ᠠᠯᠠᠱᠠ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠨᠢ ᠨᠠᠷᠠᠰᠢᠬᠤ ᠠᠴᠠ ᠰᠡᠷᠭᠡᠶᠢᠯᠡᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/7/22
          ᠪᠥᠬᠦ ᠬᠤᠰᠢᠭᠤᠨ ᠤ ᠠᠵᠢᠯᠲᠠᠨ ᠠᠵᠢᠯᠴᠢᠨ ᠤ ᠨᠠᠷᠠᠰᠢᠬᠤ ᠠᠴᠠ ᠰᠡᠷᠭᠡᠶᠢᠯᠡᠬᠦ ᠠᠵᠢᠯ ᠢ ᠰᠠᠶᠢᠳᠣᠷ ᠬᠢᠵᠤ᠂ ᠦᠷᠭᠡᠨ ᠤᠯᠠᠨ ᠠᠵᠢᠯᠳᠠᠨ ᠠᠵᠢᠯᠴᠢᠨ ᠢ ᠵᠤᠨ ᠤ ᠤᠯᠠᠷᠢᠯ ᠤᠨ ᠥᠨᠳᠥᠷ ᠳᠤᠯᠠᠭᠠᠨ ᠳᠤ ᠠᠵᠢᠯᠯᠠᠬᠤ ᠦᠶᠡᠰ ᠤᠨ ᠠᠮᠤᠷ ᠲᠦᠪᠰᠢᠨ ᠪᠠ ᠡᠷᠡᠭᠦᠯ ᠮᠡᠨᠳᠦ ᠶᠢ ᠦᠨᠡᠨ ᠬᠦ ᠰᠠᠶᠢᠲᠤᠷ ᠪᠠᠲᠣᠯᠠᠬᠤ ᠶᠢᠨ ᠲᠥᠯᠥᠭᠡ᠂ 7 ᠰᠠᠷ᠎ᠠ ᠶᠢᠨ 16᠎ ᠤ ᠦᠳᠡ ᠶᠢᠨ ᠡᠮᠦᠨ᠎ᠡ᠂ ᠠᠯᠠᠱᠠ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠴᠠ 2024 ᠣᠨ ᠤ ︽ᠨᠠᠷᠠᠰᠢᠬᠤ ᠠᠴᠠ ᠰᠡᠷᠭᠡᠶᠢᠯᠡᠵᠦ᠂ ᠡᠷᠭᠦᠯ ᠮᠡᠨᠲᠣ ᠶᠢ ᠡᠷᠬᠢᠮᠯᠡᠬᠦ ᠬᠦᠳᠡᠯᠭᠡᠭᠡᠨ︾ ᠠᠯᠠᠱᠠ ᠵᠡᠭᠦᠨ ᠬᠤᠰᠢᠭᠤᠨ  ᠤ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠪ ᠲᠤ ᠦᠷᠨᠢᠭᠦᠯᠪᠡ᠃    ᠠᠯᠠᠱᠠ ᠵᠡᠭᠦᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠴᠠ ᠠᠯᠠᠱᠠ ᠵᠡᠭᠦᠨ ᠬᠤᠰᠢᠭᠤᠨ ᠤ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠪ ᠤᠨ ᠠᠵᠢᠯᠳᠠᠨ ᠠᠵᠢᠯᠴᠢᠨ ᠳᠤ ᠨᠢᠭᠡ ᠲᠡᠷᠭᠡ ᠳᠦᠭᠦᠷᠡᠩ ᠴᠠᠬᠠᠷ ᠤᠨ ᠬᠥᠳᠡᠭᠡ ᠶᠢᠨ ᠲᠠᠷᠪᠤᠰ᠂ ᠤᠭᠤᠲᠠ ᠤᠭᠤᠲᠠ ᠪᠠᠷ ᠨᠣᠭᠤᠭᠠᠨ ᠪᠤᠷᠴᠠᠭ ᠪᠠ ᠮᠥᠰᠥᠨ ᠰᠢᠬᠢᠷ ᠬᠦᠷᠭᠡᠵᠤ᠂  ᠶᠠᠭᠠᠷᠠᠯᠲᠠᠢ ᠠᠵᠢᠯᠯᠠᠵᠤ ᠪᠠᠶᠢᠭ᠎ᠠ ᠠᠵᠢᠯᠳᠠᠨ ᠠᠵᠢᠯᠴᠢᠳ ᠤᠨ ᠰᠡᠳᠬᠢᠯ ᠢ ᠳᠣᠯᠠᠭᠠᠴᠠᠭᠤᠯᠪᠠ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠵᠠᠮ ᠬᠠᠷᠢᠯᠴᠠᠭ᠎ᠠ᠂ ᠪᠠᠷᠠᠭᠠᠨ ᠤ ᠭᠦᠢᠯᠭᠡᠭᠡ᠂ ᠪᠠᠷᠢᠯᠭ᠎ᠠ᠂ ᠣᠷᠴᠢᠨ ᠲᠣᠭᠤᠷᠢᠨ ᠤ ᠠᠷᠢᠭᠤᠨ ᠴᠡᠪᠡᠷ᠂ ᠳᠣᠲᠣᠭᠠᠳᠤ ᠶᠢ ᠬᠠᠮᠠᠭᠠᠯᠠᠬᠤ᠂ ᠰᠢᠨ᠎ᠡ ᠬᠡᠯᠪᠡᠷᠢ ᠶᠢᠨ ᠠᠵᠢᠯ ᠣᠯᠭᠤᠯᠲᠠ ᠶᠢᠨ ᠬᠥᠳᠡᠯᠮᠦᠷᠢᠴᠢᠨ ᠵᠡᠷᠭᠡ ᠡᠯ᠎ᠡ ᠲᠥᠷᠥᠯ ᠤᠨ ᠭᠡᠷ ᠤᠨ ᠭᠠᠳᠠᠭ᠎ᠠ ᠥᠨᠳᠥᠷ ᠳᠤᠯᠠᠭᠠᠨ ᠎ ᠳᠤ ᠠᠵᠢᠯᠯᠠᠵᠤ ᠪᠠᠶᠢᠭ᠎ᠠ ᠨᠢᠭᠡᠳᠦᠭᠡᠷ ᠹᠷᠣᠨᠲ ᠤᠨ 5000 ᠭᠠᠷᠤᠶ ᠠᠵᠢᠯᠲᠠᠨ ᠠᠵᠢᠯᠴᠢᠨ ᠳᠤ ᠬᠠᠶᠢᠷ᠎ᠠ ᠬᠠᠯᠠᠮᠵᠢ ᠬᠦᠷᠭᠡᠬᠦ ᠪᠣᠯᠤᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号