| | | | ᠰᠢᠨᠬᠤᠸᠠ ᠬᠤᠷᠢᠶ᠎ᠠ ᠶᠢᠨ ᠳ᠋ᠦᠱᠠᠨᠪᠧ ᠶᠢᠨ 7 ᠳ᠋ᠤᠭᠠᠷ ᠰᠠᠷ᠎ᠠ ᠶᠢᠨ 5 ᠤ ᠴᠠᠭᠢᠯᠭᠠᠨ ᠮᠡᠳᠡᠭᠡ ᠲᠤᠬᠠᠢ ᠶᠢᠨ | ᠭᠠᠵᠠᠷ ᠤᠨ ᠴᠠᠭ ᠢᠶᠠᠷ 7 ᠳ᠋ᠤᠭᠠᠷ ᠰᠠᠷ᠎ᠠ ᠶᠢᠨ 5 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠲᠠᠵᠢᠺᠰᠲ᠋ᠠᠨ ᠤ ᠶᠡᠷᠦᠩᠬᠡᠶᠢᠯᠡᠭᠴᠢ ᠯᠠᠾᠧᠮᠧᠩ ᠲᠠᠢ ᠳ᠋ᠦᠱᠠᠨᠪᠧ ᠶᠢᠨ ᠶᠡᠷᠦᠩᠬᠡᠶᠢᠯᠡᠭᠴᠢ ᠶᠢᠨ ᠣᠷᠳᠣᠨ ᠳᠤ ᠬᠡᠯᠡᠯᠴᠡᠭᠡ ᠬᠢᠪᠡ᠃ | ᠬᠤᠶᠠᠷ ᠤᠯᠤᠰ ᠤᠨ ᠲᠡᠷᠢᠭᠦᠨ ᠰᠢᠨ᠎ᠡ ᠴᠠᠭ ᠦᠶ᠎ᠡ ᠶᠢᠨ ᠳᠤᠮᠳᠠᠳᠤ ᠲᠠᠵᠢᠺᠰᠲ᠋ᠠᠨ ᠤ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠦᠨ᠎ᠡ ᠭᠡᠵᠦ ᠨᠡᠶᠢᠲᠡᠯᠡᠪᠡ᠃ | | | | | ᠲᠤᠬᠠᠢ ᠶᠢᠨ ᠭᠠᠵᠠᠷ ᠤᠨ ᠴᠠᠭ ᠢᠶᠠᠷ 7 ᠳ᠋ᠤᠭᠠᠷ ᠰᠠᠷ᠎ᠠ ᠶᠢᠨ 5 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠲᠠᠵᠢᠺᠰᠲ᠋ᠠᠨ ᠤ ᠶᠡᠷᠦᠩᠬᠡᠶᠢᠯᠡᠭᠴᠢ ᠯᠠᠾᠧᠮᠧᠩ ᠲᠠᠢ ᠳ᠋ᠦᠱᠠᠨᠪᠧ ᠶᠢᠨ ᠶᠡᠷᠦᠩᠬᠡᠶᠢᠯᠡᠭᠴᠢ ᠶᠢᠨ | ᠣᠷᠳᠣᠨ ᠳᠤ ᠬᠡᠯᠡᠯᠴᠡᠭᠡ ᠬᠢᠪᠡ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | | ᠰᠢ ᠶᠢᠨ ᠫᠢᠩ ᠲᠡᠷᠭᠡᠨ ᠳᠤ ᠰᠠᠭᠤᠵᠤ ᠶᠡᠷᠦᠩᠬᠡᠶᠢᠯᠡᠭᠴᠢ ᠶᠢᠨ ᠣᠷᠳᠣᠨ ᠤ ᠡᠮᠦᠨᠡᠬᠢ ᠠᠭᠤᠳᠠᠮ ᠲᠠᠯᠠᠪᠠᠢ ᠳᠤ | ᠬᠦᠷᠬᠦ ᠳᠤ᠂ ᠯᠠᠾᠧᠮᠧᠩ ᠲᠡᠷᠭᠡᠨ ᠠᠴᠠ ᠪᠠᠭᠤᠬᠤ ᠭᠠᠵᠠᠷ ᠲᠤ ᠬᠠᠯᠠᠭᠤᠨ ᠢᠶᠠᠷ ᠤᠭᠲᠤᠪᠠ᠃ | | ᠯᠠᡁᠧᠮᠧᠩ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ᠃ | | ᠬᠤᠶᠠᠷ ᠤᠯᠤᠰ ᠤᠨ ᠲᠡᠷᠢᠭᠦᠨ ᠬᠠᠮᠲᠤ ᠪᠠᠷ ᠰᠢᠯᠭᠠᠨ ᠦᠵᠡᠬᠦ ᠲᠠᠶᠢᠰᠠᠨ ᠳᠤ ᠭᠠᠷᠪᠠ᠃ ᠴᠡᠷᠢᠭ ᠤᠨ ᠬᠥᠭᠵᠢᠮ ᠤᠨ | ᠪᠦᠯᠭᠦᠮ ᠳᠤᠮᠳᠠᠳᠤ ᠲᠠᠵᠢᠺᠰᠲ᠋ᠠᠨ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠶᠣᠰᠣᠯᠠᠯ ᠤᠨ | ᠫᠤᠤ ᠶᠢ 21 ᠳᠤᠤᠭᠠᠷᠭᠠᠪᠠ᠃ ᠰᠢ ᠶᠢᠨ ᠫᠢᠩ ᠯᠠᡁᠧᠮᠧᠩ ᠤᠨ ᠪᠡᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ | ᠰᠢᠯᠭᠠᠨ ᠦᠵᠡᠵᠦ᠂ ︽ᠳᠠᠶᠠᠭᠠᠷ ᠢᠶᠠᠨ ᠰᠠᠶᠢᠨ ᠪᠠᠶᠢᠨ᠎ᠠ ᠦᠦ︕ ︾ ᠭᠡᠵᠦ ᠲᠠᠵᠢᠺ ᠭᠡᠯᠡ ᠪᠠᠷ ᠮᠡᠨᠳᠦᠴᠢᠯᠡᠬᠦ ᠳᠤ | ᠶᠣᠰᠣᠯᠠᠯ ᠤᠨ ᠠᠩᠭᠢ ᠶᠢᠨ ᠭᠡᠰᠢᠭᠦᠳ ︽ᠰᠠᠶᠢᠨ ᠦᠦ᠂ ᠲᠡᠷᠢᠭᠦᠯᠡᠭᠴᠢ ᠨᠣᠶᠠᠨᠲᠠᠨ ᠠ᠋︕ ︾ ᠭᠡᠵᠦ ᠲᠠᠵᠢᠺ ᠭᠡᠯᠡ ᠪᠠᠷ | ᠲᠠᠭᠤᠨ ᠨᠢᠭᠡᠲᠡᠢ ᠬᠠᠷᠢᠭᠤᠯᠪᠠ᠃ ᠬᠤᠶᠠᠷ ᠤᠯᠤᠰ ᠤᠨ ᠲᠡᠷᠢᠭᠦᠨ ᠲᠤᠰ ᠲᠤᠰ ᠤᠨ ᠪᠡᠷ᠎ᠠ ᠪᠣᠯᠣᠭᠰᠠᠳ ᠲᠠᠢ ᠨᠢᠭᠡᠳ | ᠨᠢᠭᠡ ᠪᠠᠷ ᠭᠠᠷ ᠠᠳᠬᠤᠨ ᠮᠡᠨᠳᠦᠴᠢᠯᠡᠵᠦ᠂ ᠲᠠᠷᠠᠭ᠎ᠠ ᠨᠢ ᠬᠠᠮᠲᠤ ᠪᠠᠷ ᠵᠢᠭᠰᠠᠭᠠᠯ ᠢ ᠦᠵᠡᠪᠡ᠃ | | ᠤᠭᠲᠤᠬᠤ ᠶᠣᠰᠣᠯᠠᠯ ᠤᠨ ᠳᠠᠷᠠᠭ᠎ᠠ᠂ ᠬᠤᠶᠠᠷ ᠤᠯᠤᠰ ᠤᠨ ᠲᠡᠷᠢᠭᠦᠨ ᠤᠷᠢᠳ ᠬᠤᠵᠢᠳ ᠪᠠᠭ᠎ᠠ ᠬᠡᠪᠴᠢᠶᠡᠨ ᠤ | ᠬᠡᠯᠡᠯᠴᠡᠭᠡ ᠪᠣᠯᠣᠨ ᠶᠡᠭᠡ ᠬᠡᠪᠴᠢᠶᠡᠨ ᠤ ᠬᠡᠯᠡᠯᠴᠡᠭᠡ ᠬᠢᠪᠡ᠃ | | ᠰᠢ ᠶᠢᠨ ᠫᠢᠩ᠂ ᠳᠤᠮᠳᠠᠳᠤ ᠤᠯᠤᠰ ᠪᠣᠯᠣᠨ ᠲᠠᠵᠢᠺᠰᠲ᠋ᠠᠨ ᠠᠭᠤᠯᠠ ᠤᠰᠤ ᠪᠠᠷ ᠢᠶᠠᠨ ᠵᠠᠯᠭᠠᠯᠳᠤᠵᠤ᠂ ᠤᠷᠤᠭᠤᠯ | ᠰᠢᠳᠤᠨ ᠤ ᠨᠢᠭᠲᠠ ᠬᠤᠯᠪᠤᠭ᠎ᠠ ᠲᠠᠢ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠶᠤᠮ᠃ ᠬᠤᠶᠠᠷ ᠤᠯᠤᠰ ᠤᠨ ᠬᠠᠷᠢᠯᠴᠠᠭ᠎ᠠ | ᠭᠦᠨ ᠵᠤᠵᠠᠭᠠᠨ ᠲᠡᠦᠬᠡ ᠶᠢᠨ ᠡᠬᠢ ᠰᠤᠷᠪᠤᠯᠵᠢ᠂ ᠪᠠᠲᠤ ᠪᠠᠬᠢ ᠤᠯᠤᠰ ᠲᠦᠷᠦ ᠶᠢᠨ ᠰᠠᠭᠤᠷᠢ᠂ ᠡᠯᠪᠡᠭ ᠪᠠᠶᠠᠯᠢᠭ | ᠬᠠᠮᠲᠤᠷᠠᠯᠴᠠᠭᠠᠨ ᠤ ᠠᠭᠤᠯᠤᠭᠳᠠᠬᠤᠨ᠂ ᠥᠷᠭᠡᠨ ᠳᠡᠯᠭᠡᠷ ᠠᠷᠠᠳ ᠤᠨ ᠰᠠᠨᠠᠭᠠᠨ ᠤ ᠳᠡᠮᠵᠢᠯᠭᠡ ᠲᠠᠢ ᠶᠤᠮ᠃ ᠬᠤᠶᠠᠷ | ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠦᠷᠭᠦᠯᠵᠢᠯᠡᠨ | ᠭᠦᠨᠵᠡᠭᠡᠶᠢᠷᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠡᠯᠪᠡᠭ ᠦᠷ᠎ᠡ | ᠪᠦᠲᠦᠭᠡᠯ ᠣᠯᠵᠤ᠂ ᠠᠯᠢ ᠣᠯᠠᠨ ᠴᠢᠬᠤᠯᠠ ᠶᠡᠭᠡ ᠲᠥᠷᠥᠯ ᠵᠦᠢᠯ ᠤᠨ ᠠᠬᠢᠴᠠ ᠤᠷᠤᠭᠰᠢᠲᠠᠢ ᠶᠠᠪᠤᠭᠳᠠᠵᠤ᠂ ᠬᠤᠶᠠᠷ | ᠤᠯᠤᠰ ᠤᠨ ᠬᠠᠮᠲᠤ ᠶᠢᠨ ᠬᠥᠭᠵᠢᠯᠲᠡ ᠶᠢ ᠬᠦᠴᠦᠲᠡᠢ ᠠᠬᠢᠭᠤᠯᠪᠠ᠃ ᠨᠢᠳᠤᠨᠤᠨ ᠲᠠ ᠳᠤᠮᠳᠠᠳᠤ ᠤᠯᠤᠰ ᠲᠤ ᠲᠦᠷᠦ ᠶᠢᠨ | ᠶᠠᠪᠤᠳᠠᠯ ᠤᠨ ᠠᠶᠢᠯᠴᠢᠯᠠᠯᠲᠠ ᠬᠢᠵᠦ᠂ ᠪᠢᠳᠡ ᠦᠶ᠎ᠡ ᠶᠢᠨ ᠦᠶ᠎ᠡ ᠳᠡᠭᠡᠨ ᠨᠥᠭᠦᠷᠰᠡᠭ᠂ ᠵᠢᠷᠭᠠᠯ ᠵᠣᠪᠠᠯᠠᠩ ᠢᠶᠠᠨ | ᠬᠠᠮᠲᠤᠳᠬᠠᠭᠰᠠᠨ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠳᠤᠮᠳᠠᠳᠤ ᠲᠠᠵᠢᠺᠰᠲ᠋ᠠᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠴᠢᠷᠮᠠᠶᠢᠶ᠎ᠠ ᠭᠡᠵᠦ ᠲᠣᠭᠲᠠᠭᠰᠠᠨ ᠪᠢᠯᠡ᠃ ᠰᠢᠨ᠎ᠡ ᠪᠠᠶᠢᠳᠠᠯ ᠳᠣᠣᠷ᠎ᠠ᠂ | ᠳᠤᠮᠳᠠᠳᠤ ᠤᠯᠤᠰ ᠳᠤᠷᠠᠲᠠᠶ᠎ᠠ ᠲᠠᠵᠢᠺᠰᠲ᠋ᠠᠨ ᠤ ᠬᠢᠨ ᠲᠠᠢ ᠰᠢᠨ᠎ᠡ ᠴᠠᠭ ᠦᠶ᠎ᠡ ᠶᠢᠨ ᠳᠤᠮᠳᠠᠳᠤ ᠲᠠᠵᠢᠺᠰᠲ᠋ᠠᠨ ᠤ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠵᠦ᠂ ᠨᠡᠩ ᠥᠨᠳᠥᠷ | ᠭᠠᠷᠤᠭ᠎ᠠ ᠠᠴᠠ ᠳᠤᠮᠳᠠᠳᠤ ᠲᠠᠵᠢᠺᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠶᠠᠷ | ᠤᠯᠤᠰ ᠤᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠥᠴᠥᠭᠡᠳᠦᠷ ᠣᠷᠣᠢ ᠶᠡᠷᠦᠩᠬᠡᠶᠢᠯᠡᠭᠴᠢ ᠠᠪᠤᠭᠠᠢ ᠨᠢᠰᠬᠡᠯ ᠤᠨ ᠪᠠᠭᠤᠳᠠᠯ ᠳᠤ ᠬᠠᠮᠤᠭ ᠤᠨ | ᠳᠡᠭᠡᠳᠦ ᠶᠣᠰᠣᠯᠠᠯ ᠪᠦᠬᠦᠢ ᠦᠪᠡᠳᠡᠭᠰᠢ ᠶᠡᠭᠡ ᠤᠭᠲᠤᠬᠤ ᠶᠣᠰᠣᠯᠠᠯ ᠶᠠᠪᠤᠭᠤᠯᠵᠤ ᠨᠠᠮ᠎ᠠ ᠶᠢ ᠤᠭᠲᠤᠭᠰᠠᠨ ᠨᠢ | ᠲᠠᠵᠢᠺᠰᠲ᠋ᠠᠨ ᠤ ᠵᠠᠰᠠᠭ ᠤᠨ ᠣᠷᠳᠣᠨ ᠪᠣᠯᠣᠨ ᠠᠷᠠᠳ ᠲᠦᠮᠡᠨ ᠤ ᠳᠤᠮᠳᠠᠳᠤ ᠤᠯᠤᠰ ᠲᠤ ᠬᠠᠯᠠᠭᠤᠮᠰᠤᠭ ᠨᠥᠭᠦᠷᠰᠡᠭ | ᠪᠠᠶᠢᠬᠤ ᠶᠢ ᠭᠦᠢᠴᠡᠳ ᠢᠯᠡᠷᠡᠭᠦᠯᠵᠦ᠂ ᠨᠠᠮ᠎ᠠ ᠶᠢ ᠶᠡᠬᠡᠳᠡ ᠳᠣᠭᠳᠣᠯᠤᠭᠤᠯᠪᠠ᠃ ᠳᠤᠮᠳᠠᠳᠤ ᠤᠯᠤᠰ ᠲᠠᠵᠢᠺᠰᠲ᠋ᠠᠨ ᠤ | ᠤᠯᠤᠰ ᠤᠨ ᠪᠦᠲᠦᠭᠡᠨ ᠪᠠᠶᠢᠭᠤᠯᠤᠯᠲᠠ ᠶᠢᠨ ᠣᠯᠣᠭᠰᠠᠨ ᠠᠮᠵᠢᠯᠲᠠ ᠳᠤ ᠪᠠᠶᠠᠷᠯᠠᠵᠤ ᠪᠠᠶᠢᠨ᠎ᠠ᠂ ᠳᠤᠮᠳᠠᠳᠤ ᠲᠠᠵᠢᠺᠰᠲ᠋ᠠᠨ ᠤ | ᠨᠥᠭᠦᠷᠰᠡᠭ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠦᠷᠭᠦᠯᠵᠢᠯᠡᠨ ᠡᠷᠡᠰ ᠠᠬᠢᠭᠤᠯᠵᠤ᠂ ᠲᠠᠵᠢᠺᠰᠲ᠋ᠠᠨ ᠤ ᠲᠤᠰ | ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠲᠡᠮᠵᠢᠵᠤ᠂ ᠲᠠᠵᠢᠺᠰᠲ᠋ᠠᠨ ᠤ | ᠤᠯᠤᠰ ᠤᠨ ᠲᠤᠰᠠᠭᠠᠷ ᠲᠣᠭᠲᠠᠨᠢᠯ᠂ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ | ᠬᠠᠮᠠᠭᠠᠯᠠᠬᠤ ᠳᠤ ᠭᠠᠷᠭᠠᠭᠰᠠᠨ ᠴᠢᠷᠮᠠᠶᠢᠯᠭ᠎ᠠ ᠶᠢ ᠲᠡᠮᠵᠢᠵᠤ᠂ ᠶᠠᠮᠠᠷᠪᠠ ᠭᠠᠳᠠᠭᠠᠳᠤ ᠬᠦᠴᠦᠨ ᠤ ᠶᠠᠮᠠᠷᠪᠠ ᠰᠢᠯᠲᠠᠭ ᠢᠶᠠᠷ | ᠲᠠᠵᠢᠺᠰᠲ᠋ᠠᠨ ᠤ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠳᠤᠮᠳᠠᠳᠤ ᠤᠯᠤᠰ ᠥᠨᠢ ᠡᠭᠦᠷᠢᠳᠡ | ᠳᠠᠵᠢᠺᠰᠲ᠋ᠠᠨ ᠤ ᠢᠲᠡᠭᠡᠭᠦᠰᠢᠲᠡᠢ ᠨᠠᠶᠢᠵᠠ᠂ ᠬᠦᠨᠳᠦᠳᠬᠡᠭᠦᠰᠢᠲᠡᠢ ᠬᠠᠨᠢᠲᠠᠨ᠂ ᠳᠣᠲᠣᠨᠣ ᠠᠬ᠎ᠠ ᠳᠡᠭᠦᠦ ᠪᠣᠯᠣᠨ᠎ᠠ ᠭᠡᠵᠦ | ᠵᠢᠭᠠᠵᠤ ᠭᠠᠷᠭᠠᠪᠠ᠃ | | ᠰᠢ ᠶᠢᠨ ᠫᠢᠩ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ᠂ ᠬᠤᠶᠠᠳᠤᠭᠠᠷ | ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠶᠢᠰᠢ ᠤᠷᠤᠭᠰᠢᠯᠠᠵᠤ ᠪᠠᠶᠢᠨ᠎ᠠ᠃ ᠳᠤᠮᠳᠠᠳᠤ ᠤᠯᠤᠰ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠶᠡᠭᠡ ᠪᠠᠷ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ | ᠲᠠᠵᠢᠺᠰᠲ᠋ᠠᠨ ᠤ ᠬᠢᠨ ᠲᠠᠢ ᠬᠥᠭᠵᠢᠯᠲᠡ ᠶᠢᠨ ᠲᠤᠷᠰᠢᠯᠭ᠎ᠠ ᠪᠣᠯᠣᠨ ᠠᠵᠠ ᠲᠣᠭᠢᠶᠠᠯ ᠢᠶᠠᠨ ᠰᠣᠯᠢᠯᠴᠠᠨ ᠬᠤᠪᠢᠶᠠᠯᠴᠠᠵᠤ᠂ | ᠬᠤᠶᠠᠷ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠤᠶᠠᠯᠳᠤᠭ᠎ᠠ ᠶᠢ ᠠᠬᠢᠭᠤᠯᠵᠤ᠂ ︽ᠨᠢᠭᠡ ᠪᠦᠰᠡ ᠨᠢᠭᠡ | ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠴᠢᠨᠠᠷ | ᠴᠢᠨᠰᠠᠭ᠎ᠠ ᠪᠣᠯᠣᠨ ᠬᠡᠪᠴᠢᠶ᠎ᠡ ᠪᠠᠨ ᠳᠡᠭᠡᠭᠰᠢᠯᠡᠭᠦᠯᠵᠦ᠂ ᠬᠤᠯᠪᠣᠯᠳᠤᠨ ᠨᠡᠪᠲᠡᠷᠡᠯᠴᠡᠬᠦ ᠬᠠᠮᠲᠤᠷᠠᠯᠴᠠᠭ᠎ᠠ ᠪᠠᠨ ᠰᠢᠯᠢᠳᠡᠭᠵᠢᠭᠦᠯᠵᠦ | ᠂ ᠬᠥᠳᠡᠭᠡ ᠠᠵᠤ ᠠᠬᠤᠢ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠵᠠᠩᠭᠢᠯᠠᠭ᠎ᠠ ᠶᠢᠨ ᠠᠭᠤᠷᠬᠠᠢ ᠶᠢᠨ ᠡᠬᠢ | ᠪᠠᠶᠠᠯᠢᠭ ᠤᠨ ᠬᠠᠮᠲᠤᠷᠠᠯᠴᠠᠭ᠎ᠠ ᠪᠠᠨ ᠥᠷᠭᠡᠳᠬᠡᠵᠦ᠂ ᠰᠢᠨ᠎ᠡ ᠡᠨᠧᠷᠭᠢ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ | ᠤᠶᠤᠨ ᠴᠢᠳᠠᠪᠤᠷᠢ᠂ ᠴᠠᠬᠢᠮ ᠬᠤᠳᠠᠯᠳᠤᠭ᠎ᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠲᠠᠵᠢᠺᠰᠲ᠋ᠠᠨ ᠤ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠥᠭᠵᠢᠭᠦᠯᠬᠦ ᠳᠤ ᠬᠦᠴᠦᠨ ᠨᠡᠮᠡᠷᠢᠯᠡᠨ᠎ᠡ᠃ ᠬᠤᠶᠠᠷ ᠲᠠᠯ᠎ᠠ ᠪᠠᠷ ᠢᠶᠠᠨ | ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠭᠤᠷᠪᠠᠨ | ᠵᠦᠢᠯ ᠤᠨ ᠬᠦᠴᠦᠨ︾ ᠳᠤ ᠬᠦᠴᠦᠲᠡᠢ ᠴᠣᠬᠢᠯᠲᠠ ᠥᠭᠴᠦ᠂ ᠬᠤᠶᠠᠷ ᠤᠯᠤᠰ ᠤᠨ ᠬᠥᠭᠵᠢᠯᠲᠡ ᠶᠢᠨ ᠪᠠᠲᠤ ᠪᠠᠬᠢ | ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠶ᠎ᠠ᠃ ᠬᠤᠶᠠᠷ ᠲᠠᠯ᠎ᠠ ᠪᠠᠷ ᠢᠶᠠᠨ ᠪᠠᠰᠠ ᠵᠠᠯᠠᠭᠤᠴᠤᠳ᠂ ᠵᠠᠭᠤᠴᠢᠯᠠᠭᠤᠷ᠂ | ᠤᠶᠤᠨ ᠤ ᠬᠥᠮᠥᠷᠭᠡ᠂ ᠡᠮᠡᠭᠲᠡᠶᠢᠴᠦᠳ᠂ ᠵᠢᠭᠤᠯᠴᠢᠯᠠᠯ ᠵᠡᠷᠭᠡ ᠰᠣᠶᠣᠯ ᠢᠷᠭᠡᠨᠰᠢᠯ ᠤᠨ ᠬᠠᠮᠲᠤᠷᠠᠯᠴᠠᠭ᠎ᠠ ᠪᠠᠨ ᠥᠷᠭᠡᠳᠬᠡᠶ᠎ᠡ | ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠳᠤᠮᠳᠠᠳᠤ ᠤᠯᠤᠰ — ᠳᠤᠮᠳᠠᠳᠤ ᠠᠽᠢᠶ᠎ᠠ ᠶᠢᠨ ᠲᠣᠭᠲᠠᠴᠠ ᠪᠣᠯ ᠵᠢᠷᠭᠤᠭᠠᠨ ᠤᠯᠤᠰ ᠤᠨ | ᠬᠠᠮᠲᠤ ᠶᠢᠨ ᠡᠭᠦᠳᠦᠯᠲᠡ ᠮᠥᠨ᠃ ᠳᠤᠮᠳᠠᠳᠤ ᠤᠯᠤᠰ ᠳᠤᠷᠠᠲᠠᠶ᠎ᠠ ᠲᠠᠵᠢᠺᠰᠲ᠋ᠠᠨ ᠪᠣᠯᠣᠨ ᠬᠤᠯᠪᠣᠭᠳᠠᠯ ᠪᠦᠬᠦᠢ ᠡᠯ᠎ᠡ | ᠲᠠᠯ᠎ᠠ ᠶᠢᠨ ᠬᠢᠨ ᠲᠠᠢ ᠬᠠᠮᠲᠤ ᠪᠠᠷ᠂ ᠳᠤᠮᠳᠠᠳᠤ ᠤᠯᠤᠰ — ᠳᠤᠮᠳᠠᠳᠤ ᠠᠽᠢᠶ᠎ᠠ ᠶᠢᠨ ᠲᠣᠭᠲᠠᠴᠠ ᠶᠢ ᠲᠠᠰᠤᠷᠠᠯᠲᠠ ᠦᠭᠡᠢ | ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠳᠤᠮᠳᠠᠳᠤ ᠤᠯᠤᠰ ᠤᠨ ᠳᠤᠮᠳᠠᠳᠤ ᠠᠽᠢᠶ᠎ᠠ ᠶᠢᠨ ᠬᠠᠮᠲᠤᠷᠠᠯᠴᠠᠭ᠎ᠠ ᠶᠢᠨ ᠨᠡᠩ | ᠤᠯᠠᠨ ᠪᠣᠳᠠᠲᠠᠢ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃ ᠳᠤᠮᠳᠠᠳᠤ ᠲᠠᠵᠢᠺᠰᠲ᠋ᠠᠨ ᠴᠥᠮ ᠬᠥᠭᠵᠢᠵᠦ ᠪᠠᠶᠢᠭ᠎ᠠ | ᠤᠯᠤᠰ ᠮᠥᠨ᠂ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ︾ ᠤᠨ ᠥᠷᠭᠡᠨ ᠤᠯᠠᠨ ᠤᠯᠤᠰ ᠲᠠᠢ | ᠬᠠᠮᠲᠤ ᠪᠠᠷ ᠪᠦᠯᠬᠦᠮᠳᠡᠯ ᠬᠠᠮᠵᠢᠯᠴᠠᠭ᠎ᠠ ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ | ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠠ ᠪᠠ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ | ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠭᠠᠷ ᠬᠤᠯᠪᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠤᠶ᠎ᠠ ᠭᠡᠵᠦ ᠴᠢᠬᠤᠯᠠᠴᠢᠯᠠᠪᠠ᠃ | | ᠯᠠᡁᠧᠮᠧᠩ᠂ ᠲᠡᠷᠢᠭᠦᠯᠡᠭᠴᠢ ᠰᠢ ᠶᠢᠨ ᠫᠢᠩ ᠲᠠᠵᠢᠺᠰᠲ᠋ᠠᠨ ᠳᠤ ᠠᠩᠬ᠎ᠠ ᠤᠳᠠᠭ᠎ᠠ ᠲᠦᠷᠦ ᠶᠢᠨ ᠶᠠᠪᠤᠳᠠᠯ ᠤᠨ | ᠠᠶᠢᠯᠴᠢᠯᠠᠯᠲᠠ ᠬᠢᠭᠰᠡᠨ ᠠᠷᠪᠠᠨ ᠵᠢᠯ ᠤᠨ ᠤᠢ ᠶᠢᠨ ᠲᠠᠰᠢᠷᠠᠮ ᠢᠶᠠᠷ ᠳᠠᠬᠢᠨᠲᠠ ᠠᠶᠢᠯᠴᠢᠯᠠᠬᠰᠠᠨ ᠨᠢ ᠴᠢᠬᠤᠯᠠ ᠪᠡᠯᠭᠡ | ᠲᠡᠮᠳᠡᠭ ᠤᠨ ᠠᠴᠢ ᠬᠤᠯᠪᠣᠭᠳᠠᠯ ᠲᠠᠢ ᠶᠤᠮ᠃ ᠳᠤᠮᠳᠠᠳᠤ ᠤᠯᠤᠰ ᠪᠣᠯᠣᠨ ᠳᠠᠵᠢᠺᠰᠲ᠋ᠠᠨ ᠪᠣᠯ ᠨᠥᠭᠦᠷᠰᠡᠭ ᠬᠥᠷᠰᠢ ᠪᠠ | ᠦᠨᠡᠨᠴᠢ ᠨᠠᠶᠢᠵᠠ ᠮᠥᠨ᠃ ᠪᠢ ᠪᠣᠯᠣᠨ ᠲᠡᠷᠢᠭᠦᠯᠡᠭᠴᠢ ᠰᠢ ᠶᠢᠨ ᠫᠢᠩ ᠤᠨ ᠪᠠᠶᠢᠯᠳᠤᠬᠤ ᠪᠣᠳᠣᠯᠭ᠎ᠠ ᠶᠢᠨ ᠳᠠᠭᠠᠭᠤᠯᠤᠯ | ᠳᠣᠣᠷ᠎ᠠ᠂ ᠣᠶᠢᠷ᠎ᠠ ᠶᠢᠨ ᠵᠢᠯ ᠠᠴᠠ ᠲᠠᠵᠢᠺᠰᠲ᠋ᠠᠨ ᠳᠤᠮᠳᠠᠳᠤ ᠬᠤᠶᠠᠷ ᠤᠯᠤᠰ ᠤᠨ ᠬᠠᠷᠢᠯᠴᠠᠭ᠎ᠠ ᠰᠠᠶᠢᠨ ᠰᠠᠶᠢᠬᠠᠨ | ᠬᠥᠭᠵᠢᠯᠲᠡ ᠪᠠᠨ ᠪᠠᠲᠤᠯᠠᠵᠤ᠂ ᠡᠯ᠎ᠡ ᠬᠦᠷᠢᠶᠡᠨ ᠤ ᠬᠠᠮᠲᠤᠷᠠᠯᠴᠠᠭ᠎ᠠ ᠢᠳᠡᠪᠬᠢᠲᠡᠢ ᠦᠷ᠎ᠡ ᠪᠦᠲᠦᠭᠡᠯ ᠣᠯᠵᠤ᠂ ᠤᠯᠠᠨ | ᠲᠠᠯᠠᠲᠤ ᠪᠠᠶᠢᠭᠤᠯᠤᠮᠵᠢ ᠳᠤᠮᠳᠠ ᠥᠨᠳᠥᠷ ᠲᠦᠪᠰᠢᠨ ᠪᠦᠬᠦᠢ ᠣᠯᠣᠯᠴᠠᠭ᠎ᠠ ᠬᠠᠮᠵᠢᠯᠴᠠᠭ᠎ᠠ ᠪᠠᠨ ᠪᠠᠲᠤᠯᠠᠪᠠ᠃ ᠲᠠᠵᠢᠺᠰᠲ᠋ᠠᠨ | ᠳᠤᠮᠳᠠᠳᠤ ᠶᠢᠨ ᠬᠠᠷᠢᠯᠴᠠᠭ᠎ᠠ ᠶᠢ ᠤᠯᠤᠰ ᠬᠢᠭᠡᠳ ᠤᠯᠤᠰ ᠤᠨ ᠬᠠᠷᠢᠯᠴᠠᠭᠠᠨ ᠤ ᠨᠡᠶᠢᠲᠡᠯᠢᠭ ᠵᠢᠱᠢᠶ᠎ᠡ ᠭᠡᠵᠦ ᠬᠡᠯᠡᠵᠦ ᠪᠣᠯᠣᠨ᠎ᠠ | ᠃ ᠲᠡᠷᠢᠭᠦᠯᠡᠭᠴᠢ ᠰᠢ ᠶᠢᠨ ᠫᠢᠩ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠬᠠᠶᠢᠷ᠎ᠠ ᠬᠦᠨᠳᠦᠳᠬᠡᠯ ᠪᠠ ᠳᠡᠯᠡᠬᠡᠢ ᠶᠢᠨ | ᠠᠷᠠᠳ ᠲᠦᠮᠡᠨ ᠤ ᠪᠢᠰᠢᠷᠡᠯ ᠬᠦᠨᠳᠦᠳᠬᠡᠯ ᠢ ᠣᠯᠣᠭᠰᠠᠨ ᠳᠡᠯᠡᠬᠡᠢ ᠶᠢᠨ ᠲᠡᠰ ᠤᠨ ᠤᠳᠤᠷᠢᠳᠬᠤ ᠬᠥᠮᠥᠨ ᠮᠥᠨ᠃ ᠰᠢᠨ᠎ᠡ | ᠴᠠᠭ ᠦᠶ᠎ᠡ ᠳᠤ ᠣᠷᠣᠭᠰᠠᠨ ᠠᠴᠠ ᠨᠠᠭᠠᠰᠢ᠂ ᠲᠡᠷᠢᠭᠦᠯᠡᠭᠴᠢ ᠰᠢ ᠶᠢᠨ ᠫᠢᠩ ᠤᠨ ᠥᠨᠳᠥᠷ ᠲᠤ ᠵᠣᠭᠰᠣᠨ ᠠᠯᠤᠰ ᠢ | ᠪᠠᠷᠠᠯᠠᠭᠰᠠᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠠᠭᠤᠤ ᠶᠡᠭᠡ ᠬᠥᠭᠵᠢᠯᠲᠡ ᠶᠢᠨ ᠠᠮᠵᠢᠯᠲᠠ | ᠪᠦᠲᠦᠮᠵᠢ ᠣᠯᠵᠤ᠂ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠭᠰᠡᠨ ᠢᠶᠠᠷ ᠪᠠᠷᠠᠬᠤ ᠦᠭᠡᠢ᠂ ᠪᠠᠰᠠ | ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ | ᠦᠵᠡᠭᠦᠯᠪᠡ᠃ ᠳᠤᠮᠳᠠᠳᠤ ᠤᠯᠤᠰ ᠯᠤᠭ᠎ᠠ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠴᠢᠩᠭᠠᠳᠬᠠᠬᠤ ᠪᠣᠯ ᠲᠠᠵᠢᠺᠰᠲ᠋ᠠᠨ ᠤ ᠬᠢᠨ ᠤ ᠡᠩ ᠲᠡᠷᠢᠭᠦᠨ ᠳᠤ | ᠪᠣᠳᠣᠯᠬᠢᠯᠠᠬᠤ ᠲᠦᠷᠦ ᠶᠢᠨ ᠪᠣᠳᠣᠯᠭ᠎ᠠ ᠶᠢᠨ ᠴᠢᠭᠯᠡᠯ ᠮᠥᠨ᠃ ᠲᠠᠵᠢᠺᠰᠲ᠋ᠠᠨ ᠤ ᠬᠢᠨ ᠨᠢᠭᠡ ᠳᠤᠮᠳᠠᠳᠤ ᠤᠯᠤᠰ ᠪᠠᠶᠢᠬᠤ | ᠵᠠᠷᠴᠢᠮ ᠢ ᠭᠤᠶᠢᠪᠢᠰᠢ ᠦᠭᠡᠢ ᠪᠠᠷᠢᠮᠲᠠᠯᠠᠵᠤ᠂ ᠶᠠᠮᠠᠷᠪᠠ ᠭᠡᠯᠪᠡᠷᠢ ᠶᠢᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ | ᠡᠰᠡᠷᠭᠦᠴᠡᠵᠦ᠂ ᠳᠤᠮᠳᠠᠳᠤ ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ | ᠬᠠᠮᠠᠭᠠᠯᠠᠬᠤ᠂ ᠤᠯᠤᠰ ᠤᠨ ᠨᠢᠭᠡᠳᠦᠯ ᠢ ᠪᠡᠶᠡᠯᠡᠭᠦᠯᠬᠦ ᠵᠣᠷᠢᠯᠭ᠎ᠠ ᠪᠠᠷ ᠭᠠᠷᠭᠠᠭᠰᠠᠨ ᠠᠯᠢᠪᠠ ᠴᠢᠷᠮᠠᠶᠢᠯᠭ᠎ᠠ ᠶᠢ ᠡᠷᠡᠰ ᠳᠡᠮᠵᠢᠨ᠎ᠠ | ᠃ ᠲᠠᠵᠢᠺᠰᠲ᠋ᠠᠨ ᠤ ᠬᠢᠨ ᠳᠤᠷᠠᠲᠠᠶ᠎ᠠ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠯᠲᠠ ᠶᠢᠨ ᠦᠷ᠎ᠡ ᠪᠦᠲᠦᠭᠡᠯ ᠢ | ᠨᠠᠶᠢᠳᠠᠪᠤᠷᠢᠵᠢᠭᠤᠯᠬᠤ ᠪᠠᠷ ᠴᠢᠬᠤᠯᠠ ᠠᠵᠠ ᠲᠣᠭᠢᠶᠠᠯ ᠪᠤᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠴᠢᠨᠠᠭᠰᠢᠳᠠ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ᠂ ᠬᠥᠳᠡᠭᠡ ᠠᠵᠤ | ᠠᠬᠤᠢ᠂ ᠵᠠᠩᠭᠢᠯᠠᠭ᠎ᠠ ᠶᠢᠨ ᠠᠭᠤᠷᠬᠠᠢ ᠶᠢᠨ ᠭᠠᠷᠤᠯᠲᠠ᠂ ᠰᠢᠨ᠎ᠡ ᠡᠨᠧᠷᠭᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠲᠠᠵᠢᠺᠰᠲ᠋ᠠᠨ ᠤ ᠬᠢᠨ ᠤ ᠠᠵᠤ ᠦᠢᠯᠡᠳᠪᠦᠷᠢᠵᠢᠯᠲᠡ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠎ᠡ᠃ ᠲᠠᠵᠢᠺᠰᠲ᠋ᠠᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠤᠯᠢ ᠬᠡᠷᠡᠭᠵᠢᠭᠦᠯᠬᠦ ᠠᠮᠤᠷ | ᠲᠦᠪᠰᠢᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠭᠤᠷᠪᠠᠨ ᠵᠦᠢᠯ ᠤᠨ ᠬᠦᠴᠦᠨ︾ ᠳᠤ ᠡᠷᠡᠰ ᠴᠣᠬᠢᠯᠲᠠ ᠥᠭᠴᠦ | ᠂ ᠬᠤᠶᠠᠷ ᠤᠯᠤᠰ ᠤᠨ ᠬᠠᠮᠲᠤ ᠶᠢᠨ ᠠᠮᠤᠷ ᠲᠦᠪᠰᠢᠨ ᠢ ᠬᠠᠮᠠᠭᠠᠯᠠᠨ᠎ᠠ᠃ ᠦᠢᠮᠡᠭᠡᠨ ᠳᠡᠪᠵᠢᠶᠡᠨ ᠲᠠᠢ ᠳᠡᠯᠡᠬᠡᠢ ᠶᠢᠨ ᠪᠠ | ᠭᠠᠵᠠᠷ ᠣᠷᠣᠨ ᠤ ᠪᠠᠶᠢᠳᠠᠯ ᠤᠨ ᠡᠮᠦᠨ᠎ᠡ᠂ ᠲᠠᠵᠢᠺᠰᠲ᠋ᠠᠨ ᠤ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ | ᠪᠥᠮᠪᠥᠷᠴᠡᠭ ᠤᠨ ᠰᠢᠷᠢᠰ ᠰᠠᠨᠠᠭᠠᠴᠢᠯᠠᠭ᠎ᠠ ᠶᠢ ᠡᠷᠡᠰ ᠳᠡᠮᠵᠢᠬᠦ ᠶᠢᠨ ᠬᠠᠮᠲᠤ ᠢᠳᠡᠪᠬᠢᠲᠡᠢ ᠨᠠᠶᠢᠳᠠᠪᠤᠷᠢᠵᠢᠭᠤᠯᠵᠤ᠂ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠳᠤᠮᠳᠠᠳᠤ ᠤᠯᠤᠰ — ᠳᠤᠮᠳᠠᠳᠤ ᠠᠽᠢᠶ᠎ᠠ ᠶᠢᠨ | ᠲᠣᠭᠲᠠᠴᠠ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯ᠎ᠠ ᠶᠢᠨ ᠪᠣᠷᠣ ᠲᠥᠯᠥᠪ ᠤᠨ ᠳᠣᠲᠣᠷᠠᠬᠢ | ᠵᠣᠬᠢᠴᠠᠭᠤᠯᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠠᠷᠢᠯᠴᠠᠨ ᠡᠷᠡᠰ ᠲᠡᠮᠵᠢᠵᠤ᠂ ᠵᠢᠩᠬᠢᠨᠢ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠵᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ | ᠬᠠᠮᠲᠤ ᠶᠢᠨ ᠠᠰᠢᠭ ᠲᠤᠰᠠ ᠶᠢ ᠬᠠᠮᠲᠤ ᠪᠠᠷ ᠬᠠᠮᠠᠭᠠᠯᠠᠨ᠎ᠠ᠃ ᠲᠡᠷᠢᠭᠦᠯᠡᠭᠴᠢ ᠰᠢ ᠶᠢᠨ ᠫᠢᠩ ᠤᠨ ᠡᠨᠡ ᠤᠳᠠᠭ᠎ᠠ ᠶᠢᠨ | ᠠᠶᠢᠯᠴᠢᠯᠠᠯᠲᠠ ᠯᠠᠪᠲᠠᠢ ᠲᠠᠵᠢᠺᠰᠲ᠋ᠠᠨ ᠳᠤᠮᠳᠠᠳᠤ ᠶᠢᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠨᠡᠩ ᠥᠨᠳᠥᠷ ᠲᠦᠪᠰᠢᠨ ᠲᠡᠶᠢᠰᠢ ᠬᠥᠭᠵᠢᠬᠦ ᠶᠢ | ᠬᠦᠴᠦᠲᠡᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ ᠭᠡᠳᠡᠭ ᠢ | ᠲᠠᠵᠢᠺᠰᠲ᠋ᠠᠨ ᠤ ᠬᠢᠨ ᠪᠠᠲᠤ ᠢᠲᠡᠭᠡᠵᠦ ᠪᠠᠶᠢᠨ᠎ᠠ ᠭᠡᠵᠦ ᠢᠯᠡᠳᠬᠡᠪᠡ᠃ | | ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠲᠠᠵᠢᠺᠰᠲ᠋ᠠᠨ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠬᠦ ᠲᠤᠬᠠᠢ ᠬᠠᠮᠲᠤᠷᠠᠭᠰᠠᠨ | ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠭᠰᠠᠨ ᠪᠥᠭᠡᠳ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ | ᠬᠤᠯᠪᠣᠯᠳᠤᠨ ᠨᠡᠪᠲᠡᠷᠡᠯᠴᠡᠬᠦ᠂ ᠵᠠᠩᠭᠢᠯᠠᠭ᠎ᠠ ᠶᠢᠨ ᠠᠭᠤᠷᠬᠠᠢ ᠶᠢᠨ ᠭᠠᠷᠤᠯᠲᠠ᠂ ᠠᠮᠤᠷ ᠲᠦᠪᠰᠢᠨ᠂ ᠰᠣᠶᠣᠯ ᠢᠷᠭᠡᠨᠰᠢᠯ | ᠵᠡᠷᠭᠡ ᠬᠦᠷᠢᠶᠡᠨ ᠤ ᠬᠡᠳᠦᠨ ᠠᠷᠪᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠰᠣᠯᠢᠯᠴᠠᠬᠤ ᠶᠢ | ᠬᠠᠮᠲᠤ ᠪᠠᠷ ᠭᠡᠷᠡᠴᠢᠯᠡᠪᠡ᠃ | | ᠲᠤᠰ ᠣᠷᠣᠢ ᠰᠢ ᠶᠢᠨ ᠫᠢᠩ ᠯᠠᠾᠧᠮᠧᠩ ᠤᠨ ᠦᠪᠡᠳᠡᠭᠰᠢ ᠶᠡᠭᠡ ᠤᠭᠲᠤᠬᠤ ᠳᠠᠶᠢᠯᠠᠯᠭ᠎ᠠ ᠳᠤ ᠣᠷᠣᠯᠴᠠᠪᠠ᠃ | | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ |