ᠥᠭᠡᠷᠡᠴᠢᠯᠡᠯᠲᠡ ᠶᠢ ᠡᠴᠦᠰ ᠲᠤ ᠨᠢ ᠲᠤᠯᠲᠠᠯ᠎ᠠ ᠬᠢᠬᠦ ᠡᠷᠡᠰ ᠵᠣᠷᠢᠭ ᠢᠶᠠᠷ ᠦᠨᠡᠨ ᠬᠦ ᠬᠢᠵᠦ ᠬᠠᠲᠠᠭᠤ ᠲᠠᠢ ᠬᠠᠯᠳᠠᠬᠤ ᠬᠡᠷᠡᠭᠲᠡᠢ
ᠨᠡᠶᠢᠲᠡᠯᠡᠭᠰᠡᠨ ᠴᠠᠭ᠄
2024/7/16
                        ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠳ᠋ᠤᠭᠠᠷ ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ            ᠰᠡᠳᠦᠪ᠄  ᠥᠭᠡᠷᠡᠴᠢᠯᠡᠯᠲᠡ ᠶᠢ ᠡᠴᠦᠰ ᠲᠤ ᠨᠢ ᠲᠤᠯᠲᠠᠯ᠎ᠠ ᠬᠢᠬᠦ ᠡᠷᠡᠰ ᠵᠣᠷᠢᠭ ᠢᠶᠠᠷ ᠦᠨᠡᠨ ᠬᠦ ᠬᠢᠵᠦ ᠬᠠᠲᠠᠭᠤ ᠲᠠᠢ ᠬᠠᠯᠳᠠᠬᠤ ᠬᠡᠷᠡᠭᠲᠡᠢ               ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠨ ᠭᠦᠸᠧ ᠵᠧᠩ             ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠤ ᠪᠠᠨ᠂ ᠥᠭᠡᠷᠡᠴᠢᠯᠡᠯᠲᠡ ᠶᠢ ᠡᠴᠦᠰ ᠲᠤ ᠨᠢ ᠲᠤᠯᠲᠠᠯ᠎ᠠ ᠬᠢᠬᠦ ᠡᠷᠡᠰ ᠵᠣᠷᠢᠭ ᠢᠶᠠᠷ ᠦᠨᠡᠨ ᠬᠦ ᠬᠢᠵᠦ᠂ ᠬᠠᠲᠠᠭᠤ ᠲᠠᠢ ᠬᠠᠯᠳᠠᠵᠤ᠂ ᠣᠨᠢᠨ ᠳᠡᠭᠡᠷ᠎ᠡ ᠨᠢ ᠬᠦᠴᠦᠯᠡᠵᠦ᠂ ᠬᠠᠮᠵᠢᠯᠴᠠᠨ ᠬᠦᠴᠦᠯᠡᠵᠦ᠂ ᠦᠷᠭᠦᠯᠵᠢᠯᠡᠨ ᠬᠦᠴᠦᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠤᠷᠤᠭᠰᠢᠲᠠᠢ ᠲᠦᠯᠬᠢᠨ ᠠᠬᠢᠭᠤᠯᠬᠤ ᠶᠢ ᠬᠢᠵᠠᠭᠠᠷᠯᠠᠵᠤ ᠪᠠᠶᠢᠭ᠎ᠠ ᠠᠯᠢᠪᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠡᠷᠡᠰ ᠠᠷᠢᠯᠭᠠᠬᠤ ᠬᠡᠷᠡᠭᠲᠡᠢ ᠭᠡᠵᠡᠢ᠃ ᠡᠨᠡ ᠪᠣᠯ ︽ᠥᠭᠡᠷᠡᠴᠢᠯᠡᠯᠲᠡ ᠶᠢ ᠡᠴᠦᠰ ᠲᠤ ᠨᠢ ᠲᠤᠯᠲᠠᠯ᠎ᠠ ᠬᠢᠬᠦ︾  ᠶᠢᠨ ᠲᠥᠪ ᠴᠢᠩᠭ᠎ᠠ ᠲᠤᠩᠬᠠᠭᠯᠠᠯ ᠪᠣᠯᠣᠨ᠎ᠠ᠂ ᠪᠦᠬᠦ ᠨᠠᠮ ᠪᠦᠬᠦ ᠨᠡᠶᠢᠭᠡᠮ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠠᠶᠢᠴᠢᠯᠠᠯᠲᠠ ᠶᠢᠨ ᠵᠠᠷᠯᠢᠭ ᠮᠦᠨ᠃             ᠤᠷᠤᠭᠰᠢᠯᠠᠯᠲᠠ ᠶᠢᠨ ᠵᠠᠮ ᠳᠡᠭᠡᠷᠡᠬᠢ ᠠᠰᠠᠭᠤᠳᠠᠯ ᠢ ᠭᠠᠭᠴᠠ ᠬᠦ ᠥᠭᠡᠷᠡᠴᠢᠯᠡᠯᠲᠡ ᠶᠢᠨ ᠠᠷᠭ᠎ᠠ ᠪᠠᠷ ᠰᠠᠶ᠋ᠢ ᠰᠢᠢᠳᠪᠦᠷᠢᠯᠡᠵᠦ ᠴᠢᠳᠠᠨ᠎ᠠ᠃ ᠭᠠᠭᠴᠠ ᠬᠦ ᠥᠭᠡᠷᠡᠴᠢᠯᠡᠯᠲᠡ ᠶᠢ ᠡᠴᠦᠰ ᠲᠤ ᠨᠢ ᠲᠤᠯᠲᠠᠯ᠎ᠠ ᠬᠢᠬᠦ ᠡᠷᠡᠰ ᠵᠣᠷᠢᠭ ᠢᠶᠠᠨ ᠪᠠᠲᠤᠳᠬᠠᠵᠤ᠂ ᠦᠨᠡᠨ ᠬᠦ ᠬᠢᠵᠦ᠂ ᠬᠠᠲᠠᠭᠤ ᠲᠠᠢ ᠬᠠᠯᠳᠠᠵᠤ᠂ ᠥᠭᠡᠷᠡᠴᠢᠯᠡᠯᠲᠡ ᠶᠢ ᠭᠤᠶᠢᠪᠢᠰᠢ ᠦᠭᠡᠢ ᠪᠠᠷ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠪᠡᠯ ᠰᠠᠶ᠋ᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠣᠯᠭᠤᠵᠤ᠂ ᠳᠦᠷᠢᠮ ᠤᠨ ᠬᠦᠴᠦᠲᠡᠢ ᠪᠠᠲᠤᠯᠠᠭ᠎ᠠ ᠶᠢ ᠲᠠᠰᠤᠷᠠᠯᠲᠠ ᠦᠭᠡᠢ ᠬᠠᠩᠭᠠᠵᠤ ᠴᠢᠳᠠᠨ᠎ᠠ᠃             ᠦᠨᠡᠨ ᠬᠦ ᠠᠵᠢᠯᠯᠠᠬᠤ ᠭᠡᠳᠡᠭ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠷᠤᠭᠰᠢᠲᠠᠢ ᠠᠬᠢᠬᠤ ᠶᠢ ᠬᠢᠵᠠᠭᠠᠷᠯᠠᠵᠤ ᠪᠠᠶᠢᠭ᠎ᠠ ᠠᠯᠢᠪᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠡᠷᠡᠰ ᠠᠷᠢᠯᠭᠠᠬᠤ ᠶᠠᠪᠤᠳᠠᠯ ᠪᠣᠯᠣᠨ᠎ᠠ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠮ ᠳᠤ ᠬᠠᠷᠰᠢ ᠰᠠᠭᠠᠳ ᠤᠯᠠᠨ ᠪᠠᠶᠢᠳᠠᠭ᠂ ᠡᠭᠦᠨ ᠢ ᠰᠢᠢᠳᠪᠦᠷᠢᠯᠡᠬᠦ ᠳᠤ ᠡᠷᠡᠰ ᠵᠣᠷᠢᠭ ᠪᠠᠶᠢᠬᠤ ᠬᠡᠷᠡᠭᠲᠡᠢ᠃ ᠵᠣᠷᠢᠭᠲᠠᠢ ᠪᠠᠷ ᠠᠵᠢᠯᠯᠠᠬᠤ ᠶᠢ ᠲᠡᠷᠢᠭᠦᠨ ᠳᠤ ᠲᠠᠯᠪᠢᠨ᠂ ᠰᠡᠳᠬᠢᠯ ᠰᠢᠭᠤᠳᠤᠨ ᠴᠢᠷᠮᠠᠶᠢᠵᠤ᠂ ᠤᠨᠢᠨ ᠳᠡᠭᠡᠷ᠎ᠡ ᠨᠢ ᠬᠦᠴᠦᠯᠡᠵᠦ᠂ ᠬᠠᠮᠵᠢᠯᠴᠠᠨ ᠬᠦᠴᠦᠯᠡᠵᠦ᠂ ᠦᠷᠭᠦᠯᠵᠢᠯᠡᠨ ᠬᠦᠴᠦᠯᠡᠬᠦ ᠬᠡᠷᠡᠭᠲᠡᠢ᠃ ᠡᠷᠬᠡᠪᠰᠢ ᠠᠵᠤ ᠠᠬᠤᠢ ᠶᠢᠨ ᠪᠠᠶᠢᠭᠤᠯᠤᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ᠂ ᠰᠣᠶᠣᠯ ᠤᠨ ᠪᠠᠶᠢᠭᠤᠯᠤᠯ᠂ ᠨᠡᠶᠢᠭᠡᠮ ᠤᠨ ᠪᠠᠶᠢᠭᠤᠯᠤᠯ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠵᠡᠷᠭᠡ ᠡᠯ᠎ᠡ ᠬᠦᠷᠢᠶᠡᠨ ᠳᠠᠬᠢ ᠥᠭᠡᠷᠡᠴᠢᠯᠡᠯᠲᠡ ᠶᠢ ᠬᠠᠮᠵᠢᠯᠴᠠᠨ ᠲᠦᠯᠬᠢᠨ ᠠᠬᠢᠭᠤᠯᠵᠤ᠂ ᠡᠷᠡᠰ ᠵᠣᠷᠢᠭ ᠢᠶᠠᠷ ᠪᠣᠭᠤᠮᠢ ᠶᠢ ᠡᠪᠳᠡᠨ᠂ ᠠᠷᠬᠠᠭ ᠪᠠ ᠲᠦᠭᠰᠢᠭᠦᠷᠢ ᠶᠢ ᠠᠷᠢᠯᠭᠠᠵᠤ᠂ ᠪᠣᠭᠤᠮᠲᠠ ᠶᠢ ᠰᠢᠪᠲᠤᠯᠤᠨ ᠬᠤᠪᠢᠷᠠᠯᠲᠠ ᠶᠢ ᠠᠷᠭᠠᠴᠠᠭᠠᠵᠤ᠂ ᠰᠢᠨ᠎ᠡ ᠪᠠᠶᠢᠳᠠᠯ ᠢ ᠥᠷᠭᠡᠳᠬᠡᠬᠦ ᠬᠡᠷᠡᠭᠲᠡᠢ᠃             ᠬᠠᠲᠠᠭᠤ ᠲᠠᠢ ᠬᠠᠯᠳᠠᠬᠤ ᠭᠡᠳᠡᠭ ᠨᠢ ᠪᠠᠴᠢᠮ ᠲᠤᠯᠭᠠᠮ᠎ᠠ ᠠᠰᠠᠭᠤᠳᠠᠯ ᠠᠴᠠ ᠭᠠᠷᠳᠠᠵᠦ᠂ ᠬᠦᠴᠢᠷ ᠠᠰᠠᠭᠤᠳᠠᠯ ᠢ ᠠᠳᠬᠤᠨ᠂ ᠠᠯᠳᠠᠰᠢ ᠪᠠᠨ ᠵᠠᠯᠠᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠬᠦ ᠶᠠᠪᠤᠳᠠᠯ ᠪᠣᠯᠣᠨ᠎ᠠ᠃ ᠠᠭᠤᠯᠠᠨ ᠳᠤ ᠪᠠᠷᠰ ᠪᠠᠶᠢᠬᠤ ᠶᠢ ᠮᠡᠳᠡᠪᠡᠴᠦ ᠵᠠᠪᠠᠯ ᠠᠭᠤᠯᠠᠨ ᠳᠤ ᠭᠠᠷᠬᠤ ᠤᠯᠤᠰ ᠲᠦᠷᠦ ᠶᠢᠨ ᠰᠥᠰᠥ ᠵᠣᠷᠢᠭ ᠲᠠᠢ ᠪᠠᠶᠢᠬᠤ ᠪᠠᠷ ᠪᠠᠷᠠᠬᠤ ᠦᠭᠡᠢ᠂ ᠨᠡᠩ ᠴᠤ ᠲᠡᠮᠦᠷ ᠢ ᠠᠳᠬᠤᠪᠠᠯ ᠤᠷᠤᠮ ᠲᠠᠢ᠂ ᠴᠢᠯᠠᠭᠤᠨ ᠳᠡᠭᠡᠷ᠎ᠡ ᠭᠢᠰᠬᠢᠪᠡᠯ ᠮᠥᠷ ᠲᠠᠢ᠂ ᠨᠡᠷᠡᠨ ᠰᠠᠷᠠᠨ ᠢ ᠵᠢᠭᠠᠨ ᠵᠠᠬᠢᠷᠴᠦ ᠰᠢᠨ᠎ᠡ ᠣᠷᠴᠢᠯᠠᠩ ᠪᠣᠯᠭᠠᠬᠤ ᠪᠣᠳᠠᠲᠠᠢ ᠠᠵᠢᠯᠯᠠᠬᠤ ᠡᠷᠴᠢ ᠵᠣᠷᠢᠭ ᠲᠠᠢ ᠪᠠᠶᠢᠬᠤ ᠬᠡᠷᠡᠭᠲᠡᠢ᠃ ᠥᠭᠡᠷᠡᠴᠢᠯᠡᠯᠲᠡ ᠶᠢᠨ ᠵᠠᠩᠭᠢᠯᠠᠭ᠎ᠠ ᠶᠢᠨ ᠦᠶ᠎ᠡ ᠳᠤ ᠵᠣᠷᠢᠭᠲᠠᠳ ᠢᠯᠠᠳᠠᠭ᠂ ᠡᠷᠴᠢ ᠵᠣᠷᠢᠭ ᠢᠶᠠᠨ ᠬᠥᠪᠴᠢᠯᠡᠬᠦ ᠠᠴᠠ ᠪᠢᠰᠢ ᠰᠤᠯᠠᠷᠠᠭᠤᠯᠵᠤ ᠪᠣᠯᠬᠤ ᠦᠭᠡᠢ᠃ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠦᠷᠭᠦᠯᠵᠢᠯᠡᠨ ᠬᠦᠴᠦᠯᠡᠵᠦ᠂ ᠠᠯᠬᠤᠮ ᠠᠯᠬᠤᠮ ᠢᠶᠠᠷ ᠠᠵᠢᠯᠯᠠᠨ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠬᠦᠴᠦᠯᠡᠨ ᠪᠠᠬᠢᠵᠢᠭᠦᠯᠬᠦ᠂ ᠭᠦᠨᠵᠡᠭᠡᠶᠢᠷᠡᠭᠦᠯᠬᠦ᠂ ᠥᠷᠭᠡᠳᠬᠡᠬᠦ ᠳᠡᠭᠡᠷ᠎ᠡ ᠬᠦᠴᠦ ᠲᠠᠯᠪᠢᠵᠤ᠂ ᠨᠢᠭᠡ ᠨᠢᠭᠡ ᠠᠯᠬᠤᠮ ᠢᠶᠠᠷ ᠬᠢᠵᠦ᠂ ᠵᠢᠷᠤᠭ ᠲᠥᠰᠥᠪ ᠢ ᠡᠴᠦᠰ ᠲᠤ ᠨᠢ ᠲᠤᠯᠲᠠᠯ᠎ᠠ ᠵᠢᠷᠤᠭᠯᠠᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠠᠵᠢᠯᠯᠠᠭ᠎ᠠ ᠳᠤ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号