| | | | | ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠳ᠋ᠤᠭᠠᠷ ᠰᠠᠷ᠎ᠠ ᠶᠢᠨ 8 ᠤ ᠴᠠᠭᠢᠯᠭᠠᠨ ᠮᠡᠳᠡᠭᠡ 7 ᠳ᠋ᠤᠭᠠᠷ ᠰᠠᠷ᠎ᠠ ᠶᠢᠨ | 8 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠤᠯᠤᠰ ᠤᠳ ᠤᠨ ᠪᠣᠬᠢᠷᠳᠤᠯ ᠦᠭᠡᠢ ᠬᠥᠭᠵᠢᠯᠲᠡ ᠶᠢᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃ | | ᠰᠢ ᠶᠢᠨ ᠫᠢᠩ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠪᠣᠬᠢᠷᠳᠤᠯ ᠦᠭᠡᠢ ᠬᠥᠭᠵᠢᠯᠲᠡ ᠶᠢ | ᠠᠬᠢᠭᠤᠯᠬᠤ ᠪᠣᠯ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠳ ᠤᠨ ᠬᠠᠮᠲᠤ ᠶᠢᠨ | ᠲᠠᠨᠢᠯᠲᠠ ᠮᠥᠨ᠃ ᠣᠶᠢᠷ᠎ᠠ ᠶᠢᠨ ᠵᠢᠯ ᠠᠴᠠ ᠨᠠᠭᠠᠰᠢ᠂ ᠳᠤᠮᠳᠠᠳᠤ ᠤᠯᠤᠰ ᠬᠥᠬᠡᠮᠳᠦᠭ ᠨᠣᠭᠤᠭᠠᠨ ᠠᠭᠤᠯᠠ ᠤᠰᠤ ᠪᠣᠯ | ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ | ᠪᠠᠶᠠᠵᠢᠭᠰᠠᠨ᠂ ᠠᠮᠢ ᠠᠬᠤᠢ ᠰᠠᠶᠢᠨ ᠰᠠᠶᠢᠬᠠᠨ ᠪᠣᠯᠪᠠᠰᠤᠨ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ | ᠯᠤᠲᠤ ᠶᠡᠭᠡ ᠠᠮᠵᠢᠯᠲᠠ ᠪᠦᠲᠥᠮᠵᠢ ᠣᠯᠪᠠ᠃ ᠳᠤᠮᠳᠠᠳᠤ ᠤᠯᠤᠰ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠢᠶᠠᠷ | ᠳᠠᠮᠵᠢᠭᠤᠯᠤᠨ᠂ ᠡᠯ᠎ᠡ ᠲᠠᠯ᠎ᠠ ᠶᠢᠨ ᠬᠢᠨ ᠲᠠᠢ ᠪᠣᠬᠢᠷᠳᠤᠯ ᠦᠭᠡᠢ ᠬᠥᠭᠵᠢᠯᠲᠡ ᠶᠢᠨ ᠬᠦᠷᠢᠶᠡᠨ ᠳᠠᠬᠢ ᠰᠣᠯᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯ᠎ᠡ ᠤᠯᠤᠰ ᠤᠨ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ | ᠬᠦᠴᠦᠨ ᠨᠡᠮᠡᠷᠢᠯᠡᠵᠦ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠬᠤ ᠶᠢ ᠬᠦᠰᠡᠵᠦ | ᠪᠠᠶᠢᠨ᠎ᠠ ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯ ᠰᠢᠨ᠎ᠡ ᠭᠡᠯᠪᠡᠷᠢ ᠶᠢᠨ ᠤᠯᠠᠨ | ᠤᠯᠤᠰ ᠤᠨ ᠬᠠᠷᠢᠯᠴᠠᠭ᠎ᠠ ᠪᠣᠯᠣᠨ ᠣᠷᠣᠨ ᠪᠦᠰᠡ ᠶᠢᠨ ᠬᠠᠮᠲᠤᠷᠠᠯᠴᠠᠭᠠᠨ ᠤ ᠬᠡᠪ ᠳᠠᠭᠤᠷᠢᠶᠠᠯ ᠮᠥᠨ᠃ ᠣᠶᠢᠷ᠎ᠠ ᠳᠤ᠂ | ᠳᠤᠮᠳᠠᠳᠤ ᠤᠯᠤᠰ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠨ | ᠲᠤᠰᠢᠶᠠᠯ ᠢ ᠡᠭᠦᠷᠭᠡᠯᠡᠪᠡ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ︽ᠱᠠᠩᠬᠠᠢ ᠶᠢᠨ | ᠵᠣᠷᠢᠭ ᠰᠠᠨᠠᠭ᠎ᠠ︾ ᠶᠢ ᠪᠠᠳᠠᠷᠠᠭᠤᠯᠵᠤ᠂ ᠪᠦᠯᠬᠦᠮᠳᠡᠯ ᠬᠠᠮᠵᠢᠯᠴᠠᠭ᠎ᠠ ᠪᠠᠨ ᠴᠢᠩᠭᠠᠳᠬᠠᠵᠤ᠂ ᠪᠣᠬᠢᠷᠳᠤᠯ ᠦᠭᠡᠢ | ᠬᠥᠭᠵᠢᠯᠲᠡ ᠶᠢ ᠠᠬᠢᠭᠤᠯᠵᠤ᠂ ᠬᠠᠮᠲᠤ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠡᠩ ᠨᠢᠭᠲᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ | ᠬᠤᠯᠪᠣᠨ ᠪᠠᠶᠢᠭᠤᠯᠤᠨ᠎ᠠ ᠭᠡᠵᠦ ᠴᠢᠬᠤᠯᠠᠴᠢᠯᠠᠪᠠ᠃ | | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠳ ᠤᠨ ᠪᠣᠬᠢᠷᠳᠤᠯ ᠦᠭᠡᠢ | ᠬᠥᠭᠵᠢᠯᠲᠡ ᠶᠢᠨ ᠶᠠᠷᠢᠶᠠᠨ ᠤ ᠲᠠᠪᠴᠠᠩ ᠲᠤᠰ ᠡᠳᠦᠷ ᠱᠠᠨᠳᠦ᠋ᠩ ᠮᠤᠵᠢ ᠶᠢᠨ ᠴᠢᠩᠳᠣᠣ ᠬᠤᠳᠠ ᠳᠤ ᠡᠬᠢᠯᠡᠪᠡ᠂ ︽ᠭᠠᠷ | ᠬᠤᠯᠪᠣᠨ ᠪᠣᠬᠢᠷᠳᠤᠯ ᠦᠭᠡᠢ ᠬᠥᠭᠵᠢᠭᠦᠯᠵᠦ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ | ᠠᠬᠢᠭᠤᠯᠤᠶ᠎ᠠ︾ ᠭᠡᠬᠦ ᠭᠤᠣᠯ ᠰᠡᠳᠦᠪ ᠲᠠᠢ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠶᠡᠯᠳᠡᠭ | ᠬᠥᠷᠰᠢ ᠶᠢᠨ ᠨᠥᠭᠦᠷᠰᠡᠭ ᠬᠠᠮᠲᠤᠷᠠᠯᠴᠠᠭᠠᠨ ᠤ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠶᠠᠮᠤᠨ᠂ ᠱᠠᠨᠳᠦ᠋ᠩ | ᠮᠤᠵᠢ ᠶᠢᠨ ᠠᠷᠠᠳ ᠤᠨ ᠵᠠᠰᠠᠭ ᠤᠨ ᠣᠷᠳᠣᠨ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠠᠷᠢᠨ | ᠪᠢᠴᠢᠭ ᠤᠨ ᠭᠠᠵᠠᠷ ᠬᠠᠮᠲᠤᠷᠠᠨ ᠭᠤᠣᠯᠯᠠᠨ ᠡᠷᠭᠢᠯᠡᠪᠡ᠃ | | |