ᠥᠭᠡᠷᠡᠴᠢᠯᠡᠯᠲᠡ ᠶᠢᠨ ᠶᠡᠭᠡ ᠲᠤᠭ ᠢ ᠥᠨᠳᠥᠷ ᠮᠠᠨᠳᠤᠭᠤᠯᠵᠤ ᠴᠠᠭ ᠦᠶ᠎ᠡ ᠶᠢᠨ ᠰᠢᠨ᠎ᠡ ᠬᠠᠭᠤᠳᠠᠰᠤ ᠶᠢ ᠪᠢᠴᠢᠭᠯᠡᠰᠦᠭᠡᠢ — ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠮᠠᠨ ᠤ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠪᠠ
ᠨᠡᠶᠢᠲᠡᠯᠡᠭᠰᠡᠨ ᠴᠠᠭ᠄
2024/7/23
                    7 ᠰᠠᠷ᠎ᠠ ᠶᠢᠨ 15᠎ ᠤ ᠡᠳᠦᠷ ᠠᠴᠠ 18᠎ ᠤ ᠡᠳᠦᠷ ᠪᠤᠯᠲᠠᠯ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠪᠡᠭᠡᠵᠢᠩ ᠳᠤ ᠠᠮᠵᠢᠯᠲᠠ ᠲᠠᠢ ᠬᠤᠷᠠᠯᠳᠤᠪᠠ᠃ ᠪᠦᠭᠦᠳᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠢ ᠵᠠᠳᠠᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠲᠣᠭᠤᠷᠢᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠡᠢ᠃ ᠡᠨᠡ ᠨᠢ ᠪᠦᠭᠦ ᠣᠷᠣᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠴᠤ᠂ ᠤᠯᠠᠨ ᠢᠶᠠᠷ ᠢᠶᠠᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠵᠡᠢ᠃             ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠳᠦᠷᠢᠮ ᠤᠨ ᠰᠢᠰᠲ᠋ᠧᠮ ᠢ ᠪᠦᠷᠢᠨᠰᠢᠭᠦᠯᠬᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠡᠭᠦᠷᠭᠡ ᠶᠢᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ︿ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ﹀ ᠭᠡᠵᠦ ᠴᠢᠬᠤᠯᠠᠴᠢᠯᠠᠪᠠ᠂ ᠡᠨᠡ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠶᠡᠭᠡ ᠪᠠᠶᠢᠷᠢᠰᠢᠯ᠂ ᠶᠡᠭᠡ ᠠᠬᠤᠢ ᠪᠠᠶᠢᠳᠠᠯ ᠤᠨ ᠳᠣᠣᠷ᠎ᠠ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠶᠢᠨ ᠣᠨᠴᠠᠭᠠᠢ ᠴᠢᠬᠤᠯᠠ ᠴᠢᠨᠠᠷ ᠢ ᠰᠢᠨ᠎ᠡ ᠨᠢᠭᠡᠨ ᠥᠨᠳᠥᠷᠴᠡ ᠳᠤ ᠬᠦᠷᠭᠡᠵᠦ᠂ ᠰᠣᠨᠣᠰᠤᠭᠠᠳ ᠮᠠᠰᠢ ᠶᠡᠭᠡ ᠰᠡᠩᠬᠡᠷᠡᠭᠦᠯᠦᠯ ᠣᠯᠵᠤ᠂ ᠮᠠᠰᠢ ᠶᠡᠭᠡ ᠤᠷᠮᠠᠰᠢᠨ ᠵᠣᠷᠢᠭᠵᠢᠵᠠᠢ︾᠎  ᠭᠡᠵᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ ᠤᠨ ᠳᠡᠳ᠋ ᠡᠷᠭᠢᠯᠡᠭᠴᠢ ᠪᠥᠭᠡᠳ ᠰᠤᠳᠤᠯᠬᠤ ᠲᠠᠰᠤᠭ ᠤᠨ ᠡᠷᠭᠢᠯᠡᠭᠴᠢ ᠬᠤᠤ ᠰᠥᠩ ᠱᠠᠨ ᠬᠡᠯᠡᠬᠦ ᠶᠢᠨ ᠬᠠᠮᠲᠤ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠴᠢᠬᠤᠯᠠ ᠪᠠᠶᠢᠭᠤᠯᠤᠯ ᠤᠨ ᠠᠴᠢᠶᠠᠯᠠᠪᠤᠷᠢ ᠪᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠣᠷᠣᠨ ᠨᠤᠲᠤᠭ ᠤᠨ ᠦᠢᠯᠡᠳᠦᠯᠭᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠣᠶᠢᠯᠠᠭᠠᠭᠳᠠᠬᠤᠨ ᠪᠠ ᠴᠢᠬᠤᠯᠠ ᠱᠠᠭᠠᠷᠳᠠᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠡ ᠲᠠᠯ᠎ᠠ᠂ ᠪᠦᠭᠦ ᠶᠠᠪᠤᠴᠠ ᠳᠤ ᠪᠣᠳᠠᠲᠠᠢ ᠪᠠᠷ ᠠᠭᠤᠰᠬᠠᠨ ᠣᠷᠣᠭᠤᠯᠤᠨ᠎ᠠ ᠭᠡᠵᠦ ᠢᠯᠡᠳᠬᠡᠪᠡ᠃             ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ ᠤᠨ ᠤᠬᠠᠭᠤᠯᠬᠤ ᠭᠠᠵᠠᠷ ᠤᠨ ᠳᠠᠷᠤᠭ᠎ᠠ ᠱᠠᠨ ᠯᠢᠶᠠᠩ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭᠠᠨ ᠤ ᠬᠥᠰᠢᠶ᠎ᠡ ᠲᠡᠮᠳᠡᠭ ᠤᠨ ᠠᠴᠢ ᠬᠤᠯᠪᠣᠭᠳᠠᠯ ᠲᠠᠢ ᠴᠢᠬᠤᠯᠠ ᠬᠤᠷᠠᠯ ᠪᠣᠯᠣᠨ᠎ᠠ᠃ ᠪᠢᠳᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠤᠯᠠᠨ ᠲᠦᠮᠡᠨ ᠢ ᠬᠥᠲᠥᠯᠥᠨ ᠵᠢᠯᠤᠭᠤᠳᠴᠤ ᠥᠭᠡᠷᠡᠴᠢᠯᠡᠯᠲᠡ ᠶᠢᠨ ᠢᠲᠡᠭᠡᠯ ᠵᠣᠷᠢᠭ ᠢ ᠨᠢ ᠪᠠᠲᠤᠳᠬᠠᠨ᠂ ᠬᠥᠭᠵᠢᠯᠲᠡ ᠶᠢᠨ ᠬᠠᠮᠲᠤᠷᠠᠯ ᠬᠦᠴᠦᠨ ᠢ ᠨᠢ ᠨᠢᠭᠲᠠᠷᠠᠭᠤᠯᠵᠤ᠂ ᠥᠭᠡᠷᠡᠴᠢᠯᠡᠯᠲᠡ ᠶᠢ ᠦᠨᠡᠨ ᠬᠦ ᠨᠡᠩ ᠭᠦᠨᠵᠡᠭᠡᠢ᠂ ᠨᠡᠩ ᠥᠷᠭᠡᠨ ᠳᠡᠯᠭᠡᠷ ᠢᠶᠠᠷ ᠠᠷᠠᠳ ᠤᠯᠠᠨ ᠤ ᠳᠤᠮᠳᠠ ᠦᠨᠳᠦᠰᠦᠯᠡᠭᠦᠯᠦᠨ᠎ᠡ᠃ ᠤᠯᠤᠰ ᠤᠨ ᠵᠠᠰᠠᠯᠲᠠ ᠶᠢᠨ ᠰᠢᠰᠲ᠋ᠧᠮ ᠳᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠴᠢᠬᠤᠯᠠ ᠦᠢᠯᠡᠳᠦᠯ ᠢ ᠰᠠᠶᠢᠲᠤᠷ ᠪᠠᠳᠠᠷᠠᠭᠤᠯᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠭᠦᠨᠵᠡᠭᠡᠢ ᠵᠥᠪᠯᠡᠯᠭᠡ ᠬᠢᠵᠦ ᠲᠦᠷᠦ ᠶᠢᠨ ᠶᠠᠪᠤᠳᠠᠯ ᠢ ᠵᠥᠪᠯᠡᠵᠦ᠂ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠡᠷᠢᠯᠬᠢᠯᠡᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠬᠠᠮᠤᠭ ᠤᠨ ᠰᠢᠯᠢᠳᠡᠭ ᠠᠷᠭ᠎ᠠ ᠶᠢ ᠡᠷᠢᠨ ᠣᠯᠵᠤ᠂ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠳᠤ ᠲᠤᠰᠠᠯᠠᠨ᠎ᠠ ᠭᠡᠵᠦ ᠢᠯᠡᠳᠬᠡᠵᠡᠢ᠃             ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠷ ᠭᠤᠣᠯᠳᠠᠭᠤᠯᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠰᠲ᠋ᠧᠮ ᠲᠠᠢ ᠲᠥᠯᠦᠪᠵᠢᠭᠦᠯᠭᠡ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠡᠷᠡᠰ ᠬᠠᠳᠠᠨ ᠵᠣᠷᠢᠭ ᠪᠠ ᠪᠠᠲᠤ ᠴᠢᠩᠭ᠎ᠠ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠡᠢ᠃ ᠪᠢᠳᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ ᠪᠦᠭᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠨ ᠣᠨᠣᠪᠴᠢᠲᠠᠢ ᠡᠵᠡᠮᠰᠢᠵᠦ᠂ ᠪᠦᠭᠦᠳᠡ ᠬᠤᠷᠠᠯ ᠠᠴᠠ ᠲᠣᠭᠲᠠᠭᠠᠭᠰᠠᠨ ᠥᠭᠡᠷᠡᠴᠢᠯᠡᠯᠲᠡ ᠶᠢᠨ ᠵᠦᠢᠯᠡᠰ ᠲᠠᠢ ᠪᠠᠷᠢᠮᠵᠢᠶᠠᠯᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠴᠢᠩᠭ᠎ᠠ ᠡᠭᠦᠷᠭᠡ ᠬᠠᠷᠢᠭᠤᠴᠠᠯᠭ᠎ᠠ ᠪᠠ ᠯᠠᠪᠳᠠᠭᠤᠨ ᠪᠠᠲᠤᠲᠠᠢ ᠠᠵᠢᠯ ᠤᠨ ᠠᠷᠭ᠎ᠠ ᠬᠡᠮᠵᠢᠶ᠎ᠡ ᠪᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠥᠭᠡᠷᠡᠴᠢᠯᠡᠯᠲᠡ ᠶᠢᠨ ᠠᠬᠢᠭᠤᠯᠤᠭᠴᠢ᠂ ᠪᠣᠳᠠᠲᠠᠢ ᠠᠵᠢᠯᠯᠠᠭᠴᠢ ᠪᠤᠯᠬᠤ ᠬᠡᠷᠡᠭᠲᠡᠢ︾᠎  ᠭᠡᠵᠦ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠢ ᠲᠤᠰᠢᠶᠠᠯᠲᠤ ᠳᠡᠳ᠋ ᠱᠦᠵᠢ ᠼᠤᠤ ᠹᠧᠢ ᠬᠤᠩ ᠬᠡᠯᠡᠪᠡ᠃             ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠥᠷᠭᠡᠴᠡ ᠪᠠ ᠭᠦᠨᠴᠡ ᠲᠡᠶᠢᠰᠢ ᠤᠷᠤᠭᠰᠢᠯᠠᠬᠤ ᠤᠷᠤᠭᠰᠢᠯᠠᠯᠲᠠ ᠶᠢᠨ ᠪᠦᠷᠢᠶ᠎ᠡ ᠶᠢ ᠬᠠᠩᠭᠢᠨᠠᠭᠤᠯᠵᠤ᠂ ᠬᠥᠮᠥᠰ ᠢ ᠤᠷᠮᠠᠰᠢᠭᠤᠯᠤᠨ ᠵᠣᠷᠢᠭᠵᠢᠭᠤᠯᠤᠭᠰᠠᠨ ᠪᠠᠶᠢᠨ᠎ᠠ︾᠎ ᠃ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠢ ᠶᠢᠩ ᠵᠢᠶᠦ᠋ᠨ᠂ ᠪᠦᠭᠦ ᠣᠷᠣᠨ ᠤ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠨᠢᠭᠡᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠤᠯᠭᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠥᠭᠡᠷᠡᠴᠢᠯᠡᠯᠲᠡ ᠶᠢᠨ ᠦᠨᠳᠦᠰᠦᠨ ᠡᠭᠦᠰᠦᠯᠲᠡ ᠪᠠ ᠲᠤᠰᠤᠯᠲᠠ ᠪᠤᠯᠭᠠᠬᠤ ᠶᠢ ᠪᠠᠷᠢᠮᠲᠠᠯᠠᠨ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠪᠠᠶᠢᠷᠢ ᠶᠢᠨ ᠨᠡᠭᠡᠭᠡᠯᠲᠡ᠂ ᠤᠷ᠎ᠠ ᠴᠢᠳᠠᠪᠤᠷᠢ ᠶᠢᠨ ᠪᠣᠯᠪᠠᠰᠤᠷᠠᠯ᠂ ᠦᠢᠯᠡᠰ ᠪᠣᠰᠬᠠᠬᠤ ᠶᠢ ᠲᠡᠳᠬᠦᠨ ᠳᠡᠮᠵᠢᠬᠦ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠠᠴᠠ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠡᠰ ᠳᠠᠪᠬᠤᠷᠭ᠎ᠠ ᠤᠯᠠᠨ ᠲᠤᠯᠭᠠᠭᠤᠷᠢᠯᠠᠯ ᠪᠦᠬᠦᠢ ᠨᠠᠰᠤᠵᠢᠯ ᠤᠨ ᠳᠠᠭᠠᠳᠬᠠᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠤᠨᠤᠪᠴᠢᠲᠠᠢ ᠰᠠᠬᠢᠵᠤ᠂ ᠪᠠᠲᠤ ᠰᠠᠭᠢᠨ᠎ᠠ ; ᠴᠢᠳᠠᠪᠤᠷᠢᠲᠠᠨ ᠤ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠳᠡᠭᠡᠳᠦ ᠲᠡᠰ ᠤᠨ ᠴᠢᠳᠠᠪᠤᠷᠢᠲᠠᠨ ᠢ ᠬᠥᠮᠥᠵᠢᠭᠦᠯᠬᠦ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠰᠣᠳᠣᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾᠎  ᠢᠨᠵᠧᠨᠧᠷᠢᠩ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠭᠦ ᠬᠦᠴᠦᠨ ᠢᠶᠠᠷ ᠠᠬᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠪᠠᠷ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠦᠨ᠎ᠡ ᠭᠡᠵᠡᠢ᠃             ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠬᠠᠮᠤᠭ ᠤᠨ ᠰᠠᠶᠢᠨ ᠪᠤᠯᠲᠠᠯ᠎ᠠ ᠰᠢᠯᠢᠳᠡᠭᠵᠢᠭᠦᠯᠬᠦ ᠪᠠ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ ᠶᠢ ᠪᠡᠶᠡᠯᠡᠭᠦᠯᠬᠦ ᠵᠢᠴᠢ ᠬᠤᠲᠠ ᠬᠥᠳᠡᠭᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢ ᠠᠭᠤᠰᠤᠯᠴᠠᠭᠤᠯᠬᠤ ᠬᠢᠷᠢ ᠲᠦᠪᠰᠢᠨ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠤ ᠬᠤᠯᠪᠣᠭᠳᠠᠬᠤ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢ ᠳᠤᠷᠠᠳᠴᠤ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠳᠤ ᠭᠤᠣᠯ ᠰᠢᠪᠲᠤᠯᠤᠯᠲᠠ ᠶᠢᠨ ᠴᠢᠭᠯᠡᠯ ᠢ ᠵᠢᠭᠠᠵᠤ ᠥᠭᠴᠡᠢ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠠᠲᠤ ᠡᠵᠡᠮᠳᠡᠵᠦ᠂ ᠥᠭᠡᠷᠡᠴᠢᠯᠡᠯᠲᠡ ᠶᠢ ᠤᠬᠠᠮᠰᠠᠷ ᠠᠴᠠ ᠪᠠᠨ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠢᠳᠡᠪᠬᠢᠲᠡᠢ ᠨᠡᠪᠲᠡᠷᠡᠯᠴᠡᠨ ᠵᠣᠬᠢᠴᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠴᠢᠬᠤᠯᠠ ᠡᠯᠧᠮᠧᠨ᠋ᠲ ᠤᠨ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠡᠮᠬᠢ ᠵᠢᠷᠤᠮ ᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠪᠠᠶᠢᠭᠠᠯᠢ ᠶᠢᠨ ᠡᠬᠢ ᠪᠠᠶᠠᠯᠢᠭ ᠤᠨ ᠦᠷᠭᠦᠯᠵᠢᠯᠡᠭᠰᠡᠨ᠂ ᠨᠠᠶᠢᠳᠠᠪᠤᠷᠢᠲᠠᠢ ᠬᠥᠳᠡᠯᠭᠡᠬᠦ ᠬᠦᠴᠦᠨ ᠬᠠᠩᠭᠠᠨ᠎ᠠ︾᠎  ᠭᠡᠵᠦ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠶᠡᠷᠦᠩᠬᠡᠶᠢᠯᠡᠭᠰᠡᠨ ᠭᠠᠵᠠᠷ ᠤᠨ ᠳᠠᠷᠤᠭ᠎ᠠ ᠭᠦᠸᠧ ᠹᠧᠩ ᠬᠡᠯᠡᠪᠡ᠃             ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾᠎ ᠎ ᠳᠤ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠬᠦ᠂ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠳᠡᠮᠵᠢᠬᠦ ᠳᠦᠷᠢᠮ ᠢ ᠲᠡᠭᠦᠯᠳᠡᠷᠵᠢᠭᠦᠯᠬᠦ᠂ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠬᠢᠵᠡᠢ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠺᠠᠳ᠋ᠷ ᠠᠵᠢᠯᠲᠠᠨ ᠠᠵᠢᠯᠴᠢᠨ ᠰᠠᠨᠠᠯ ᠨᠢᠭᠡᠲᠡᠢ ᠪᠠᠷ᠂ ᠡᠲᠡᠭᠡᠷ ᠭᠤᠣᠯᠳᠠᠯᠭ᠎ᠠ ᠲᠠᠢ ᠡᠭᠦᠷᠭᠡ ᠨᠢ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠶᠡᠭᠡ ᠶᠠᠪᠤᠳᠠᠯ ᠪᠤᠯᠬᠤ ᠪᠠᠷ ᠪᠠᠷᠠᠬᠤ ᠦᠭᠡᠢ ᠪᠠᠰᠠ ᠪᠦᠭᠦ ᠲᠠᠯ᠎ᠠ ᠶᠢᠨ ᠬᠥᠭᠵᠢᠯᠲᠡ ᠳᠤ ᠬᠤᠯᠪᠣᠭᠳᠠᠨ᠎ᠠ᠂ ᠡᠷᠬᠡᠪᠰᠢ ᠪᠦᠭᠦ ᠲᠠᠯ᠎ᠠ ᠪᠠᠷ ᠰᠤᠷᠤᠯᠴᠠᠵᠤ᠂ ᠭᠦᠨᠵᠡᠭᠡᠢ ᠣᠶᠢᠯᠠᠭᠠᠵᠤ᠂ ᠣᠨᠣᠪᠴᠢᠲᠠᠶ ᠡᠵᠡᠮᠰᠢᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠲᠠᠢ ᠳᠠᠷᠤᠢ ᠲᠦᠷᠭᠡᠨ ᠨᠢᠭᠡᠳᠬᠡᠵᠦ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠡᠭᠦᠷᠭᠡ ᠶᠢ ᠰᠠᠶᠢᠲᠤᠷ ᠲᠤᠭᠤᠰᠢᠯᠠᠭᠤᠨ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠪᠦᠬᠦᠯᠢ ᠴᠣᠭᠴᠠ ᠪᠠᠷ ᠲᠥᠯᠥᠪᠵᠢᠭᠦᠯᠬᠦ᠂ ᠰᠢᠰᠲ᠋ᠧᠮ ᠲᠠᠢ ᠪᠠᠶᠢᠷᠢᠯᠠᠭᠤᠯᠬᠤ᠂ ᠬᠠᠮᠵᠢᠯᠴᠠᠨ ᠠᠬᠢᠭᠤᠯᠬᠤ ᠶᠢ ᠴᠢᠩᠭᠠᠳᠬᠠᠵᠤ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠶᠢ ᠤᠷᠲᠤᠳᠬᠠᠬᠤ᠂ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠵᠢᠷᠤᠮᠵᠢᠭᠤᠯᠤᠨ ᠬᠠᠮᠢᠶᠠᠷᠴᠤ ᠠᠰᠢᠭᠯᠠᠬᠤ᠂ ᠭᠡᠷ ᠪᠠᠶᠢᠰᠢᠩ ᠤᠨ ᠰᠠᠭᠤᠷᠢ ᠶᠢᠨ ᠳᠦᠷᠢᠮ ᠤᠨ ᠥᠭᠡᠷᠡᠴᠢᠯᠡᠯᠲᠡ ᠵᠡᠷᠭᠡ ᠲᠤᠷᠰᠢᠯᠲᠠ ᠶᠢᠨ ᠴᠡᠭ ᠤᠨ ᠡᠭᠦᠷᠭᠡ ᠶᠢ ᠯᠠᠪᠳᠠᠭᠤᠨ ᠪᠣᠯᠭᠤᠮᠵᠢᠲᠠᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠮᠠᠯᠴᠢᠨ ᠲᠠᠷᠢᠶᠠᠴᠢᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ ᠭᠡᠵᠦ ᠢᠯᠡᠳᠬᠡᠵᠡᠭᠡᠪᠡ᠃             ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶᠠᠨ ᠤ ᠳᠡᠳ᠋ ᠱᠦᠵᠢ ᠺᠤᠸᠠᠩ ᠰᠢᠶᠣᠣ ᠯᠧᠢ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ︾᠎  ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠡᠪᠯᠡᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠡᠠ ᠲᠦᠮᠡᠨᠴᠢ ᠴᠢᠨᠠᠷ ᠢ ᠲᠠᠰᠤᠷᠠᠯᠳᠠ ᠦᠭᠡᠢ ᠪᠠᠷᠢᠮᠲᠠᠯᠠᠨ ᠴᠢᠩᠭᠠᠳᠬᠠᠵᠤ᠂ ᠤᠮᠠᠷᠠᠲᠤ ᠬᠢᠯᠢ ᠶᠢᠨ ᠵᠠᠯᠠᠭᠤᠴᠤᠳ ᠤᠨ ᠥᠭᠡᠷᠡᠴᠢᠯᠡᠯᠲᠡ ᠬᠥᠭᠵᠢᠯᠲᠡ ᠳᠤ ᠣᠷᠤᠯᠴᠠᠬᠤ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠ ᠴᠠᠭ ᠦᠶ᠎ᠡ ᠶᠢᠨ ᠬᠠᠷᠢᠭᠤᠴᠠᠯᠭ᠎ᠠ ᠶᠢ ᠦᠷᠭᠦᠯᠵᠢᠯᠡᠨ ᠬᠥᠭᠵᠢᠭᠡᠵᠦ᠂ ︽ᠵᠠᠯᠠᠭᠤᠴᠤᠳ ᠤᠨ ᠬᠥᠭᠵᠢᠯᠲᠡ︾᠎ ᠎ ᠳᠤ ᠬᠦᠴᠦᠨ ᠣᠯᠭᠤᠵᠤ᠂ ︽ᠵᠠᠯᠠᠭᠤᠴᠤᠳ ᠲᠤ ᠨᠦᠭᠦᠷᠰᠡᠭ ᠪᠠᠶᠢᠬᠤ︾᠎ ᠎ ᠶᠢ ᠰᠠᠨᠠᠭᠠᠴᠢᠯᠠᠵᠤ᠂ ︽ᠵᠠᠯᠠᠭᠤᠴᠤᠳ ᠤᠨ ᠠᠮᠢᠵᠢᠷᠠᠯ ᠤᠨ ᠬᠦᠴᠦᠨ︾᠎ ᠎ ᠢ ᠬᠥᠭᠵᠢᠭᠡᠵᠦ᠂ ︽ᠵᠠᠯᠠᠭᠤᠴᠤᠳ ᠭᠠᠪᠢᠶ᠎ᠠ ᠪᠠᠶᠢᠭᠤᠯᠬᠤ︾᠎ ᠎ ᠶᠢ ᠠᠬᠢᠭᠤᠯᠵᠤ᠂ ᠵᠠᠯᠠᠭᠤᠴᠤᠳ ᠤᠨ ᠬᠥᠭᠵᠢᠯᠲᠡ ᠲᠠᠪᠰᠢᠯᠳᠠ ᠳᠤ ᠨᠡᠩ ᠠᠰᠢᠭᠲᠠᠢ ᠨᠡᠶᠢᠭᠡᠮ ᠤᠨ ᠣᠷᠴᠢᠨ ᠨᠥᠬᠦᠴᠡᠯ ᠪᠠ ᠵᠠᠯᠠᠭᠤᠴᠤᠳ ᠤᠨ ᠴᠣᠯᠭᠤᠷᠠᠨ ᠭᠠᠷᠬᠤ ᠶᠢ ᠵᠣᠷᠢᠭᠵᠢᠭᠤᠯᠬᠤ ᠲᠦᠷᠦ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠴᠢᠷᠮᠠᠶᠢᠨ ᠪᠤᠢ ᠪᠤᠯᠭᠠᠵᠤ᠂ ᠪᠦᠭᠦ ᠣᠷᠣᠨ ᠤ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠤᠨ ︽ᠬᠤᠶᠠᠷ ᠶᠡᠭᠡ ᠶᠠᠪᠤᠳᠠᠯ︾᠎ ᠎ ᠳᠤ ᠬᠦᠴᠦᠨ ᠨᠡᠮᠡᠷᠢᠯᠡᠬᠦ ᠶᠢ ᠪᠦᠯᠬᠦᠮᠳᠡᠭᠦᠯᠦᠨ ᠳᠠᠭᠠᠭᠤᠯᠵᠤ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号