ᠬᠤᠸᠠᠩ ᠶᠠ ᠯᠢ ᠳᠤᠯᠠᠭᠠᠯᠠᠭ᠎ᠠ ᠶᠢᠨ ᠢᠨᠵᠧᠨᠧᠷᠢᠩ᠂ ᠬᠤᠲᠠ ᠶᠢᠨ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ ᠪᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/22
     7 ᠰᠠᠷ᠎ᠠ ᠶᠢᠨ 16᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠳᠤᠯᠠᠭᠠᠯᠠᠭ᠎ᠠ ᠶᠢᠨ ᠢᠨᠵᠧᠨᠧᠷᠢᠩ᠂ ᠬᠤᠲᠠ ᠶᠢᠨ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ ᠪᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠪᠠ    ᠬᠤᠸᠠᠩ ᠶᠠ ᠯᠢ ᠪᠠᠶᠠᠨᠬᠤᠲᠠ ᠪᠠᠯᠭᠠᠰᠤᠨ ᠤ ᠬᠤᠶᠢᠲᠤ ᠲᠣᠭᠤᠷᠢᠯ ᠵᠠᠮ ᠤᠨ ᠰᠢᠨ᠎ᠡ ᠪᠠᠷ ᠪᠠᠶᠢᠭᠤᠯᠤᠭᠰᠠᠨ ᠢᠯᠴᠢ ᠬᠠᠩᠭᠠᠬᠤ ᠬᠤᠭᠤᠯᠠᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠭᠠᠵᠠᠷ ᠲᠤ ᠬᠦᠷᠴᠦ᠂ ᠬᠤᠭᠤᠯᠠᠶ ᠶᠢᠨ ᠪᠦᠲᠦᠭᠡᠨ ᠪᠠᠶᠢᠭᠤᠯᠤᠯᠲᠠ᠂ ᠲᠥᠷᠥᠯ ᠵᠦᠢᠯ ᠢ ᠠᠬᠢᠭᠤᠯᠤᠭᠰᠠᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ︽ᠳᠤᠯᠠᠭᠠᠯᠠᠭ᠎ᠠ ᠶᠢᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾᠎ ᠤᠨ ᠨᠢᠭᠡ ᠪᠣᠯᠤᠨ᠎ᠠ᠂ ᠲᠦᠭ ᠲᠦᠮᠡᠨ ᠠᠶᠢᠯ ᠡᠷᠦᠬᠡ ᠶᠢᠨ ᠳᠤᠯᠠᠭᠠᠨ ᠪᠦᠯᠢᠶᠡᠨ ᠡᠪᠦᠯᠵᠢᠬᠦ ᠲᠠᠢ ᠬᠤᠯᠪᠣᠭᠳᠠᠨ᠎ᠠ᠂ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠠᠯᠤᠰ ᠬᠡᠳᠤ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ᠂ ᠪᠣᠬᠢᠷᠲᠤᠯ ᠭᠠᠳᠠᠭᠰᠢᠯᠠᠭᠤᠯᠬᠤ ᠵᠡᠷᠭᠡ ᠬᠤᠭᠤᠯᠠᠢ ᠶᠢᠨ ᠪᠠᠶᠢᠷᠢᠰᠢᠭᠤᠯᠤᠯᠲᠠ ᠶᠢᠨ ᠪᠠᠶᠢᠭᠤᠯᠤᠯᠲᠠ ᠶᠢ ᠨᠢᠭᠡ ᠴᠤᠬᠴᠠᠵᠢᠭᠤᠯᠤᠨ ᠲᠥᠯᠥᠪᠵᠢᠭᠦᠯᠦᠨ ᠠᠬᠢᠭᠤᠯᠵᠤ᠂ ᠢᠨᠵᠧᠨᠧᠷᠢᠩ ᠤᠨ ᠣᠬᠤᠷ ᠬᠤᠭᠤᠴᠠᠭᠠᠨ ᠤ ᠪᠣᠳᠠᠲᠤ ᠦᠷ᠎ᠡ ᠪᠦᠲᠦᠮᠵᠢ ᠤᠯᠬᠤ᠂ ᠤᠷᠳᠤ ᠬᠤᠭᠤᠴᠠᠭᠠᠨ ᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠬᠤᠭᠤᠴᠠᠭ᠎ᠠ ᠶᠢ ᠤᠷᠢᠳᠴᠢᠯᠠᠨ ᠲᠣᠭᠳᠠᠭᠠᠵᠤ᠂ ᠵᠢᠷᠤᠭ ᠲᠦᠰᠦᠯ ᠢᠶᠠᠷ ᠰᠢᠮᠳᠠᠭᠤᠯᠤᠨ ᠭᠦᠢᠴᠡᠳᠭᠡᠵᠤ᠂ ᠳᠤᠯᠠᠭᠠᠯᠠᠭ᠎ᠠ ᠬᠠᠩᠭᠠᠬᠤ ᠠᠴᠠ ᠡᠮᠦᠨ᠎ᠡ ᠲᠣᠭᠲᠠᠭᠰᠠᠨ ᠬᠤᠭᠤᠴᠠᠭᠠᠨ ᠳᠤ ᠠᠵᠢᠯ ᠳᠠᠭᠤᠰᠬᠤ ᠶᠢ ᠪᠠᠲᠤᠯᠠᠵᠤ᠂ ᠳᠤᠯᠠᠭᠠᠯᠠᠭ᠎ᠠ ᠬᠠᠩᠭᠠᠬᠤ ᠦᠶᠡᠰ ᠤᠯᠠᠨ ᠲᠦᠮᠡᠨ ᠬᠠᠨᠤᠮᠵᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃    ᠪᠠᠶᠠᠨᠬᠤᠲᠠ ᠶᠢᠨ ᠬᠤᠭ ᠨᠣᠪᠰᠢ ᠶᠢ ᠬᠤᠣᠷ ᠥᠬᠡᠶ ᠪᠣᠯᠭᠠᠨ ᠰᠢᠢᠳᠪᠦᠷᠢᠯᠡᠬᠦ ᠲᠠᠯᠠᠪᠠᠶ ᠪᠠ ᠰᠢᠨ᠎ᠡ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ᠂ ᠬᠤᠸᠠᠩ ᠶᠠ ᠯᠢ ᠲᠠᠯᠠᠪᠤᠷ ᠭᠠᠵᠠᠷ ᠢ ᠲᠥᠯᠥᠪᠵᠢᠭᠦᠯᠦᠨ ᠪᠠᠶᠢᠷᠢᠯᠠᠭᠤᠯᠬᠤ᠂ ᠲᠣᠨᠤᠭ ᠲᠥᠬᠦᠭᠡᠷᠦᠮᠵᠢ ᠶᠢ ᠠᠵᠢᠯᠯᠠᠭᠤᠯᠬᠤ᠂ ᠬᠤᠭ ᠨᠣᠪᠰᠢ ᠶᠢ ᠰᠢᠢᠳᠪᠦᠷᠢᠯᠡᠬᠦ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠲᠥᠷᠥᠯ ᠬᠤᠪᠢᠶᠠᠨ ᠰᠢᠢᠳᠪᠦᠷᠢᠯᠡᠬᠦ ᠶᠢ ᠪᠠᠷᠢᠮᠲᠠᠯᠠᠨ᠂ ᠬᠤᠭ ᠨᠣᠪᠰᠢ ᠶᠢ ᠬᠤᠪᠢᠷᠠᠭᠤᠯᠤᠨ ᠠᠰᠢᠭᠯᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠬᠠᠶᠠᠭᠳᠠᠮᠠᠯ ᠢ ᠠᠰᠢᠭᠯᠠᠬᠤ ᠠᠵᠢᠯ ᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ ᠬᠠᠷᠢᠭᠤ ᠲᠤᠰᠬᠠᠭᠰᠠᠨ ᠠᠰᠠᠭᠤᠳᠠᠯ ᠲᠠᠢ ᠬᠠᠷᠢᠴᠠᠭᠤᠯᠤᠨ ᠨᠢᠭᠡ ᠨᠢᠭᠡ ᠵᠦᠢᠯ ᠢᠶᠠᠷ ᠰᠤᠳᠤᠯᠤᠨ ᠰᠢᠢᠳᠪᠦᠷᠢᠯᠡᠵᠦ᠂ ᠬᠤᠭ ᠨᠣᠪᠰᠢ ᠶᠢ ᠴᠠᠭ ᠲᠤᠬᠠᠢ ᠳᠤᠨᠢ ᠬᠤᠷᠢᠶᠠᠨ ᠲᠡᠭᠡᠭᠡᠪᠦᠷᠢᠯᠡᠵᠤ᠂ ᠪᠠᠷᠢᠮᠵᠢᠶ᠎ᠠ ᠪᠠᠷ ᠰᠢᠢᠳᠪᠦᠷᠢᠯᠡᠬᠦ ᠬᠡᠷᠡᠭᠲᠡᠢ ᠭᠡᠪᠡ᠃    ᠲᠢᠶᠠᠨ ᠢ ᠨᠢᠭᠡᠳᠦᠭᠡᠷ ᠬᠤᠷᠢᠶᠠᠯᠠᠯ ᠤᠨ ᠪᠠᠷᠠᠭᠤᠨ ᠲᠠᠯ᠎ᠠ ᠶᠢᠨ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ᠲᠡᠷᠭᠡᠨ ᠵᠣᠭᠰᠣᠭᠠᠯ ᠳᠤ᠂ ᠬᠤᠸᠠᠩ ᠶᠠ ᠯᠢ ᠲᠤᠬᠠᠢ ᠶᠢᠨ ᠲᠠᠯᠠᠪᠠᠢ ᠳᠤ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠲᠡᠷᠡ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠪᠣᠯ ᠨᠢᠭᠡ ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠥᠷᠭᠡᠨ ᠤᠯᠠᠨ ᠲᠦᠮᠡᠨ ᠤ ᠣᠷᠣᠯᠴᠠᠭ᠎ᠠ ᠪᠠ ᠳᠡᠮᠵᠢᠯᠭᠡ ᠠᠴᠠ ᠰᠠᠯᠵᠤ ᠴᠢᠳᠠᠬᠤ ᠦᠭᠡᠢ᠂ ᠦᠵᠡᠯ ᠰᠠᠨᠠᠭ᠎ᠠ ᠶᠢ ᠬᠦᠳᠦᠯᠦᠨ ᠵᠢᠯᠣᠭᠤᠳᠬᠤ ᠪᠠ ᠤᠬᠠᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ᠂ ᠬᠤᠳᠠᠯᠳᠤᠭᠠᠨ ᠤ ᠡᠷᠦᠬᠡ᠂ ᠰᠤᠷᠤᠭᠴᠢ ᠵᠡᠷᠭᠡ ᠡᠯ᠎ᠡ ᠲᠠᠯ᠎ᠠ ᠶᠢᠨ ᠬᠦᠴᠦᠨ ᠢ ᠭᠦᠢᠴᠡᠳ ᠲᠠᠶᠢᠴᠢᠯᠠᠵᠦ᠂ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾᠂ ᠬᠤᠭ ᠨᠣᠪᠰᠢ ᠶᠢ ᠲᠦᠷᠦᠯ ᠬᠤᠪᠢᠶᠠᠬᠤ᠂ ︽ᠭᠠᠷ ᠭᠠᠷ ᠢᠶᠠᠨ ᠬᠤᠯᠪᠣᠯᠴᠠᠬᠤ︾ ᠵᠡᠷᠭᠡ ᠠᠵᠢᠯ ᠢ ᠰᠠᠶᠢᠲᠤᠷ ᠬᠢᠵᠦ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠥᠳᠡᠯᠦᠯᠴᠡᠵᠦ᠂ ᠬᠥᠮᠦᠨ ᠪᠦᠬᠦᠨ ᠬᠠᠮᠲᠤᠪᠠᠷ ᠡᠳ᠋ᠯᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠦ ᠬᠡᠯᠡᠪᠡ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠲᠤᠬᠠᠢ ᠶᠢᠨ ᠲᠠᠯᠠᠪᠠᠢ ᠳᠤ ᠢᠯᠡᠭᠦᠬᠡᠨ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠢᠯᠡᠭᠦᠬᠡᠨ ᠴᠤᠭᠯᠠᠭᠤᠯᠵᠤ᠂ ᠳᠤᠮᠳᠠ ᠠᠴᠠ ᠨᠢ ᠠᠰᠠᠭᠤᠳᠠᠯ ᠢ ᠢᠯᠡᠷᠡᠭᠦᠯᠬᠦ ᠳᠡᠭᠡᠨ ᠴᠢᠳᠠᠮᠠᠭᠠᠢ ᠪᠠᠶᠢᠵᠤ᠂ ᠬᠦᠴᠦ ᠣᠷᠣᠭᠤᠯᠤᠨ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠵᠥᠷᠢᠴᠡᠯ ᠪᠠ ᠠᠰᠠᠭᠤᠳᠠᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠠᠵᠢᠯ ᠢ ᠨᠡᠩ ᠪᠣᠳᠠᠲᠠᠶ᠂ ᠨᠡᠩ ᠥᠪᠡᠷᠮᠢᠴᠡ ᠣᠨᠴᠠᠯᠢᠭ ᠲᠠᠢ ᠬᠢᠵᠦ᠂ ᠠᠯᠠᠱᠠ ᠪᠠᠨ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ ᠭᠡᠪᠡ᠃    ᠠᠶᠢᠮᠠᠭ ᠤᠨ ᠤᠳᠤᠷᠢᠳᠤᠯᠭ᠎ᠠ ᠸᠧᠶ ᡁᠢ ᠭᠦᠸᠧ᠂ ᠯᠢᠦ ᠳ᠋ᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号