᠯ ᠢ ᠴᠡᠷᠢᠭ ᠤᠨ ᠬᠤᠸᠠᠷᠠᠨ ᠳᠤ ᠬᠦᠷᠭᠡᠬᠦ᠂ ᠤᠷᠠᠨ ᠰᠠᠶᠢᠬᠠᠨ ᠤ ᠪᠣᠯᠪᠠᠰᠤᠷᠠᠯ ᠢ ᠴᠡᠷᠢᠭ ᠤᠨ ᠬᠤᠸᠠᠷᠠᠨ ᠳᠤ ᠬᠦᠷᠭᠡᠬᠦ ︽ᠳᠥᠷᠪᠡ ᠶᠢ ᠬᠦᠷᠭᠡᠬᠦ︾ ᠠᠵᠢᠯᠯᠠᠭ᠎ᠠ ᠶᠢ ᠥᠷᠨᠢᠭᠦᠯᠵᠦ᠂ ᠵᠢᠯ ᠪᠦᠷᠢ ᠴᠡᠷᠢᠭ ᠠᠷᠠᠳ ᠤᠨ ᠨᠠᠶᠢᠷ ᠢ ᠵᠣᠬᠢᠶᠠᠨ ᠪᠠᠶᠢᠭᠤᠯᠬᠤ ᠪᠠ ᠲᠣᠬᠯᠠᠯᠲᠠ ᠶᠢ ᠴᠡᠷᠢᠭ ᠤᠨ ᠬᠤᠸᠠᠷᠠᠨ ᠳᠤ 20 ᠭᠠᠷᠤᠢ ᠤᠳᠠᠭ᠎ᠠ ᠬᠦᠷᠭᠡᠵᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠰᠠᠶᠢᠨ ᠦᠨᠡᠯᠡᠯᠲᠡ ᠶᠢ ᠣᠯᠵᠠᠢ᠃ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ᠂ ᠭᠠᠯ ᠤᠨᠲᠠᠷᠠᠭᠠᠬᠤ ᠶᠡᠭᠡ ᠠᠩᠭᠢ ᠵᠡᠷᠭᠡ ᠨᠢᠭᠡᠴᠢ ᠳᠤ ᠨᠡᠭᠦᠳᠡᠯ ᠨᠣᠮ ᠪᠢᠴᠢᠭ ᠤᠨ ᠴᠢᠭ ᠢ 4 ᠪᠠᠶᠢᠭᠤᠯᠵᠤ᠂ 2000 ᠭᠠᠷᠤᠢ ᠳᠡᠪᠲᠡᠷ ᠨᠣᠮ ᠪᠢᠴᠢᠭ ᠢ ᠬᠦᠷᠭᠡᠵᠡᠢ᠃ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠣᠨᠴᠠᠯᠢᠭ ᠲᠤ ᠲᠣᠬᠢᠷᠠᠭᠰᠠᠨ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠪᠠᠶᠢᠯᠳᠤᠭᠴᠢᠳ ᠢᠶᠠᠷ ᠳᠡᠷᠭᠡᠳᠡᠬᠢ ᠶᠠᠪᠤᠳᠠᠯ ᠢ ᠨᠢ ᠲᠣᠭᠯᠠᠭᠤᠯᠵᠤ᠂ᠨᠡᠶᠢᠳᠡ 50 ᠭᠠᠷᠤᠢ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠠᠶᠢᠭᠤᠯᠤᠨ ᠵᠣᠬᠢᠶᠠᠨ ᠪᠦᠲᠦᠭᠡᠯᠭᠡᠵᠦ᠂ ᠥᠭᠡᠷᠡᠴᠢᠯᠡᠨ ᠨᠠᠶᠢᠷᠠᠭᠤᠯᠪᠠ᠃ ᠡᠭᠦᠨ ᠤ ᠬᠠᠮᠲᠤ᠂ ᠤᠷᠠᠯᠢᠭ ᠤᠨ ᠳᠠᠯᠳᠠ ᠬᠦᠴᠦᠨ ᠲᠠᠢ ᠳᠠᠷᠤᠭ᠎ᠠ ᠪᠠᠶᠢᠯᠳᠤᠭᠴᠢᠳ ᠲᠤ ᠭᠤᠣᠯᠳᠠᠯᠭ᠎ᠠ ᠲᠠᠢ ᠪᠣᠯᠪᠠᠰᠤᠷᠠᠯ ᠬᠦᠷᠲᠡᠭᠡᠵᠦ᠂ ᠳ᠋ᠦᠩᠹᠧᠩ ᠰᠠᠨᠰᠠᠷ ᠤᠨ ᠬᠤᠳᠠ ᠶᠢᠨ ᠣᠷᠣᠢ ᠶᠢᠨ ᠰᠤᠷᠭᠠᠭᠤᠯᠢ ᠳᠤ ᠮᠣᠷᠢᠨ ᠬᠤᠭᠤᠷ ᠤᠨ ᠪᠣᠯᠪᠠᠰᠤᠷᠠᠯ ᠤᠨ ᠠᠩᠭᠢ ᠭᠠᠷᠭᠠᠵᠤ᠂ 100 ᠰᠢᠬᠠᠮ ᠳᠠᠷᠤᠭ᠎ᠠ ᠪᠠᠶᠢᠯᠳᠤᠭᠴᠢ ᠣᠷᠣᠯᠴᠠᠵᠤ᠂ ᠴᠡᠷᠢᠭ ᠠᠩᠭᠢ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠬᠦᠴᠦᠲᠡᠢ ᠠᠬᠢᠭᠤᠯᠤᠨ᠂ ᠳᠠᠷᠤᠭ᠎ᠠ ᠪᠠᠶᠢᠯᠳᠤᠭᠴᠢᠳ ᠤᠨ ᠰᠣᠶᠣᠯ ᠤᠨ ᠠᠮᠢᠳᠤᠷᠠᠯ ᠢ ᠬᠥᠭᠵᠢᠶᠡᠨᠲᠡᠢ ᠪᠣᠯᠭᠠᠪᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号