ᠮᠠᠨ ᠤ ᠣᠷᠣᠨ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠲᠣᠭᠲᠠᠭᠠᠪᠠ
ᠨᠡᠶᠢᠲᠡᠯᠡᠭᠰᠡᠨ ᠴᠠᠭ᠄
2024/7/16
                       ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠣᠶᠢᠷ᠎ᠠ ᠳᠤ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢ ᠪᠠᠭᠤᠯᠭᠠᠵᠤ᠂ ᠮᠠᠨ ᠤ ᠣᠷᠣᠨ ᠤ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠲᠣᠭᠲᠠᠭᠠᠪᠠ᠃      ᠲᠥᠯᠥᠪᠯᠡᠭᠡ ᠳᠤ ᠳᠤᠷᠠᠳᠤᠭᠰᠠᠨ ᠢᠶᠠᠷ᠂ ᠡᠨᠡ ᠵᠢᠯ ᠤᠨ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6% ᠠᠴᠠ ᠳᠡᠭᠡᠭᠰᠢ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ  ᠢ 7% ᠣᠷᠴᠢᠮ᠂ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠶᠢ 15% ᠣᠷᠴᠢᠮ᠂ᠡᠩ ᠤᠨ ᠤᠯᠠᠨ ᠨᠡᠶᠢᠳᠡ ᠶᠢᠨ ᠲᠥᠰᠥᠪ ᠤᠨ ᠤᠷᠤᠯᠭ᠎ᠠ ᠶᠢ 5.5% ᠣᠷᠴᠢᠮ ᠨᠡᠮᠡᠭᠳᠡᠭᠦᠯᠦᠨ᠎ᠠ᠂ ᠬᠤᠳᠠ ᠪᠠᠯᠭᠠᠰᠤ ᠶᠢᠨ 18 ᠲᠦᠮᠡ ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠨ᠂ ᠬᠤᠳᠠ ᠪᠠᠯᠭᠠᠰᠤ ᠶᠢᠨ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 6% ᠣᠷᠴᠢᠮ ᠳᠤ ᠬᠢᠵᠠᠭᠠᠷᠯᠠᠨ᠎ᠠ᠂ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠪᠣᠯᠣᠨ ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠠᠯᠬᠤᠮ ᠨᠢᠭᠡᠲᠡᠢ ᠪᠠᠶᠢᠯᠭᠠᠵᠤ᠂ ᠰᠠᠭᠤᠭᠠᠯᠢ ᠠᠷᠠᠳ  ᠤᠨ ᠬᠡᠷᠡᠭᠯᠡᠭᠡ ᠶᠢᠨ ᠦᠨ᠎ᠡ ᠥᠰᠦᠯᠲᠡ ᠶᠢᠨ ᠬᠡᠮᠵᠢᠶ᠎ᠡ ᠶᠢ 3% ᠣᠷᠴᠢᠮ ᠳᠤ ᠬᠢᠵᠠᠭᠠᠷᠯᠠᠨ᠎ᠠ᠂ ᠨᠢᠭᠡᠴᠢ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠡᠨᠧᠷᠭᠢ ᠶᠢᠨ ᠬᠤᠷᠣᠭᠳᠠᠭᠤᠯᠤᠯ ᠢ 1.6% ᠣᠷᠴᠢᠮ ᠪᠠᠭᠤᠷᠠᠭᠤᠯᠤᠨ᠎ᠠ᠃      ᠡᠶᠢᠨ ᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠠᠴᠠ ᠲᠦᠷᠦ ᠶᠢᠨ ᠪᠣᠳᠣᠯᠭ᠎ᠠ ᠶᠢᠨ ᠬᠦᠴᠦᠨ ᠢ ᠪᠠᠳᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠱᠠᠯᠠᠪᠳᠠᠨ ᠬᠡᠷᠡᠭᠵᠢᠭᠦᠯᠬᠦ᠂ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠱᠠᠯᠠᠪᠳᠠᠨ ᠬᠡᠷᠡᠭᠵᠢᠭᠦᠯᠬᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ  ᠳᠤ ᠠᠩᠬᠠᠷᠤᠯ ᠢᠶᠠᠨ ᠲᠥᠪᠯᠡᠷᠡᠭᠦᠯᠦᠨ ᠬᠡᠷᠡᠭᠯᠡᠭᠡ ᠪᠠ ᠪᠡᠯᠡ ᠤᠷᠤᠭᠤᠯᠤᠯᠳᠠ ᠶᠢᠨ ᠬᠠᠷᠢᠯᠴᠠᠨ ᠠᠬᠢᠭᠤᠯᠤᠭᠰᠠᠨ ᠰᠠᠶᠢᠨ ᠰᠠᠶᠢᠬᠠᠨ ᠣᠷᠴᠢᠯ ᠢ ᠱᠠᠯᠠᠪᠳᠠᠨ ᠪᠦᠷᠢᠯᠳᠦᠭᠦᠯᠬᠦ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠱᠠᠯᠠᠪᠳᠠᠨ ᠬᠡᠷᠡᠭᠵᠢᠭᠦᠯᠬᠦ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠦᠨ ᠡᠯᠡᠰᠦᠷᠬᠡᠭᠵᠢᠯ  ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠱᠠᠯᠠᠪᠳᠠᠨ ᠬᠡᠷᠡᠭᠵᠢᠭᠦᠯᠬᠦ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠥᠨᠳᠥᠷ ᠲᠦᠪᠰᠢᠨ ᠢᠶᠠᠷ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠱᠠᠯᠠᠪᠳᠠᠨ ᠪᠠᠶᠢᠭᠤᠯᠬᠤ᠂ ᠤᠯᠤᠰ ᠤᠨ ᠮᠠᠯ ᠤᠨ ᠠᠰᠢᠭ ᠰᠢᠮ᠎ᠡ ᠪᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢ ᠱᠠᠯᠠᠪᠳᠠᠨ ᠠᠬᠢᠭᠤᠯᠬᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠦᠨ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠱᠠᠯᠠᠪᠳᠠᠨ ᠬᠡᠷᠡᠭᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ︽ᠬᠠᠶᠢᠷ᠎ᠠ ᠬᠠᠯᠠᠮᠵᠢ ᠬᠦᠷᠭᠡᠬᠦ ᠢᠨᠵᠧᠨᠧᠷᠢᠩ︾ ᠢ ᠱᠠᠯᠠᠪᠳᠠᠨ ᠬᠡᠷᠡᠭᠵᠢᠭᠦᠯᠬᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠵᠡᠷᠭᠡ 10 ᠲᠠᠯ᠎ᠠ ᠠᠴᠠ ᠬᠦᠴᠦᠯᠡᠨ ᠴᠢᠷᠮᠠᠶᠢᠬᠤ ᠪᠣᠯᠣᠨ᠎ᠠ᠃    
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号