ᠮᠠᠨ ᠤ ᠣᠷᠣᠨ ᠤ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 1522.1 ᠳ᠋ᠦᠩᠰᠢᠭᠤᠷ ᠲᠥᠭᠦᠷᠢᠭ ᠲᠤ ᠭᠦᠷᠪᠠ
ᠨᠡᠶᠢᠲᠡᠯᠡᠭᠰᠡᠨ ᠴᠠᠭ᠄
2024/7/16
           2023 ᠣᠨ ᠪᠣᠯ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠳᠤᠷᠠᠳᠤᠭᠰᠠᠨ ᠠᠷᠪᠠᠨ ᠵᠢᠯ ᠤᠨ ᠤᠢ ᠪᠣᠯᠣᠨ᠎ᠠ᠃ 2023 ᠣᠨ ᠳᠤ ᠮᠠᠨ ᠤ ᠣᠷᠣᠨ ᠤ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ  ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 1522.1 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 40.9% ᠪᠠᠷ ᠨᠡᠮᠡᠭᠳᠡᠵᠦ᠂ ᠮᠠᠨ ᠤ ᠣᠷᠣᠨ ᠤ ᠭᠠᠳᠠᠭᠠᠳᠤ ᠠᠷᠠᠯᠵᠢᠶᠠᠨ ᠤ ᠶᠡᠷᠦᠩᠬᠡᠢ ᠥᠷᠲᠡᠭ ᠤᠨ 77.4% ᠶᠢ ᠡᠵᠡᠯᠡᠵᠦ᠂ ᠮᠠᠨ ᠤ ᠣᠷᠣᠨ ᠤ ᠭᠠᠳᠠᠭᠠᠳᠤ ᠠᠷᠠᠯᠵᠢᠶ᠎ᠠ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 29.3 ᠬᠤᠪᠢ ᠳᠠᠶᠢᠴᠢᠯᠠᠪᠠ᠃ 2013 - 2023 ᠣᠨ ᠤ ᠬᠤᠭᠤᠷᠣᠨᠳᠤ ᠂ ᠮᠠᠨ ᠤ ᠣᠷᠣᠨ ᠬᠢᠭᠡᠳ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠨ ᠭᠠᠳᠠᠭᠠᠳᠤ ᠠᠷᠠᠯᠵᠢᠶ᠎ᠠ ᠶᠢᠨ ᠵᠢᠯ ᠳᠤᠮᠳᠠᠴᠢ ᠶᠢᠨ ᠨᠡᠮᠡᠭᠳᠡᠯ ᠤᠨ ᠨᠣᠷᠮ᠎ᠠ 11% ᠳᠤ ᠬᠦᠷᠴᠦ᠂ ᠠᠵᠤ ᠠᠬᠤᠢ ᠠᠷᠠᠯᠵᠢᠶ᠎ᠠ ᠶᠢᠨ ᠬᠠᠮᠲᠤᠷᠠᠯᠴᠠᠭ᠎ᠠ  ᠨᠢ ᠨᠢᠭᠡᠨᠲᠡ ᠮᠠᠨ ᠤ ᠣᠷᠣᠨ ᠤ ᠭᠠᠳᠠᠭᠠᠳᠤ ᠠᠷᠠᠯᠵᠢᠶ᠎ᠠ ᠶᠢᠨ ᠬᠥᠭᠵᠢᠯᠲᠡ ᠶᠢ ᠠᠬᠢᠭᠤᠯᠬᠤ ᠰᠢᠨ᠎ᠡ ᠨᠡᠮᠡᠭᠳᠡᠯ ᠤᠨ ᠴᠡᠭ ᠪᠣᠯᠵᠠᠢ᠃      2023 ᠣᠨ ᠳᠤ᠂ ᠮᠠᠨ ᠤ ᠣᠷᠣᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠲᠤ 538.4 ᠳ᠋ᠦᠩᠰᠢᠭᠤᠷ ᠲᠥᠭᠦᠷᠢᠭ ᠤᠨ ᠭᠠᠳᠠᠭᠠᠳᠤ ᠭᠠᠷᠭᠠᠯᠲᠠ ᠭᠠᠷᠭᠠᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ  ᠬᠢ ᠠᠴᠠ 38.2% ᠢᠶᠠᠷ ᠨᠡᠮᠡᠭᠳᠡᠪᠡ᠃ ᠡᠭᠦᠨ ᠳᠤ᠂ ᠮᠠᠰᠢᠨ ᠲᠡᠷᠭᠡ ᠶᠢᠨ ᠭᠠᠳᠠᠭᠠᠳᠤ ᠭᠠᠷᠭᠠᠯᠲᠠ 120.3 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 333.7% ᠪᠠᠷ ᠨᠡᠮᠡᠭᠳᠡᠪᠡ᠂ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ 76.6 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 34.2% ᠢᠶᠠᠷ ᠨᠡᠮᠡᠭᠳᠡᠪᠡ᠂ ᠭᠦᠳᠡᠯᠮᠦᠷᠢ ᠬᠤᠷᠠᠭᠰᠠᠨ ᠭᠡᠯᠪᠡᠷᠢ ᠶᠢᠨ ᠦᠢᠯᠡᠳᠬᠦᠨ ᠤ ᠭᠠᠳᠠᠭᠠᠳᠤ ᠭᠠᠷᠭᠠᠯᠲᠠ 25.6 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ48.9% ᠪᠠᠷ ᠨᠡᠮᠡᠭᠳᠡᠪᠡ᠂ ︽ᠰᠢᠨ᠎ᠡ ᠭᠤᠷᠪᠠᠨ ᠵᠦᠢᠯ︾  ᠤᠨ ᠦᠢᠯᠡᠳᠬᠦᠨ ᠤ ᠭᠠᠳᠠᠭᠠᠳᠤ ᠭᠠᠷᠭᠠᠯᠲᠠ 12.4 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 24.7 ᠲᠠᠭᠢᠨ ᠨᠡᠮᠡᠭᠳᠡᠪᠡ᠃      ᠠᠳᠠᠯᠢ ᠬᠤᠭᠤᠴᠠᠭᠠᠨ ᠳᠤ᠂ ᠮᠠᠨ ᠤ ᠣᠷᠣᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠨ ᠭᠠᠳᠠᠭᠠᠳᠤ ᠣᠷᠣᠭᠤᠯᠤᠯᠲᠠ 983.7 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 42.5% ᠨᠡᠮᠡᠭᠳᠡᠪᠡ᠃ ᠡᠭᠦᠨ ᠳᠤ᠂ ᠶᠡᠭᠡ ᠬᠡᠮᠵᠢᠶᠡᠨ ᠤ ᠲᠠᠸᠠᠷ ᠤᠨ ᠭᠠᠳᠠᠭᠠᠳᠤ ᠣᠷᠣᠭᠤᠯᠤᠯᠲᠠ 838.3 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ  ᠬᠢ ᠠᠴᠠ 51.4% ᠪᠠᠷ ᠨᠡᠮᠡᠭᠳᠡᠵᠦ᠂ ᠮᠠᠨ ᠤ ᠣᠷᠣᠨ ᠬᠢᠭᠡᠳ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠥᠷᠲᠡᠭ ᠤᠨ 85.2% ᠢ ᠡᠵᠡᠯᠡᠪᠡ᠃ ᠡᠭᠦᠨ ᠳᠤ 475.1 ᠳ᠋ᠦᠩᠰᠢᠭᠤᠷ ᠲᠥᠭᠦᠷᠢᠭ ᠤᠨ ᠨᠡᠭᠦᠷᠡᠰᠦ ᠣᠷᠣᠭᠤᠯᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 70.1% ᠪᠠᠷ ᠨᠡᠮᠡᠭᠳᠡᠵᠠᠢ᠂ 247.7 ᠳ᠋ᠦᠩᠰᠢᠭᠤᠷ ᠲᠥᠭᠦᠷᠢᠭ ᠤᠨ ᠵᠡᠰ ᠤᠨ ᠬᠦᠳᠡᠷ ᠤᠨ ᠡᠷᠦᠳᠡᠰᠦ ᠣᠷᠣᠭᠤᠯᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 34.4% ᠪᠠᠷ ᠨᠡᠮᠡᠭᠳᠡᠪᠡ᠂ 20.5 ᠳ᠋ᠦᠩᠰᠢᠭᠤᠷ ᠲᠥᠭᠦᠷᠢᠭ ᠤᠨ ᠲᠦᠭᠦᠬᠡᠢ ᠴᠢᠯᠠᠭᠤᠨ ᠲᠣᠰᠣ ᠣᠷᠣᠭᠤᠯᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ  ᠬᠢ ᠠᠴᠠ114.5% ᠪᠠᠷ ᠨᠡᠮᠡᠭᠳᠡᠵᠡᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号