| | | ︵ᠨᠢᠭᠡ︶ | | ᠠᠭᠤᠤ ᠶᠡᠭᠡ ᠦᠢᠯᠡᠰ᠂ ᠦᠷᠭᠦᠯᠵᠢᠯᠡᠨ ᠲᠡᠮᠡᠴᠡᠬᠦ ᠳᠤᠮᠳᠠ ᠰᠢᠨ᠎ᠡ ᠬᠠᠭᠤᠳᠠᠰᠤ ᠶᠢ ᠰᠡᠬᠦᠨ᠎ᠡ᠃ | | 7 ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠪᠡᠭᠡᠵᠢᠩ ᠳᠤ ᠡᠬᠢᠯᠡᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠎ᠡ᠃ ᠡᠨᠡ ᠪᠣᠯ | ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ | ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠦᠢᠯᠡᠳᠦᠯᠭᠡ ᠶᠢᠨ ᠦᠷᠭᠦᠯᠵᠢᠯᠡᠯ ᠪᠤᠯᠬᠤ | ᠪᠥᠭᠡᠳ ᠪᠠᠰᠠ ᠰᠢᠨ᠎ᠡ ᠠᠶᠠᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠠᠭ | ᠦᠶ᠎ᠡ ᠶᠢᠨ ᠰᠢᠨ᠎ᠡ ᠬᠠᠭᠤᠳᠠᠰᠤ ᠪᠣᠯᠣᠨ᠎ᠠ᠃ | | ︽ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ | ᠨᠠᠷᠢᠨ ᠪᠤᠳᠤᠯᠢᠶᠠᠨᠲᠠᠢ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠡᠮᠦᠨ᠎ᠡ᠂ ᠰᠢᠨ᠎ᠡ ᠨᠢᠭᠡ | ᠡᠭᠡᠯᠵᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ | ᠡᠮᠦᠨ᠎ᠡ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠤᠨ ᠡᠮᠦᠨ᠎ᠡ᠂ ᠡᠷᠬᠡᠪᠰᠢ ᠥᠭᠡᠷᠡᠴᠢᠯᠡᠯᠲᠡ ᠶᠢ ᠦᠷᠭᠦᠯᠵᠢᠯᠡᠨ | ᠠᠬᠢᠭᠤᠯᠬᠤ ᠬᠡᠷᠡᠭᠲᠡᠢ︾ ᠃ | | ᠵᠠᠩᠭᠢᠯᠠᠭ᠎ᠠ ᠶᠢᠨ ᠬᠤᠭᠤᠴᠠᠭᠠᠨ ᠳᠤ ᠰᠠᠭᠤᠷᠢᠯᠠᠵᠤ᠂ ᠴᠢᠬᠤᠯᠠ ᠡᠷᠳᠡᠨᠢ ᠶᠢ ᠰᠠᠶᠢᠲᠤᠷ ᠬᠡᠷᠡᠭᠯᠡᠵᠦ᠂ ᠰᠢ ᠶᠢᠨ | ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ | ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ︽ᠥᠭᠡᠷᠡᠴᠢᠯᠡᠯᠲᠡ ᠶᠢ ᠡᠷᠬᠡᠪᠰᠢ ᠤᠬᠠᠮᠰᠠᠷ ᠠᠴᠠ ᠪᠠᠨ ᠨᠡᠩ | ᠲᠣᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ︾ ᠭᠡᠵᠦ ᠪᠦᠭᠦ ᠨᠠᠮ ᠢ ᠤᠷᠢᠶᠠᠯᠠᠵᠤ᠂ ᠥᠭᠡᠷᠡᠴᠢᠯᠡᠯᠲᠡ ᠶᠢ | ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠰᠠᠷᠠᠭᠤᠯ ᠢᠷᠡᠭᠡᠳᠦᠢ ᠶᠢ ᠨᠡᠭᠡᠭᠡᠬᠦ ᠡᠷᠡᠰ ᠪᠠᠲᠤ ᠵᠣᠷᠢᠭ ᠢ ᠢᠯᠡᠷᠡᠭᠦᠯᠪᠡ᠃ | | ᠲᠡᠦᠬᠡ ᠶᠢᠨ ᠮᠥᠷᠡᠨ ᠤᠷᠤᠰᠬᠤᠶ᠎ᠠ᠂ ᠨᠠᠮᠤᠭᠤᠬᠠᠨ ᠤᠷᠤᠰᠬᠠᠯ ᠲᠠᠢ ᠪᠥᠭᠡᠳ ᠰᠦᠷ ᠬᠦᠴᠦᠲᠦ | ᠳᠠᠪᠠᠯᠭᠠᠨ ᠲᠠᠢ᠃ | | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠲᠡᠦᠬᠡᠨ ᠰᠢᠨ᠎ᠡ ᠴᠠᠭ ᠦᠶ᠎ᠡ ᠶᠢ ᠨᠡᠭᠡᠭᠡᠭᠰᠡᠨ ᠠᠴᠠ ᠠᠪᠤᠭᠠᠳ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ᠂ ᠥᠭᠡᠷᠡᠴᠢᠯᠡᠯᠲᠡ ᠶᠢ ᠰᠢᠰᠲ᠋ᠧᠮ ᠲᠠᠢ ᠪᠦᠬᠦᠯᠢ ᠴᠣᠭᠴᠠ ᠪᠠᠷ ᠨᠢ ᠲᠥᠯᠥᠪᠵᠢᠭᠦᠯᠦᠨ | ᠠᠬᠢᠭᠤᠯᠬᠤ ᠰᠢᠨ᠎ᠡ ᠴᠠᠭ ᠦᠶ᠎ᠡ ᠶᠢ ᠨᠡᠭᠡᠭᠡᠭᠰᠡᠨ ᠭᠦᠷᠲᠡᠯ᠎ᠡ᠂ ᠨᠠᠮ ᠤᠨ ᠪᠦᠭᠦ ᠤᠨᠤᠯ ᠪᠠ ᠦᠢᠯᠡᠳᠦᠯᠭᠡ ᠶᠢᠨ ᠭᠤᠣᠯ | ᠰᠡᠳᠦᠪ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠠᠪᠤᠳᠠᠯ | ᠪᠣᠯᠣᠨ᠎ᠠ᠃ | | ︽ᠠᠭᠤᠤ ᠶᠡᠭᠡ ᠰᠡᠬᠡᠭᠡᠷᠡᠯᠲᠡ︾ ᠪᠣᠯᠤᠭᠰᠠᠨ ᠤ ᠬᠤᠪᠢ ᠳᠤ᠂ ᠥᠭᠡᠷᠡᠴᠢᠯᠡᠯᠲᠡ ᠨᠡᠭᠡᠭᠡᠯᠲᠡ ᠨᠢ ᠨᠠᠮ ᠤᠨ | ᠤᠨᠤᠯ ᠠᠴᠠ ᠦᠢᠯᠡᠳᠦᠯᠭᠡ ᠳᠤ ᠬᠦᠷᠬᠦ ᠠᠭᠤᠤ ᠶᠡᠭᠡ ᠡᠭᠦᠳᠦᠯᠲᠡ ᠶᠢ ᠪᠤᠢ ᠪᠤᠯᠭᠠᠵᠠᠢ︔ ︽ᠠᠭᠤᠤ ᠶᠡᠭᠡ | ᠬᠤᠪᠢᠰᠬᠠᠯ︾ ᠪᠣᠯᠤᠭᠰᠠᠨ ᠤ ᠬᠤᠪᠢ ᠳᠤ᠂ ᠥᠭᠡᠷᠡᠴᠢᠯᠡᠯᠲᠡ ᠨᠡᠭᠡᠭᠡᠯᠲᠡ ᠨᠢ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠠᠭᠤᠤ ᠶᠡᠭᠡ ᠦᠰᠦᠷᠦᠯᠲᠡ ᠶᠢ ᠠᠬᠢᠭᠤᠯᠪᠠ᠃ ᠨᠠᠮ ᠤᠨ | ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢ ᠨᠡᠭᠡᠭᠡᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠮᠵᠢᠯᠲᠠ ᠲᠠᠢ ᠪᠠᠷ ᠠᠬᠢᠭᠤᠯᠤᠨ ᠥᠷᠭᠡᠳᠬᠡᠵᠦ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠨᠢ 21 ᠳ᠋ᠦ᠋ᠭᠡᠷ ᠵᠠᠭᠤᠨ ᠤ ᠰᠢᠨᠵᠢᠯᠡᠬᠦ ᠤᠬᠠᠭᠠᠨᠴᠢ ᠨᠡᠶᠢᠭᠡᠮ | ᠵᠢᠷᠤᠮ ᠤᠨ ᠬᠥᠭᠵᠢᠯᠲᠡ ᠶᠢᠨ ᠲᠤᠭ ᠪᠣᠯᠵᠤ ᠪᠠᠶᠢᠨ᠎ᠠ᠃ | | ᠦᠢᠯᠡᠳᠦᠯᠭᠡ ᠭᠦᠢᠴᠡᠳ ᠭᠡᠷᠡᠴᠢᠯᠡᠭᠰᠡᠨ ᠨᠢ᠂ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠪᠣᠯᠣᠨ ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠪᠣᠯ ᠴᠥᠮ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠣᠭᠳᠠᠯ ᠲᠠᠢ | ᠶᠤᠮ᠃ ᠥᠭᠡᠷᠡᠴᠢᠯᠡᠯᠲᠡ ᠨᠡᠭᠡᠭᠡᠯᠲᠡ ᠨᠢ ᠤᠳᠤ ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ | ᠲᠣᠭᠲᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠠᠵᠤ ᠢᠯᠠᠭᠳᠠᠬᠤ ᠶᠢ ᠲᠣᠭᠲᠠᠭᠠᠨ᠎ᠠ᠂ | ᠨᠠᠮ ᠪᠠ ᠠᠷᠠᠳ ᠲᠦᠮᠡᠨ ᠤ ᠦᠢᠯᠡᠰ ᠤᠨ ᠲᠣᠮᠣ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠬᠦ ᠶᠢᠨ | ᠴᠢᠬᠤᠯᠠ ᠡᠷᠳᠡᠨᠢ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠵᠠᠮ | ᠮᠥᠨ᠃ | | ᠶᠡᠷᠦᠩᠬᠡᠢ ᠱᠦᠵᠢ ᠰᠢ ᠶᠢᠨ ᠫᠢᠩ᠄ ︽ᠥᠭᠡᠷᠡᠴᠢᠯᠡᠯᠲᠡ ᠨᠡᠭᠡᠭᠡᠯᠲᠡ ᠭᠡᠬᠦ ᠡᠨᠡ ᠬᠦ ᠳᠤᠮᠳᠠᠳᠤ ᠤᠯᠤᠰ ᠤᠨ | ᠬᠤᠶᠠᠳᠤᠭᠠᠷ ᠤᠳᠠᠭ᠎ᠠ ᠶᠢᠨ ᠬᠤᠪᠢᠰᠬᠠᠯ ᠨᠢ ᠳᠤᠮᠳᠠᠳᠤ ᠤᠯᠤᠰ ᠢ ᠭᠦᠨᠵᠡᠭᠡᠢ ᠬᠤᠪᠢᠷᠠᠭᠤᠯᠤᠭᠰᠠᠨ ᠢᠶᠠᠷ ᠪᠠᠷᠠᠬᠤ | ᠦᠭᠡᠢ᠂ ᠳᠡᠯᠡᠬᠡᠢ ᠳ᠋ᠠᠬᠢᠨ ᠢ ᠴᠤ ᠭᠦᠨᠵᠡᠭᠡᠢ ᠨᠥᠯᠥᠭᠡᠯᠡᠵᠡᠢ︕ ︾ ᠭᠡᠵᠦ ᠭᠦᠨᠵᠡᠭᠡᠢ ᠵᠢᠭᠠᠵᠤ ᠭᠠᠷᠭᠠᠪᠠ᠂ ᠡᠨᠡ | ᠪᠣᠯ ᠥᠴᠥᠭᠡᠳᠦᠷ ᠤᠨ ᠳ᠋ᠦᠩᠨᠡᠯᠲᠡ᠂ ᠥᠨᠥᠳᠥᠷ ᠤᠨ ᠰᠡᠩᠬᠡᠷᠡᠭᠦᠯᠦᠯ᠂ ᠪᠠᠰᠠ ᠴᠤ ᠮᠠᠷᠭᠠᠰᠢ ᠶᠢᠨ ᠲᠤᠩᠬᠠᠭᠯᠠᠯ | ᠮᠥᠨ᠃ | | ᠰᠢᠨ᠎ᠡ ᠠᠶᠠᠨ ᠳᠠᠭᠠᠨ ᠳᠠᠷᠪᠠᠭᠤᠯ ᠬᠡᠶᠢᠰᠬᠡᠨ ᠳᠠᠭᠢᠨ ᠤᠷᠤᠭᠰᠢᠯᠠᠨᠠᠮ᠃ ᠴᠠᠭ ᠦᠶ᠎ᠡ ᠶᠢᠨ ᠬᠥᠭᠵᠢᠯᠲᠡ ᠶᠢᠨ | ᠶᠡᠭᠡ ᠬᠠᠨᠳᠤᠰᠢ ᠶᠢ ᠡᠵᠡᠮᠳᠡᠵᠦ᠂ ᠲᠡᠦᠬᠡ ᠶᠢᠨ ᠬᠤᠪᠢᠰᠤᠯᠲᠠ ᠶᠢᠨ ᠲᠣᠭᠢᠶᠠᠯ ᠢ ᠠᠮᠵᠢᠵᠤ᠂ ᠥᠭᠡᠷᠡᠴᠢᠯᠡᠯᠲᠡ | ᠨᠡᠭᠡᠭᠡᠯᠲᠡ ᠶᠢᠨ ᠳᠦᠷᠰᠦ ᠪᠠᠶᠢᠳᠠᠯ ᠢᠶᠠᠷ ᠢᠷᠡᠭᠡᠳᠦᠢ ᠲᠡᠶᠢᠰᠢ ᠦᠷᠭᠦᠯᠵᠢᠯᠡᠨ ᠤᠷᠤᠭᠰᠢᠯᠠᠬᠤ ᠳᠤ᠂ ᠪᠢᠳᠠ ᠨᠡᠩ | ᠢᠲᠡᠭᠡᠯ ᠲᠡᠭᠦᠯᠳᠡᠷ᠂ ᠨᠡᠩ ᠬᠦᠴᠦᠨ ᠴᠢᠳᠠᠯ ᠲᠠᠢ ᠪᠠᠶᠢᠨ᠎ᠠ᠃ | | ︵ᠬᠤᠶᠠᠷ︶ | | ᠲᠡᠦᠬᠡ ᠶᠢᠨ ᠭᠦᠨ ᠠᠴᠠ ᠳᠠᠪᠠᠯᠭᠠᠯᠠᠨ ᠢᠷᠡᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠵᠦᠭ ᠰᠦᠷ | ᠳᠠᠯᠠᠶᠢᠴᠠᠲᠠᠢ ᠤᠷᠤᠭᠰᠢᠯᠠᠵᠤ᠂ ᠥᠭᠡᠷᠡᠴᠢᠯᠡᠯᠲᠡ ᠨᠡᠭᠡᠭᠡᠯᠲᠡ ᠳᠣᠷᠣᠨᠠᠳᠠᠬᠢᠨ ᠳᠤ ᠳᠠᠪᠠᠯᠭᠠᠯᠠᠨ ᠤᠷᠤᠭᠰᠢᠯᠠᠵᠤ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠨ᠎ᠠ᠃ | | ᠡᠨᠡ ᠪᠣᠯ ︽ᠲᠤᠤᠯᠢᠰ ᠮᠠᠶ᠋ᠢᠭ ᠤᠨ ᠶᠡᠭᠡ ᠳᠠᠪᠰᠢᠯᠳᠠ︾ ᠪᠣᠯᠣᠨ᠎ᠠ᠂ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠶᠠᠳᠠᠭᠤ ᠬᠤᠭᠤᠰᠤᠨ ᠪᠠᠶᠢᠭᠰᠠᠨ ᠠᠴᠠ ᠪᠠᠨ | ᠳᠡᠯᠡᠬᠡᠢ ᠶᠢᠨ ᠬᠤᠶᠠᠳᠤᠭᠠᠷ ᠲᠣᠮᠣ ᠠᠵᠤ ᠠᠬᠤᠢ ᠶᠢᠨ ᠴᠣᠭᠴᠠ ᠪᠣᠯᠵᠤ᠂ ᠬᠥᠮᠥᠨ ᠲᠥᠷᠥᠯᠬᠢᠲᠡᠨ ᠤ | ᠬᠥᠭᠵᠢᠯᠲᠡ ᠶᠢᠨ ᠲᠡᠦᠬᠡᠨ ᠳᠡᠭᠡᠷᠡᠬᠢ ᠠᠭᠤᠤ ᠶᠡᠭᠡ ᠠᠮᠵᠢᠯᠲᠠ ᠶᠢ ᠡᠭᠦᠳᠴᠡᠢ᠃ | | ᠡᠨᠡ ᠬᠦ ᠲᠡᠦᠬᠡ ᠶᠢᠨ ᠠᠬᠢᠴᠠ ᠳᠤᠮᠳᠠ᠂ ᠰᠢᠨ᠎ᠡ ᠴᠠᠭ ᠦᠶ᠎ᠡ ᠠᠴᠠ ᠨᠠᠭᠠᠰᠢᠬᠢ ᠡᠳᠡᠭᠡᠷ ᠵᠢᠯ ᠤᠳ | ᠲᠦᠢᠯ ᠤᠨ ᠶᠡᠷᠦ ᠪᠤᠰᠤ ᠶᠢᠨ᠂ ᠲᠦᠢᠯ ᠤᠨ ᠵᠢᠷ ᠤᠨ ᠪᠤᠰᠤ ᠶᠤᠮ᠂ ᠲᠤᠯᠭᠠᠷᠠᠭᠰᠠᠨ ᠬᠦᠨᠳᠦ ᠶᠡᠭᠡ ᠠᠶᠤᠯ | ᠲᠦᠭᠰᠢᠭᠦᠷᠢ ᠥᠷᠢᠰᠦᠯᠳᠦᠭᠡᠨ ᠳᠡᠯᠡᠬᠡᠢ ᠳ᠋ᠠᠬᠢᠨ ᠳᠤ ᠬᠤᠪᠣᠷᠬᠠᠨ᠂ ᠲᠡᠦᠬᠡᠨ ᠳᠤ ᠬᠤᠪᠣᠷᠬᠠᠨ ᠪᠠᠶᠢᠵᠤ᠂ ᠰᠢ ᠶᠢᠨ | ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠦᠭ ᠲᠦᠮᠡᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ︽ᠬᠤᠶᠠᠷ ᠶᠡᠭᠡ ᠭᠠᠶᠢᠬᠠᠮᠰᠢᠭ︾ ᠤᠨ ᠰᠢᠨ᠎ᠡ ᠬᠠᠭᠤᠳᠠᠰᠤ ᠶᠢ ᠪᠢᠴᠢᠭᠯᠡᠪᠡ᠃ | | ᠴᠦᠩᠴᠢᠩ ᠤᠨ ᠰᠠᠢ ᠯᠢ ᠰᠧ ᠮᠠᠰᠢᠨ ᠲᠡᠷᠭᠡᠨ ᠤ ᠭᠡᠳᠦ ᠶᠡᠭᠡ ᠦᠢᠯᠡᠳᠪᠦᠷᠢ᠂ ᠨᠢᠭᠡ ᠮᠢᠨᠦ᠋ᠲ ᠲᠤ | ᠬᠤᠶᠠᠷ ᠰᠢᠨ᠎ᠡ ᠡᠨᠧᠷᠭᠢ ᠶᠢᠨ ᠮᠠᠰᠢᠨ ᠲᠡᠷᠭᠡ ᠦᠢᠯᠡᠳᠪᠦᠷᠢᠯᠡᠨ᠎ᠡ᠃ ᠡᠨᠡ ᠬᠦ ᠪᠦᠭᠦ ᠪᠥᠮᠪᠥᠷᠴᠡᠭ ᠤᠨ ᠬᠡᠪ | ᠳᠠᠭᠤᠷᠢᠶᠠᠯ ᠪᠣᠯᠤᠭᠰᠠᠨ ᠲᠣᠭᠠᠴᠢᠯᠠᠭᠰᠠᠨ ᠦᠢᠯᠡᠳᠪᠦᠷᠢ ᠳᠤ 3000 ᠭᠠᠷᠤᠢ ᠮᠠᠰᠢᠨ ᠬᠥᠮᠥᠨ ᠣᠶᠤᠨᠴᠢ ᠪᠠᠷ | ᠬᠠᠮᠵᠢᠯᠴᠠᠨ ᠠᠵᠢᠯᠯᠠᠵᠤ᠂ ᠵᠠᠩᠭᠢᠯᠠᠭ᠎ᠠ ᠶᠢᠨ ᠠᠵᠢᠯ ᠤᠨ ᠳᠠᠷᠠᠭᠠᠯᠠᠯ ᠢ 100% ᠪᠠᠷ ᠠᠦ᠋ᠲ᠋ᠣᠴᠢᠯᠠᠪᠠ︔ ᠶᠠᠰᠤ | ᠴᠢᠨᠠᠷ ᠢ ᠠᠦ᠋ᠲ᠋ᠣᠴᠢᠯᠠᠨ ᠬᠡᠮᠵᠢᠨ ᠲᠤᠷᠰᠢᠬᠤ ᠮᠡᠷᠭᠡᠵᠢᠯ ᠢ ᠬᠡᠷᠡᠭᠯᠡᠨ᠂ ᠶᠠᠰᠤ ᠴᠢᠨᠠᠷ ᠢ 100 % ᠪᠠᠷ ᠬᠢᠨᠠᠨ | ᠰᠢᠨᠵᠢᠵᠦ ᠮᠥᠷᠳᠡᠬᠦ ᠶᠢ ᠪᠡᠶᠡᠯᠡᠭᠦᠯᠪᠡ᠃ | | ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠥᠷᠨᠢᠨ ᠬᠥᠭᠵᠢᠵᠦ᠂ ᠪᠦᠭᠦ ᠪᠥᠮᠪᠥᠷᠴᠡᠭ ᠤᠨ | ᠮᠠᠰᠢᠨ ᠲᠡᠷᠭᠡᠨ ᠤ ᠠᠵᠤ ᠦᠢᠯᠡᠰ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ | ᠳᠠᠭᠠᠭᠤᠯᠵᠤ᠂ ᠮᠠᠨ ᠤ ᠤᠯᠤᠰ ᠤᠨ ᠮᠠᠰᠢᠨ ᠲᠡᠷᠭᠡᠨ ᠤ ᠶᠡᠭᠡ ᠤᠯᠤᠰ ᠪᠠᠶᠢᠭᠰᠠᠨ ᠠᠴᠠ ᠮᠠᠰᠢᠨ ᠲᠡᠷᠭᠡᠨ ᠤ | ᠬᠦᠴᠦᠷᠬᠡᠭ ᠤᠯᠤᠰ ᠪᠤᠯᠬᠤ ᠢᠳᠡᠷᠡᠭᠦᠨ ᠠᠯᠬᠤᠭ᠎ᠠ ᠶᠢ ᠭᠡᠷᠡᠴᠢᠯᠡᠪᠡ᠃ 2023 ᠣᠨ ᠳᠤ ᠮᠠᠨ ᠤ ᠤᠯᠤᠰ ᠪᠦᠭᠦ | ᠪᠥᠮᠪᠥᠷᠴᠡᠭ ᠤᠨ ᠮᠠᠰᠢᠨ ᠲᠡᠷᠭᠡ ᠭᠠᠳᠠᠭᠠᠳᠤ ᠳᠤ ᠭᠠᠷᠭᠠᠬᠤ ᠬᠠᠮᠤᠭ ᠤᠨ ᠶᠡᠭᠡ ᠤᠯᠤᠰ ᠪᠣᠯᠵᠤ᠂ ᠰᠢᠨ᠎ᠡ | ᠡᠨᠧᠷᠭᠢ ᠶᠢᠨ ᠮᠠᠰᠢᠨ ᠲᠡᠷᠭᠡ ᠦᠢᠯᠡᠳᠪᠦᠷᠢᠯᠡᠵᠦ ᠪᠣᠷᠣᠯᠠᠭᠤᠯᠬᠤ ᠬᠡᠮᠵᠢᠶ᠎ᠡ ᠶᠢᠨ ᠪᠦᠭᠦ ᠳᠡᠯᠡᠬᠡᠢ ᠳᠠᠬᠢ ᠡᠵᠡᠯᠡᠬᠦ | ᠬᠤᠪᠢ ᠶᠢᠨ ᠵᠢᠩ 60% ᠶᠢ ᠳᠠᠪᠠᠵᠤ᠂ 9 ᠵᠢᠯ ᠳᠠᠷᠠᠭᠠᠯᠠᠨ ᠳᠡᠯᠡᠬᠡᠢ ᠶᠢᠨ ᠨᠢᠭᠡᠳᠦᠭᠡᠷ ᠲᠤ ᠣᠷᠣᠪᠠ᠃ | | ᠴᠠᠭ ᠬᠤᠭᠤᠴᠠᠭ᠎ᠠ ᠪᠣᠯ ᠪᠠᠶᠢᠩᠭᠤ ᠶᠢᠨ ᠬᠡᠮᠵᠢᠭᠦᠷᠯᠢᠭ ᠪᠤᠯᠬᠤ ᠪᠥᠭᠡᠳ ᠪᠠᠰᠠ ᠴᠦ ᠡᠷᠡᠮᠡᠬᠡᠶᠢᠯᠡᠨ | ᠤᠷᠤᠭᠰᠢᠯᠠᠭᠴᠢᠳ ᠤᠨ ᠠᠮᠵᠢᠯᠲᠠ ᠶᠢᠨ ᠬᠡᠮᠵᠢᠭᠦᠷᠯᠢᠭ ᠮᠥᠨ᠃ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠤᠨ | ᠳᠠᠷᠠᠭ᠎ᠠ᠂ ᠶᠡᠷᠦᠩᠬᠡᠢ ᠱᠦᠵᠢ ᠰᠢ ᠶᠢᠨ ᠫᠢᠩ ᠠᠩᠬ᠎ᠠ ᠤᠳᠠᠭ᠎ᠠ ᠪᠡᠭᠡᠵᠢᠩ ᠠᠴᠠ ᠭᠠᠷᠴᠤ ᠭᠤᠸᠠᠩᠳᠦ᠋ᠩ ᠤᠨ | ᠱᠧᠨᠵᠧᠨ ᠳᠤ ᠰᠢᠨᠵᠢᠯᠡᠨ ᠪᠠᠶᠢᠴᠠᠭᠠᠭᠰᠠᠨ ᠨᠢ ᠳᠠᠷᠤᠢ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠥᠭᠡᠷᠡᠴᠢᠯᠡᠯᠲᠡ | ᠵᠣᠭᠰᠣᠰᠢ ᠦᠭᠡᠢ᠂ ᠨᠡᠭᠡᠭᠡᠯᠲᠡ ᠵᠣᠭᠰᠣᠰᠢ ᠦᠭᠡᠢ ᠭᠡᠳᠡᠭ ᠢ ᠲᠤᠩᠬᠠᠭᠯᠠᠬᠤ ᠭᠡᠰᠡᠨ ᠶᠤᠮ᠃ ᠥᠨᠥᠳᠥᠷ ᠤᠨ | ᠳᠤᠮᠳᠠᠳᠤ ᠤᠯᠤᠰ ᠢ ᠠᠵᠢᠬᠤᠶ᠎ᠠ᠂ ᠡᠳᠦᠷ ᠳᠤᠮᠳᠠᠴᠢ ᠶᠢᠨ ᠰᠢᠨ᠎ᠡ ᠪᠠᠷ ᠪᠤᠢ ᠪᠤᠯᠬᠤ ᠠᠵᠤ ᠠᠬᠤᠶᠢᠯᠠᠯ 2.7 | ᠲᠦᠮᠡ ᠶᠢ ᠳᠠᠪᠠᠵᠤ᠂ 2500 ᠭᠠᠷᠤᠢ ᠡᠭᠦᠳᠦᠯᠲᠡ ᠶᠢᠨ ᠲᠤᠰᠬᠠᠢ ᠠᠰᠢᠭ ᠤᠨ ᠡᠷᠬᠡ ᠣᠯᠭᠤᠵᠤ᠂ ᠪᠡᠭᠡᠵᠢᠩ | ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ | ᠣᠷᠣᠨ ᠤ ᠪᠦᠲᠦᠭᠡᠨ ᠪᠠᠶᠢᠭᠤᠯᠤᠯᠲᠠ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ | ᠬᠥᠭᠵᠢᠯᠲᠡ ᠵᠡᠷᠭᠡ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠴᠢᠨᠠᠷ ᠰᠠᠶᠢᠲᠠᠢ ᠠᠬᠢᠭᠤᠯᠵᠤ᠂ | 22 ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠵᠡᠭᠦᠨ ᠪᠠᠷᠠᠭᠤᠨ ᠡᠮᠦᠨ᠎ᠡ ᠤᠮᠠᠷ᠎ᠠ ᠳᠤᠮᠳᠠ ᠣᠷᠣᠨ ᠢ | ᠬᠠᠮᠤᠷᠴᠤ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠥᠷᠨᠢᠭᠦᠨ ᠠᠬᠢᠵᠤ ᠪᠤᠢ | ᠁ | | ᠲᠡᠦᠬᠡ ᠶᠢ ᠡᠷᠡᠯᠬᠡᠭ ᠵᠣᠷᠢᠭᠲᠠᠨ ᠡᠭᠦᠳᠦᠨ ᠪᠦᠲᠦᠭᠡᠭᠰᠡᠨ ᠶᠤᠮ᠃ ︽ᠴᠠᠭ ᠦᠶ᠎ᠡ ᠠᠴᠠ ᠬᠤᠴᠣᠷᠴᠤ | ᠪᠠᠶᠢᠭᠰᠠᠨ︾ ᠠᠴᠠ ︽ᠴᠠᠭ ᠦᠶ᠎ᠡ ᠶᠢ ᠳᠠᠭᠠᠵᠤ ᠠᠮᠵᠢᠭᠰᠠᠨ︾ ᠭᠦᠷᠲᠡᠯ᠎ᠡ᠂ ᠳᠠᠭᠢᠭᠠᠳ ︽ᠴᠠᠭ ᠦᠶ᠎ᠡ ᠶᠢ | ᠬᠥᠲᠥᠯᠥᠨ ᠳᠠᠭᠠᠭᠤᠯᠤᠭᠰᠠᠨ︾ ᠭᠦᠷᠲᠡᠯ᠎ᠡ᠂ ᠥᠭᠡᠷᠡᠴᠢᠯᠡᠯᠲᠡ ᠨᠡᠭᠡᠭᠡᠯᠲᠡ ᠨᠢ ᠳᠤᠮᠳᠠᠳᠤ ᠤᠯᠤᠰ ᠤᠨ ᠳᠦᠷᠰᠦ | ᠪᠠᠶᠢᠳᠠᠯ ᠢ ᠭᠦᠨᠵᠡᠭᠡᠢ ᠬᠤᠪᠢᠷᠠᠭᠤᠯᠵᠤ᠂ ᠣᠳᠣ ᠦᠶ᠎ᠡ ᠶᠢᠨ ᠳᠤᠮᠳᠠᠳᠤ ᠤᠯᠤᠰ ᠤᠨ ᠬᠠᠮᠤᠭ ᠤᠨ ᠢᠯᠡ ᠲᠣᠳᠣ | ᠣᠨᠴᠠᠯᠢᠭ ᠰᠢᠨᠵᠢ᠂ ᠬᠠᠮᠤᠭ ᠤᠨ ᠰᠦᠷᠯᠢᠭ ᠰᠠᠶᠢᠬᠠᠨ ᠳᠦᠷᠰᠦ ᠪᠠᠶᠢᠳᠠᠯ ᠪᠣᠯᠤᠭᠰᠠᠨ ᠪᠠᠶᠢᠨ᠎ᠠ᠃ | | ᠤᠯᠤᠰ ᠲᠠᠭᠠᠨ ᠦᠢᠯᠡᠳᠪᠦᠷᠢᠯᠡᠭᠰᠡᠨ ᠲᠣᠮᠣ ᠨᠢᠰᠬᠡᠯ ᠬᠤᠳᠠᠯᠳᠤᠭᠠᠨ ᠤ ᠨᠢᠰᠦᠯᠲᠡ ᠶᠢ ᠪᠡᠶᠡᠯᠡᠭᠦᠯᠵᠦ᠂ | ᠲᠦᠷᠭᠡᠨ ᠬᠤᠷᠳᠤᠴᠠᠲᠤ ᠬᠥᠳᠡᠯᠭᠡᠬᠦ ᠬᠦᠴᠦᠨᠲᠦ ᠭᠠᠯᠲᠤ ᠲᠡᠷᠭᠡ ᠶᠢ ᠠᠩᠬ᠎ᠠ ᠤᠳᠠᠭ᠎ᠠ ᠡᠸᠦ᠋ᠷᠦᠫᠡ ᠲᠢᠪ ᠲᠤ | ᠭᠠᠷᠭᠠᠵᠤ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠪᠠᠷ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ | ᠰᠢᠨ᠎ᠡ ᠡᠮ ᠢᠶᠠᠷ ︽ᠡᠷᠡᠭᠦᠯ ᠡᠩᠬᠡ ᠳᠤᠮᠳᠠᠳᠤ ᠤᠯᠤᠰ︾ ᠢ ᠬᠠᠮᠠᠭᠠᠯᠠᠵᠤ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠮᠡᠷᠭᠡᠵᠢᠯ ᠢᠶᠠᠷ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ︾ ᠢ ᠲᠤᠯᠭᠠᠭᠤᠷᠢᠯᠠᠪᠠ ᠁ | ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠠᠴᠠ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ | ᠭᠦᠷᠲᠡᠯ᠎ᠡ᠂ ᠥᠭᠡᠷᠡᠴᠢᠯᠡᠯᠲᠡ ᠪᠠᠷ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠮᠠᠨ ᠤ ᠤᠯᠤᠰ ᠤᠨ ᠠᠵᠤ ᠠᠬᠤᠢ ᠨᠡᠩ | ᠴᠢᠨᠠᠷ ᠰᠠᠶᠢᠲᠠᠢ᠂ ᠨᠡᠩ ᠦᠷ᠎ᠡ ᠪᠦᠲᠦᠮᠵᠢᠲᠡᠢ᠂ ᠨᠡᠩ ᠡᠷᠬᠡ ᠲᠡᠭᠰᠢ᠂ ᠨᠡᠩ ᠦᠷᠭᠦᠯᠵᠢᠯᠡᠬᠦ᠂ ᠨᠡᠩ ᠠᠮᠤᠷ | ᠲᠦᠪᠰᠢᠨ ᠬᠥᠭᠵᠢᠯᠲᠡ ᠶᠢᠨ ᠵᠠᠮ ᠢᠶᠠᠷ ᠵᠠᠮᠨᠠᠪᠠ᠃ | | ᠥᠨᠥᠳᠥᠷ ᠤᠨ ᠳᠤᠮᠳᠠᠳᠤ ᠤᠯᠤᠰ ᠤᠨ ᠤᠯᠤᠰ ᠤᠨ ᠶᠡᠷᠦᠩᠬᠡᠶᠢᠯᠡᠭᠰᠡᠨ ᠬᠦᠴᠦᠨ ᠦᠷᠭᠦᠯᠵᠢᠯᠡᠨ | ᠳᠡᠭᠡᠭᠰᠢᠯᠡᠭᠰᠡᠭᠡᠷ᠃ 2023 ᠣᠨ ᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ | 126 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠳᠡᠯᠡᠬᠡᠢ ᠶᠢᠨ ᠨᠢᠭᠡᠳᠦᠭᠡᠷ ᠲᠣᠮᠣ ᠠᠮᠤ ᠪᠤᠳᠠᠭᠠᠨ ᠤ | ᠦᠢᠯᠡᠳᠪᠦᠷᠢᠯᠡᠯ ᠤᠨ ᠤᠯᠤᠰ᠂ ᠨᠢᠭᠡᠳᠦᠭᠡᠷ ᠲᠣᠮᠣ ᠠᠵᠤ ᠦᠢᠯᠡᠳᠪᠦᠷᠢ ᠶᠢᠨ ᠤᠯᠤᠰ᠂ ᠨᠢᠭᠡᠳᠦᠭᠡᠷ ᠲᠣᠮᠣ | ᠪᠠᠷᠠᠭᠠᠨ ᠤ ᠠᠷᠠᠯᠵᠢᠶᠠᠨ ᠤ ᠤᠯᠤᠰ ᠪᠣᠯᠵᠤ᠂ 140 ᠭᠠᠷᠤᠢ ᠤᠯᠤᠰ ᠪᠠ ᠭᠠᠵᠠᠷ ᠣᠷᠣᠨ ᠤ ᠭᠤᠣᠯ ᠪᠤᠯᠬᠤ | ᠠᠷᠠᠯᠵᠢᠶᠠᠨ ᠤ ᠬᠠᠨᠢᠲᠠᠨ ᠪᠣᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢᠶᠠᠷ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠪᠤᠢ᠃ | | ︽ᠪᠦᠭᠦ ᠤᠯᠤᠰ ᠢᠶᠠᠷ ᠢᠶᠠᠨ ᠨᠢᠭᠡ ᠬᠥᠯᠭᠡ ᠰᠢᠲᠠᠷ᠎ᠠ ᠪᠤᠯᠬᠤ︾ ᠶᠢ ᠪᠠᠷᠢᠮᠲᠠᠯᠠᠵᠤ᠂ ᠵᠡᠭᠦᠨ ᠪᠠᠷᠠᠭᠤᠨ | ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭ᠎ᠠ ᠪᠣᠯᠣᠨ ᠴᠡᠭ ᠲᠣᠭᠲᠠᠭᠠᠨ ᠬᠠᠪᠰᠤᠷᠤᠨ ᠲᠡᠳᠬᠦᠵᠦ᠂ ᠲᠠᠪᠤᠨ | ᠱᠠᠲᠤᠨ ᠤ ᠱᠦᠵᠢ ᠶᠠᠳᠠᠭᠤ ᠶᠢ ᠲᠡᠳᠬᠦᠬᠦ ᠶᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠠᠴᠠ ᠠᠪᠤᠭᠠᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠭᠰᠠᠨ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠤᠭᠰᠠᠨ ᠭᠦᠷᠲᠡᠯ᠎ᠡ᠂ ᠮᠠᠨ ᠤ ᠤᠯᠤᠰ ᠤᠨ | ᠨᠡᠶᠢᠭᠡᠮ ᠵᠢᠷᠤᠮ ᠤᠨ ᠪᠠᠶᠢᠭᠤᠯᠤᠯ ᠤᠨ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠬᠦ᠂ ᠬᠦᠴᠢᠷ | ᠶᠠᠪᠤᠳᠠᠯ ᠢ ᠰᠢᠢᠳᠪᠦᠷᠢᠯᠡᠬᠦ᠂ ᠪᠠᠴᠢᠮ ᠶᠠᠪᠤᠳᠠᠯ ᠢ ᠠᠷᠭᠠᠴᠠᠭᠠᠬᠤ ᠥᠪᠡᠷᠮᠢᠴᠡ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠣᠯᠣᠨ ᠤᠯᠤᠰ ᠤᠨ ᠵᠠᠰᠠᠯᠲᠠ ᠶᠢᠨ ᠰᠢᠰᠲ᠋ᠧᠮ ᠤᠨ | ᠳᠠᠪᠠᠭᠤᠯᠢᠭ ᠢ ᠬᠦᠴᠦᠲᠡᠢ ᠢᠯᠡᠷᠡᠭᠦᠯᠪᠡ᠃ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠲᠠ ᠠᠴᠠ ︽ᠲᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ | ᠭᠦᠷᠲᠡᠯ᠎ᠡ᠂ ᠥᠭᠡᠷᠡᠴᠢᠯᠡᠯᠲᠡ ᠪᠠᠷ ᠳᠠᠮᠵᠢᠨ ᠳᠠᠪᠠᠭᠤᠯᠢᠭ ᠢᠶᠠᠨ ᠪᠠᠳᠠᠷᠠᠭᠤᠯᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠨᠡᠩ ᠪᠣᠯᠪᠠᠰᠤᠷᠠᠩᠭᠤᠢ ᠪᠣᠯᠵᠤ᠂ ᠨᠡᠩ ᠲᠣᠭᠲᠠᠪᠤᠷᠢᠵᠢᠪᠠ᠃ | | ᠥᠨᠥᠳᠥᠷ ᠤᠨ ᠳᠤᠮᠳᠠᠳᠤ ᠤᠯᠤᠰ ᠤᠨ ᠳᠣᠲᠣᠭᠠᠳᠤ ᠬᠥᠳᠡᠯᠭᠡᠬᠦ ᠬᠦᠴᠦᠨ ᠨᠡᠩ ᠴᠢᠩᠭᠠᠷᠠᠪᠠ᠃ ︽ | ᠳᠤᠮᠳᠠᠳᠤ ᠤᠯᠤᠰ ᠤᠨ ᠪᠠᠶᠢᠭᠤᠯᠤᠯ︾ ᠢᠶᠠᠷ ︽ᠳᠤᠮᠳᠠᠳᠤ ᠤᠯᠤᠰ ᠤᠨ ᠵᠠᠰᠠᠯᠲᠠ︾ ᠶᠢ ᠠᠬᠢᠭᠤᠯᠵᠤ᠂ | ᠬᠠᠤᠯᠢᠵᠢᠯ ᠤᠨ ᠵᠠᠮ ᠳᠡᠭᠡᠷ᠎ᠡ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠵᠤ᠂ ᠰᠠᠶᠢᠨ ᠬᠠᠤᠯᠢ ᠪᠠᠷ ᠰᠠᠶᠢᠲᠤᠷ ᠵᠠᠰᠠᠬᠤ ᠶᠢ ᠪᠠᠲᠤᠯᠠᠵᠤ᠂ ᠪᠠᠶᠢᠭᠤᠯᠤᠯ ᠤᠨ | ᠳᠠᠪᠠᠭᠤᠯᠢᠭ ᠨᠢ ᠶᠠᠭ ᠲᠠᠰᠤᠷᠠᠯᠳᠠ ᠦᠭᠡᠢ ᠵᠠᠰᠠᠯᠲᠠ ᠶᠢᠨ ᠦᠷ᠎ᠡ ᠪᠦᠲᠦᠮᠵᠢ ᠪᠣᠯᠣᠨ ᠬᠤᠪᠢᠷᠠᠵᠤ ᠪᠠᠶᠢᠨ᠎ᠠ᠃ | | 6 ᠰᠠᠷ᠎ᠠ ᠶᠢᠨ 25 ᠤ ᠡᠳᠦᠷ᠂ ᠴᠠᠩ ᠧ ᠵᠢᠷᠭᠤᠳᠤᠭᠠᠷ ᠪᠤᠴᠠᠯᠲᠠ ᠶᠢᠨ ᠮᠠᠰᠢᠨ ᠠᠮᠤᠷ ᠲᠦᠪᠰᠢᠨ ᠢᠶᠠᠷ | ᠭᠠᠵᠠᠷᠳᠠᠵᠤ᠂ ᠳᠡᠯᠡᠬᠡᠢ ᠳᠡᠭᠡᠷ᠎ᠡ ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠦᠯᠢᠭᠡᠷ ᠠᠪᠴᠤ | ᠪᠤᠴᠠᠬᠤ ᠶᠢ ᠪᠡᠶᠡᠯᠡᠭᠦᠯᠪᠡ᠃ ᠶᠡᠷᠦᠩᠬᠡᠢ ᠱᠦᠵᠢ ᠰᠢ ᠶᠢᠨ ᠫᠢᠩ᠄ ︽ᠮᠠᠨ ᠤ ᠤᠯᠤᠰ ᠤᠨ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠡᠩᠨᠡᠭᠡ ᠳᠤ ᠯᠤᠲᠤ ᠶᠡᠭᠡ ᠰᠢᠨ᠎ᠡ ᠶᠢ ᠡᠭᠦᠳᠬᠦ ᠳᠠᠯᠳᠠ ᠬᠦᠴᠦᠨ ᠬᠠᠳᠠᠭᠠᠯᠠᠭᠳᠠᠵᠤ ᠪᠤᠢ᠂ | ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠳᠠᠮᠵᠢᠨ ᠡᠨᠡ ᠬᠦ ᠳᠠᠯᠳᠠ ᠬᠦᠴᠦᠨ ᠢ ᠪᠦᠲᠦᠮᠵᠢᠲᠡᠢ ᠪᠠᠳᠠᠷᠠᠭᠤᠯᠬᠤ ᠳᠤ ᠪᠤᠢ︾ ᠭᠡᠵᠦ | ᠵᠢᠭᠠᠵᠤ ᠭᠠᠷᠭᠠᠵᠠᠢ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠨᠢ | ᠰᠢᠨᠵᠢᠯᠡᠬᠦ ᠤᠬᠠᠭᠠᠨ ᠤ ᠠᠵᠢᠯᠲᠠᠳ ᠤᠨ ᠢᠳᠡᠪᠬᠢᠵᠢᠯ᠂ ᠪᠦᠲᠦᠭᠡᠯᠴᠢ ᠴᠢᠨᠠᠷ ᠢ ᠪᠠᠳᠠᠷᠠᠭᠤᠯᠵᠤ᠂ ᠡᠯᠧᠮᠧᠨ᠋ᠲ ᠢ ᠵᠠᠬ᠎ᠠ | ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠪᠠᠷ ᠬᠥᠷᠥᠩᠭᠡ᠂ ᠮᠡᠷᠭᠡᠵᠢᠯ᠂ ᠲᠤᠭ᠎ᠠ ᠪᠠᠷᠢᠮᠲᠠ ᠵᠡᠷᠭᠡ ᠶᠢ | ᠥᠨᠳᠥᠷ ᠪᠦᠲᠦᠮᠵᠢᠲᠡᠢ ᠲᠣᠬᠢᠷᠠᠭᠤᠯᠬᠤ ᠶᠢ ᠪᠡᠶᠡᠯᠡᠭᠦᠯᠪᠡ ᠁ ᠪᠠᠶᠢᠭᠤᠯᠤᠮᠵᠢ ᠲᠣᠭᠲᠠᠴᠠ ᠶᠢᠨ ᠬᠦᠯᠢᠶᠡᠰᠦᠯᠡᠯ ᠢ | ᠠᠷᠢᠯᠭᠠᠬᠤ ᠠᠴᠠ ᠦᠢᠯᠡᠰ ᠪᠣᠰᠬᠠᠬᠤ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠤᠷᠮ᠎ᠠ ᠶᠢ ᠬᠥᠭᠵᠢᠭᠡᠭᠰᠡᠨ | ᠭᠦᠷᠲᠡᠯ᠎ᠡ᠂ ᠥᠭᠡᠷᠡᠴᠢᠯᠡᠯᠲᠡ ᠪᠠᠷ ᠠᠮᠢᠵᠢᠷᠠᠯ ᠤᠨ ᠬᠦᠴᠦᠨ ᠨᠡᠮᠡᠷᠢᠯᠡᠵᠦ᠂ ᠮᠠᠨ ᠤ ᠤᠯᠤᠰ ᠰᠢᠨ᠎ᠡ ᠶᠢ ᠡᠭᠦᠳᠬᠦ | ᠮᠠᠶ᠋ᠢᠭ ᠤᠨ ᠤᠯᠤᠰ ᠤᠨ ᠡᠩᠨᠡᠭᠡᠨ ᠳᠤ ᠣᠷᠣᠪᠠ᠃ | | ᠥᠨᠥᠳᠥᠷ ᠤᠨ ᠳᠤᠮᠳᠠᠳᠤ ᠤᠯᠤᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠨᠡᠩ ᠲᠡᠭᠦᠯᠳᠡᠷ ᠪᠣᠯᠵᠤ | ᠪᠤᠢ᠃ ᠰᠤᠷᠭᠠᠨ ᠬᠥᠮᠦᠵᠢᠯ ᠢᠶᠠᠷ ᠤᠯᠤᠰ ᠢᠶᠠᠨ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠢᠶᠠᠷ | ᠤᠯᠤᠰ ᠢᠶᠠᠨ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠪᠦᠭᠦ ᠨᠡᠶᠢᠭᠡᠮ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ | ᠬᠦᠴᠦᠨ ᠢ ᠪᠠᠳᠠᠷᠠᠭᠤᠯᠵᠤ᠂ ᠰᠡᠴᠡᠨ ᠰᠡᠷᠭᠦᠯᠡᠩ ᠠᠪᠢᠶᠠᠰ ᠪᠢᠯᠢᠭ ᠢ ᠭᠦᠢᠴᠡᠳ ᠬᠥᠭᠵᠢᠭᠡᠪᠡ᠃ | | ᠭᠡᠭᠡᠨ ᠰᠠᠷᠠᠭᠤᠯ ᠠᠤᠭ᠎ᠠ ᠶᠡᠭᠡ ᠢᠷᠡᠭᠡᠳᠦᠢ ᠲᠡᠶᠢᠰᠢ ᠤᠷᠤᠭᠰᠢᠯᠠᠬᠤ ᠳᠤ᠂ ᠮᠠᠨ ᠤ ᠤᠯᠤᠰ ᠤᠨ | ᠬᠥᠭᠵᠢᠯᠲᠡ ᠨᠡᠩ ᠪᠠᠲᠤ ᠪᠠᠬᠢ ᠪᠣᠳᠠᠰ ᠤᠨ ᠰᠠᠭᠤᠷᠢ᠂ ᠨᠡᠩ ᠪᠦᠷᠢᠨ ᠲᠡᠭᠦᠯᠳᠡᠷ ᠪᠠᠶᠢᠭᠤᠯᠤᠯ ᠤᠨ ᠪᠠᠲᠤᠯᠠᠭ᠎ᠠ ᠲᠠᠢ | ᠪᠣᠯᠵᠤ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ᠂ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ | ᠠᠭᠤᠤ ᠶᠡᠭᠡ ᠦᠰᠦᠷᠦᠯᠲᠡ ᠶᠢ ᠤᠭᠲᠤᠨ ᠠᠪᠴᠢᠷᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠤᠴᠠᠰᠢ ᠦᠭᠡᠢ ᠲᠡᠦᠬᠡᠨ ᠠᠬᠢᠴᠠ ᠳᠤ ᠣᠷᠣᠵᠠᠢ᠃ | | ︽ᠮᠠᠨ ᠤ ᠠᠬᠢᠭᠤᠯᠵᠤ ᠪᠠᠶᠢᠭ᠎ᠠ ᠥᠭᠡᠷᠡᠴᠢᠯᠡᠯᠲᠡ ᠪᠣᠯ ᠪᠦᠭᠦ ᠲᠠᠯ᠎ᠠ ᠶᠢᠨ᠂ ᠭᠦᠨ ᠳᠠᠪᠬᠤᠷᠭ᠎ᠠ ᠶᠢᠨ᠂ | ᠦᠨᠳᠦᠰᠦᠨ ᠴᠢᠨᠠᠷᠲᠠᠢ ᠶᠤᠮ᠂ ᠣᠯᠣᠭᠰᠠᠨ ᠠᠮᠵᠢᠯᠲᠠ ᠪᠣᠯ ᠲᠡᠦᠬᠡᠲᠦ ᠴᠢᠨᠠᠷᠲᠠᠢ᠂ ᠬᠤᠪᠢᠰᠬᠠᠯᠴᠢ ᠴᠢᠨᠠᠷᠲᠠᠢ᠂ | ᠡᠭᠦᠳᠦᠯᠲᠡ ᠶᠢᠨ ᠴᠢᠨᠠᠷᠲᠠᠢ ᠶᠤᠮ︾ ᠂ ᠰᠢᠨ᠎ᠡ ᠴᠠᠭ ᠦᠶ᠎ᠡ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠯᠤᠲᠤ ᠶᠡᠭᠡ ᠤᠯᠤᠰ ᠲᠦᠷᠦ ᠶᠢᠨ ᠰᠥᠰᠥ ᠵᠣᠷᠢᠭ ᠪᠣᠯᠣᠨ ᠤᠶᠤᠨ | ᠤᠬᠠᠭᠠᠨ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠳᠤ ᠶᠠᠭᠤᠨ ᠳᠤ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠭᠡᠷᠡᠴᠢᠯᠡᠯᠲᠡ ᠶᠢ ᠬᠡᠷᠬᠢᠨ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠵᠡᠷᠭᠡ ᠠᠯᠢ ᠤᠯᠠᠨ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ | ᠥᠭᠴᠡᠢ᠃ ︽ᠬᠤᠶᠠᠷ ᠢ ᠲᠣᠭᠲᠠᠭᠠᠭᠰᠠᠨ︾ ᠪᠣᠯ ᠨᠠᠮ ᠪᠣᠯᠣᠨ ᠠᠷᠠᠳ ᠲᠦᠮᠡᠨ ᠤ ᠠᠯᠢᠪᠠ ᠲᠣᠬᠲᠠᠭᠠᠯᠳᠤ ᠪᠤᠰᠤ | ᠴᠢᠨᠠᠷ ᠢ ᠠᠷᠭᠠᠴᠠᠭᠠᠬᠤ ᠬᠠᠮᠤᠭ ᠤᠨ ᠶᠡᠭᠡ ᠲᠣᠬᠲᠠᠭᠠᠯᠲᠤ ᠴᠢᠨᠠᠷ᠂ ᠬᠠᠮᠤᠭ ᠤᠨ ᠶᠡᠭᠡ ᠢᠳᠡ ᠬᠦᠴᠦᠨ᠂ | ᠬᠠᠮᠤᠭ ᠤᠨ ᠶᠡᠭᠡ ᠪᠠᠲᠤᠯᠠᠭ᠎ᠠ ᠮᠥᠨ᠂ ᠪᠢᠳᠡᠨ ᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ | ᠠᠷᠭᠠᠴᠠᠭᠠᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠳᠤ ᠰᠢᠢᠳᠪᠦᠷᠢᠯᠡᠭᠴᠢ ᠠᠴᠢ ᠬᠤᠯᠪᠣᠭᠳᠠᠯ ᠲᠠᠢ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠪᠡ᠃ | | ᠲᠡᠦᠬᠡ ᠶᠢᠨ ᠶᠡᠭᠡ ᠬᠠᠨᠳᠤᠰᠢ ᠶᠢ ᠲᠠᠭᠠᠨ ᠤᠷᠤᠭᠰᠢᠯᠠᠵᠤ᠂ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ | ᠬᠤᠯᠠ ᠠᠶᠠᠯᠠᠨ᠎ᠠ᠃ | | ︵ᠭᠤᠷᠪᠠ︶ | | ᠬᠠᠮᠤᠭ ᠤᠨ ᠭᠦᠨᠵᠡᠭᠡᠢ ᠬᠤᠪᠢᠷᠠᠯᠲᠠ ᠨᠢ ᠬᠥᠮᠥᠨ ᠳᠤ ᠪᠤᠢ᠂ ᠬᠠᠮᠤᠭ ᠤᠨ ᠦᠨᠳᠦᠰᠦᠨ ᠠᠰᠢᠭ ᠲᠤᠰᠠ ᠶᠢ | ᠬᠥᠮᠥᠨ ᠳᠤ ᠣᠯᠭᠤᠨ᠎ᠠ᠂ ᠬᠠᠮᠤᠭ ᠤᠨ ᠬᠦᠴᠦᠷᠬᠡᠭ ᠶᠡᠭᠡ ᠬᠥᠳᠡᠯᠭᠡᠬᠦ ᠬᠦᠴᠦᠨ ᠬᠥᠮᠥᠨ ᠠᠴᠠ ᠢᠷᠡᠯᠲᠡ ᠲᠠᠢ ᠶᠤᠮ | ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠠᠷᠠᠳ ᠲᠦᠮᠡᠨ ᠤ ᠤᠷᠤᠭᠰᠢᠯᠠᠯᠲᠠ ᠶᠢᠨ ᠬᠥᠳᠡᠯᠭᠡᠬᠦ ᠬᠦᠴᠦᠨ | ᠨᠡᠩ ᠬᠦᠴᠦᠷᠬᠡᠭᠵᠢᠵᠦ᠂ ᠲᠡᠮᠡᠴᠡᠯ ᠤᠨ ᠵᠣᠷᠢᠭ ᠰᠠᠨᠠᠭ᠎ᠠ ᠨᠡᠩ ᠴᠤᠭ ᠪᠠᠳᠠᠷᠠᠩᠭᠤᠢ ᠪᠣᠯᠵᠤ᠂ ᠢᠯᠠᠯᠲᠠ ᠣᠯᠬᠤ | ᠢᠲᠡᠭᠡᠯ ᠵᠣᠷᠢᠭ ᠨᠡᠩ ᠪᠠᠲᠤᠵᠢᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠨᠡᠩ ᠰᠠᠨᠠᠭᠠᠴᠢᠯᠠᠭ᠎ᠠ ᠲᠠᠢ ᠤᠶᠤᠨ ᠰᠠᠨᠠᠭᠠᠨ ᠤ ᠬᠦᠴᠦᠨ ᠴᠢᠳᠠᠯ ᠢ ᠬᠠᠩᠭᠠᠪᠠ᠃ | | ᠰᠢᠨ᠎ᠡ ᠭᠡᠷ ᠲᠤ ᠣᠷᠣᠵᠤ ︽ᠠᠮᠤᠭᠤᠯᠠᠩ ᠰᠠᠭᠤᠷᠢᠰᠢᠬᠤ ᠬᠦᠰᠡᠯ︾ ᠢᠶᠠᠨ ᠪᠡᠶᠡᠯᠡᠭᠦᠯᠪᠡ︔ ᠪᠣᠬᠢᠷᠳᠤᠯ | ᠦᠭᠡᠢ ᠵᠠᠮ ᠢᠶᠠᠷ ᠰᠠᠶᠢᠲᠤᠷ ᠵᠠᠮᠨᠠᠵᠤ᠂ ︽ᠠᠮᠢ ᠠᠬᠤᠢ ᠶᠢᠨ ᠬᠤᠭᠤᠯᠠ︾ ᠨᠡᠩ ᠰᠠᠶᠢᠬᠠᠨ ᠠᠮᠲᠠ ᠰᠢᠮᠳᠠ ᠲᠠᠢ | ᠪᠤᠯᠪᠠ︔ ᠦᠨᠳᠦᠰᠦᠲᠡᠨ ᠤ ᠬᠡᠪ ᠨᠠᠮᠪᠠ ᠶᠢ ᠭᠠᠶᠢᠬᠠᠭᠤᠯᠤᠨ᠂ ︽ᠬᠥᠳᠡᠭᠡ ᠲᠣᠰᠬᠤᠨ ᠤ ᠰᠣᠶᠣᠯ ᠵᠢᠭᠤᠯᠴᠢᠯᠠᠯ︾ | ᠤᠨ ᠷᠢᠳᠢ ᠰᠢᠳᠢ ᠶᠢ ᠭᠠᠶᠢᠬᠠᠭᠤᠯᠪᠠ ᠁ ᠵᠧᠵᠢᠶᠠᠩ ᠤᠨ ᠵᠢᠩ ᠨᠢᠩ ᠤᠨ ᠱᠧ ᠰᠢᠶᠠᠩ ᠤᠨ ᠠᠷᠠᠳ ᠲᠦᠮᠡᠨ | ᠶᠡᠭᠡ ᠬᠤᠪᠢᠷᠠᠯᠲᠠ ᠶᠢ ᠰᠢᠨ᠎ᠡ ᠴᠠᠭ ᠦᠶ᠎ᠡ ᠳᠤ ᠪᠢᠴᠢᠭᠯᠡᠵᠦ᠂ ︽ᠰᠠᠶᠢᠨ ᠰᠠᠶᠢᠬᠠᠨ ᠦᠵᠡᠮᠵᠢ︾ ᠲᠡᠶᠢᠰᠢ | ᠲᠡᠮᠡᠦᠯᠪᠡ᠃ | | ᠵᠢᠩ ᠨᠢᠩ ᠤᠨ ᠱᠧ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠪᠠᠶᠢᠭᠤᠯᠤᠭᠳᠠᠭᠰᠠᠨ 40 ᠵᠢᠯ ᠤᠨ | ᠤᠢ ᠶᠢᠨ ᠲᠠᠰᠢᠷᠠᠮ ᠢᠶᠠᠷ᠂ ᠶᠡᠷᠦᠩᠬᠡᠢ ᠱᠦᠵᠢ ᠰᠢ ᠶᠢᠨ ᠫᠢᠩ ᠲᠤᠰ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ | ᠤᠯᠠᠨ ᠲᠦᠮᠡᠨ ᠳᠤ ᠬᠠᠷᠢᠭᠤ ᠵᠠᠬᠢᠳᠠᠯ ᠢᠯᠡᠭᠡᠵᠦ᠂ ᠵᠢᠩ ᠨᠢᠩ ᠤᠨ ᠬᠥᠭᠵᠢᠯᠲᠡ ᠳᠤ ᠴᠢᠩ ᠰᠡᠳᠬᠢᠯ ᠤᠨ ᠬᠦᠰᠡᠯ | ᠨᠠᠶᠢᠳᠠᠯᠭ᠎ᠠ ᠳᠤᠷᠠᠳᠪᠠ᠃ ᠱᠧ ᠰᠢᠶᠠᠩ ᠤᠨ ᠤᠯᠠᠨ ᠲᠦᠮᠡᠨ ᠤ ᠠᠮᠢᠳᠤᠷᠠᠯ ᠤᠨ ᠬᠤᠪᠢᠷᠠᠯᠲᠠ᠂ ᠤᠶᠤᠨ | ᠰᠠᠨᠠᠭᠠᠨ ᠤ ᠬᠤᠪᠢᠷᠠᠯᠲᠠ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠠᠷᠠᠳ ᠲᠦᠮᠡᠨ ᠤ ᠨᠡᠩ | ᠡᠷᠡᠮᠡᠬᠡᠶᠢᠯᠡᠨ ᠤᠷᠤᠭᠰᠢᠯᠠᠭᠰᠠᠨ ᠤ ᠠᠮᠢᠳᠤᠯᠢᠭ ᠵᠢᠷᠤᠭᠯᠠᠯ ᠪᠣᠯᠣᠨ᠎ᠠ᠃ | | ᠠᠷᠠᠳ ᠲᠦᠮᠡᠨ ᠢᠶᠠᠷ ᠭᠤᠣᠯ ᠪᠤᠯᠭᠠᠵᠤ ᠥᠭᠡᠷᠡᠴᠢᠯᠡᠯᠲᠡ ᠶᠢ ᠠᠬᠢᠭᠤᠯᠵᠤ᠂ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠢ ᠴᠣᠭᠴᠠᠯᠠᠵᠤ᠂ ᠥᠭᠡᠷᠡᠴᠢᠯᠡᠯᠲᠡ ᠨᠡᠭᠡᠭᠡᠯᠲᠡ ᠨᠢ ᠳᠤᠮᠳᠠᠳᠤ ᠤᠯᠤᠰ ᠤᠨ ᠠᠷᠠᠳ ᠲᠦᠮᠡᠨ ᠤ | ᠳᠦᠷᠰᠦ ᠪᠠᠶᠢᠳᠠᠯ ᠢ ᠭᠦᠨᠵᠡᠭᠡᠢ ᠬᠤᠪᠢᠷᠠᠭᠤᠯᠪᠠ᠃ ᠴᠣᠭᠴᠠᠯᠠᠨ ᠪᠤᠢ ᠪᠤᠯᠭᠠᠬᠰᠠᠨ ᠠᠭᠤᠤ ᠶᠡᠭᠡ ᠥᠭᠡᠷᠡᠴᠢᠯᠡᠯᠲᠡ | ᠨᠡᠭᠡᠭᠡᠯᠲᠡ ᠶᠢᠨ ᠵᠣᠷᠢᠭ ᠰᠠᠨᠠᠭ᠎ᠠ ᠨᠢ ᠤᠳᠤ ᠦᠶ᠎ᠡ ᠶᠢᠨ ᠳᠤᠮᠳᠠᠳᠤ ᠤᠯᠤᠰ ᠤᠨ ᠠᠷᠠᠳ ᠲᠦᠮᠡᠨ ᠤ ᠬᠠᠮᠤᠭ ᠤᠨ | ᠢᠯᠡ ᠲᠣᠳᠣ ᠤᠶᠤᠨ ᠰᠠᠨᠠᠭᠠᠨ ᠤ ᠪᠡᠯᠭᠡ ᠲᠡᠮᠳᠡᠭ ᠪᠣᠯᠤᠭᠰᠠᠨ ᠪᠠᠶᠢᠨ᠎ᠠ᠃ | | ᠬᠥᠭᠵᠢᠯᠲᠡ ᠪᠠᠷ ᠢᠲᠡᠭᠡᠯ ᠵᠣᠷᠢᠭ ᠢ ᠬᠥᠪᠴᠢᠯᠡᠵᠦ᠂ ᠥᠨᠥᠳᠥᠷ ᠤᠨ ᠳᠤᠮᠳᠠᠳᠤ ᠤᠯᠤᠰ ᠤᠨ ᠠᠷᠠᠳ | ᠲᠦᠮᠡᠨ ᠨᠡᠩ ᠢᠲᠡᠭᠡᠯ ᠲᠠᠢ ᠪᠣᠯᠪᠠ᠃ | | ᠬᠠᠷᠢᠴᠠᠯᠠᠰᠢᠭᠦᠢ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠬᠦ᠂ | ᠴᠢᠨᠡᠭᠡᠯᠢᠭ ᠨᠡᠶᠢᠭᠡᠮ ᠤᠨ ︽ᠮᠢᠩᠭᠠᠨ ᠣᠨ ᠤ ᠬᠦᠰᠡᠯ ᠵᠡᠭᠦᠳᠦ︾ ᠶᠢ ᠪᠡᠶᠡᠯᠡᠭᠦᠯᠦᠭᠰᠡᠨ ᠠᠴᠠ ᠳᠡᠯᠡᠬᠡᠢ ᠳᠡᠭᠡᠷᠡᠬᠢ | ᠬᠡᠪᠴᠢᠶ᠎ᠡ ᠪᠠᠷ ᠬᠠᠮᠤᠭ ᠤᠨ ᠶᠡᠭᠡ ᠰᠤᠷᠭᠠᠨ ᠬᠥᠮᠦᠵᠢᠯ ᠤᠨ ᠰᠢᠰᠲ᠋ᠧᠮ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ᠂ | ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠢ ᠪᠠᠶᠢᠭᠤᠯᠤᠭᠰᠠᠨ ᠭᠦᠷᠳᠡᠯ᠎ᠠ ᠁ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠨᠢ ᠠᠷᠠᠳ ᠲᠦᠮᠡᠨ ᠢᠶᠠᠷ ᠬᠠᠷᠠᠯᠲᠠ ᠪᠤᠯᠭᠠᠵᠤ᠂ ᠠᠷᠠᠳ ᠤᠨ ᠠᠮᠢᠳᠤᠷᠠᠯ ᠢ | ᠬᠠᠮᠤᠭ ᠤᠨ ᠶᠡᠭᠡ ᠪᠠᠷ ᠴᠢᠬᠤᠯᠠᠴᠢᠯᠠᠵᠤ᠂ ᠪᠦᠭᠦ ᠠᠷᠠᠳ ᠲᠦᠮᠡᠨ ᠤ ᠬᠠᠮᠲᠤ ᠶᠢᠨ ᠪᠠᠶᠠᠵᠢᠯ ᠢ ᠯᠠᠪᠳᠠᠭᠤᠨ ᠪᠠᠲᠤᠲᠠᠢ | ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | | ᠶᠡᠷᠦᠩᠬᠡᠢ ᠱᠦᠵᠢ ᠰᠢ ᠶᠢᠨ ᠫᠢᠩ᠄ ︽ᠤᠳᠤ ᠶᠢᠨ ᠳᠡᠯᠡᠬᠡᠢ ᠶᠢᠷᠲᠢᠨᠴᠦ ᠳᠤ᠂ ᠠᠯᠢ ᠲᠦᠷᠦ ᠶᠢᠨ ᠨᠠᠮ᠂ | ᠠᠯᠢ ᠤᠯᠤᠰ᠂ ᠠᠯᠢ ᠦᠨᠳᠦᠰᠦᠲᠡᠨ ᠪᠡᠶ᠎ᠡ ᠳᠡᠭᠡᠨ ᠢᠲᠡᠭᠡᠯ ᠲᠠᠢ ᠪᠠᠶᠢᠵᠤ ᠴᠢᠳᠠᠬᠤ ᠪᠤᠢ ᠭᠡᠪᠡᠯ᠂ ᠳᠤᠮᠳᠠᠳᠤ | ᠤᠯᠤᠰ ᠤᠨ ᠡᠪ ᠬᠠᠮᠲᠤ ᠨᠠᠮ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ᠂ ᠳᠤᠮᠳᠠᠳᠤ ᠶᠢᠨ | ᠦᠨᠳᠦᠰᠦᠲᠡᠨ ᠬᠠᠮᠤᠭ ᠠᠴᠠ ᠢᠯᠡᠭᠦᠦ ᠢᠲᠡᠭᠡᠯ ᠲᠠᠢ ᠪᠠᠶᠢᠬᠤ ᠤᠴᠢᠷ ᠲᠠᠢ︾ ᠭᠡᠵᠦ ᠵᠢᠭᠠᠵᠤ ᠭᠠᠷᠭᠠᠵᠠᠢ᠂ | ᠥᠨᠥᠳᠥᠷ᠂ ᠳᠤᠮᠳᠠᠳᠤ ᠤᠯᠤᠰ ᠤᠨ ᠵᠠᠮ ᠶᠠᠪᠤᠬᠤ ᠲᠤᠳᠤᠮ ᠥᠷᠭᠡᠵᠢᠵᠦ᠂ ᠳᠤᠮᠳᠠᠳᠤ ᠤᠯᠤᠰ ᠤᠨ ᠤᠨᠤᠯ ᠶᠠᠪᠤᠬᠤ | ᠲᠤᠳᠤᠮ ᠢᠯᠡᠷᠬᠡᠢ ᠪᠣᠯᠵᠤ᠂ ᠳᠤᠮᠳᠠᠳᠤ ᠤᠯᠤᠰ ᠤᠨ ᠪᠠᠶᠢᠭᠤᠯᠤᠯ ᠶᠠᠪᠤᠬᠤ ᠲᠤᠳᠤᠮ ᠪᠣᠯᠪᠠᠰᠤᠷᠠᠩᠭᠤᠢ ᠪᠣᠯᠵᠤ᠂ | ᠳᠤᠮᠳᠠᠳᠤ ᠤᠯᠤᠰ ᠤᠨ ᠵᠣᠷᠢᠭ ᠰᠠᠨᠠᠭ᠎ᠠ ᠶᠠᠪᠤᠬᠤ ᠲᠤᠳᠤᠮ ᠬᠦᠴᠦᠷᠬᠡᠭᠵᠢᠵᠦ᠂ ᠳᠤᠮᠳᠠᠳᠤ ᠤᠯᠤᠰ ᠤᠨ ᠠᠷᠠᠳ | ᠲᠦᠮᠡᠨ ᠶᠠᠭ ᠨᠠᠮ ᠤᠨ ᠤᠳᠤᠷᠢᠳᠤᠯᠭ᠎ᠠ ᠳᠣᠣᠷ᠎ᠠ ᠢᠲᠡᠭᠡᠯ ᠲᠡᠭᠦᠯᠳᠡᠷ ᠢᠶᠠᠷ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠬᠥᠭᠵᠢᠯᠲᠡ ᠶᠢᠨ ᠠᠭᠤᠤ ᠶᠡᠭᠡ ᠲᠡᠦᠬᠡ ᠶᠢ ᠪᠢᠴᠢᠭᠯᠡᠵᠦ ᠪᠠᠶᠢᠨ᠎ᠠ᠃ | | ᠡᠷᠡᠯᠬᠡᠭᠯᠡᠨ ᠤᠷᠤᠭᠰᠢᠯᠠᠵᠤ ᠣᠮᠤᠭ ᠵᠣᠷᠢᠭ ᠪᠠᠲᠤᠵᠢᠵᠤ᠂ ᠥᠨᠥᠳᠥᠷ ᠤᠨ ᠳᠤᠮᠳᠠᠳᠤ ᠤᠯᠤᠰ ᠤᠨ ᠠᠷᠠᠳ | ᠲᠦᠮᠡᠨ ᠨᠡᠩ ᠢᠯᠡᠭᠦᠦ ᠪᠡᠶ᠎ᠡ ᠪᠠᠨ ᠳᠠᠭᠠᠭᠠᠬᠤ ᠪᠣᠯᠵᠠᠢ᠃ | | ︽ᠠᠷᠠᠳ ᠤᠯᠠᠨ ᠪᠣᠯ ᠨᠡᠯᠦᠭᠡᠷ ᠶᠡᠭᠡ ᠬᠦᠴᠦᠨ ᠴᠢᠳᠠᠯ ᠤᠨ ᠳᠠᠯᠠᠢ ᠪᠤᠯᠬᠤ ᠪᠠᠷ ᠪᠠᠷᠠᠬᠤ ᠦᠭᠡᠢ ᠪᠠᠰᠠ | ᠴᠤ ᠨᠡᠯᠦᠭᠡᠷ ᠶᠡᠭᠡ ᠤᠶᠤᠨ ᠤᠬᠠᠭᠠᠨ ᠤ ᠳᠠᠯᠠᠢ ᠪᠣᠯᠣᠨ᠎ᠠ︾ ᠂ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ | ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠦᠭᠰᠡᠨ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠶᠢᠨ ︽ᠲᠤᠩᠬᠠᠭ ᠨᠡᠶᠢᠲᠡᠯᠡᠨ ᠮᠠᠩᠯᠠᠶᠢᠯᠠᠭᠴᠢ ᠡᠯᠰᠡᠭᠰᠡᠨ︾ ᠭᠦᠷᠲᠡᠯ᠎ᠡ᠂ ᠤᠢ ᠰᠢᠭᠤᠢ ᠶᠢᠨ | ᠳᠠᠷᠤᠭ᠎ᠠ ᠶᠢᠨ ᠳᠦᠷᠢᠮ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠳᠡᠯᠭᠡᠷᠡᠭᠦᠯᠦᠭᠰᠡᠨ ᠠᠴᠠ ᠢᠷᠭᠡᠨ ᠤ | ᠬᠠᠤᠯᠢ ᠶᠢᠨ ᠪᠢᠴᠢᠭ ᠤᠨ ᠲᠥᠰᠥᠯ ᠢ ᠤᠷᠢᠳ ᠬᠤᠵᠢᠳ 10 ᠤᠳᠠᠭ᠎ᠠ ᠢᠯᠡ ᠪᠠᠷ ᠰᠠᠨᠠᠯ ᠬᠤᠷᠢᠶᠠᠭᠰᠠᠨ ᠭᠦᠷᠳᠡᠯ᠎ᠠ | ᠁ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠡᠵᠡᠨ ᠰᠠᠭᠤᠵᠤ ᠡᠷᠬᠡ | ᠮᠡᠳᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ | ᠪᠠ ᠤᠤᠭᠠᠯ ᠡᠭᠦᠳᠦᠯᠲᠡ ᠶᠢᠨ ᠵᠣᠷᠢᠭ ᠰᠠᠨᠠᠭ᠎ᠠ ᠶᠢ ᠭᠦᠢᠴᠡᠳ ᠬᠦᠨᠳᠦᠳᠬᠡᠪᠡ᠃ | | 40 ᠭᠠᠷᠤᠢ ᠵᠢᠯ ᠤᠨ ᠡᠮᠦᠨ᠎ᠡ᠂ ᠠᠮᠧᠷᠢᠺᠠ ᠶᠢᠨ ︽ᠴᠠᠭ ᠦᠶ᠎ᠡ ᠶᠢᠨ ᠭᠠᠷᠠᠭ ᠤᠨ ᠰᠡᠳᠬᠦᠯ︾ ᠳᠤ᠄ | ᠪᠦᠭᠦ ᠪᠥᠮᠪᠥᠷᠴᠡᠭ ᠤᠨ 1/4 ᠶᠢᠨ ᠬᠥᠮᠥᠨ ᠠᠮᠠ ᠶᠢ ᠦᠳᠲᠡᠷ ᠲᠦᠷᠭᠡᠨ ᠭᠠᠭᠴᠠᠭᠠᠷᠳᠠᠯ ᠠᠴᠠ ᠠᠩᠭᠢᠵᠢᠷᠠᠭᠤᠯᠵᠤ᠂ | ᠳᠡᠯᠡᠬᠡᠢ ᠳ᠋ᠠᠬᠢᠨ ᠲᠠᠢ ᠵᠣᠯᠭᠠᠭᠤᠯᠤᠭᠰᠠᠨ ᠵᠢᠱᠢᠶ᠎ᠡ ᠪᠠᠶᠢᠵᠤ ᠥᠩᠭᠡᠷᠡᠭᠰᠡᠨ ᠤᠤ︖ ᠭᠡᠵᠦ ᠰᠡᠵᠢᠭᠯᠡᠵᠦ ᠥᠩᠭᠡᠷᠡᠪᠡ᠂ | ᠳᠤᠮᠳᠠᠳᠤ ᠤᠯᠤᠰ ᠤᠨ ᠠᠷᠠᠳ ᠲᠦᠮᠡᠨ ᠨᠠᠮ ᠤᠨ ᠤᠳᠤᠷᠢᠳᠤᠯᠭ᠎ᠠ ᠳᠣᠣᠷ᠎ᠠ ᠲᠡᠮᠡᠴᠡᠯ ᠦᠢᠯᠡᠳᠦᠯᠭᠡ ᠪᠠᠷ ︽ | ᠪᠣᠯᠣᠮᠵᠢ ᠦᠭᠡᠢ︾ ᠭᠡᠳᠡᠭ ᠢ ︽ᠯᠠᠪᠲᠠᠢ ᠳᠡᠶᠢᠯᠦᠨ᠎ᠡ︾ ᠪᠣᠯᠭᠠᠨ ᠬᠤᠪᠢᠷᠠᠭᠤᠯᠪᠠ — ᠪᠡᠶ᠎ᠡ ᠪᠠᠨ ᠳᠠᠭᠠᠭᠠᠵᠤ | ᠡᠵᠡᠨ ᠮᠡᠳᠡᠬᠦ᠂ ᠵᠠᠮ ᠨᠡᠭᠡᠭᠡᠨ ᠰᠢᠨ᠎ᠡ ᠶᠢ ᠡᠭᠦᠳᠬᠦ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠷᠠᠭᠤᠯ ᠳᠠᠷᠳᠠᠩ ᠵᠠᠮ ᠢ ᠨᠡᠭᠡᠭᠡᠵᠦ᠂ ᠬᠢᠵᠠᠭᠠᠯᠠᠰᠢ ᠦᠭᠡᠢ ᠬᠦᠴᠦᠷᠬᠡᠭ | ᠶᠡᠭᠡ ᠤᠷᠤᠭᠰᠢᠯᠠᠯᠲᠠ ᠶᠢᠨ ᠲᠣᠭᠲᠠᠯ ᠬᠦᠴᠦᠨ ᠲᠠᠢ ᠶᠤᠮ᠃ | | ᠳᠤᠮᠳᠠᠳᠤ ᠤᠯᠤᠰ ᠤᠨ ᠬᠡᠷᠡᠭ ᠶᠠᠪᠤᠳᠠᠯ ᠢ ᠡᠷᠬᠡᠪᠰᠢ ᠳᠤᠮᠳᠠᠳᠤ ᠤᠯᠤᠰ ᠤᠨ ᠠᠷᠠᠳ ᠲᠦᠮᠡᠨ ᠥᠪᠡᠷ ᠢᠶᠠᠨ | ᠡᠵᠡᠨ ᠮᠡᠳᠡᠵᠤ᠂ ᠳᠤᠮᠳᠠᠳᠤ ᠤᠯᠤᠰ ᠤᠨ ᠠᠰᠠᠭᠤᠳᠠᠯ ᠢ ᠡᠷᠬᠡᠪᠰᠢ ᠳᠤᠮᠳᠠᠳᠤ ᠤᠯᠤᠰ ᠤᠨ ᠠᠷᠠᠳ ᠲᠦᠮᠡᠨ | ᠥᠪᠡᠷ ᠢᠶᠠᠨ ᠬᠠᠷᠢᠭᠤᠯᠬᠤ ᠬᠡᠷᠡᠭᠲᠡᠢ᠃ ᠳᠤᠮᠳᠠᠳᠤ ᠤᠯᠤᠰ ᠤᠨ ᠠᠷᠠᠳ ᠲᠦᠮᠡᠨ ︽ᠵᠠᠮ ᠢᠶᠠᠨ ᠬᠤᠪᠢᠷᠠᠭᠤᠯᠬᠤ | ᠦᠭᠡᠢ᠂ ᠵᠣᠷᠢᠭ ᠢᠶᠠᠨ ᠬᠤᠪᠢᠷᠠᠭᠤᠯᠬᠤ ᠦᠭᠡᠢ︾ ᠡᠷᠡᠰ ᠵᠣᠷᠢᠭ ᠢᠶᠠᠨ ᠪᠠᠲᠤᠳᠬᠠᠵᠤ᠂ ᠤᠯᠤᠰ ᠪᠠ | ᠦᠨᠳᠦᠰᠦᠲᠡᠨ ᠤ ᠬᠥᠭᠵᠢᠯᠲᠡ ᠶᠢ ᠥᠪᠡᠷ ᠤᠨ ᠬᠦᠴᠦᠨ ᠤ ᠪᠠᠨ ᠰᠠᠭᠤᠷᠢ ᠳᠡᠭᠡᠷ᠎ᠡ ᠲᠠᠯᠪᠢᠵᠤ᠂ ᠤᠯᠤᠰ ᠣᠷᠣᠨ ᠤ | ᠬᠥᠭᠵᠢᠯᠲᠡ ᠳᠠᠪᠰᠢᠯᠲᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠰᠢᠪᠡ᠃ | | ᠲᠡᠮᠡᠴᠡᠯ ᠢᠶᠠᠷ ᠡᠷᠴᠢ ᠵᠣᠷᠢᠭ ᠢᠶᠠᠨ ᠬᠥᠪᠴᠢᠯᠡᠵᠦ᠂ ᠥᠨᠥᠳᠥᠷ ᠤᠨ ᠳᠤᠮᠳᠠᠳᠤ ᠤᠯᠤᠰ ᠤᠨ ᠠᠷᠠᠳ | ᠲᠦᠮᠡᠨ ᠥᠪᠡᠷ ᠢ ᠪᠠᠨ ᠨᠡᠩ ᠬᠦᠴᠦᠷᠬᠡᠭᠵᠢᠭᠦᠯᠪᠡ᠃ | | ᠳᠤᠮᠳᠠᠳᠤ ᠶᠢᠨ ᠡᠬᠡ ᠭᠠᠵᠠᠷ ᠲᠤ ᠥᠨᠳᠥᠷ ᠠᠰᠠᠷ ᠰᠦᠨᠳᠡᠷᠯᠡᠬᠦ ᠪᠠᠷ ᠪᠠᠷᠠᠬᠤ ᠦᠭᠡᠢ᠂ ᠳᠤᠮᠳᠠᠳᠤ ᠶᠢᠨ | ᠦᠨᠳᠦᠰᠦᠲᠡᠨ ᠤ ᠵᠣᠷᠢᠭ ᠰᠠᠨᠠᠭᠠᠨ ᠤ ᠲᠣᠮᠣ ᠠᠰᠠᠷ ᠴᠤ ᠰᠡᠬᠦ᠋ᠢᠨ ᠰᠦᠨᠳᠡᠷᠯᠡᠨ᠎ᠡ᠃ ᠲᠦᠢᠯ ᠤᠨ ᠶᠡᠭᠡ | ᠳᠠᠷᠤᠯᠲᠠ ᠶᠢ ᠡᠰᠡᠷᠭᠦᠴᠡᠨ ᠬᠤᠷᠢᠭᠯᠠᠵᠤ᠂ ᠬᠢᠵᠢᠭ ᠤᠨ ᠪᠠᠶᠢᠳᠠᠯ ᠤᠨ ᠶᠡᠭᠡ ᠰᠢᠯᠭᠠᠯᠲᠠ ᠶᠢ ᠳᠠᠪᠠᠵᠤ᠂ ᠦᠶᠡᠷ ᠢ | ᠰᠡᠷᠭᠡᠶᠢᠯᠡᠨ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠵᠤ᠂ ᠪᠣᠬᠢᠷ ᠮᠠᠨᠠᠨ ᠢ ᠠᠷᠢᠯᠭᠠᠨ | ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠵᠤ᠁ ᠬᠦᠨᠳᠦ ᠶᠡᠭᠡ ᠠᠶᠤᠯ ᠲᠦᠭᠰᠢᠭᠦᠷᠢ | ᠥᠷᠢᠰᠦᠯᠳᠦᠭᠡᠨ ᠤ ᠡᠮᠦᠨ᠎ᠡ᠂ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠨᠠᠮ ᠤᠨ | ᠲᠤᠭ ᠤᠨ ᠳᠣᠣᠷ᠎ᠠ ᠪᠦᠯᠬᠦᠮᠳᠡᠵᠦ᠂ ᠰᠠᠨᠠᠭᠠᠴᠢᠯᠠᠭ᠎ᠠ ᠠᠴᠠ ᠪᠠᠨ ᠳᠠᠭᠠᠷᠢᠯᠲᠠ ᠬᠢᠵᠦ᠂ ᠢᠳᠡᠪᠬᠢᠲᠡᠢ ᠠᠷᠭᠠᠴᠠᠭᠠᠵᠤ᠂ | ︽ᠭᠠᠵᠢᠭᠤ ᠪᠤᠷᠤᠭᠤ ᠶᠢ ᠢᠲᠡᠭᠡᠬᠦ ᠦᠭᠡᠢ᠂ ᠳᠠᠷᠤᠯᠲᠠ ᠠᠴᠠ ᠰᠦᠷᠳᠡᠬᠦ ᠦᠭᠡᠢ᠂ ᠬᠦᠴᠢᠷ ᠠᠴᠠ ᠵᠠᠶᠢᠯᠠᠬᠤ ᠦᠭᠡᠢ | ︾ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ᠃ | | ︽ᠪᠢ ᠪᠣᠯ ᠨᠠᠮ ᠤᠨ ᠭᠡᠰᠢᠭᠦᠨ᠂ ᠪᠢ ᠤᠷᠢᠳ ᠢᠶᠠᠷ ᠮᠣᠷᠳᠠᠨ᠎ᠠ︾ ᠭᠡᠬᠦ ᠰᠥᠷᠴᠦ ᠠᠶᠠᠯᠠᠭᠰᠠᠳ᠂ ︽ | ᠨᠠᠮ ᠮᠢᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ︾ ᠭᠡᠬᠦ ᠵᠠᠯᠠᠭᠤ ᠨᠠᠰᠤᠨ ᠤ | ᠲᠠᠩᠭᠠᠷᠢᠭ᠂ ︽ᠠᠷᠢᠭᠤᠨ ᠴᠡᠪᠡᠷ ᠬᠠᠶᠢᠷ᠎ᠠ᠂ ᠵᠥᠪᠭᠡᠨ ᠳᠤᠮᠳᠠᠳᠤ ᠤᠯᠤᠰ ᠤᠨ ᠲᠥᠯᠥᠭᠡ︾ ᠭᠡᠬᠦ ᠭᠦᠨ | ᠰᠡᠳᠬᠢᠯᠭᠡ ᠶᠢᠨ ᠲᠤᠭᠠᠴᠡᠯᠲᠠ ᠁ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠳᠤᠮᠳᠠᠳᠤ ᠶᠢᠨ | ᠪᠣᠯᠪᠠᠰᠤᠨ ᠳᠤ ᠤᠳᠤ ᠦᠶ᠎ᠡ ᠶᠢᠨ ᠬᠦᠴᠦᠨ ᠣᠯᠭᠤᠵᠤ᠂ ᠲᠦᠭ ᠲᠦᠮᠡᠨ ᠠᠷᠠᠳ ᠲᠦᠮᠡᠨ ᠮᠢᠩᠭᠠᠨ ᠵᠢᠯ ᠤᠨ | ᠤᠯᠠᠮᠵᠢᠯᠠᠯ ᠤᠨ ᠰᠦᠷ ᠵᠢᠪᠬᠤᠭ᠎ᠠ ᠶᠢ ᠣᠶᠢᠯᠠᠭᠠᠵᠤ᠂ ᠥᠭᠡᠷᠡᠴᠢᠯᠡᠯᠲᠡ ᠶᠢᠨ ᠴᠤᠭ ᠪᠠᠳᠠᠷᠠᠩᠭᠤᠢ ᠠᠮᠢᠵᠢᠷᠠᠯ ᠤᠨ | ᠬᠦᠴᠦᠨ ᠢ ᠬᠥᠭᠵᠢᠭᠡᠵᠦ᠂ ᠬᠦᠴᠢᠷ ᠢ ᠮᠡᠳᠡᠵᠦ ᠪᠠᠶᠢᠭᠠᠳ ᠬᠦᠴᠦᠯᠡᠨ ᠲᠡᠮᠡᠦᠯᠵᠦ᠂ ᠬᠦᠴᠢᠷ ᠢ ᠰᠥᠷᠦᠨ | ᠤᠷᠤᠭᠰᠢᠯᠠᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠭᠰᠠᠨ ᠰᠡᠳᠬᠢᠯ ᠬᠥᠳᠡᠯᠭᠡᠮ᠎ᠡ ᠬᠠᠭᠤᠳᠠᠰᠤ ᠶᠢ ᠪᠢᠴᠢᠭᠯᠡᠪᠡ | ᠃ | | ︽ᠤᠶᠤᠨ ᠰᠠᠨᠠᠭᠠᠨ ᠤ ᠲᠠᠯ᠎ᠠ ᠪᠠᠷ ᠰᠠᠨᠠᠭᠠᠴᠢᠯᠠᠭ᠎ᠠ ᠦᠭᠡᠢ ᠪᠠᠶᠢᠭᠰᠠᠨ ᠠᠴᠠ ᠪᠠᠨ ᠰᠠᠨᠠᠭᠠᠴᠢᠯᠠᠭ᠎ᠠ ᠲᠠᠢ | ᠪᠣᠯᠤᠭᠰᠠᠨ︾ ᠠᠴᠠ ︽ᠤᠷᠢᠳ ᠡᠮᠦᠨ᠎ᠡ ᠪᠠᠶᠢᠭ᠎ᠠ ᠦᠭᠡᠢ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ᠂ | ᠲᠡᠦᠬᠡ ᠶᠢᠨ ᠪᠦᠲᠦᠭᠡᠯᠴᠢ ᠵᠣᠷᠢᠭ ᠰᠠᠨᠠᠭ᠎ᠠ ᠶᠢ ᠪᠠᠳᠠᠷᠠᠭᠤᠯᠬᠤ︾ ᠭᠦᠷᠲᠡᠯ᠎ᠡ᠂ ᠥᠭᠡᠷᠡᠴᠢᠯᠡᠯᠲᠡ ᠨᠡᠭᠡᠭᠡᠯᠲᠡ ᠬᠢᠬᠦ | ᠡᠨᠡ ᠬᠦ ᠠᠭᠤᠤ ᠶᠡᠭᠡ ᠲᠡᠦᠬᠡ ᠶᠢᠨ ᠠᠬᠢᠴᠠ ᠳᠤᠮᠳᠠ᠂ ᠳᠤᠮᠳᠠᠳᠤ ᠤᠯᠤᠰ ᠤᠨ ᠠᠷᠠᠳ ᠲᠦᠮᠡᠨ ︽ᠤᠯᠤᠰ ᠤᠨ | ᠡᠵᠡᠨ᠂ ᠨᠡᠶᠢᠭᠡᠮ ᠤᠨ ᠡᠵᠡᠨ᠂ ᠥᠪᠡᠷ ᠤᠨ ᠬᠤᠪᠢ ᠵᠠᠶᠠᠭᠠᠨ ᠤ ᠡᠵᠡᠨ︾ ᠤ ᠡᠭᠦᠷᠭᠡᠲᠦ ᠪᠤᠳᠤᠯ ᠪᠣᠯᠣᠨ | ᠬᠠᠷᠢᠭᠤᠴᠠᠯᠭᠠᠲᠤ ᠰᠡᠳᠬᠢᠯᠭᠡ ᠪᠠᠷ ᠨᠡᠩ ᠢᠳᠡᠪᠬᠢᠲᠡᠢ ᠲᠡᠦᠬᠡ ᠶᠢᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ︽ | ᠥᠪᠡᠷ ᠤᠨ ᠢᠷᠡᠭᠡᠳᠦᠢ ᠬᠤᠪᠢ ᠵᠠᠶᠠᠭᠠᠨ ᠤ ᠪᠠᠨ ᠲᠥᠯᠥᠭᠡ ᠨᠤᠭᠤᠷᠠᠰᠢ ᠦᠭᠡᠢ ᠲᠡᠮᠡᠴᠡᠪᠡ︾ ᠃ | | ︵ᠳᠥᠷᠪᠡ︶ | | ︽ᠳᠡᠯᠡᠬᠡᠢ ᠳ᠋ᠠᠬᠢᠨ ᠢ ᠪᠠᠷᠠᠯᠠᠬᠤᠶ᠎ᠠ᠂ ᠠᠯᠢ ᠴᠤ ᠤᠯᠤᠰ ᠪᠠ ᠲᠦᠷᠦ ᠶᠢᠨ ᠨᠠᠮ ᠭᠡᠳ ᠡᠶᠢᠮᠦ ᠤᠯᠤᠰ | ᠲᠦᠷᠦ ᠶᠢᠨ ᠰᠥᠰᠥ ᠵᠣᠷᠢᠭ ᠪᠠ ᠲᠡᠦᠬᠡᠨ ᠡᠭᠦᠷᠭᠡᠯᠡᠯ ᠲᠠᠢ ᠪᠠᠶᠢᠵᠤ ᠴᠢᠳᠠᠬᠤ ᠦᠭᠡᠢ᠂ ᠵᠣᠷᠢᠭᠲᠠᠢ ᠪᠠᠷ ᠡᠷᠡᠰ | ᠰᠢᠭᠤᠷᠬᠠᠢ ᠪᠠᠷ᠂ ᠬᠢᠲᠤᠭᠠᠨ ᠢᠷ ᠢ ᠳᠣᠲᠣᠭᠰᠢ ᠬᠠᠨᠳᠤᠭᠤᠯᠵᠤ᠂ ᠥᠪᠡᠷ ᠪᠡᠶ᠎ᠡ ᠶᠢᠨ ᠬᠤᠪᠢᠰᠬᠠᠯ ᠬᠢᠵᠦ ᠴᠢᠳᠠᠬᠤ | ᠦᠭᠡᠢ᠂ ᠠᠯᠢ ᠴᠤ ᠤᠯᠤᠰ ᠪᠠ ᠲᠦᠷᠦ ᠶᠢᠨ ᠨᠠᠮ ᠭᠡᠳ ᠡᠶᠢᠮᠦ ᠣᠬᠤᠷᠬᠠᠨ ᠬᠤᠭᠤᠴᠠᠭᠠᠨ ᠳᠤ ᠡᠶᠢᠮᠦ ᠶᠡᠭᠡ | ᠬᠡᠪᠴᠢᠶ᠎ᠡ᠂ ᠡᠶᠢᠮᠦ ᠶᠡᠭᠡ ᠬᠡᠮᠵᠢᠶ᠎ᠡ᠂ ᠡᠶᠢᠮᠦ ᠶᠡᠭᠡ ᠡᠷᠴᠢᠮ ᠲᠠᠢ ᠪᠠᠷ ᠥᠭᠡᠷᠡᠴᠢᠯᠡᠯᠲᠡ ᠶᠢ ᠠᠬᠢᠭᠤᠯᠵᠤ ᠴᠢᠳᠠᠬᠤ | ᠦᠭᠡᠢ ᠶᠤᠮ᠂ ᠡᠨᠡ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡ | ᠲᠣᠳᠣ ᠣᠨᠴᠠᠯᠢᠭ ᠪᠠ ᠢᠯᠡᠳᠲᠡ ᠳᠠᠪᠠᠭᠤᠯᠢᠭ ᠪᠣᠯᠣᠨ᠎ᠠ︾ ᠃ ᠡᠨᠡ ᠪᠣᠯ ᠨᠠᠮ ᠤᠨ ᠠᠷᠪᠠᠨ ᠨᠠᠶᠢᠮᠠᠳᠤᠭᠠᠷ ᠶᠡᠭᠡ | ᠬᠤᠷᠠᠯ ᠠᠴᠠ ᠨᠠᠭᠠᠰᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠲᠡᠦᠬᠡᠨ ᠠᠬᠢᠴᠠ ᠶᠢᠨ | ᠭᠦᠨᠵᠡᠭᠡᠢ ᠳ᠋ᠦᠩᠨᠡᠯᠲᠡ ᠮᠥᠨ᠃ | | ᠰᠢᠨ᠎ᠡ ᠬᠤᠭᠤᠴᠠᠭ᠎ᠠ ᠠᠴᠠ ᠰᠢᠨ᠎ᠡ ᠴᠠᠭ ᠦᠶ᠎ᠡ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤᠴᠤᠳ | ᠬᠠᠷᠰᠢ ᠰᠠᠭᠠᠳ ᠢ ᠢᠯᠠᠨ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠥᠭᠡᠷᠡᠴᠢᠯᠡᠯᠲᠡ ᠨᠡᠭᠡᠭᠡᠯᠲᠡ ᠭᠡᠬᠦ ᠡᠨᠡ ᠬᠦ | ᠠᠭᠤᠤ ᠶᠡᠭᠡ ᠬᠤᠪᠢᠰᠬᠠᠯ ᠢ ᠦᠷᠭᠦᠯᠵᠢᠯᠡᠨ ᠠᠬᠢᠭᠤᠯᠪᠠ᠃ ᠥᠭᠡᠷᠡᠴᠢᠯᠡᠯᠲᠡ ᠨᠡᠭᠡᠭᠡᠯᠲᠡ ᠨᠢ ᠳᠤᠮᠳᠠᠳᠤ ᠤᠯᠤᠰ ᠤᠨ | ᠡᠪ ᠬᠠᠮᠲᠤ ᠨᠠᠮ ᠤᠨ ᠳᠦᠷᠰᠦ ᠪᠠᠶᠢᠳᠠᠯ ᠢ ᠭᠦᠨᠵᠡᠭᠡᠢ ᠬᠤᠪᠢᠷᠠᠭᠤᠯᠵᠤ᠂ ᠨᠠᠮ ᠤᠨ ᠤᠯᠤᠰ ᠲᠥᠷᠥ ᠶᠢᠨ | ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠣᠯᠠᠨ ᠲᠦᠮᠡᠨ ᠢ ᠵᠣᠬᠢᠶᠠᠨ | ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠰᠢᠨ᠎ᠡ ᠴᠠᠭ ᠦᠶ᠎ᠡ ᠳᠤ ᠲᠠᠰᠤᠷᠠᠯᠲᠠ ᠦᠭᠡᠢ | ᠴᠢᠩᠭᠠᠷᠠᠪᠠ᠃ | | ᠨᠠᠮ ᠤᠨ ᠤᠳᠤᠷᠢᠳᠬᠤ ᠭᠤᠣᠯᠯᠠᠭᠴᠢ ᠶᠢᠨ ᠦᠢᠯᠡᠳᠦᠯ ᠢᠶᠠᠷ ᠪᠦᠯᠬᠦᠮᠳᠡᠨ ᠲᠡᠮᠡᠴᠡᠬᠦ ᠰᠦᠷ ᠳᠠᠯᠠᠶᠢᠴᠠᠲᠠᠢ | ᠬᠦᠴᠦᠨ ᠢ ᠨᠢᠭᠲᠠᠷᠠᠭᠤᠯᠵᠤ᠂ ᠥᠨᠥᠳᠥᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠬᠢᠵᠠᠭᠠᠯᠠᠰᠢ ᠦᠭᠡᠢ ᠪᠠᠲᠤ | ᠴᠢᠩᠭ᠎ᠠ ᠤᠳᠤᠷᠢᠳᠬᠤ ᠬᠦᠴᠦᠨ ᠲᠠᠢ ᠪᠠᠶᠢᠵᠤ᠂ ᠢᠮᠠᠭᠲᠠ ᠳᠤᠮᠳᠠᠳᠤ ᠤᠯᠤᠰ ᠤᠨ ᠠᠷᠠᠳ ᠲᠦᠮᠡᠨ ᠪᠣᠯᠣᠨ | ᠳᠤᠮᠳᠠᠳᠤ ᠶᠢᠨ ᠦᠨᠳᠦᠰᠦᠲᠡᠨ ᠤ ᠬᠠᠮᠤᠭ ᠤᠨ ᠨᠠᠶᠢᠳᠠᠪᠤᠷᠢᠲᠠᠢ ᠲᠦᠰᠢᠭ ᠲᠤᠯᠭᠠᠭᠤᠷᠢ ᠪᠣᠯᠪᠠ᠃ | | ᠾᠧᠪᠧᠢ ᠶᠢᠨ ᠫᠢᠩ ᠱᠠᠨ ᠰᠢᠶᠠᠨ ᠤ ᠯᠢ ᠵᠤᠸᠠᠩ ᠲᠣᠰᠬᠤᠨ᠃ 2019 ᠣᠨ ᠳᠤ ᠪᠦᠭᠦ ᠤᠯᠤᠰ ᠲᠤ | ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠥᠷᠨᠢᠭᠦᠯᠵᠦ᠂ ᠳᠠᠷᠠᠭ᠎ᠠ ᠵᠢᠯ ᠨᠢ ᠫᠢᠩ ᠱᠠᠨ | ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠪᠠ᠃ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠲᠤ ᠪᠡᠶ᠎ᠡ ᠶᠢᠨ ᠪᠠᠶᠢᠴᠠᠭᠠᠯᠲᠠ᠂ ᠹᠢᠽᠢᠺ ᠤᠨ ᠵᠠᠰᠠᠯ ᠵᠡᠷᠭᠡ ᠡᠷᠡᠭᠦᠯ ᠮᠡᠨᠳᠦ ᠶᠢᠨ | ᠦᠢᠯᠡᠴᠢᠯᠡᠭᠡ ᠬᠦᠷᠲᠡᠵᠦ ᠪᠠᠶᠢᠭ᠎ᠠ ᠨᠤᠲᠤᠭ ᠤᠨ ᠠᠬ᠎ᠠ ᠳᠡᠭᠦᠦ ᠨᠠᠷ 10 ᠵᠢᠯ ᠤᠨ ᠡᠮᠦᠨ᠎ᠡ 1000 ᠬᠥᠮᠥᠨ | ᠤᠳᠠᠭ᠎ᠠ ᠳᠤ ᠬᠦᠷᠬᠦ ᠦᠭᠡᠢ ᠪᠠᠶᠢᠭᠰᠠᠨ ᠠᠴᠠ ᠪᠠᠨ 2023 ᠣᠨ ᠪᠤᠯᠬᠤ ᠳᠤ ᠨᠡᠮᠡᠭᠳᠡᠭᠡᠳ 7000 ᠰᠢᠬᠠᠮ | ᠬᠥᠮᠥᠨ ᠤᠳᠠᠭ᠎ᠠ ᠳᠤ ᠬᠦᠷᠴᠡᠢ᠃ 2021 ᠣᠨ ᠳᠤ ᠤᠯᠤᠰ ᠤᠨ ︽ᠬᠤᠶᠠᠷ ᠢ ᠬᠥᠩᠭᠡᠷᠡᠭᠦᠯᠬᠦ︾ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠣᠰᠬᠤᠨ ᠤ ᠪᠠᠭ᠎ᠠ ᠰᠤᠷᠭᠠᠭᠤᠯᠢ ᠴᠤ ᠬᠢᠴᠢᠶᠡᠯ ᠤᠨ ᠳᠠᠷᠠᠭᠠᠬᠢ | ᠦᠢᠯᠡᠴᠢᠯᠡᠭᠡ ᠲᠠᠢ ᠪᠣᠯᠵᠤ᠂ ᠶᠤᠭ᠎ᠠ᠂ ᠳᠡᠭᠡᠰᠦ ᠦᠰᠦᠷᠬᠦ ᠠᠴᠠ ᠤᠷᠠᠨ ᠪᠢᠴᠢᠯᠭᠡ᠂ ᠪᠥᠮᠪᠥᠷ ᠬᠡᠩᠭᠡᠷᠭᠡ ᠭᠦᠷᠲᠡᠯ᠎ᠡ᠂ | ᠣᠲᠣ ᠨᠢᠭᠡᠨᠲᠡ 9 ᠲᠥᠷᠥᠯ ᠪᠣᠯᠣᠨ ᠥᠷᠭᠡᠵᠢᠪᠡ᠃ | | ᠯᠢ ᠵᠤᠸᠠᠩ ᠲᠣᠰᠬᠤᠨ ᠤ ᠬᠤᠪᠢᠷᠠᠯᠲᠠ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠭᠦᠨᠵᠡᠭᠡᠢ | ᠬᠤᠪᠢᠷᠠᠯᠲᠠ ᠶᠢᠨ ᠬᠤᠷᠢᠶᠠᠩᠭᠤᠢ ᠳᠦᠷᠰᠦ ᠪᠣᠯᠣᠨ᠎ᠠ᠃ ᠲᠦᠷᠦ ᠶᠢᠨ ᠪᠣᠳᠣᠯᠭ᠎ᠠ ᠲᠣᠭᠲᠠᠭᠠᠬᠤ ᠠᠴᠠ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠭᠦᠷᠲᠡᠯ᠎ᠡ᠂ ᠤᠯᠠᠨ ᠲᠦᠮᠡᠨ ᠤ ᠬᠦᠰᠡᠯ ᠡᠷᠡᠮᠡᠯᠵᠡᠯ ᠨᠢ | ᠠᠷᠠᠳ ᠤᠨ ᠠᠮᠢᠳᠤᠷᠠᠯ ᠳᠠᠬᠢ ᠠᠰᠢᠭ ᠪᠤᠯᠬᠤ ᠭᠦᠷᠲᠡᠯ᠎ᠡ᠂ ᠳᠡᠭᠡᠭᠰᠢ ᠳᠣᠷᠣᠭᠰᠢ ᠨᠡᠪᠲᠡᠷᠡᠯᠴᠡᠭᠰᠡᠨ᠂ | ᠬᠡᠷᠡᠭᠵᠢᠭᠦᠯᠦᠯᠲᠡ ᠬᠦᠴᠦᠲᠡᠢ ᠨᠢᠭᠲᠠ ᠴᠢᠩᠭ᠎ᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠠᠴᠠ ᠰᠠᠯᠵᠤ ᠴᠢᠳᠠᠬᠤ | ᠦᠭᠡᠢ ᠶᠤᠮ᠃ ᠡᠨᠡ ᠪᠣᠯ ᠳᠡᠯᠡᠬᠡᠢ ᠳᠡᠭᠡᠷᠡᠬᠢ ᠪᠤᠰᠤᠳ ᠶᠠᠮᠠᠷᠪᠠ ᠲᠦᠷᠦ ᠶᠢᠨ ᠨᠠᠮ ᠳᠤ ᠴᠥᠮ ᠪᠠᠶᠢᠬᠤ ᠦᠭᠡᠢ | ᠬᠦᠴᠦᠷᠬᠡᠭ ᠶᠡᠭᠡ ᠳᠠᠪᠠᠭᠤᠯᠢᠭ ᠮᠥᠨ᠃ | | ᠶᠡᠭᠡ ᠬᠠᠨᠳᠤᠰᠢ ᠶᠢ ᠠᠵᠢᠭᠯᠠᠵᠤ᠂ ᠪᠦᠭᠦ ᠲᠠᠯ᠎ᠠ ᠶᠢ ᠲᠥᠯᠥᠪᠵᠢᠭᠦᠯᠵᠦ᠂ ᠦᠨᠳᠦᠰᠦᠨ ᠵᠦᠢᠯ ᠢ ᠠᠳᠬᠤᠪᠠ | ᠃ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠨᠢᠭᠡᠨ ᠢᠯᠡ ᠲᠣᠳᠣ | ᠣᠨᠴᠠᠯᠢᠭ ᠪᠣᠯ ᠳᠠᠷᠤᠢ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ᠂ ᠨᠠᠮ ᠠᠴᠠ ᠪᠦᠭᠦ | ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ | ᠦᠢᠯᠡᠳᠦᠯ ᠢ ᠭᠦᠢᠴᠡᠳ ᠪᠠᠳᠠᠷᠠᠭᠤᠯᠬᠤ ᠶᠠᠪᠤᠳᠠᠯ ᠪᠣᠯᠣᠨ᠎ᠠ᠃ | | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠭᠡᠬᠦ ᠡᠨᠡ ᠬᠦ ︽ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ︾ ᠢ ᠨᠠᠮ ᠤᠨ ᠳᠦᠷᠢᠮ ᠪᠣᠯᠣᠨ | ᠦᠨᠳᠦᠰᠦᠨ ᠬᠠᠤᠯᠢ ᠳᠤ ᠪᠢᠴᠢᠵᠦ ᠣᠷᠣᠭᠤᠯᠤᠭᠰᠠᠨ ᠠᠴᠠ᠂ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠠᠮ ᠤᠨ ᠤᠳᠤᠷᠢᠳᠤᠯᠭ᠎ᠠ ᠶᠢ ᠡᠯ᠎ᠡ ᠲᠦᠷᠦᠯ ᠤᠨ ᠠᠵᠢᠯ ᠤᠨ ᠪᠦᠭᠦ | ᠶᠠᠪᠤᠴᠠ ᠪᠦᠭᠦ ᠲᠠᠯ᠎ᠠ ᠳᠤ ᠠᠭᠤᠰᠤᠯᠴᠠᠭᠤᠯᠬᠤ ᠭᠦᠷᠲᠡᠯ᠎ᠡ ᠁ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ | ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠪᠠᠯᠠᠷᠠᠵᠤ ᠪᠠᠶᠢᠬᠤ᠂ | ᠬᠡᠶᠢᠰᠪᠦᠷᠢᠵᠢᠵᠦ ᠪᠠᠶᠢᠬᠤ᠂ ᠰᠤᠯᠠᠷᠠᠵᠤ ᠪᠠᠶᠢᠬᠤ ᠠᠰᠠᠭᠤᠳᠠᠯ ᠢ ᠬᠦᠴᠦᠲᠡᠢ ᠰᠢᠢᠳᠪᠦᠷᠢᠯᠡᠵᠦ᠂ ᠬᠥᠨᠳᠡᠯᠡᠨ | ᠭᠤᠯᠳᠤ ᠪᠠᠷ ᠡᠴᠦᠰ ᠲᠤᠨᠢ ᠲᠤᠯᠲᠠᠯ᠎ᠠ ᠬᠢᠬᠦ ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠤᠨ ᠨᠡᠩ | ᠪᠣᠯᠪᠠᠰᠤᠷᠠᠩᠭᠤᠢ ᠪᠣᠯᠵᠤ ᠬᠡᠯᠪᠡᠷᠢᠵᠢᠬᠦ ᠶᠢ ᠠᠬᠢᠭᠤᠯᠪᠠ᠃ | | ᠤᠨᠤᠯ ᠤᠨ ᠰᠢᠨ᠎ᠡ ᠡᠭᠦᠳᠦᠯᠲᠡ ᠪᠠᠷ ᠦᠢᠯᠡᠳᠦᠯᠭᠡ ᠶᠢᠨ ᠰᠢᠨ᠎ᠡ ᠡᠭᠦᠳᠦᠯᠲᠡ ᠶᠢ ᠬᠥᠲᠥᠯᠥᠨ ᠳᠠᠭᠠᠭᠤᠯᠵᠤ᠂ | ᠥᠨᠥᠳᠥᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠴᠠᠭ ᠦᠶ᠎ᠡ ᠶᠢᠨ ᠰᠢᠨ᠎ᠡ ᠰᠡᠳᠦᠪ ᠢ ᠴᠠᠭ ᠲᠤᠬᠠᠢ ᠳᠤᠨᠢ | ᠰᠢᠨᠵᠢᠯᠡᠬᠦ ᠤᠬᠠᠭᠠᠨᠴᠢ ᠪᠠᠷ ᠬᠠᠷᠢᠭᠤᠯᠵᠤ᠂ ᠢᠮᠠᠭᠲᠠ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠵᠤ ᠪᠠᠶᠢᠨ᠎ᠠ᠃ | | ︽ᠪᠢ ᠵᠧᠵᠢᠶᠠᠩ ᠳᠤ ᠰᠢᠨᠵᠢᠯᠡᠨ ᠪᠠᠶᠢᠴᠠᠭᠠᠬᠤ ᠳᠠᠭᠠᠨ᠂ ᠬᠢᠵᠢᠭ ᠤᠨ ᠪᠠᠶᠢᠳᠠᠯ ᠤᠨ ᠳᠠᠭᠠᠷᠢᠯᠲᠠ ᠳᠣᠣᠷ᠎ᠠ | ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠬᠡᠰᠡᠭ ᠲᠠᠯ᠎ᠠ ᠪᠠᠷ ᠲᠡᠰᠦᠷᠡᠵᠦ᠂ | ᠮᠠᠨ ᠤ ᠤᠯᠤᠰ ᠤᠨ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠡᠷᠭᠢᠯᠲᠡ ᠶᠢ ᠰᠢᠭᠤᠳ ᠨᠥᠯᠥᠭᠡᠯᠡᠵᠦ | ᠪᠠᠶᠢᠬᠤ ᠶᠢ ᠣᠯᠵᠤ ᠮᠠᠲᠠᠵᠠᠢ︾ ᠃ ᠶᠡᠷᠦᠩᠬᠡᠢ ᠱᠦᠵᠢ ᠰᠢ ᠶᠢᠨ ᠫᠢᠩ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠡᠨᠡ ᠬᠦ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠳᠤᠷᠠᠳᠤᠭᠰᠠᠨ ᠶᠠᠪᠤᠴᠠ ᠪᠠᠨ | ᠡᠷᠭᠢᠴᠡᠭᠦᠯᠵᠦ᠄ ︽ᠮᠢᠨᠤ ᠦᠵᠡᠬᠦ ᠪᠠᠷ᠂ ᠤᠳᠤ ᠶᠢᠨ ᠪᠠᠶᠢᠳᠠᠯ ᠨᠢᠭᠡᠨᠲᠡ ᠮᠠᠰᠢ ᠠᠳᠠᠯᠢ ᠦᠭᠡᠢ ᠪᠣᠯᠵᠠᠢ᠂ ᠶᠡᠭᠡ ᠪᠠᠷ | ᠣᠷᠣᠭᠤᠯᠵᠤ ᠶᠡᠭᠡ ᠪᠠᠷ ᠭᠠᠷᠭᠠᠬᠤ ᠣᠷᠴᠢᠨ ᠨᠥᠬᠦᠴᠡᠯ ᠨᠢᠭᠡᠨᠲᠡ ᠬᠤᠪᠢᠷᠠᠵᠠᠢ᠂ ᠡᠷᠬᠡᠪᠰᠢ ᠰᠢᠨ᠎ᠡ ᠪᠠᠶᠢᠳᠠᠯ ᠢ | ᠦᠨᠳᠦᠰᠦᠯᠡᠨ ᠬᠥᠭᠵᠢᠯᠲᠡ ᠶᠢ ᠬᠥᠲᠥᠯᠥᠨ ᠳᠠᠭᠠᠭᠤᠯᠬᠤ ᠰᠢᠨ᠎ᠡ ᠰᠡᠳᠬᠢᠴᠡ ᠶᠢ ᠳᠤᠷᠠᠳᠬᠤ ᠬᠡᠷᠡᠭᠲᠡᠢ︾ ᠭᠡᠪᠡ᠃ | 2020 ᠣᠨ ᠤ 4 ᠰᠠᠷ᠎ᠠ ᠳᠤ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠬᠤᠷᠠᠯ ᠳᠡᠭᠡᠷ᠎ᠡ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠴᠢᠬᠤᠯᠠ ᠶᠡᠭᠡ ᠨᠤᠲᠠᠯᠠᠯᠲᠠ ᠶᠢ ᠠᠩᠬ᠎ᠠ ᠤᠳᠠᠭ᠎ᠠ ᠳᠤᠷᠠᠳᠴᠤ᠂ | ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠬᠦ ᠲᠦᠷᠦᠭᠦᠦ ᠠᠯᠬᠤᠮ ᠪᠣᠯᠪᠠ᠃ 2022 ᠣᠨ ᠤ 10 | ᠰᠠᠷ᠎ᠠ ᠳᠤ ︽ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠬᠦᠴᠦᠯᠡᠨ ᠠᠬᠢᠭᠤᠯᠬᠤ︾ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠪᠢᠴᠢᠵᠦ ᠣᠷᠣᠭᠤᠯᠪᠠ᠃ | | | ᠤᠨᠤᠯ ᠤᠯᠠᠨ ᠲᠦᠮᠡᠨ ᠳᠤ ᠮᠡᠳᠡᠷᠡᠭᠳᠡᠮᠡᠭᠴᠡ ᠪᠣᠳᠠᠰ ᠤᠨ ᠬᠦᠴᠦᠨ ᠪᠣᠯᠵᠤ ᠬᠤᠪᠢᠷᠠᠳᠠᠭ᠃ ᠰᠢᠨ᠎ᠡ ᠴᠠᠭ | ᠦᠶ᠎ᠡ ᠠᠴᠠ ᠨᠠᠭᠠᠰᠢ᠂ ︽ᠬᠠᠤᠯᠢᠵᠢᠯ ᠪᠣᠯ ᠬᠠᠮᠤᠭ ᠤᠨ ᠰᠠᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠮᠥᠨ | ︾ ᠭᠡᠳᠡᠭ ᠨᠢ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠭᠠᠳᠤ ᠬᠥᠳᠡᠯᠭᠡᠬᠦ ᠬᠦᠴᠦᠨ | ᠪᠣᠯᠣᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ︽ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠳᠠ ᠮᠥᠩᠭᠦᠨ ᠠᠭᠤᠯᠠ ᠮᠥᠨ︾ ᠭᠡᠳᠡᠭ ᠨᠢ ᠲᠦᠮᠡᠨ ᠭᠠᠵᠠᠷ ᠤᠨ ᠠᠭᠤᠯᠠ ᠤᠰᠤ ᠶᠢ ᠨᠡᠩ ᠲᠠᠩᠰᠤᠭ | ᠰᠠᠶᠢᠬᠠᠨ ᠪᠣᠯᠭᠠᠪᠠ ᠁ ᠴᠠᠭ ᠦᠶ᠎ᠡ ᠶᠢ ᠲᠠᠭᠠᠨ ᠤᠷᠤᠭᠰᠢᠯᠠᠭᠰᠠᠨ ᠤᠨᠤᠯ ᠤᠨ ᠰᠢᠨ᠎ᠡ ᠶᠢ ᠡᠭᠦᠳᠬᠦ ᠬᠡᠪ | ᠴᠢᠨᠠᠷ ᠢ ᠢᠮᠠᠭᠲᠠ ᠪᠠᠲᠤᠯᠠᠵᠤ᠂ ᠮᠠᠨ ᠤ ᠨᠠᠮ ᠬᠦᠴᠦᠷᠬᠡᠭ ᠶᠡᠭᠡ ᠦᠨᠡᠨ ᠶᠣᠰᠣᠨ ᠤ ᠬᠦᠴᠦᠨ ᠢ ᠡᠵᠡᠮᠰᠢᠪᠡ᠃ | | ︽ᠬᠤᠶᠠᠳᠤᠭᠠᠷ ᠤᠶᠠᠯᠳᠤᠭᠤᠯᠬᠤ︾ ᠪᠣᠯ ᠪᠠᠰᠠ ᠨᠢᠭᠡ ᠤᠳᠠᠭ᠎ᠠ ᠶᠢᠨ ᠦᠵᠡᠯ ᠰᠠᠨᠠᠭᠠᠨ ᠤ ᠴᠢᠯᠦᠭᠡᠯᠡᠯᠲᠡ | ᠪᠠᠶᠢᠵᠤ᠂ ᠤᠨᠤᠯ ᠪᠠ ᠪᠠᠶᠢᠭᠤᠯᠤᠯ ᠤᠨ ᠰᠢᠨ᠎ᠡ ᠶᠢ ᠡᠭᠦᠳᠬᠦ ᠰᠢᠨ᠎ᠡ ᠣᠷᠣᠨ ᠵᠠᠢ ᠶᠢ ᠨᠡᠭᠡᠭᠡᠪᠡ᠃ ︽ᠬᠤᠶᠠᠷ ᠢ | ᠤᠶᠠᠯᠳᠤᠭᠤᠯᠬᠤ︾ ᠪᠠᠷ ︽ᠡᠷᠲᠡᠨ ᠡᠳᠦᠭᠡ ᠶᠢᠨ ᠳᠤᠮᠳᠠᠳᠤ ᠥᠷᠥᠨᠡᠳᠠᠬᠢᠨ ᠤ ᠲᠡᠮᠡᠴᠡᠯ︾ ᠢ ᠰᠢᠢᠳᠪᠦᠷᠢᠯᠡᠵᠦ᠂ | ᠳᠦᠷᠢᠮ ᠤᠨ ᠳᠤᠮᠳᠠᠳᠤ ᠶᠢᠨ ᠰᠣᠶᠣᠯ ᠤᠨ ᠰᠠᠭᠤᠷᠢ ᠶᠢ ᠪᠠᠬᠢᠵᠢᠭᠦᠯᠵᠦ᠂ ᠡᠷᠲᠡᠨ ᠡᠳᠦᠭᠡ ᠶᠢ ᠠᠭᠤᠰᠬᠠᠨ | ᠴᠣᠭᠴᠠᠯᠠᠭᠰᠠᠨ ᠠᠯᠢ ᠤᠯᠠᠨ ᠴᠣ ᠰᠢᠨ᠎ᠡ ᠪᠠᠶᠢᠭᠤᠯᠤᠯ ᠤᠨ ᠦᠷ᠎ᠡ ᠪᠦᠲᠦᠭᠡᠯ ᠢ ᠪᠦᠷᠢᠯᠳᠦᠭᠦᠯᠪᠡ᠃ ᠦᠨᠡᠨ | ᠶᠣᠰᠣᠨ ᠤ ᠵᠣᠷᠢᠭ ᠰᠠᠨᠠᠭ᠎ᠠ ᠪᠠᠷ ᠦᠨᠡᠨ ᠶᠣᠰᠣ ᠶᠢ ᠬᠥᠭᠡᠭᠡᠴᠡᠯᠳᠦᠵᠦ᠂ ᠮᠠᠨ ᠤ ᠨᠠᠮ ᠤᠨᠤᠯ ᠤᠨ ᠰᠢᠨ᠎ᠡ | ᠡᠭᠦᠳᠦᠯᠲᠡ ᠶᠢ ᠠᠬᠢᠭᠤᠯᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ | ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠪᠡ᠃ | | ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠵᠤ᠂ | ᠥᠨᠥᠳᠥᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠬᠤᠪᠢᠰᠬᠠᠯᠲᠤ ᠴᠢᠨᠠᠷᠲᠠᠢ ᠳᠠᠪᠲᠠᠯᠲᠠ ᠳᠤᠮᠳᠠ ᠨᠡᠩ ᠪᠠᠲᠤ | ᠴᠢᠩᠭ᠎ᠠ ᠬᠦᠴᠦᠨ ᠲᠠᠢ ᠪᠣᠯᠵᠤ᠂ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠪᠠ᠃ | | ︽ᠮᠢᠩᠭ᠎ᠠ ᠲᠦᠮᠡᠨ ᠬᠥᠮᠥᠨ ᠲᠠᠢ ᠮᠠᠭᠤᠳᠠᠯᠴᠠᠪᠠᠴᠤ᠂ ᠠᠷᠪᠠᠨ ᠲᠦᠷᠪᠡᠨ ᠳ᠋ᠦᠩᠰᠢᠭᠤᠷ ᠬᠥᠮᠥᠰ ᠢ | ᠬᠥᠰᠡᠷᠳᠡᠭᠦᠯᠬᠦ ᠦᠭᠡᠢ︾ ᠂ ᠰᠢᠨ᠎ᠡ ᠴᠠᠭ ᠦᠶ᠎ᠡ ᠠᠴᠠ ᠨᠠᠭᠠᠰᠢ᠂ ᠮᠠᠨ ᠤ ᠨᠠᠮ ᠰᠦᠷ ᠬᠦᠴᠦᠲᠦ ᠪᠠᠶᠢᠳᠠᠯ ᠢᠶᠠᠷ | ᠢᠯᠵᠠᠷᠠᠯ ᠢ ᠡᠰᠡᠷᠭᠦᠴᠡᠨ ᠬᠠᠷᠭᠢᠰ ᠬᠦᠴᠦᠨ ᠢ ᠰᠢᠢᠳᠬᠡᠵᠦ᠂ ᠳᠦᠷᠢᠮ ᠤᠨ ᠳᠠᠪᠠᠭᠤᠯᠢᠭ᠂ ᠬᠠᠤᠯᠢᠵᠢᠯ ᠤᠨ | ᠳᠠᠪᠠᠭᠤᠯᠢᠭ ᠲᠤ ᠲᠦᠰᠢᠭᠯᠡᠨ ᠢᠯᠵᠠᠷᠠᠯ ᠢ ᠡᠰᠡᠷᠭᠦᠴᠡᠬᠦ ᠵᠠᠮ ᠢᠶᠠᠷ ᠠᠮᠵᠢᠯᠲᠠ ᠲᠠᠢ ᠵᠠᠮᠨᠠᠪᠠ᠃ | | ᠲᠥᠪᠯᠡᠷᠡᠩᠭᠦᠢ ᠨᠢᠭᠡᠳᠦᠯᠲᠡᠢ᠂ ᠡᠷᠬᠡ ᠰᠦᠷ ᠲᠠᠢ ᠥᠨᠳᠥᠷ ᠪᠦᠲᠦᠮᠵᠢᠲᠡᠢ ᠤᠯᠤᠰ ᠤᠨ ᠬᠢᠨᠠᠨ ᠪᠠᠶᠢᠴᠠᠭᠠᠬᠤ | ᠰᠢᠰᠲ᠋ᠧᠮ ᠢ ᠪᠠᠶᠢᠭᠤᠯᠬᠤ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ | ᠥᠭᠬᠦ ᠳᠦᠷᠢᠮ︾ ᠵᠡᠷᠭᠡ ᠳᠦᠷᠢᠮ ᠤᠨ ᠵᠢᠷᠤᠮᠵᠢᠯ ᠳᠤ ᠵᠠᠰᠠᠪᠤᠷᠢ ᠣᠷᠣᠭᠤᠯᠵᠤ ᠨᠡᠶᠢᠲᠡᠯᠡᠭᠰᠡᠨ ᠭᠦᠷᠲᠡᠯ᠎ᠡ᠂ | ᠲᠠᠭᠢᠭᠠᠳ ᠲᠣᠭᠤᠷᠢᠨ ᠪᠠᠶᠢᠴᠠᠭᠠᠬᠤ ᠶᠢ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠳᠦᠷᠢᠮ ᠪᠤᠯᠭᠠᠬᠤ ᠭᠦᠷᠳᠡᠯ᠎ᠡ᠁ ᠮᠠᠨ ᠤ ᠨᠠᠮ ᠤᠷᠢᠳ ᠡᠮᠦᠨ᠎ᠡ ᠪᠠᠶᠢᠭ᠎ᠠ ᠦᠭᠡᠢ | ᠰᠥᠰᠥ ᠵᠣᠷᠢᠭ ᠪᠠ ᠲᠣᠭᠲᠠᠯ ᠬᠦᠴᠦᠨ ᠢᠶᠠᠷ ᠥᠪᠡᠷ ᠪᠡᠶ᠎ᠡ ᠶᠢᠨ ᠬᠤᠪᠢᠰᠬᠠᠯ ᠤᠨ ︽ᠬᠠᠮ ᠠᠷᠭ᠎ᠠ ᠬᠡᠮᠵᠢᠶ᠎ᠡ︾ | ᠠᠪᠴᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠠᠶᠢᠭᠤᠯᠪᠠ᠃ ᠨᠠᠮ ᠠᠴᠠ᠂ ᠵᠠᠰᠠᠬᠤ | ᠰᠠᠮᠠᠭᠤᠷᠠᠬᠤ ᠮᠠᠨᠳᠤᠬᠤ ᠪᠠᠭᠤᠷᠠᠬᠤ ᠲᠡᠦᠬᠡᠨ ᠦᠶᠡᠯᠡᠯ ᠤᠨ ᠨᠤᠷᠮ᠎ᠠ ᠠᠴᠠ ᠳᠠᠪᠠᠭᠰᠠᠨ ︽ᠬᠤᠶᠠᠳᠤᠭᠠᠷ ᠬᠠᠷᠢᠭᠤᠯᠲᠠ | ︾ ᠶᠢ ᠣᠯᠵᠤ᠂ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ | ᠥᠪᠡᠷ ᠢ ᠪᠠᠨ ᠳᠡᠭᠡᠭᠰᠢᠯᠡᠭᠦᠯᠭᠦ ᠴᠢᠳᠠᠪᠤᠷᠢ ᠲᠠᠰᠤᠷᠠᠯᠳᠡ ᠦᠭᠡᠢ ᠴᠢᠩᠭᠠᠷᠠᠪᠠ᠃ | | ︽ᠶᠠᠭᠠᠬᠢᠭᠰᠠᠨ ᠴᠤ ᠮᠠᠭᠲᠠᠨ ᠰᠠᠶᠢᠰᠢᠶᠠᠬᠤ ᠲᠠᠭᠤᠨ ᠤ ᠳᠤᠮᠳᠠ ᠥᠪᠡᠷ ᠪᠡᠶ᠎ᠡ ᠪᠠᠨ ᠠᠯᠳᠠᠵᠤ ᠪᠤᠯᠬᠤ | ᠦᠭᠡᠢ︾ ᠃ ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ ᠪᠠ ᠡᠷᠡᠰ ᠪᠠᠲᠤ | ᠴᠢᠨᠠᠷ ᠢ ᠴᠠᠭ ᠢᠮᠠᠭᠲᠠ ᠪᠠᠲᠤᠯᠠᠵᠤ᠂ ᠨᠠᠮ ᠤᠨ ᠠᠭᠤᠤ ᠶᠡᠭᠡ ᠥᠪᠡᠷ ᠪᠡᠶ᠎ᠡ ᠶᠢᠨ ᠬᠤᠪᠢᠰᠬᠠᠯ ᠢ ᠡᠴᠦᠰ ᠲᠤᠨᠢ | ᠲᠤᠯᠲᠠᠯ᠎ᠠ ᠬᠢᠪᠡᠯ᠂ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠠᠷᠠᠳ ᠤᠯᠠᠨ ᠯᠤᠭ᠎ᠠ ᠶᠢᠨ ᠴᠢᠰᠤ | ᠮᠢᠬᠠᠨ ᠤ ᠪᠠᠷᠢᠯᠳᠤᠯᠭ᠎ᠠ᠂ ᠠᠷᠠᠳ ᠲᠦᠮᠡᠨ ᠤ ᠴᠢᠩ ᠰᠡᠳᠬᠢᠯ ᠤᠨ ᠬᠦᠷᠢᠶᠡᠯᠡᠯ ᠢ ᠣᠯᠣᠭᠰᠠᠨ ᠲᠡᠦᠬᠡ ᠶᠢᠨ | ᠰᠠᠨᠠᠭᠠᠴᠢᠯᠠᠭᠠᠲᠤ ᠡᠷᠬᠡ ᠶᠢ ᠣᠯᠵᠤ᠂ ᠪᠦᠭᠦ ᠨᠠᠮ ᠤᠨ ᠳᠡᠭᠡᠳᠦ ᠬᠡᠮᠵᠢᠶᠡᠨ ᠤ ᠪᠦᠯᠬᠦᠮᠳᠡᠯ ᠨᠢᠭᠡᠳᠦᠯ ᠢ ᠣᠯᠵᠤ᠂ ᠴᠠᠭ | ᠦᠶ᠎ᠡ ᠶᠢᠨ ᠡᠮᠦᠨ᠎ᠡ ᠡᠩᠨᠡᠭᠡᠨ ᠳᠤ ᠶᠠᠪᠤᠵᠤ᠂ ᠠᠷᠠᠳ ᠲᠦᠮᠡᠨ ᠢ ᠳᠠᠭᠠᠭᠤᠯᠤᠨ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠣᠯᠵᠤ ᠴᠢᠳᠠᠨ᠎ᠠ᠃ | | ︵ᠲᠠᠪᠤ︶ | | ᠥᠭᠡᠷᠡᠴᠢᠯᠡᠯᠲᠡ ᠨᠡᠭᠡᠭᠡᠯᠲᠡ ᠪᠣᠯ ᠳᠤᠮᠳᠠᠳᠤ ᠤᠯᠤᠰ ᠳᠡᠯᠡᠬᠡᠢ ᠳ᠋ᠠᠬᠢᠨ ᠲᠠᠢ ᠬᠠᠮᠲᠤ ᠪᠠᠷ ᠬᠥᠭᠵᠢᠵᠦ | ᠳᠠᠪᠰᠢᠬᠰᠠᠨ ᠠᠭᠤᠤ ᠶᠡᠭᠡ ᠥᠩᠭᠡᠷᠡᠯᠲᠡ ᠮᠥᠨ᠃ ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠤᠯᠤᠰ | ᠭᠠᠳᠠᠭᠠᠳᠤ ᠨᠡᠭᠡᠭᠡᠯᠲᠡ ᠪᠠᠨ ᠳᠠᠰᠤᠷᠠᠯᠳᠠ ᠦᠭᠡᠢ ᠥᠷᠭᠡᠳᠬᠡᠭᠰᠡᠨ ᠨᠢ ᠥᠪᠡᠷ ᠢ ᠪᠠᠨ ᠬᠥᠭᠵᠢᠭᠦᠯᠦᠭᠰᠡᠨ ᠢᠶᠠᠷ ᠪᠠᠷᠠᠬᠤ | ᠦᠭᠡᠢ᠂ ᠪᠠᠰᠠ ᠳᠡᠯᠡᠬᠡᠢ ᠳ᠋ᠠᠬᠢᠨ ᠳᠤ ᠪᠤᠶᠠᠨ ᠦᠢᠯᠡᠳᠦᠭᠰᠡᠨ ᠶᠤᠮ︾ ᠭᠡᠵᠦ ᠵᠢᠭᠠᠵᠤ ᠭᠠᠷᠭᠠᠪᠠ᠃ | | ᠨᠢᠭᠡ ᠨᠠᠪᠴᠢ ᠪᠠᠷ ᠨᠣᠭᠤᠭᠠᠷᠠᠭᠤᠯᠤᠯᠲᠠ ᠶᠢ ᠬᠥᠭᠵᠢᠭᠦᠯᠵᠦ ᠠᠷᠠᠳ ᠢ ᠪᠠᠶᠠᠵᠢᠭᠤᠯᠤᠭᠰᠠᠨ — ᠯᠠᠤᠰ ᠤᠨ | ᠽᠠᠮᠪᠠᠰᠠᠺ ᠮᠤᠵᠢ ᠶᠢᠨ ᠪᠠᠺ ᠰᠤᠩ ᠰᠢᠶᠠᠨ ᠤ ᠬᠡᠭᠡᠷ᠎ᠡ ᠶᠢᠨ ᠡᠷᠲᠡᠨ ᠤ ᠴᠠᠢ ᠶᠢᠨ ᠮᠣᠳᠣ ᠨᠢᠭᠡ ᠦᠶ᠎ᠡ | ᠣᠭᠲᠣᠯᠣᠭᠳᠠᠬᠤ ᠬᠤᠪᠢ ᠵᠠᠶᠠᠭ᠎ᠠ ᠳᠤ ᠲᠤᠯᠭᠠᠷᠠᠵᠤ ᠪᠠᠶᠢᠪᠠ᠃ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ | ᠴᠤᠭᠯᠠᠭᠠᠨ ᠳᠤ ᠲᠦᠰᠢᠭᠯᠡᠨ᠂ ᠡᠷᠲᠡᠨ ᠤ ᠮᠣᠳᠣᠨ ᠴᠠᠢ ᠶᠢ ᠵᠢᠯ ᠳᠤᠮᠳᠠᠴᠢ ᠪᠠᠷ 20% ᠶᠢᠨ ᠨᠡᠮᠡᠭᠳᠡᠯ ᠤᠨ | ᠬᠤᠷᠳᠤᠴᠠ ᠪᠠᠷ ᠳᠤᠮᠳᠠᠳᠤ ᠤᠯᠤᠰ ᠲᠤ ᠭᠠᠷᠭᠠᠵᠤ᠂ ᠯᠠᠤᠰ ᠤᠨ ᠲᠤᠬᠠᠢ ᠶᠢᠨ ᠭᠠᠵᠠᠷ ᠤᠨ ᠠᠷᠠᠳ ᠣᠯᠠᠨ ᠢ | ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠪᠡ᠃ | | ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠨᠢ ᠳᠤᠮᠳᠠᠳᠤ ᠤᠯᠤᠰ ᠤᠨ ᠵᠠᠬ᠎ᠠ | ᠳᠡᠯᠭᠡᠭᠦᠷ ᠲᠤ ᠨᠡᠪᠲᠡᠷᠡᠬᠦ ︽ᠰᠢᠵᠢᠷ ᠠᠯᠳᠠᠨ ᠡᠭᠦᠳᠡ︾ ᠬᠡᠮᠡᠭᠳᠡᠪᠡ᠃ ᠣᠲᠣ ᠪᠤᠯᠲᠠᠯ᠎ᠠ ᠨᠢᠭᠡᠨᠲᠡ ᠵᠠᠯᠭᠠᠭ᠎ᠠ ᠪᠠᠷ | ᠵᠢᠷᠭᠤᠭᠠᠨ ᠬᠤᠭᠤᠴᠠᠭ᠎ᠠ ᠡᠷᠭᠢᠯᠡᠵᠦ᠂ 170 ᠭᠠᠷᠤᠢ ᠤᠯᠤᠰ ᠪᠠ ᠭᠠᠵᠠᠷ ᠣᠷᠣᠨ ᠠᠴᠠ ᠢᠷᠡᠭᠰᠡᠨ ᠠᠵᠤ | ᠠᠬᠤᠶᠢᠯᠠᠯ ᠦᠵᠡᠰᠭᠦᠯᠡᠩ ᠳᠤ ᠤᠷᠤᠯᠴᠠᠵᠦ᠂ ᠰᠠᠨᠠᠮᠵᠢ ᠶᠢᠨ ᠠᠷᠠᠯᠵᠢᠶ᠎ᠠ ᠪᠦᠲᠦᠭᠰᠡᠨ ᠲᠤᠭ᠎ᠠ ᠨᠡᠶᠢᠲᠡ 4200 | ᠳ᠋ᠦᠩᠰᠢᠭᠤᠷ ᠳ᠋ᠣᠯᠯᠠᠷ ᠢ ᠳᠠᠪᠠᠵᠠᠢ᠃ | | ᠳᠤᠮᠳᠠᠳᠤ ᠤᠯᠤᠰ ᠰᠠᠶᠢᠨ ᠪᠣᠯ ᠳᠡᠯᠡᠬᠡᠢ ᠳ᠋ᠠᠬᠢᠨ ᠰᠠᠶ᠋ᠢ ᠨᠠᠩ ᠰᠠᠶᠢᠨ ᠪᠣᠯᠣᠨ᠎ᠠ᠃ ᠰᠢᠨ᠎ᠡ ᠴᠠᠭ | ᠦᠶ᠎ᠡ ᠠᠴᠠ ᠨᠠᠭᠠᠰᠢ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ 30% ᠣᠷᠴᠢᠮ ᠤᠨ ᠵᠢᠯ ᠳᠤᠮᠳᠠᠴᠢ ᠶᠢᠨ | ᠬᠤᠪᠢ ᠨᠡᠮᠡᠷᠢ ᠦᠵᠡᠭᠦᠯᠭᠦ ᠨᠤᠷᠮ᠎ᠠ ᠪᠠᠷ ᠢᠶᠠᠨ ᠪᠦᠭᠦ ᠪᠥᠮᠪᠥᠷᠴᠡᠭ ᠤᠨ ᠨᠡᠮᠡᠭᠳᠡᠯ ᠤᠨ ᠬᠠᠮᠤᠭ ᠤᠨ ᠶᠡᠭᠡ ᠬᠥᠳᠡᠯᠭᠡᠭᠦᠷ | ᠪᠤᠯᠪᠠ︔ ᠰᠢᠨ᠎ᠡ ᠡᠨᠧᠷᠭᠢ ᠶᠢᠨ ᠮᠠᠰᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯᠴᠢ ᠴᠡᠨᠡᠭ ᠤᠨ ᠦᠢᠯᠡᠳᠬᠦᠨ ︽ | ᠭᠤᠷᠪᠠᠨ ᠰᠢᠨ᠎ᠡ ᠵᠦᠢᠯ︾ ᠤᠨ ᠭᠠᠳᠠᠭᠠᠳᠤ ᠭᠠᠷᠭᠠᠯᠲᠠ ᠲᠠᠰᠤᠷᠠᠯᠲᠠ ᠦᠭᠡᠢ ᠨᠡᠮᠡᠭᠳᠡᠵᠦ᠂ ᠪᠦᠭᠦ ᠪᠥᠮᠪᠥᠷᠴᠡᠭ ᠤᠨ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠭᠡᠯᠪᠡᠷᠢ ᠶᠢ | ᠬᠤᠪᠢᠷᠠᠭᠤᠯᠬᠤ ᠶᠢ ᠬᠦᠴᠦᠲᠡᠢ ᠠᠬᠢᠭᠤᠯᠵᠤ᠂ ᠳᠤᠮᠳᠠᠳᠤ ᠤᠯᠤᠰ ᠤᠨ ᠪᠣᠬᠢᠷᠳᠤᠯ ᠦᠭᠡᠢ ᠦᠢᠯᠡᠳᠪᠦᠷᠢᠯᠡᠯ ᠤᠨ | ᠴᠢᠳᠠᠪᠤᠷᠢ ᠨᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ | ᠬᠥᠭᠵᠢᠯᠲᠡ ᠶᠢᠨ ᠵᠥᠪᠯᠡᠬᠦ ᠵᠦᠢᠯ ᠢ ᠨᠠᠶᠢᠳᠠᠪᠤᠷᠢᠵᠢᠭᠤᠯᠬᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ | ᠶᠢᠷᠲᠢᠨᠴᠦ ᠶᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠪᠡ᠃ | | ᠣᠳᠣᠬᠠᠨ ᠤ ᠳᠡᠯᠡᠬᠡᠢ ᠶᠢᠷᠲᠢᠨᠴᠦ ᠳᠤ᠂ ᠬᠤᠪᠢᠰᠤᠯᠲᠠ ᠰᠢᠨᠡᠴᠢᠯᠡᠯᠲᠡ ᠶᠢᠨ ᠤᠷᠤᠰᠬᠠᠯ ᠳᠠᠪᠠᠯᠭᠠᠯᠠᠨ | ᠤᠷᠤᠭᠰᠢᠯᠠᠵᠤ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ | ᠬᠢᠭᠰᠡᠨ ᠨᠢ ᠳᠤᠮᠳᠠᠳᠤ ᠤᠯᠤᠰ ᠤᠨ ᠠᠷᠠᠳ ᠲᠦᠮᠡᠨ ᠤ ᠬᠥᠭᠵᠢᠯᠲᠡ ᠶᠢ ᠡᠷᠢᠯᠬᠢᠯᠡᠬᠦ᠂ ᠰᠢᠨ᠎ᠡ ᠶᠢ ᠡᠭᠦᠳᠬᠦ ᠶᠢ | ᠡᠷᠢᠯᠬᠢᠯᠡᠬᠦ᠂ ᠰᠠᠶᠢᠨ ᠰᠠᠶᠢᠬᠠᠨ ᠠᠮᠢᠳᠤᠷᠠᠯ ᠢ ᠬᠥᠭᠡᠭᠡᠴᠡᠯᠳᠦᠬᠦ ᠲᠡᠦᠬᠡ ᠶᠢᠨ ᠱᠠᠭᠠᠷᠳᠠᠯᠭ᠎ᠠ ᠳᠤ ᠵᠣᠬᠢᠴᠠᠵᠤ᠂ | ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠬᠥᠭᠵᠢᠯᠲᠡ ᠶᠢ ᠡᠷᠢᠯᠬᠢᠯᠡᠬᠦ᠂ ᠬᠠᠮᠲᠤᠷᠠᠯᠴᠠᠭ᠎ᠠ ᠶᠢ ᠡᠷᠢᠯᠬᠢᠯᠡᠬᠦ᠂ | ᠡᠩᠬᠡ ᠲᠠᠶᠢᠪᠤᠩ ᠠᠮᠢᠳᠤᠷᠠᠯ ᠢ ᠬᠥᠭᠡᠭᠡᠴᠡᠯᠳᠦᠬᠦ ᠴᠠᠭ ᠦᠶ᠎ᠡ ᠶᠢᠨ ᠤᠷᠤᠰᠬᠠᠯ ᠳᠤ ᠨᠡᠶᠢᠴᠡᠵᠡᠢ︾ ᠭᠡᠵᠦ | ᠴᠢᠬᠤᠯᠠᠴᠢᠯᠠᠪᠠ᠃ | | ︽ᠲᠡᠦᠬᠡ ᠶᠢᠨ ᠤᠷᠤᠭᠰᠢᠯᠠᠯᠲᠠ ᠶᠢᠨ ᠯᠣᠭᠢᠭ ᠳᠤᠮᠳᠠ ᠤᠷᠤᠭᠰᠢᠯᠠᠵᠤ᠂ ᠴᠠᠭ ᠦᠶ᠎ᠡ ᠶᠢᠨ | ᠬᠥᠭᠵᠢᠯᠲᠡ ᠶᠢᠨ ᠤᠷᠤᠰᠬᠠᠯ ᠳᠤᠮᠳᠠ ᠬᠥᠭᠵᠢᠨ᠎ᠡ︾ ᠂ ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ ᠶᠢ ᠡᠷᠡᠰ | ᠭᠤᠶᠢᠪᠢᠰᠢ ᠦᠭᠡᠢ ᠠᠬᠢᠭᠤᠯᠵᠤ᠂ ᠲᠠᠰᠤᠷᠠᠯᠳᠠ ᠦᠭᠡᠢ ᠥᠪᠡᠷ ᠤᠨ ᠰᠢᠨ᠎ᠡ ᠬᠥᠭᠵᠢᠯᠲᠡ ᠪᠠᠷ ᠢᠶᠠᠨ ᠳᠡᠯᠡᠬᠡᠢ ᠳᠤ | ᠰᠢᠨ᠎ᠡ ᠠᠵᠠ ᠲᠣᠭᠢᠶᠠᠯ ᠬᠠᠩᠭᠠᠵᠤ᠂ ᠰᠢᠨ᠎ᠡ ᠬᠤᠪᠢ ᠨᠡᠮᠡᠷᠢ ᠦᠵᠡᠭᠦᠯᠪᠡ᠃ | | ᠲᠡᠦᠬᠡ ᠶᠢᠨ ᠠᠬᠢᠴᠠ ᠬᠡᠳᠦᠢ ᠡᠷᠴᠢ ᠬᠦᠴᠦᠲᠡᠢ᠂ ᠰᠦᠷ ᠳᠠᠯᠠᠶᠢᠴᠠᠲᠠᠢ ᠪᠣᠯ ᠲᠡᠭᠦᠨ ᠤ ᠦᠵᠡᠭᠦᠯᠭᠦ | ᠨᠥᠯᠥᠭᠡ ᠨᠢ ᠲᠡᠳᠦᠢ ᠥᠷᠭᠡᠨ ᠳᠡᠯᠭᠡᠷ ᠪᠥᠭᠡᠳ ᠭᠦᠨ ᠭᠦᠨᠵᠡᠭᠡᠢ ᠪᠠᠶᠢᠳᠠᠭ᠃ | | ︽ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠲᠦᠷᠦ ᠶᠢ | ᠵᠠᠰᠠᠵᠤ ᠵᠠᠰᠠᠭ ᠢ ᠡᠷᠭᠢᠯᠡᠭᠦ ᠲᠠᠯ᠎ᠠ ᠪᠠᠷ ᠣᠯᠣᠭᠰᠠᠨ ᠠᠮᠵᠢᠯᠲᠠ ᠲᠠᠢ ᠲᠤᠷᠰᠢᠯᠭ᠎ᠠ ᠪᠣᠯᠣᠨ ᠳᠡᠯᠡᠬᠡᠢ ᠳ᠋ᠠᠬᠢᠨ ᠤ | ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠨᠢ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠲᠤ ᠠᠰᠢᠭᠲᠠᠢ | ᠲᠣᠯᠢᠯᠠᠯ ᠬᠠᠩᠭᠠᠵᠠᠢ︾ ᠂ ᠡᠨᠡ ᠵᠢᠯ ᠤᠨ 6 ᠰᠠᠷ᠎ᠠ ᠳᠤ᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠭᠢᠯᠡᠭᠦ | ᠲᠤᠬᠠᠢ ᠶᠠᠷᠢᠭᠰᠠᠨ ᠨᠢ︾ ᠭᠡᠬᠦ ᠨᠣᠮ ᠤᠨ ᠳᠤᠮᠳᠠᠳᠤ ᠲᠠᠵᠢᠺᠰᠲ᠋ᠠᠨ ᠤ ᠤᠩᠰᠢᠭᠴᠢᠳ ᠤᠨ ᠬᠤᠷᠠᠯ ᠲᠠᠵᠢᠺᠰᠲ᠋ᠠᠨ ᠤ | ᠨᠡᠶᠢᠰᠯᠡᠯ ᠳ᠋ᠦᠱᠠᠨᠪᠧ ᠳᠤ ᠠᠮᠵᠢᠯᠲᠠ ᠲᠠᠢ ᠶᠠᠪᠤᠭᠳᠠᠵᠤ᠂ ᠬᠤᠷᠠᠯ ᠳᠤ ᠣᠷᠣᠯᠴᠠᠭᠰᠠᠳ ᠳᠡᠭᠡᠷᠡᠬᠢ ᠮᠡᠲᠦ ᠢᠯᠡᠳᠬᠡᠵᠡᠢ | ᠃ | | ︽ᠶᠠᠭᠠᠬᠢᠭᠠᠳ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠷᠠᠽᠢᠯ ᠳᠤ ᠡᠶᠢᠮᠦ ᠴᠢᠬᠤᠯᠠ | ᠪᠠᠶᠢᠳᠠᠭ ᠪᠤᠶ︖ ᠤᠴᠢᠷ ᠨᠢ ᠳᠤᠮᠳᠠᠳᠤ ᠤᠯᠤᠰ ᠤᠨ ᠠᠮᠵᠢᠯᠲᠠ ᠲᠠᠢ ᠲᠤᠷᠰᠢᠯᠭ᠎ᠠ ᠨᠢ ᠪᠷᠠᠽᠢᠯ ᠳᠤ ᠠᠪᠴᠤ | ᠬᠡᠯᠡᠪᠡᠯ ᠲᠣᠯᠢ ᠪᠤᠯᠭᠠᠵᠤ ᠪᠣᠯᠣᠨ᠎ᠠ︾ ᠃ 2023 ᠣᠨ ᠤ 3 ᠰᠠᠷ᠎ᠠ ᠳᠤ᠂ ᠪᠷᠠᠽᠢᠯ ᠳᠤ ᠶᠠᠪᠤᠭᠳᠠᠭᠰᠠᠨ ︽ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯᠣᠨ ᠳᠡᠯᠡᠬᠡᠢ ᠶᠢᠨ ᠰᠢᠨ᠎ᠡ ᠠᠵᠠ ᠲᠣᠭᠢᠶᠠᠯ︾ ᠭᠡᠬᠦ | ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠪᠷᠠᠽᠢᠯ ᠤᠨ ᠶᠡᠷᠦᠩᠬᠡᠶᠢᠯᠡᠭᠴᠢ ᠶᠢᠨ ᠣᠷᠳᠣᠨ ᠤ ᠪᠠᠶᠢᠭᠤᠯᠤᠮᠵᠢ ᠶᠢᠨ | ᠬᠠᠷᠢᠯᠴᠠᠭᠠᠨ ᠤ ᠶᠠᠮᠤᠨ ᠤ ᠲᠦᠷᠦ ᠶᠢᠨ ᠶᠠᠪᠤᠳᠠᠯ ᠤᠨ ᠨᠠᠷᠢᠨ ᠪᠢᠴᠢᠭᠡᠴᠢ ᠫᠤᠶᠢᠯᠦ᠋ᠢᠯᠠ ᠢᠩᠭᠢᠵᠦ ᠳ᠋ᠦᠩᠨᠡᠨ ᠬᠡᠯᠡᠪᠡ᠃ | | | ᠠᠩᠭ᠍ᠯᠢ ᠶᠢᠨ ᠺᠠᠮᠪᠷᠢᠵ ᠶᠡᠭᠡ ᠰᠤᠷᠭᠠᠭᠤᠯᠢ ᠶᠢᠨ ᠫᠷᠣᠹᠧᠰᠰᠣᠷ ᠮᠠᠷᠲ᠋ᠢᠨ· ᠶᠠᠺᠧ᠄ ︽ᠳᠤᠮᠳᠠᠳᠤ | ᠤᠯᠤᠰ ᠤᠨ ᠥᠭᠡᠷᠡᠴᠢᠯᠡᠯᠲᠡ ᠨᠢ ᠤᠳᠤ ᠦᠶ᠎ᠡ ᠶᠢᠨ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠬᠠᠮᠤᠭ ᠤᠨ | ᠠᠭᠤᠤ ᠶᠡᠭᠡ ᠠᠵᠤ ᠠᠬᠤᠢ ᠶᠢᠨ ᠭᠡᠯᠪᠡᠷᠢ ᠶᠢᠨ ᠬᠤᠪᠢᠷᠠᠭᠤᠯᠤᠯᠲᠠ ᠶᠢ ᠪᠦᠲᠦᠭᠡᠵᠦ᠂ ᠴᠢᠨᠠᠭᠰᠢᠯᠠᠪᠠᠯ ᠤᠳᠤ | ᠪᠤᠯᠲᠠᠯᠠᠭᠢ ᠪᠦᠭᠦ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠬᠠᠮᠤᠭ ᠤᠨ ᠠᠭᠤᠤ ᠶᠡᠭᠡ ᠠᠵᠤ ᠠᠬᠤᠢ ᠶᠢᠨ | ᠭᠡᠯᠪᠡᠷᠢ ᠶᠢᠨ ᠬᠤᠪᠢᠷᠠᠭᠤᠯᠤᠯᠲᠠ ᠭᠡᠵᠦ ᠪᠣᠯᠣᠨ᠎ᠠ︾ ᠭᠡᠵᠦ ᠦᠵᠡᠪᠡ᠃ | | ᠥᠨᠥᠳᠥᠷ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠨᠤᠯ ᠪᠣᠯᠣᠨ ᠦᠢᠯᠡᠳᠦᠯᠭᠡ ᠨᠢ | ᠣᠳᠣᠬᠢᠴᠢᠯᠠᠯᠲᠠ ᠪᠣᠯ ᠳᠠᠷᠤᠢ ᠥᠷᠥᠨᠡᠳᠠᠬᠢᠨᠴᠢᠯᠠᠬᠤ ᠭᠡᠰᠡᠨ ᠲᠥᠭᠡᠷᠢᠭᠳᠡᠯ ᠢ ᠡᠪᠳᠡᠵᠦ᠂ ᠬᠥᠮᠥᠨ ᠲᠥᠷᠥᠯᠬᠢᠲᠡᠨ ᠤ | ᠣᠳᠣᠬᠢᠴᠢᠯᠠᠯᠲᠠ ᠲᠡᠶᠢᠰᠢ ᠤᠷᠤᠭᠰᠢᠯᠠᠬᠤ ᠰᠢᠨ᠎ᠡ ᠵᠠᠮ ᠢ ᠨᠡᠭᠡᠭᠡᠭᠰᠡᠨ ᠪᠠᠶᠢᠨ᠎ᠠ︔ ᠳᠤᠮᠳᠠᠳᠤ ᠤᠯᠤᠰ ᠤᠨ ᠤᠷᠢᠳ | ᠡᠮᠦᠨ᠎ᠡ ᠪᠠᠶᠢᠭ᠎ᠠ ᠦᠭᠡᠢ ᠡᠭᠦᠳᠦᠯᠲᠡ ᠨᠢ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠠᠯᠢ ᠤᠯᠠᠨ | ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠶᠢ ᠡᠭᠦᠳᠴᠡᠢ᠃ | | | ︽ᠭᠡᠭᠡᠨ ᠰᠠᠷᠠᠭᠤᠯ ᠵᠠᠮ︾ ᠂ ︽ᠰᠢᠳᠤᠷᠭᠤ ᠶᠣᠰᠣᠨ ᠤ ᠵᠠᠮ︾ ᠂ ᠳᠤᠮᠳᠠᠳᠤ ᠤᠯᠤᠰ ᠥᠭᠡᠷᠡᠴᠢᠯᠡᠯᠲᠡ | ᠨᠡᠭᠡᠭᠡᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ | ᠨᠡᠶᠢᠭᠡᠮ ᠤᠨ ᠪᠠᠶᠢᠭᠤᠯᠤᠯ ᠢ ᠬᠠᠶᠢᠨ ᠰᠦᠪᠡᠭᠴᠢᠯᠡᠬᠦ ᠳᠤ ᠳᠤᠮᠳᠠᠳᠤ ᠤᠯᠤᠰ ᠤᠨ ᠲᠥᠰᠥᠯ ᠢ ᠬᠠᠩᠭᠠᠪᠠ᠃ | | 2023 ᠣᠨ ᠤ 10 ᠰᠠᠷ᠎ᠠ ᠶᠢᠨ 17 ᠤ ᠡᠳᠦᠷ᠂ ᠳᠤᠮᠳᠠᠳᠤ ᠢᠨᠳᠤᠨᠧᠰᠢᠶ᠎ᠠ ᠶᠢᠨ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠬᠤᠰᠢᠭᠤᠴᠢ ᠲᠥᠷᠥᠯ ᠵᠦᠢᠯ — ᠵᠠᠺᠠᠷᠲ᠋ᠠ | ᠪᠠᠨᠳᠦ᠋ᠩ ᠤᠨ ᠲᠦᠷᠭᠡᠨ ᠤ ᠲᠡᠮᠦᠷ ᠵᠠᠮ ᠵᠢᠩᠬᠢᠨᠢ ᠪᠠᠷ ᠨᠡᠪᠲᠡᠷᠡᠪᠡ᠃ ᠨᠢᠭᠡᠨ ᠳᠤᠮᠳᠠᠳᠤ ᠢᠨᠳᠤᠨᠧᠰᠢᠶ᠎ᠠ ᠶᠢᠨ ᠬᠤᠣᠰ | ᠬᠡᠯᠡᠨ ᠤ ᠳᠠᠭᠤᠤ ᠨᠢ ᠲᠤᠬᠠᠢ ᠶᠢᠨ ᠭᠠᠵᠠᠷ ᠤᠨ ᠠᠷᠠᠳ ᠤᠯᠠᠨ ᠤ ᠰᠡᠳᠬᠢᠯ ᠤᠨ ᠳᠠᠭᠤᠨ ᠢ ᠬᠠᠩᠭᠢᠨᠠᠭᠤᠯᠪᠠ᠄ ︽ | ᠭᠠᠷ ᠭᠠᠷ ᠢᠶᠠᠨ ᠬᠤᠯᠪᠣᠯᠴᠠᠨ᠂ ᠮᠥᠷᠥ ᠵᠡᠷᠭᠡᠴᠡᠵᠦ᠂ ᠪᠢᠳᠡ ᠪᠦᠯᠬᠦᠮᠳᠡᠳᠡᠭ ᠯᠡ ᠶᠤᠮ ᠪᠣᠯ᠂ ᠪᠣᠯᠣᠯᠴᠠᠭ᠎ᠠ ᠦᠭᠡᠢ | ᠶᠠᠪᠤᠳᠠᠯ ᠭᠡᠵᠦ ᠦᠭᠡᠢ︾ ᠃ | | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠳᠤᠮᠳᠠᠳᠤ ᠤᠯᠤᠰ ᠠᠴᠠ | ᠢᠷᠡᠯᠲᠡ ᠲᠠᠢ᠂ ᠦᠷ᠎ᠡ ᠪᠦᠲᠦᠭᠡᠯ ᠪᠠ ᠠᠵᠠ ᠲᠣᠭᠢᠶᠠᠯ ᠨᠢ ᠳᠡᠯᠡᠬᠡᠢ ᠳ᠋ᠠᠬᠢᠨ ᠳᠤ ᠬᠠᠷᠢᠶᠠᠯᠠᠭᠳᠠᠨ᠎ᠠ᠃ ᠡᠨᠡ ᠬᠦ | ᠲᠠᠪᠴᠠᠩ ᠳᠤ ᠲᠦᠰᠢᠭᠯᠡᠨ᠂ ᠰᠧᠷᠪᠢᠶ᠎ᠠ ᠶᠢᠨ ᠰᠧᠮᠧᠳᠧᠷᠣ᠋ ᠪᠣᠯᠣᠳ ᠲᠡᠮᠦᠷ ᠤᠨ ᠦᠢᠯᠡᠳᠪᠦᠷᠢ ᠳᠠᠭᠢᠨ ᠠᠮᠢᠯᠠᠵᠤ᠂ | ᠵᠡᠭᠦᠨ ᠬᠡᠰᠡᠭ ᠤᠨ ᠠᠹᠷᠢᠺᠠ ᠲᠢᠪ ᠲᠤ ᠠᠩᠬᠠᠳᠠᠭᠴᠢ ᠲᠦᠷᠭᠡᠨ ᠤ ᠵᠠᠰᠠᠮᠠᠯ ᠵᠠᠮ ᠲᠠᠢ ᠪᠣᠯᠪᠠ᠃ | | ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠨᠢ ᠡᠯ᠎ᠡ ᠤᠯᠤᠰ ᠤᠨ ᠶᠠᠪᠤᠯᠴᠠᠭᠠᠨ ᠤ ᠰᠢᠨ᠎ᠡ | ᠠᠷᠭ᠎ᠠ ᠵᠠᠮ ᠢ ᠨᠡᠭᠡᠭᠡᠵᠦ᠂ ᠤᠯᠠᠨ ᠤᠯᠤᠰ ᠤᠨ ᠬᠠᠮᠲᠤᠷᠠᠯᠴᠠᠭᠠᠨ ᠤ ᠰᠢᠨ᠎ᠡ ᠪᠣᠷᠣ ᠲᠥᠯᠥᠪ ᠢ ᠪᠠᠶᠢᠭᠤᠯᠵᠤ᠂ | ᠬᠥᠮᠥᠨ ᠲᠥᠷᠥᠯᠬᠢᠲᠡᠨ ᠤ ᠬᠠᠮᠲᠤ ᠶᠢᠨ ᠬᠥᠭᠵᠢᠯᠲᠡ ᠶᠢᠨ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ | ᠲᠥᠪᠯᠡᠷᠡᠭᠦᠯᠵᠦ ᠪᠠᠶᠢᠨ᠎ᠠ᠃ ᠲᠥᠰᠥᠭᠡᠯᠡᠨ ᠪᠤᠳᠤᠬᠰᠠᠨ ᠢᠶᠠᠷ᠂ 2030 ᠣᠨ ᠪᠤᠯᠬᠤ ᠳᠤ᠂ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠣᠷᠣᠨ ᠤ 760 | ᠲᠦᠮᠡᠨ ᠬᠥᠮᠥᠨ ᠢ ᠲᠦᠢᠯ ᠤᠨ ᠶᠠᠳᠠᠭᠤ ᠬᠦᠴᠢᠷᠳᠡᠯ ᠠᠴᠠ ᠠᠩᠭᠢᠵᠢᠷᠠᠭᠤᠯᠵᠤ᠂ 3200 ᠲᠦᠮᠡᠨ ᠬᠥᠮᠥᠨ ᠢ | ᠳᠤᠮᠳᠠ ᠵᠡᠷᠭᠡ ᠶᠢᠨ ᠶᠠᠳᠠᠭᠤ ᠬᠦᠴᠢᠷᠳᠡᠯ ᠠᠴᠠ ᠠᠩᠭᠢᠵᠢᠷᠠᠭᠤᠯᠵᠤ᠂ ᠵᠢᠯ ᠪᠦᠷᠢ ᠪᠦᠭᠦ ᠪᠥᠮᠪᠥᠷᠴᠡᠭ ᠲᠤ 1.6 | ᠲᠦᠮᠡᠨ ᠳ᠋ᠦᠩᠰᠢᠭᠤᠷ ᠳ᠋ᠣᠯᠯᠠᠷ ᠤᠨ ᠠᠰᠢᠭ ᠣᠷᠣᠯᠭ᠎ᠠ ᠣᠯᠭᠤᠬᠤ ᠪᠣᠯᠣᠮᠵᠢ ᠲᠠᠢ ᠪᠣᠯᠵᠠᠢ᠃ | | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠠᠴᠠ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ | ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠭᠦᠷᠲᠡᠯ᠎ᠡ ᠁ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠴᠠᠭ ᠦᠶ᠎ᠡ ᠶᠢᠨ ᠤᠷᠤᠭᠰᠢᠯᠠᠯᠲᠠ ᠶᠢ ᠬᠥᠲᠥᠯᠥᠨ | ᠳᠠᠭᠠᠭᠤᠯᠬᠤ ᠭᠡᠷᠡᠯ ᠰᠠᠴᠤᠷᠠᠩᠭᠤᠢ ᠲᠤᠭ ᠲᠡᠮᠳᠡᠭ ᠪᠣᠯᠵᠤ᠂ ᠳᠡᠯᠡᠬᠡᠢ ᠳ᠋ᠠᠬᠢᠨ ᠤ ᠡᠩᠬᠡ ᠲᠠᠶᠢᠪᠤᠩ᠂ ᠠᠮᠤᠷ | ᠲᠦᠪᠰᠢᠨ᠂ ᠬᠥᠭᠵᠢᠯ ᠴᠡᠴᠡᠭᠯᠡᠯ᠂ ᠳᠠᠪᠰᠢᠯᠳᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠶᠢ | ᠬᠦᠴᠦᠲᠡᠢ ᠠᠬᠢᠭᠤᠯᠪᠠ᠃ | | ︽ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠳᠠ ᠶᠢᠨ | ᠲᠠᠯ᠎ᠠ ᠳᠤ ᠵᠣᠭᠰᠣᠨ᠎ᠠ︾ ᠂ ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ | ᠠᠬᠢᠭᠤᠯᠵᠤ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠬᠤ ᠶᠢ ᠰᠠᠨᠠᠭᠠᠴᠢᠯᠠᠵᠤ᠂ ᠭᠠᠷ | ᠬᠤᠯᠪᠣᠯᠴᠠᠨ ᠳᠡᠯᠡᠬᠡᠢ ᠳ᠋ᠠᠬᠢᠨ ᠤ ᠰᠠᠷᠠᠭᠤᠯ ᠳᠠᠷᠳᠠᠩ ᠵᠠᠮ ᠢᠶᠠᠷ ᠬᠠᠮᠲᠤ ᠪᠠᠷ ᠵᠠᠮᠨᠠᠨ᠎ᠠ᠃ | | ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠵᠦ᠂ ᠳᠤᠮᠳᠠᠳᠤ ᠶᠢᠨ ᠦᠨᠳᠦᠰᠦᠲᠡᠨ ᠤ | ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ᠂ ᠮᠥᠨ ᠴᠦ ᠬᠥᠮᠥᠨ ᠲᠥᠷᠥᠯᠬᠢᠲᠡᠨ ᠤ ᠲᠠᠪᠰᠢᠯᠳᠠ ᠶᠢ | ᠪᠡᠶᠡᠯᠡᠭᠦᠯᠬᠦ᠂ ᠳᠡᠯᠡᠬᠡᠢ ᠳ᠋ᠠᠬᠢᠨ ᠤ ᠡᠪ ᠨᠢᠭᠡᠳᠦᠯ ᠢ ᠪᠡᠶᠡᠯᠡᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ | ᠨᠠᠮ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠲᠡᠮᠡᠴᠡᠯ ᠢᠶᠠᠷ ᠳᠡᠯᠡᠬᠡᠢ ᠶᠢᠨ ᠬᠥᠭᠵᠢᠯᠲᠡ ᠶᠢᠨ ᠬᠠᠨᠳᠤᠰᠢ ᠪᠠ | ᠪᠠᠶᠢᠷᠢᠰᠢᠯ ᠢ ᠭᠦᠨᠵᠡᠭᠡᠢ ᠬᠤᠪᠢᠷᠠᠭᠤᠯᠪᠠ᠃ ᠡᠨᠡ ᠪᠣᠯ ᠶᠠᠭ ᠡᠭᠦᠰᠴᠦ ᠪᠠᠶᠢᠭ᠎ᠠ ᠲᠡᠦᠬᠡ ᠮᠥᠨ᠂ ᠡᠨᠡ ᠪᠣᠯ ᠠᠯᠤᠰ | ᠭᠡᠳᠦ ᠶᠢᠨ ᠨᠥᠯᠥᠭᠡ ᠪᠦᠬᠦᠢ ᠬᠤᠪᠢᠰᠤᠯᠲᠠ ᠮᠥᠨ᠃ | | ︵ᠵᠢᠷᠭᠤᠭ᠎ᠠ︶ | | ᠥᠭᠡᠷᠡᠴᠢᠯᠡᠯᠲᠡ ᠪᠣᠯ ᠤᠯᠤᠰ ᠤᠨ ᠬᠥᠭᠵᠢᠯᠲᠡ ᠶᠢ ᠠᠬᠢᠭᠤᠯᠬᠤ ᠦᠨᠳᠦᠰᠦᠨ ᠬᠥᠳᠡᠯᠭᠡᠬᠦ ᠬᠦᠴᠦᠨ ᠮᠥᠨ᠃ | ᠶᠡᠷᠦᠩᠬᠡᠢ ᠱᠦᠵᠢ ᠰᠢ ᠶᠢᠨ ᠫᠢᠩ᠄ ︽ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠦᠯᠵᠢᠯᠡᠨ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ︾ ᠭᠡᠵᠦ ᠴᠢᠬᠤᠯᠠᠴᠢᠯᠠᠪᠠ᠃ | | ᠡᠮᠦᠨᠡᠲᠦ ᠲᠠᠩᠭᠢᠰ ᠤᠨ ᠬᠥᠪᠡᠭᠡᠨ ᠳᠤ᠂ ᠥᠭᠡᠷᠡᠴᠢᠯᠡᠯᠲᠡ ᠢᠳᠡ ᠭᠦᠭ ᠲᠠᠢ ᠥᠷᠨᠢᠨ᠎ᠡ᠃ ᠡᠨᠡ ᠵᠢᠯ ᠤᠨ | 3 ᠰᠠᠷ᠎ᠠ ᠶᠢᠨ 1 ᠠᠴᠠ ᠡᠬᠢᠯᠡᠨ ᠾᠧᠩᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ | ᠣᠷᠣᠨ ᠵᠢᠩᠬᠢᠨᠢ ᠪᠠᠷ ᠪᠣᠭᠤᠮᠲᠠ ᠪᠠᠨ ᠨᠡᠭᠡᠭᠡᠵᠦ ᠠᠵᠢᠯ ᠢᠶᠠᠨ ᠡᠬᠢᠯᠡᠭᠦᠯᠪᠡ᠃ 2015 ᠣᠨ ᠳᠤ ᠳᠤᠮᠳᠠᠳᠤ ᠤᠯᠤᠰ | ︵ᠭᠤᠸᠠᠩᠳᠦ᠋ᠩ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠵᠦᠬᠠᠢ ᠶᠢᠨ ᠾᠧᠩᠴᠢᠨ ᠰᠢᠨ᠎ᠡ | ᠲᠣᠭᠤᠷᠢᠭ ᠤᠨ ᠬᠡᠰᠡᠭ ᠲᠣᠭᠤᠷᠢᠭ ᠢ ᠵᠢᠩᠬᠢᠨᠢ ᠪᠠᠷ ᠡᠬᠢᠯᠡᠭᠦᠯᠦᠭᠰᠡᠨ ᠠᠴᠠ 2021 ᠣᠨ ᠳᠤ ︽ᠾᠧᠩᠴᠢᠨ ᠳᠠᠬᠢ | ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ | ᠲᠥᠰᠥᠯ︾ ᠢ ᠨᠡᠶᠢᠲᠡᠯᠡᠭᠰᠡᠨ ᠭᠦᠷᠲᠡᠯ᠎ᠡ᠂ ᠳᠠᠭᠢᠭᠠᠳ ᠳᠦᠷᠢᠮ ᠤᠨ ᠵᠣᠯᠭᠠᠯᠴᠠᠭ᠎ᠠ᠂ ᠲᠣᠭᠲᠠᠴᠠ ᠶᠢᠨ | ᠵᠣᠯᠭᠠᠯᠴᠠᠭ᠎ᠠ ᠶᠢ ᠭᠦᠨᠵᠡᠭᠡᠢ ᠠᠬᠢᠭᠤᠯᠤᠭᠰᠠᠨ ᠭᠦᠷᠲᠡᠯ᠎ᠡ᠂ ᠾᠧᠩᠴᠢᠨ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ | ᠲᠠᠯ᠎ᠠ ᠪᠠᠷ ︽ᠲᠦᠷᠭᠡᠨ ᠠᠬᠢᠭᠤᠯᠬᠤ ᠳᠠᠷᠤᠪᠴᠢ︾ ᠶᠢ ᠳᠠᠷᠤᠭᠰᠠᠨ ᠪᠠᠶᠢᠨ᠎ᠠ᠃ ᠡᠭᠦᠨ ᠤ ᠳᠤᠮᠳᠠ ᠠᠴᠠ᠂ ︽ | ᠦᠢᠯᠡᠳᠦᠯᠭᠡ ᠶᠢᠨ ᠬᠥᠭᠵᠢᠯᠲᠡ ᠥᠨᠢᠳᠡ ᠬᠢᠵᠠᠭᠠᠷ ᠦᠭᠡᠢ᠂ ᠦᠵᠡᠯ ᠰᠠᠨᠠᠭ᠎ᠠ ᠪᠠᠨ ᠴᠢᠯᠦᠭᠡᠯᠡᠬᠦ ᠶᠠᠪᠤᠳᠠᠯ ᠥᠨᠢᠳᠡ | ᠬᠢᠵᠠᠭᠠᠷ ᠦᠭᠡᠢ᠂ ᠥᠭᠡᠷᠡᠴᠢᠯᠡᠯᠲᠡ ᠨᠡᠭᠡᠭᠡᠯᠲᠡ ᠴᠦ ᠥᠨᠢᠳᠡ ᠬᠢᠵᠠᠭᠠᠷ ᠦᠭᠡᠢ︾ ᠭᠡᠳᠡᠭ ᠢ ᠣᠶᠢᠯᠠᠭᠠᠵᠤ ᠪᠣᠯᠣᠨ᠎ᠠ | ᠃ | | ᠤᠳᠤ ᠦᠶ᠎ᠡ ᠶᠢᠨ ᠳᠤᠮᠳᠠᠳᠤ ᠤᠯᠤᠰ ᠶᠠᠭ ᠲᠡᠦᠬᠡᠨ ᠳᠡᠭᠡᠷᠡᠬᠢ ᠬᠠᠮᠤᠭ ᠤᠨ ᠥᠷᠭᠡᠨ ᠳᠡᠯᠭᠡᠷ ᠪᠥᠭᠡᠳ | ᠭᠦᠨ ᠭᠦᠨᠵᠡᠭᠡᠢ ᠨᠡᠶᠢᠭᠡᠮ ᠤᠨ ᠬᠤᠪᠢᠰᠤᠯᠲᠠ ᠶᠢ ᠥᠩᠭᠡᠷᠡᠭᠡᠵᠦ᠂ ᠶᠠᠭ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠭᠡᠬᠦ ᠡᠨᠡ ᠬᠦ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠲᠦᠢᠯ ᠤᠨ ᠠᠤᠭ᠎ᠠ ᠶᠡᠭᠡ ᠪᠥᠭᠡᠳ | ᠥᠪᠡᠷᠮᠢᠴᠡ ᠦᠢᠯᠡᠳᠦᠯᠭᠡ ᠶᠢᠨ ᠰᠢᠨ᠎ᠡ ᠡᠭᠦᠳᠦᠯᠲᠡ ᠶᠢ ᠠᠬᠢᠭᠤᠯᠵᠤ ᠪᠠᠶᠢᠨ᠎ᠠ᠃ ᠥᠭᠡᠷᠡᠴᠢᠯᠡᠯᠲᠡ ᠨᠡᠭᠡᠭᠡᠯᠲᠡ ᠬᠢᠬᠦ | ᠡᠨᠡ ᠬᠦ ᠴᠢᠬᠤᠯᠠ ᠡᠷᠳᠡᠨᠢ ᠪᠠᠷ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ | ᠤᠷᠤᠭᠰᠢᠯᠠᠯᠲᠠ ᠶᠢᠨ ᠵᠠᠮ ᠳᠡᠭᠡᠷᠡᠬᠢ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠪᠠᠯ ᠰᠠᠶ᠋ᠢ ᠠᠵᠢᠯ | ᠦᠢᠯᠡᠰ ᠤᠨ ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠵᠦ ᠴᠢᠳᠠᠨ᠎ᠠ᠃ | | ︽ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠢ ᠬᠠᠷᠠᠯᠲᠠ ᠪᠣᠯ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ | ᠬᠥᠭᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠬᠤ ᠪᠣᠯᠣᠨ᠎ᠠ︾ ᠂ ︽ᠦᠵᠡᠯ ᠰᠠᠨᠠᠭ᠎ᠠ ᠪᠠᠨ ᠴᠢᠨᠠᠭᠰᠢᠳᠠ ᠴᠢᠯᠦᠭᠡᠯᠡᠵᠦ᠂ ᠨᠡᠶᠢᠭᠡᠮ ᠤᠨ | ᠦᠢᠯᠡᠳᠪᠦᠷᠢᠯᠡᠯ ᠤᠨ ᠬᠦᠴᠦᠨ ᠢ ᠴᠢᠯᠦᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠴᠢᠯᠦᠭᠡᠯᠡᠨ | ᠴᠢᠩᠭᠠᠳᠬᠠᠬᠤ ᠪᠣᠯᠣᠨ᠎ᠠ︾ ᠂ ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠭᠦᠷᠲᠡᠯ᠎ᠡ᠂ ᠶᠡᠷᠦᠩᠬᠡᠢ ᠬᠠᠷᠠᠯᠲᠠ ᠢᠮᠠᠭᠲᠠ ᠲᠤᠭᠤᠰᠢᠯᠠᠭᠳᠠᠵᠤ᠂ | ᠦᠢᠯᠡᠳᠦᠯᠭᠡ ᠶᠢᠨ ᠱᠠᠭᠠᠷᠳᠠᠯᠭ᠎ᠠ ᠤᠳᠤᠮ ᠤᠯᠠᠮᠵᠢᠯᠠᠯ ᠨᠢᠭᠡᠲᠡᠢ ᠪᠣᠯᠪᠠ᠃ | | ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ | ᠬᠥᠭᠵᠢᠯᠲᠡ ᠯᠤᠲᠤ ᠶᠡᠭᠡ ᠠᠮᠵᠢᠯᠲᠠ ᠣᠯᠣᠭᠰᠠᠨ ᠤ ᠰᠢᠯᠲᠠᠭᠠᠨ ᠨᠢ ᠳᠠᠷᠤᠢ ᠪᠢᠳᠡ ᠦᠢᠯᠡᠳᠪᠦᠷᠢᠯᠡᠯ ᠤᠨ | ᠬᠠᠷᠢᠴᠠᠭ᠎ᠠ ᠶᠢ ᠲᠠᠰᠤᠷᠠᠯᠳᠠ ᠦᠭᠡᠢ ᠲᠣᠬᠢᠷᠠᠭᠤᠯᠬᠤ ᠪᠠᠷ ᠳᠠᠮᠵᠢᠨ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠤ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠳᠡᠭᠡᠳᠦ ᠳᠠᠪᠬᠤᠷᠭ᠎ᠠ ᠶᠢ ᠲᠠᠰᠤᠷᠠᠯᠳᠠ ᠦᠭᠡᠢ | ᠲᠡᠭᠦᠯᠳᠡᠷᠵᠢᠭᠦᠯᠬᠦ ᠪᠠᠷ ᠳᠠᠮᠵᠢᠨ ᠠᠵᠤ ᠠᠬᠤᠢ ᠶᠢᠨ ᠰᠠᠭᠤᠷᠢ ᠶᠢᠨ ᠬᠥᠭᠵᠢᠯᠲᠡ ᠶᠢᠨ ᠱᠠᠭᠠᠷᠳᠠᠯᠭ᠎ᠠ ᠳᠤ | ᠵᠣᠬᠢᠴᠠᠭᠤᠯᠤᠭᠰᠠᠨ ᠳᠤ ᠪᠤᠢ᠃ ᠰᠢᠨ᠎ᠡ ᠠᠶᠠᠨ ᠳᠤ᠂ ᠶᠡᠷᠦᠩᠬᠡᠢ ᠬᠠᠷᠠᠯᠲᠠ ᠶᠢ ᠲᠣᠭᠲᠠᠭᠠᠵᠤ᠂ ᠦᠢᠯᠡᠳᠦᠯᠭᠡ ᠶᠢᠨ | ᠱᠠᠭᠠᠷᠳᠠᠯᠭ᠎ᠠ ᠶᠢ ᠪᠠᠲᠤ ᠡᠵᠡᠮᠳᠡᠵᠦ᠂ ᠥᠭᠡᠷᠡᠴᠢᠯᠡᠯᠲᠡ ᠶᠢᠨ ︽ᠦᠢᠯᠡᠳᠦᠯᠭᠡ ᠶᠢᠨ ᠦᠷᠭᠦᠯᠵᠢᠯᠡᠯ ᠬᠠᠭᠤᠳᠠᠰᠤ︾ | ᠶᠢ ᠰᠠᠶᠢᠲᠤᠷ ᠪᠢᠴᠢᠭᠯᠡᠪᠡᠯ᠂ ᠯᠠᠪᠲᠠᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠪᠠᠶᠢᠭᠤᠯᠤᠯ ᠤᠨ ᠳᠠᠪᠠᠭᠤᠯᠢᠭ ᠢ ᠲᠠᠰᠤᠷᠠᠯᠲᠠ ᠦᠭᠡᠢ ᠢᠯᠡᠷᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ | ᠴᠢᠩᠭᠠᠳᠬᠠᠵᠤ ᠴᠢᠳᠠᠨ᠎ᠠ᠃ | | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠰᠢᠨ᠎ᠡ ᠠᠶᠠᠨ ᠳᠠᠬᠢ ᠪᠦᠭᠦ | ᠨᠠᠮ ᠪᠦᠭᠦ ᠤᠯᠤᠰ ᠤᠨ ᠠᠷᠠᠳ ᠲᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠲᠤᠭ | ᠮᠥᠨ᠃ ᠶᠡᠷᠦ ᠠᠴᠠ ᠭᠠᠷᠴᠤ ᠥᠩᠭᠡᠷᠡᠭᠰᠡᠨ ᠦᠭᠡᠢ ᠶᠡᠭᠡ ᠬᠡᠮᠵᠢᠶᠡᠨ ᠤ ᠴᠣ ᠰᠢᠨ᠎ᠡ ᠰᠡᠳᠦᠪ ᠤᠨ ᠡᠮᠦᠨ᠎ᠡ᠂ ᠪᠢᠳᠡ | ᠦᠢᠯᠡᠳᠦᠯᠭᠡ ᠶᠢᠨ ᠳᠤᠮᠳᠠ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠰᠢᠨ᠎ᠡ ᠵᠥᠷᠢᠴᠡᠯ ᠰᠢᠨ᠎ᠡ ᠠᠰᠠᠭᠤᠳᠠᠯ ᠢ | ᠪᠦᠲᠦᠮᠵᠢᠲᠡᠢ ᠰᠢᠢᠳᠪᠦᠷᠢᠯᠡᠬᠦ ᠰᠡᠳᠬᠢᠴᠡ ᠪᠠ ᠠᠷᠭ᠎ᠠ ᠶᠢ ᠡᠷᠢᠯᠬᠢᠯᠡᠬᠦ ᠴᠢᠬᠤᠯᠠᠲᠠᠢ ᠪᠠᠶᠢᠨ᠎ᠠ᠃ ᠭᠠᠭᠴᠠ ᠬᠦ | ᠠᠰᠠᠭᠤᠳᠠᠯ ᠳᠤ ᠴᠢᠭᠯᠡᠭᠦᠯᠦᠨ᠂ ᠠᠰᠠᠭᠤᠳᠠᠯ ᠢ ᠠᠩᠬᠠᠷᠤᠨ ᠥᠭᠡᠷᠡᠴᠢᠯᠡᠪᠡᠯ ᠰᠠᠶ᠋ᠢ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠬᠠᠷᠰᠢᠯᠠᠵᠤ ᠪᠠᠶᠢᠭ᠎ᠠ ᠦᠵᠡᠯ ᠰᠠᠨᠠᠭ᠎ᠠ ᠣᠶᠢᠯᠠᠭᠠᠭᠳᠠᠬᠤᠨ ᠪᠠ | ᠪᠠᠶᠢᠭᠤᠯᠤᠮᠵᠢ ᠲᠣᠭᠲᠠᠴᠠ ᠶᠢᠨ ᠭᠡᠮ ᠳᠤᠲᠠᠭᠳᠠᠯ ᠢ ᠠᠷᠢᠯᠭᠠᠵᠤ ᠴᠢᠳᠠᠨ᠎ᠠ᠃ | | ᠬᠥᠭᠵᠢᠯᠲᠡ ᠠᠴᠠ ᠰᠡᠳᠦᠪ ᠭᠠᠷᠭᠠᠵᠤ᠂ ᠥᠭᠡᠷᠡᠴᠢᠯᠡᠯᠲᠡ ᠪᠠᠷ ᠰᠡᠳᠦᠪ ᠬᠠᠷᠢᠭᠤᠯᠤᠨ᠎ᠠ᠃ ᠰᠢᠨ᠎ᠡ | ᠠᠶᠠᠨ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠷ ᠭᠤᠣᠯᠳᠠᠭᠤᠯᠵᠤ᠂ | ᠬᠠᠷᠠᠯᠲᠠ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠤᠶᠠᠯᠳᠤᠭᠤᠯᠬᠤ ᠶᠢ | ᠪᠠᠷᠢᠮᠲᠠᠯᠠᠵᠤ᠂ ᠥᠭᠡᠷᠡᠴᠢᠯᠡᠯᠲᠡ ᠶᠢᠨ ︽ᠴᠠᠭ ᠦᠶ᠎ᠡ ᠶᠢᠨ ᠰᠢᠨ᠎ᠡ ᠬᠠᠭᠤᠳᠠᠰᠤ︾ ᠶᠢ ᠰᠠᠶᠢᠲᠤᠷ ᠪᠢᠴᠢᠭᠯᠡᠪᠡᠯ᠂ | ᠯᠠᠪᠲᠠᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠵᠦ᠂ ᠬᠦᠴᠦᠲᠡᠢ ᠳᠦᠷᠢᠮ ᠤᠨ ᠪᠠᠲᠤᠯᠠᠭ᠎ᠠ ᠬᠠᠩᠭᠠᠵᠤ ᠴᠢᠳᠠᠨ᠎ᠠ᠃ | | ︽ᠬᠦᠴᠢᠷ ᠪᠡᠷᠬᠡ ᠶᠢ ᠰᠢᠪᠲᠤᠯᠵᠤ᠂ ᠠᠯᠤᠰ ᠭᠡᠳᠤ ᠶᠢᠨ ᠬᠠᠷᠠᠯᠲᠠ ᠶᠢ ᠬᠥᠭᠡᠭᠡᠴᠡᠯᠳᠦᠶᠡ︾ ᠂ ᠶᠡᠷᠦᠩᠬᠡᠢ | ᠱᠦᠵᠢ ᠰᠢ ᠶᠢᠨ ᠫᠢᠩ ᠡᠨᠡ ᠦᠭᠡ ᠪᠠᠷ ᠡᠰᠢ ᠲᠠᠲᠠᠭᠰᠠᠨ ᠨᠢ ᠰᠢᠨ᠎ᠡ ᠴᠠᠭ ᠦᠶ᠎ᠡ ᠶᠢᠨ ᠥᠭᠡᠷᠡᠴᠢᠯᠡᠭᠴᠢ ᠶᠢᠨ ︽ | ᠬᠠᠮᠤᠭ ᠤᠨ ᠬᠦᠴᠢᠷ ᠪᠡᠷᠬᠡᠰᠢᠶᠡᠯ ᠲᠠᠢ ᠭᠠᠵᠠᠷ ᠠᠴᠠ ᠪᠣᠭᠤᠮᠲᠠ ᠰᠢᠪᠲᠤᠯᠵᠤ᠂ ᠬᠠᠮᠤᠭ ᠤᠨ ᠠᠯᠤᠰ ᠭᠡᠳᠤ ᠶᠢᠨ | ᠬᠠᠷᠠᠯᠲᠠ ᠶᠢ ᠬᠥᠭᠡᠭᠡᠴᠡᠯᠳᠦᠬᠦ︾ ᠡᠷᠡᠰ ᠪᠠᠲᠤ ᠵᠣᠷᠢᠭ ᠰᠠᠨᠠᠭ᠎ᠠ ᠶᠢ ᠢᠯᠡᠷᠡᠭᠦᠯᠦᠭᠰᠡᠨ ᠪᠠᠶᠢᠨ᠎ᠠ᠃ | | ᠥᠭᠡᠷᠡᠴᠢᠯᠡᠯᠲᠡ ᠲᠦᠭᠰᠢᠭᠦᠷᠢ ᠶᠢ ᠲᠤᠭᠤᠯᠬᠤ ᠱᠠᠲᠤᠨ ᠳᠤ ᠣᠷᠣᠵᠤ᠂ ︽ᠰᠢᠢᠳᠪᠦᠷᠢᠯᠡᠬᠦᠶᠡ ᠪᠡᠷᠬᠡ | ᠬᠦᠴᠢᠷ ᠠᠰᠠᠭᠤᠳᠠᠯ ᠤᠳ ᠦᠯᠡᠳᠡᠵᠦ ᠪᠠᠶᠢᠨ᠎ᠠ︾ ᠃ ᠨᠡᠩ ᠴᠤ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ | ᠬᠢᠬᠦ ᠡᠷᠡᠰ ᠵᠣᠷᠢᠭ ᠢᠶᠠᠷ᠂ ᠦᠨᠡᠨ ᠪᠣᠳᠠᠲᠠᠢ ᠠᠵᠢᠯᠯᠠᠵᠤ᠂ ᠵᠣᠷᠢᠭᠲᠠᠢ ᠪᠠᠷ ᠬᠠᠲᠠᠭᠤ ᠲᠠᠢ ᠨᠢ ᠬᠠᠯᠳᠠᠵᠤ᠂ ᠤᠨᠢᠨ | ᠳᠡᠭᠡᠷ᠎ᠡ ᠨᠢ ᠬᠦᠴᠦᠯᠡᠵᠦ᠂ ᠬᠠᠮᠵᠢᠯᠴᠠᠨ ᠬᠦᠴᠦᠯᠡᠵᠦ᠂ ᠦᠷᠭᠦᠯᠵᠢᠯᠡᠨ ᠬᠦᠴᠦᠯᠡᠬᠦ ᠬᠡᠷᠡᠭᠲᠡᠢ᠃ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ︽ᠠᠶᠠᠨ ᠳᠤ ᠪᠠᠷᠳᠠᠭ᠎ᠠ ᠲᠠᠢ ᠶᠢ ᠮᠡᠳᠡᠵᠦ ᠪᠠᠶᠢᠭᠠᠳ ᠠᠶᠤᠮᠰᠢᠭ | ᠦᠭᠡᠢ ᠤᠷᠤᠭᠰᠢᠯᠠᠬᠤ︾ ᠡᠷᠴᠢ ᠵᠣᠷᠢᠭ ᠢᠶᠠᠨ ᠬᠥᠪᠴᠢᠯᠡᠵᠦ᠂ ᠣᠨᠣᠪᠴᠢᠲᠠᠢ ᠣᠨᠢᠯᠠᠪᠠᠯ ᠡᠷᠡᠰ ᠭᠤᠶᠢᠪᠢᠰᠢ | ᠦᠭᠡᠢ ᠪᠠᠷ ᠠᠳᠬᠤᠵᠤ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠬᠡᠷᠡᠭᠲᠡᠢ᠃ | | ᠡᠭᠦᠯᠡ ᠶᠢ ᠵᠦᠰᠦᠨ ᠳᠠᠯᠠᠢ ᠶᠢ ᠲᠤᠭᠤᠯᠵᠤ᠂ ᠳᠠᠪᠠᠯᠭᠠᠨ ᠢ ᠰᠥᠷᠦᠨ ᠡᠷᠡᠮᠡᠬᠡᠶᠢᠯᠡᠨ ᠤᠷᠤᠭᠰᠢᠯᠠᠨ᠎ᠠ᠃ | ᠲᠦᠷᠦᠭᠦᠬᠡᠨ ᠱᠧᠨᠵᠧᠨ ᠠᠴᠠ ᠵᠦᠩᠱᠠᠨ ᠬᠦᠷᠬᠦ ᠵᠠᠮ ᠨᠡᠪᠲᠡᠷᠡᠭᠰᠡᠨ ᠪᠠᠶᠢᠨ᠎ᠠ᠃ 7 ᠵᠢᠯ ᠤᠨ ᠪᠦᠲᠦᠭᠡᠨ | ᠪᠠᠶᠢᠭᠤᠯᠤᠯᠲᠠ ᠪᠠᠷ ᠲᠠᠮᠵᠢᠨ᠂ ᠡᠨᠡ ᠬᠦ ᠭᠡᠲᠦ ᠲᠣᠮᠣ ᠭᠡᠯᠪᠡᠷᠢ ᠶᠢᠨ ᠵᠠᠮ ᠬᠠᠷᠢᠯᠴᠠᠭᠠᠨ ᠤ ᠢᠨᠵᠧᠨᠧᠷᠢᠩ ᠨᠢ | ᠳᠡᠯᠡᠬᠡᠢ ᠶᠢᠨ ᠲᠡᠰ ᠤᠨ ᠣᠯᠠᠨ ᠵᠦᠢᠯ ᠤᠨ ᠮᠡᠷᠭᠡᠵᠢᠯ ᠤᠨ ᠬᠦᠴᠢᠷ ᠠᠰᠠᠭᠤᠳᠠᠯ ᠢ ᠰᠢᠪᠲᠤᠯᠵᠤ᠂ ᠣᠯᠠᠨ ᠵᠦᠢᠯ ᠤᠨ | ᠳᠡᠯᠡᠬᠡᠢ ᠶᠢᠨ ᠲᠡᠮᠳᠡᠭᠯᠡᠯ ᠢ ᠡᠭᠦᠳᠴᠦ᠂ ᠳᠡᠯᠡᠬᠡᠢ ᠶᠢᠨ ᠬᠥᠭᠦᠷᠭᠡ ᠨᠦᠭᠡᠨ ᠵᠠᠮ ᠤᠨ ᠪᠦᠲᠦᠭᠡᠨ ᠪᠠᠶᠢᠭᠤᠯᠤᠯᠲᠠ ᠶᠢᠨ | ᠲᠡᠦᠬᠡᠨ ᠳᠡᠭᠡᠷᠡᠬᠢ ᠰᠢᠨ᠎ᠡ ᠭᠠᠶᠢᠬᠠᠮᠰᠢᠭ ᠢ ᠪᠢᠴᠢᠭᠯᠡᠪᠡ᠃ | | ︽ᠡᠨᠡ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠣᠯ ᠬᠢᠵᠦ ᠪᠠᠶᠢᠭᠠᠳ ᠪᠦᠲᠦᠭᠡᠭᠰᠡᠨ | ᠶᠤᠮ᠂ ᠠᠭᠤᠤ ᠶᠡᠭᠡ ᠦᠢᠯᠡᠰ ᠪᠣᠯ ᠪᠣᠳᠠᠲᠠᠢ ᠠᠵᠢᠯᠯᠠᠬᠤ ᠠᠴᠠ ᠬᠢᠵᠦ ᠪᠦᠲᠦᠭᠡᠭᠰᠡᠨ ᠶᠤᠮ ᠭᠡᠳᠡᠭ ᠢ ᠭᠦᠢᠴᠡᠳ | ᠬᠠᠷᠠᠭᠤᠯᠵᠤ ᠪᠠᠶᠢᠨ᠎ᠠ︕ ︾ ᠭᠡᠰᠡᠨ ᠶᠡᠷᠦᠩᠬᠡᠢ ᠱᠦᠵᠢ ᠰᠢ ᠶᠢᠨ ᠫᠢᠩ ᠤᠨ ᠦᠭᠡ ᠶᠠᠷᠢᠶ᠎ᠠ ᠬᠥᠮᠥᠰ ᠤᠨ | ᠰᠡᠳᠬᠢᠯ ᠢ ᠵᠣᠷᠢᠭᠵᠢᠭᠤᠯᠵᠤ᠂ ᠲᠦᠭ ᠲᠦᠮᠡᠨ ᠠᠷᠠᠳ ᠲᠦᠮᠡᠨ ᠤ ᠬᠦᠴᠦ ᠪᠠᠨ ᠬᠠᠮᠲᠤᠳᠬᠠᠨ ᠡᠷᠡᠯᠬᠡᠭᠯᠡᠨ | ᠤᠷᠤᠭᠰᠢᠯᠠᠬᠤ ᠶᠢ ᠵᠣᠷᠢᠭᠵᠢᠭᠤᠯᠪᠠ᠃ | | ᠠᠭᠤᠯᠠ ᠶᠢ ᠳᠠᠪᠠᠨ ᠤᠰᠤ ᠶᠢ ᠭᠡᠲᠦᠯᠵᠤ ᠴᠤᠴᠠᠯᠲᠠ ᠦᠭᠡᠢ ᠤᠷᠤᠭᠰᠢᠯᠠᠵᠤ᠂ ᠠᠭᠤᠯᠠ ᠥᠨᠳᠥᠷ ᠵᠠᠮ | ᠬᠤᠯᠠ ᠪᠤᠯᠪᠠᠴᠤ ᠲᠤᠭᠤᠯᠵᠦ ᠭᠠᠷᠪᠠᠰᠤ ᠥᠩᠭᠡ ᠦᠵᠡᠮᠵᠢ ᠬᠢᠵᠠᠭᠠᠯᠠᠰᠢ ᠦᠭᠡᠢ ᠰᠠᠶᠢᠬᠠᠨ ᠪᠠᠶᠢᠨᠠᠮ᠃ ᠪᠢᠳᠡ | ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ | ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠵᠦ᠂ ︽ᠰᠢᠪᠲᠤᠯᠤᠯᠲᠠ ᠬᠢᠬᠦ︾ ᠵᠣᠷᠢᠭ ᠰᠠᠨᠠᠭ᠎ᠠ᠂ ︽ᠡᠭᠦᠳᠦᠨ ᠪᠦᠲᠦᠭᠡᠬᠦ︾ ᠡᠷᠴᠢ ᠵᠣᠷᠢᠭ᠂ | ︽ᠠᠵᠢᠯᠯᠠᠬᠤ︾ ᠰᠤᠷᠲᠠᠯ ᠢᠶᠠᠨ ᠡᠭᠦᠷᠢᠳᠡ ᠪᠠᠲᠤᠯᠠᠵᠤ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠡᠷᠡᠰ ᠪᠠᠲᠤ ᠠᠬᠢᠭᠤᠯᠤᠭᠴᠢ᠂ ᠪᠣᠳᠠᠲᠠᠢ ᠠᠵᠢᠯᠯᠠᠭᠴᠢ ᠪᠣᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠳᠤ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ | ᠡᠭᠦᠳᠰᠦᠭᠡᠢ᠃ | | ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠪᠤᠢ | ᠪᠣᠯᠤᠭᠰᠠᠨ ᠪᠥᠭᠡᠳ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠬᠥᠭᠵᠢᠨ ᠪᠤᠵᠠᠭᠠᠶᠢᠷᠠᠬᠤ ᠨᠢ ᠯᠠᠪᠲᠠᠢ ᠶᠤᠮ︾ | ᠭᠡᠬᠦ ᠶᠡᠷᠦᠩᠬᠡᠢ ᠱᠦᠵᠢ ᠰᠢ ᠶᠢᠨ ᠫᠢᠩ ᠤᠨ ᠥᠨᠳᠥᠷ ᠲᠤ ᠵᠣᠭᠰᠣᠨ ᠠᠯᠤᠰ ᠢ ᠪᠠᠷᠠᠯᠠᠭᠰᠠᠨ ᠴᠢᠬᠤᠯᠠ ᠶᠡᠭᠡ | ᠮᠠᠭᠠᠳᠯᠠᠯᠲᠠ ᠶᠢ ᠲᠡᠦᠬᠡ ᠨᠢᠭᠡᠨᠲᠡ ᠭᠡᠷᠡᠴᠢᠯᠡᠭᠰᠡᠨ ᠪᠥᠭᠡᠳ ᠦᠷᠭᠦᠯᠵᠢᠯᠡᠨ ᠭᠡᠷᠡᠴᠢᠯᠡᠬᠦ ᠪᠣᠯᠣᠨ᠎ᠠ᠃ | |