ᠭᠤᠷᠪᠠᠳᠤᠭᠠᠷ ᠪᠦᠭᠦᠳᠡ ᠬᠤᠷᠠᠯᠳᠤᠭᠠᠨ ᠤ ᠠᠯᠪᠠᠨ ᠮᠡᠳᠡᠭᠡᠨ ᠠᠴᠠ ᠰᠢᠨ᠎ᠡ ᠨᠢᠭᠡ ᠡᠭᠡᠯᠵᠢᠨ ᠤ ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠶᠢ ᠣᠶᠢᠯᠠᠭᠠᠵᠠᠭᠠᠶ᠎ᠠ
ᠨᠡᠶᠢᠲᠡᠯᠡᠭᠰᠡᠨ ᠴᠠᠭ᠄
2024/7/23
          7 ᠳ᠋ᠤᠭᠠᠷ ᠰᠠᠷ᠎ᠠ ᠶᠢᠨ 15᠎ ᠤ ᠡᠳᠦᠷ ᠠᠴᠠ 18᠎ ᠤ ᠡᠳᠦᠷ ᠪᠣᠯᠲᠠᠯ᠎ᠠ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠪᠡᠭᠡᠵᠢᠩ ᠳᠤ ᠬᠤᠷᠠᠯᠳᠤᠪᠠ᠃ ᠪᠦᠭᠦᠲᠡ ᠬᠤᠷᠠᠯᠳᠤᠭᠠᠨ ᠠᠴᠠ ︽ᠦᠭᠡᠷᠡᠴᠢᠯᠠᠯᠲᠠ ᠶᠢ ᠤᠯᠠᠮ ᠨᠢᠬᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠲᠠᠲᠦ ᠤᠯᠤᠰ ᠤᠨ ᠮᠠᠶ᠋ᠢᠭ ᠤᠨ ᠤᠲᠤᠭᠢᠴᠢᠯᠠᠯᠲᠠ ᠶᠢ ᠠᠭᠢᠭᠤᠯᠬᠤ ᠲᠤᠬᠠᠢ ᠳᠤᠮᠲᠠᠲᠦ ᠤᠯᠤᠰ ᠤᠨ ᠡᠪ ᠬᠠᠮᠲᠤ ᠨᠠᠮ ᠤᠨ ᠳᠦᠪ ᠬᠤᠷᠢᠶᠠᠨ ᠤ ᠳᠤᠭᠲᠠᠭᠠᠯ︾᠎ ᠎ ᠢ ᠬᠢᠨᠠᠨ ᠵᠥᠪᠯᠡᠭᠡᠳ ᠪᠠᠲᠤᠯᠠᠪᠠ᠃             18᠎ ᠤ ᠡᠳᠦᠷ ᠰᠢᠨᠬᠤᠸᠠ ᠬᠤᠷᠢᠶᠠᠨ ᠳᠤ ᠡᠷᠬᠡ ᠣᠯᠭᠤᠨ ᠮᠡᠳᠡᠭᠡᠯᠡᠭᠦᠯᠦᠭᠰᠡᠨ ᠪᠦᠭᠦᠳᠡ ᠬᠤᠷᠠᠯᠳᠤᠭᠠᠨ ᠤ ᠠᠯᠪᠠᠨ ᠮᠡᠳᠡᠭᠡᠨ ᠠᠴᠠ᠂ ᠪᠢᠳᠡ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠶᠢ ᠣᠶᠢᠯᠠᠭᠠᠵᠤ ᠪᠣᠯᠣᠨ᠎ᠠ᠃             ︵ᠨᠢᠭᠡ︶᠎  ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ᠂ ᠢᠷᠡᠭᠡᠳᠦᠢ ᠶᠢᠨ 5 ᠵᠢᠯ ᠳᠠᠬᠢ ᠦᠭᠡᠷᠡᠴᠢᠯᠡᠯᠲᠡ ᠶᠢᠨ ᠡᠭᠦᠷᠭᠡ ᠶᠢ ᠭᠤᠣᠯᠳᠠᠯᠭ᠎ᠠ ᠲᠠᠢ ᠪᠠᠶᠢᠷᠢᠯᠠᠭᠤᠯᠪᠠ             ᠥᠭᠡᠷᠡᠴᠢᠯᠡᠯᠲᠡ ᠶᠢ ᠨᠠᠮ ᠤᠨ ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ ᠲᠥᠯᠥᠪᠯᠡᠵᠦ ᠠᠬᠢᠭᠤᠯᠬᠤ ᠪᠣᠯ ᠮᠠᠨ ᠤ ᠨᠠᠮ ᠤᠨ ᠥᠭᠡᠷᠡᠴᠢᠯᠡᠯᠲᠡ ᠶᠢ ᠤᠳᠤᠷᠢᠳᠤᠨ ᠠᠮᠵᠢᠯᠲᠠ ᠤᠯᠬᠤ ᠶᠢᠨ ᠴᠢᠬᠤᠯᠠ ᠲᠤᠷᠰᠢᠯᠭ᠎ᠠ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠪᠣᠯ ᠰᠢᠨ᠎ᠡ ᠠᠶᠠᠨ ᠵᠠᠮ ᠳᠤ ᠪᠥᠬᠦ ᠨᠠᠮ ᠪᠥᠬᠦ ᠤᠯᠤᠰ ᠤᠨ ᠠᠷᠠᠳ ᠲᠦᠮᠡᠨ ᠤ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠶᠢᠨ ᠲᠤᠭ ᠲᠡᠮᠳᠡᠭ ᠮᠥᠨ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠭᠤᠤᠯ ᠰᠡᠳᠦᠪ ᠮᠥᠨ᠃             ︽ᠳᠣᠮᠲᠠᠲᠤ ᠤᠯᠤᠰ ᠤᠨ ᠮᠠᠶ᠋ᠢᠭ ᠤᠨ ᠣᠲᠣᠭᠢᠴᠢᠯᠠᠯᠲᠠ ᠶᠢ ᠣᠶᠢᠭᠡᠷᠠᠴᠢᠯᠠᠯᠲᠠ ᠨᠠᠭᠡᠭᠡᠯᠲᠠ ᠶᠢᠨ ᠳᠣᠮᠲᠠ ᠲᠠᠰᠣᠷᠠᠯᠲᠠ ᠣᠶᠢᠭᠡᠢ ᠠᠬᠢᠭᠤᠯᠵᠤ ᠪᠠᠶᠢᠭ᠎ᠠ ᠪᠥᠭᠡᠳ ᠣᠶᠢᠭᠡᠷᠠᠴᠢᠯᠠᠯᠲᠠ ᠨᠠᠭᠡᠭᠡᠯᠲᠠ ᠶᠢᠨ ᠳᠣᠮᠲᠠ ᠨᠡᠩ ᠰᠠᠷᠠᠭᠤᠯ ᠠᠭᠤᠳᠠᠮ ᠢᠷᠠᠭᠡᠲᠣᠢ ᠶᠢ ᠨᠡᠭᠡᠭᠡᠬᠦ ᠨᠢ ᠴᠦ ᠯᠠᠪᠲᠠᠢ ᠶᠤᠮ᠃︾᠎  ᠪᠦᠭᠦᠲᠡ ᠬᠤᠷᠠᠯᠳᠤᠭᠠᠨ ᠤ ᠠᠯᠪᠡᠨ ᠮᠡᠲᠡᠬᠡᠨ ᠳᠠᠬᠢ ᠡᠨᠡ ᠦᠭᠡ ᠨᠢ ᠳᠤᠮᠲᠠᠲᠦ ᠤᠯᠤᠰ ᠤᠨ ᠮᠠᠶ᠋ᠢᠭ ᠤᠨ ᠤᠲᠤᠭᠢᠴᠢᠯᠠᠯᠲᠠ ᠬᠢᠭᠡᠳ ᠦᠭᠡᠷᠡᠴᠢᠯᠠᠯᠲᠠ ᠨᠡᠬᠡᠬᠡᠯᠲᠡ ᠶᠢᠨ ᠬᠤᠭᠤᠷᠤᠨᠲᠤᠭᠢ ᠲᠤᠲᠤᠭᠠᠲᠦ ᠬᠠᠷᠢᠴᠠᠭ᠎ᠠ ᠬᠤᠯᠪᠣᠭ᠎ᠠ ᠶᠢ ᠭᠦᠨᠵᠡᠬᠡᠢ ᠲᠤᠲᠤᠷᠬᠠᠶᠢᠯᠠᠵᠠᠢ᠃             ᠪᠥᠬᠦᠳᠡ ᠬᠤᠷᠠᠯᠳᠤᠭᠠᠨ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠶ ᠬᠠᠷᠠᠯᠲᠠ ᠪᠣᠯ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠲᠥᠷᠦ ᠶᠢ ᠵᠠᠰᠠᠬᠤ ᠲᠣᠭᠲᠠᠯᠴᠠᠭ᠎ᠠ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ ᠶᠤᠮ︾᠎  ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ᠂ 2035 ᠣᠨ ᠪᠣᠯᠬᠤ ᠳᠤ ᠪᠡᠶᠡᠯᠡᠭᠦᠯᠬᠦ ᠪᠠᠷ ᠲᠥᠰᠥᠪᠯᠡᠭᠰᠡᠨ ᠥᠭᠡᠷᠡᠴᠢᠯᠡᠯᠲᠡ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠢᠷᠡᠬᠦ 5 ᠵᠢᠯ ᠤᠨ ᠠᠵᠢᠯ ᠢ ᠭᠤᠤᠯᠳᠠᠯᠭ᠎ᠠ ᠲᠠᠢ ᠪᠠᠶᠢᠷᠢᠯᠠᠭᠤᠯᠵᠤ᠂ ︽2029 ᠣᠨ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠨᠠᠶᠠᠨ ᠵᠢᠯ ᠤᠨ ᠣᠶ ᠪᠣᠯᠬᠤ ᠦᠶᠡᠰ ᠲᠤ᠂ ᠲᠣᠰ ᠲᠣᠭᠲᠠᠭᠠᠯ ᠳᠤ ᠳᠤᠷᠠᠳᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠨ᠎ᠡ︾᠎  ᠭᠡᠵᠦ ᠲᠣᠳᠣᠷᠬᠠᠶ ᠲᠣᠭᠲᠠᠭᠠᠪᠠ᠃             ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯᠳᠤᠭᠠᠨ ᠨᠢ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠭᠰᠡᠨ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ — ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠠᠴᠠ ᠨᠠᠭᠠᠰᠢᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠦᠢᠯᠡᠳᠦᠯᠭᠡ ᠶᠢ ᠵᠠᠯᠭᠠᠮᠵᠢᠯᠠᠨ ᠪᠢᠴᠢᠭᠯᠡᠭᠰᠡᠨ ᠮᠥᠷᠲᠡᠭᠡᠨ ᠰᠢᠨ᠎ᠡ ᠠᠶᠠᠨ ᠵᠠᠮ ᠳᠠᠬᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠣᠯᠤᠨ᠎ᠠ᠃             ︽ᠥᠨᠳᠥᠷ ᠬᠢᠷᠢ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠢ ᠭᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠥᠨᠳᠥᠷ ᠬᠢᠷᠢ ᠲᠦᠪᠰᠢᠨ ᠪᠦᠬᠦᠢ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠳᠤᠷᠢᠳᠬᠤ ᠬᠢᠷᠢ ᠲᠦᠪᠰᠢᠨ ᠪᠠ ᠤᠷᠳᠤ ᠬᠤᠭᠤᠴᠠᠭ᠎ᠠ ᠪᠠᠷ ᠲᠦᠷᠦ ᠪᠠᠷᠢᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ ᠁︾᠎  — ᠪᠦᠬᠦᠳᠡ ᠬᠤᠷᠠᠯᠳᠤᠭᠠᠨ ᠠᠴᠠ ︽ᠲᠤᠯᠤᠭᠠᠨ ᠵᠦᠢᠯ ᠳᠤ ᠠᠩᠬᠠᠷᠤᠯ ᠲᠥᠪᠯᠡᠷᠡᠭᠦᠯᠬᠦ︾᠎ ᠎ ᠶᠢ ᠢᠯᠡ ᠲᠣᠳᠣᠷᠬᠠᠢ ᠳᠤᠷᠠᠳᠤᠭᠰᠠᠨ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠢᠨ ᠬᠦᠴᠦᠯᠡᠬᠦ ᠴᠡᠭ ᠪᠣᠯᠬᠤ ᠪᠠᠷ ᠦᠯᠦ ᠪᠠᠷᠠᠮ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠬᠦᠴᠦᠯᠡᠬᠦ ᠴᠡᠭ ᠪᠣᠯᠵᠠᠢ᠃             ︽ᠥᠨᠳᠥᠷ ᠬᠢᠷᠢ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠪᠠᠲᠤᠯᠠᠭ᠎ᠠ ᠮᠥᠨ︾᠎  ︽ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ︾᠎  ︽ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠢ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ︾᠎  ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠢ ᠬᠠᠷᠢᠯᠴᠠᠨ ᠵᠣᠬᠢᠴᠠᠭᠤᠯᠤᠭᠰᠠᠨ ᠣᠳᠣᠬᠢᠴᠢᠯᠠᠯᠲᠠ ᠮᠥᠨ︾᠎  ᠁ ᠵᠡᠷᠭᠡ ᠠᠯᠢ ᠤᠯᠠᠨ ᠲᠣᠳᠣᠷᠬᠠᠢ ᠱᠠᠭᠠᠷᠳᠠᠯᠭ᠎ᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠲᠠᠢ ᠨᠢᠭᠲᠠ ᠤᠶᠠᠯᠳᠤᠭᠤᠯᠤᠭᠰᠠᠨ ᠰᠢᠨ᠎ᠡ ᠨᠢᠭᠡ ᠡᠭᠡᠯᠵᠢᠨ ᠤ ᠥᠭᠡᠷᠡᠴᠢᠯᠡᠯᠲᠡ ᠶᠢ ᠲᠥᠰᠥᠪᠯᠡᠨ ᠪᠠᠶᠢᠷᠢᠯᠠᠭᠤᠯᠬᠤ ᠶᠢᠨ ᠢᠯᠡ ᠲᠣᠳᠣ ᠴᠢᠭᠯᠡᠯ ᠢ ᠢᠯᠡᠷᠡᠭᠦᠯᠪᠡ᠃             ︵ᠬᠤᠶᠠᠷ︶᠎  ᠡᠷᠬᠢᠮ ᠨᠠᠨᠳᠢᠨ ᠲᠤᠷᠰᠢᠯᠭ᠎ᠠ ᠪᠠᠨ ᠳ᠋ᠦᠩᠨᠡᠵᠦ᠂ ︽ᠵᠢᠷᠭᠤᠭ᠎ᠠ ᠶᠢ ᠪᠠᠷᠢᠮᠲᠠᠯᠠᠬᠤ︾᠎ ᠎ ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠲᠤᠭᠤᠰᠢᠯᠠᠭᠤᠯᠬᠤ ᠵᠠᠷᠴᠢᠮ ᠪᠣᠯᠭᠠᠨ ᠲᠣᠳᠣᠷᠬᠠᠢ ᠵᠢᠭᠠᠪᠠ             ᠪᠦᠬᠦᠳᠡ ᠬᠤᠷᠠᠯᠳᠤᠭᠠᠨ ᠨᠢ ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠮᠵᠢᠯᠲᠠ ᠲᠠᠢ ᠦᠢᠯᠡᠳᠦᠯᠭᠡ ᠪᠠ ᠠᠭᠤᠤ ᠶᠡᠭᠡ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠭᠰᠡᠨ ᠤ ᠬᠠᠮᠲᠤ᠂ ᠥᠭᠡᠷᠡᠴᠢᠯᠡᠯᠲᠡ ᠨᠡᠭᠡᠭᠡᠯᠲᠡ ᠠᠴᠠ ᠨᠠᠭᠠᠰᠢᠬᠢ ᠣᠨᠴᠠᠭᠠᠶᠢᠯᠠᠨ ᠰᠢᠨ᠎ᠡ ᠴᠠᠭ ᠦᠶ᠎ᠡ ᠳᠠᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ︽ᠵᠢᠷᠭᠤᠭ᠎ᠠ ᠶᠢ ᠪᠠᠷᠢᠮᠲᠠᠯᠠᠬᠤ︾᠎ ᠎ ᠪᠠᠷ ᠭᠦᠨᠵᠡᠭᠡᠢ ᠳ᠋ᠦᠩᠨᠡᠵᠡᠢ —             ︽ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠰᠢᠰᠲ᠋ᠧᠮᠲᠦ ᠣᠶᠢᠯᠠᠭᠠᠭᠳᠠᠬᠤᠨ ᠢ ᠪᠠᠷᠢᠮᠲᠠᠯᠠᠨ᠎ᠠ︾᠎ ᠃             2013 ᠣᠨ ᠳᠤ᠂ ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠨᠢ ᠥᠭᠡᠷᠡᠴᠢᠯᠡᠯᠲᠡ ᠨᠡᠭᠡᠭᠡᠯᠲᠡ ᠶᠢᠨ ᠠᠮᠵᠢᠯᠲᠠ ᠲᠠᠢ ᠦᠢᠯᠡᠳᠦᠯᠭᠡ ᠳᠤ ᠰᠢᠨᠵᠢᠯᠡᠬᠦ ᠤᠬᠠᠭᠠᠨᠴᠢ ᠳ᠋ᠦᠩᠨᠡᠯᠲᠡ ᠬᠢᠵᠦ᠂ ᠨᠠᠮ ᠤᠨ ᠤᠳᠤᠷᠢᠳᠤᠯᠭ᠎ᠠ᠂ ᠦᠵᠡᠯ ᠰᠠᠨᠠᠭᠠᠨ ᠤ ᠱᠤᠭᠤᠮ᠂ ᠦᠢᠯᠡᠳᠦᠯᠭᠡ ᠶᠢᠨ ᠭᠤᠣᠯ ᠴᠣᠭᠴᠠ᠂ ᠰᠢᠨᠵᠢᠯᠡᠬᠦ ᠤᠬᠠᠭᠠᠨᠴᠢ ᠠᠷᠭ᠎ᠠ ᠵᠡᠷᠭᠡ ᠲᠠᠯ᠎ᠠ ᠪᠠᠷ ︽ᠳᠥᠷᠪᠡ ᠶᠢ ᠪᠠᠷᠢᠮᠲᠠᠯᠠᠬᠤ︾᠎ ᠎ ᠶᠢᠨ ᠴᠢᠬᠤᠯᠠ ᠲᠤᠷᠰᠢᠯᠭ᠎ᠠ ᠶᠢ ᠲᠤᠰ ᠲᠤᠰ ᠬᠤᠷᠢᠶᠠᠩᠭᠤᠶᠢᠯᠠᠵᠠᠢ᠃             ᠰᠢᠨ᠎ᠡ ᠴᠠᠭ ᠦᠶ᠎ᠡ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠢ ᠯᠤᠲᠤ ᠶᠡᠭᠡ ᠤᠯᠤᠰ ᠲᠦᠷᠦ ᠶᠢᠨ ᠰᠥᠰᠥ ᠵᠣᠷᠢᠭ ᠪᠣᠯᠣᠨ ᠤᠶᠤᠨ ᠤᠬᠠᠭᠠᠨ ᠢᠶᠠᠷ ᠢᠶᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠥᠭᠡᠷᠡᠴᠢᠯᠡᠯᠲᠡ ᠶᠢᠨ ᠤᠨᠤᠯ ᠪᠠ ᠥᠭᠡᠷᠡᠴᠢᠯᠡᠯᠲᠡ ᠶᠢᠨ ᠦᠢᠯᠡᠳᠦᠯᠭᠡ ᠶᠢ ᠰᠢᠨ᠎ᠡ ᠨᠢᠭᠡᠨ ᠥᠷᠭᠡᠴᠡ ᠪᠠ ᠭᠦᠨᠴᠡ ᠳᠤ ᠬᠦᠷᠭᠡᠵᠡᠢ᠃ ᠣᠳᠣᠬᠠᠨ ᠳᠤ᠂ ᠥᠭᠡᠷᠡᠴᠢᠯᠡᠯᠲᠡ ᠶᠢᠨ ᠦᠵᠡᠯ ᠰᠠᠨᠠᠭᠠᠨ ᠤ ᠰᠠᠭᠤᠷᠢ᠂ ᠦᠢᠯᠡᠳᠦᠯᠭᠡ ᠶᠢᠨ ᠰᠠᠭᠤᠷᠢ᠂ ᠪᠠᠶᠢᠭᠤᠯᠤᠯ ᠤᠨ ᠰᠠᠭᠤᠷᠢ᠂ ᠠᠷᠠᠳ ᠤᠨ ᠰᠡᠳᠬᠢᠯ ᠤᠨ ᠰᠠᠭᠤᠷᠢ ᠶᠢ ᠨᠡᠩ ᠪᠠᠲᠤ ᠪᠠᠬᠢ ᠪᠣᠯᠭᠠᠵᠠᠢ᠃             ᠥᠭᠡᠷᠡᠴᠢᠯᠡᠯᠲᠡ ᠶᠢᠨ ᠦᠢᠯᠡᠳᠦᠯᠭᠡ ᠳᠤᠮᠳᠠ ᠤᠨᠤᠯ ᠤᠨ ᠰᠢᠨ᠎ᠡ ᠡᠭᠦᠳᠦᠯᠲᠡ ᠶᠢ ᠲᠠᠰᠤᠷᠠᠯᠳᠠ ᠦᠭᠡᠢ ᠠᠬᠢᠭᠤᠯᠵᠤ᠂ ᠤᠨᠤᠯ ᠤᠨ ᠰᠢᠨ᠎ᠡ ᠡᠭᠦᠳᠦᠯᠲᠡ ᠪᠠᠷ ᠥᠭᠡᠷᠡᠴᠢᠯᠡᠯᠲᠡ ᠶᠢᠨ ᠰᠢᠨ᠎ᠡ ᠦᠢᠯᠡᠳᠦᠯᠭᠡ ᠶᠢ ᠵᠢᠯᠣᠭᠤᠳᠤᠨ᠎ᠠ᠃             ︽ᠵᠢᠷᠭᠤᠭ᠎ᠠ ᠶᠢ ᠪᠠᠷᠢᠮᠲᠠᠯᠠᠬᠤ︾᠎ ᠎ ᠶᠢᠨ ᠴᠢᠬᠤᠯᠠ ᠶᠡᠭᠡ ᠵᠠᠷᠴᠢᠮ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠪᠣᠯᠣᠨ ᠲᠡᠭᠦᠨ ᠳᠤ ᠲᠤᠭᠤᠰᠢᠯᠠᠭᠤᠯᠤᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠭᠦᠢᠴᠡᠳ ᠢᠯᠡᠷᠡᠭᠦᠯᠵᠦ᠂ ᠮᠠᠨ ᠤ ᠨᠠᠮ ᠤᠨ ᠥᠭᠡᠷᠡᠴᠢᠯᠡᠯᠲᠡ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠂ ᠡᠨᠡ ᠪᠣᠯ ᠰᠢᠨ᠎ᠡ ᠠᠶᠠᠨ ᠵᠠᠮ ᠵᠠᠮ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠵᠢᠷᠤᠮᠯᠠᠯ ᠪᠣᠯᠣᠨ᠎ᠠ᠃             ︵ᠭᠤᠷᠪᠠ︶᠎  ᠨᠡᠶᠢᠭᠡᠮ ᠨᠡᠶᠢᠲᠡ ᠶᠢᠨ ᠠᠩᠬᠠᠷᠤᠯ ᠳᠤ ᠬᠠᠷᠢᠭᠤᠯᠲᠠ ᠥᠭᠴᠦ᠂ ᠠᠵᠤ ᠠᠬᠤᠢ ᠶᠢᠨ ᠪᠠᠶᠢᠭᠤᠯᠤᠯ ᠳᠤ ᠥᠭᠡᠷᠡᠴᠢᠯᠡᠯᠲᠡ ᠬᠢᠬᠦ ᠡᠨᠡ ᠬᠦ ︽ᠵᠠᠩᠭᠢᠯᠠᠭ᠎ᠠ︾᠎ ᠎ ᠶᠢ ᠨᠢ ᠠᠳᠬᠤᠨ᠎ᠠ             ᠳᠡᠯᠡᠬᠡᠢ ᠶᠢᠨ ᠪᠠ ᠤᠯᠤᠰ ᠤᠨ ᠳᠣᠲᠣᠭᠠᠳᠤᠬᠢ ᠨᠠᠷᠢᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ ᠠᠷᠠᠳ ᠣᠯᠠᠨ ᠤ ᠰᠢᠨ᠎ᠡ ᠬᠦᠰᠡᠯ ᠮᠥᠷᠥᠭᠡᠳᠦᠯ ᠤᠨ ᠡᠮᠦᠨ᠎ᠡ᠂ ᠡᠷᠬᠡᠪᠰᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠶᠡᠭᠡ ᠲᠠᠯ᠎ᠠ ᠶᠢ ᠲᠣᠭᠲᠠᠪᠤᠷᠢᠵᠢᠭᠤᠯᠬᠤ᠂ ᠬᠤᠪᠢᠷᠠᠯᠲᠠ ᠶᠢ ᠠᠷᠭᠠᠴᠠᠭᠠᠬᠤ᠂ ᠰᠢᠨ᠎ᠡ ᠪᠠᠶᠢᠳᠠᠯ ᠢ ᠨᠡᠭᠡᠭᠡᠬᠦ ᠶᠢᠨ ᠴᠢᠬᠤᠯᠠ ᠭᠠᠷᠳᠠᠴᠠ ᠪᠣᠯᠭᠠᠬᠤ ᠬᠡᠷᠡᠭᠲᠡᠢ᠃             ᠡᠨᠡ ᠵᠢᠯ ᠤᠨ 2 ᠳ᠋ᠤᠭᠠᠷ ᠰᠠᠷ᠎ᠠ ᠳᠤ ᠬᠤᠷᠠᠯᠳᠤᠭᠤᠯᠤᠭᠰᠠᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯᠳᠤᠭᠠᠨ ᠠᠴᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠥᠰᠥᠪᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠢᠯᠭᠤᠮ ᠤᠷᠤᠭᠰᠢᠲᠠᠢ ᠲᠦᠯᠬᠢᠨ ᠠᠬᠢᠭᠤᠯᠬᠤ ᠶᠢ ᠬᠠᠷᠰᠢᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢᠨ ᠰᠠᠭᠠᠳ ᠲᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ︾᠎  ︽ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠦᠭᠦᠳ ᠲᠤ ᠢᠯᠡ ᠲᠣᠳᠣ ᠴᠢᠭᠯᠡᠯᠳᠤ ᠴᠢᠨᠠᠷ ᠲᠠᠢ ᠪᠠᠶᠢᠵᠤ᠂ ᠬᠠᠮᠤᠭ ᠤᠨ ᠲᠤᠪᠤᠶᠢᠮ᠎ᠠ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠠᠷ ᠬᠦᠴᠦᠯᠡᠵᠦ᠂ ᠥᠭᠡᠷᠡᠴᠢᠯᠡᠯᠲᠡ ᠶᠢᠨ ᠦᠨᠦᠷ ᠠᠮᠲᠠ ᠪᠠᠷ ᠥᠳᠬᠡᠨ ᠪᠠᠶᠢᠵᠤ᠂ ᠥᠭᠡᠷᠡᠴᠢᠯᠡᠯᠲᠡ ᠶᠢᠨ ᠥᠩᠭᠡ ᠪᠣᠳᠤᠭ ᠢ ᠭᠦᠨ ᠪᠠᠶᠢᠯᠭᠠᠬᠤ ᠬᠡᠷᠡᠭᠲᠡᠢ︾᠎  ᠭᠡᠵᠦ ᠴᠢᠬᠤᠯᠠᠴᠢᠯᠠᠪᠠ᠃             ᠲᠣᠰ ᠤᠳᠠᠭᠠᠨ ᠤ ᠪᠥᠬᠦᠳᠡ ᠬᠤᠷᠠᠯᠳᠤᠭᠠᠨ ᠨᠢ ᠬᠠᠷᠠᠯᠲᠠ ᠪᠠᠷ ᠤᠳᠤᠷᠢᠳᠤᠮᠵᠢ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠰᠢᠰᠲ᠋ᠧᠮ ᠲᠠᠢ ᠪᠠᠷ ᠪᠠᠶᠢᠷᠢᠯᠠᠭᠤᠯᠪᠠ᠃ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠭᠤᠯᠭ᠎ᠠ ᠪᠣᠯ ᠲᠣᠰ ᠬᠤᠷᠠᠯᠳᠤᠭᠠᠨ ᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠠᠶᠢᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠶᠢ ᠲᠦᠢᠯ ᠢᠶᠠᠷ ᠴᠢᠬᠤᠯᠠᠴᠢᠯᠠᠵᠤ ᠪᠠᠶᠢᠬᠤ ᠶᠢ ᠪᠦᠭᠦᠳᠡ ᠬᠤᠷᠠᠯᠳᠤᠭᠠᠨ ᠤ ᠠᠯᠪᠠᠨ ᠮᠡᠳᠡᠭᠡᠨ ᠠᠴᠠ ᠣᠯᠵᠤ ᠬᠠᠷᠠᠨ᠎ᠠ᠃             ᠨᠢᠭᠡ ᠬᠠᠷᠠᠯᠲᠠ ᠨᠢ ᠣᠨᠴᠠᠭᠠᠢ ᠢᠯᠡ ᠲᠣᠳᠣ ᠬᠠᠷᠠᠭᠳᠠᠵᠤ ᠪᠠᠶᠢᠨ᠎ᠠ᠄  ︽2035 ᠣᠨ ᠪᠣᠯᠬᠤ ᠳᠤ᠂ ᠥᠨᠳᠥᠷ ᠬᠢᠷᠢ ᠲᠦᠪᠰᠢᠨ ᠪᠥᠬᠦᠶ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠥᠬᠦ ᠲᠠᠯ᠎ᠠ ᠪᠠᠷ ᠪᠠᠶᠢᠭᠤᠯᠤᠨ᠎ᠠ︾᠎ ᠃ ᠡᠨᠡ ᠪᠣᠯ ︽ᠲᠤᠯᠤᠭᠠᠨ ᠵᠦᠢᠯ ᠳᠤ ᠠᠩᠬᠠᠷᠤᠯ ᠲᠥᠪᠯᠡᠷᠡᠭᠦᠯᠬᠦ︾᠎ ᠎ ᠶᠢᠨ ᠲᠡᠷᠢᠭᠦᠨ ᠳᠤ ᠨᠢ ᠲᠣᠭᠠᠴᠠᠭᠳᠠᠬᠤ ᠪᠥᠭᠡᠳ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠨᠢ ᠮᠠᠰᠢ ᠲᠣᠳᠣᠷᠬᠠᠶ ᠪᠠᠶᠢᠨ᠎ᠠ᠃             ︽ᠥᠨᠳᠥᠷ ᠬᠢᠷᠢ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠪᠦᠷᠢᠨᠰᠢᠬᠦᠯᠤᠨ᠂ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠬᠤᠷᠸ᠎ᠠ ᠠᠵᠤ ᠠᠬᠤᠢ ᠶᠢᠨ ᠵᠠᠰᠠᠯᠲᠠ ᠶᠢᠨ ᠲᠣᠭᠲᠠᠯᠴᠠᠭ᠎ᠠ ᠶᠢ ᠪᠦᠷᠢᠨᠰᠢᠬᠦᠯᠤᠨ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ ᠁︾᠎              ᠪᠥᠬᠦᠳᠡ ᠬᠤᠷᠠᠯᠳᠤᠭᠠᠨ ᠨᠢ ᠰᠢᠨ᠎ᠡ ᠬᠥᠭᠵᠢᠯᠲᠡ ᠶᠢᠨ ᠣᠨᠣᠯᠵᠢᠬᠤᠨ ᠢᠶᠠᠷ ᠥᠭᠡᠷᠡᠴᠢᠯᠡᠯᠲᠡ ᠶᠢ ᠬᠥᠲᠥᠯᠥᠨ ᠳᠠᠭᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠢᠪᠲᠤᠯᠤᠯᠲᠠ ᠶᠢᠨ ᠴᠡᠭ ᠪᠣᠯᠤᠨ ᠵᠠᠩᠭᠢᠯᠠᠭ᠎ᠠ ᠶᠢᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠳᠤ ᠥᠭᠡᠷᠡᠴᠢᠯᠡᠯᠲᠡ ᠶᠢᠨ ᠬᠥᠳᠡᠯᠭᠡᠬᠦ ᠬᠦᠴᠦᠨ ᠨᠡᠮᠡᠷᠢᠯᠡᠪᠡ᠃             ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠭᠤᠷᠢ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠤᠯᠭᠠᠭᠤᠷᠢᠯᠠᠯ ᠮᠥᠨ᠃ ᠪᠦᠬᠦᠳᠡ ᠬᠤᠷᠠᠯᠳᠤᠭᠠᠨ ᠰᠢᠨ᠎ᠡ ᠶᠢ ᠡᠭᠦᠳᠬᠦ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ︽ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠤᠬᠴᠠᠵᠢᠭᠤᠯᠤᠬᠰᠠᠨ ᠥᠭᠡᠷᠡᠴᠢᠯᠡᠯᠲᠡ ᠶᠢ ᠨᠢᠭᠡᠳᠦᠯᠲᠡᠢ ᠲᠥᠰᠥᠪᠯᠡᠨ ᠠᠬᠢᠭᠤᠯᠤᠨ᠎ᠠ︾᠎  ᠭᠡᠵᠦ ᠲᠣᠳᠣᠷᠬᠠᠢ ᠳᠤᠷᠠᠳᠴᠠᠢ᠃ ᠡᠨᠡ ᠪᠣᠯ ᠨᠠᠮ ᠤᠨ ᠬᠤᠷᠢᠳᠤᠭᠠᠷ ᠬᠤᠷᠠᠯ ᠤᠨ ᠳᠠᠷᠠᠭᠠᠬᠢ ᠰᠤᠷᠭᠠᠨ ᠬᠥᠮᠥᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠤ ᠦᠢᠯᠡᠰ ᠲᠤ ᠲᠤᠰᠬᠠᠢ ᠪᠦᠯᠦᠭ ᠢᠶᠠᠷ ᠪᠠᠶᠢᠷᠢᠯᠠᠭᠤᠯᠤᠯᠲᠠ ᠬᠢᠭᠰᠡᠨ ᠤ ᠰᠡᠭᠦᠯᠡᠷᠬᠢ ᠪᠠᠰᠠ ᠨᠢᠭᠡ ᠤᠳᠠᠭᠠᠨ ᠤ ᠴᠢᠬᠤᠯᠠ ᠲᠣᠮᠣ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠭᠰᠡᠨ ᠶᠠᠪᠤᠳᠠᠯ ᠪᠣᠯᠣᠨ᠎ᠠ᠃             ᠡᠭᠦᠨ ᠤ ᠬᠠᠮᠲᠤ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠤ ᠴᠢᠨᠠᠷ ᠰᠠᠶᠢᠲᠠᠢ ᠦᠢᠯᠡᠳᠦᠯᠴᠡᠯ ᠢ ᠪᠡᠶᠡᠯᠡᠭᠦᠯᠬᠦ ᠪᠠᠷ ᠴᠢᠷᠮᠠᠶᠢᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠬᠡᠪᠰᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠪᠦᠭᠦᠳᠡ ᠬᠤᠷᠠᠯᠳᠤᠭᠠᠨ ᠠᠴᠠ ᠣᠨᠴᠠᠭᠠᠶᠢᠯᠠᠨ ᠴᠢᠬᠤᠯᠠᠴᠢᠯᠠᠪᠠ᠃             ᠠᠵᠤ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠭᠤᠣᠯᠳᠠᠯᠭ᠎ᠠ ᠲᠠᠢ ᠠᠬᠢᠭᠤᠯᠬᠤ ᠶᠢᠨ ᠬᠠᠮᠲᠤ᠂ ᠪᠤᠰᠤᠳ ᠡᠯ᠎ᠡ ᠬᠦᠷᠢᠶᠡᠨ ᠤ ᠦᠭᠡᠷᠡᠴᠢᠯᠡᠯᠲᠡ ᠶᠢ ᠨᠢᠭᠡᠲᠦᠯᠲᠡᠢ ᠰᠠᠶᠢᠲᠤᠷ ᠲᠥᠰᠥᠪᠯᠡᠵᠦ᠂ ᠦᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ︽ᠰᠢᠰᠲ᠋ᠧᠮᠲᠦ ᠬᠤᠷᠠᠮᠠᠯ ᠲᠠᠢ ᠪᠣᠯᠬᠤ ᠶᠢ ᠨᠡᠩ ᠴᠢᠬᠤᠯᠠᠴᠢᠯᠠᠬᠤ᠂ ᠭᠤᠣᠯᠳᠠᠯᠭ᠎ᠠ ᠶᠢ ᠳᠤᠪᠤᠶᠢᠯᠭᠠᠬᠤ ᠶᠢ ᠨᠡᠩ ᠴᠢᠬᠤᠯᠠᠴᠢᠯᠠᠬᠤ᠂ ᠦᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠨᠡᠩ ᠴᠢᠬᠤᠯᠠᠴᠢᠯᠠᠬᠤ︾᠎ ᠎ ᠶᠢᠨ ᠢᠯᠡ ᠲᠣᠳᠣ ᠤᠨᠴᠠᠯᠢᠭ ᠢ ᠭᠦᠢᠴᠡᠳ ᠢᠯᠡᠷᠡᠭᠦᠯᠦᠨ᠎ᠡ᠃  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号