ᠭᠤᠷᠪᠠᠳᠤᠭᠠᠷ ᠪᠦᠭᠦᠳᠡ ᠬᠤᠷᠠᠯᠳᠤᠭᠠᠨ ᠤ ᠠᠯᠪᠠᠨ ᠮᠡᠳᠡᠭᠡᠨ ᠠᠴᠠ ᠰᠢᠨ᠎ᠡ ᠨᠢᠭᠡ ᠡᠭᠡᠯᠵᠢᠨ ᠤ ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠶᠢ ᠣᠶᠢᠯᠠᠭᠠᠵᠠᠭᠠᠶ᠎ᠠ
ᠨᠡᠶᠢᠲᠡᠯᠡᠭᠰᠡᠨ ᠴᠠᠭ᠄
2024/7/23
          7 ᠳ᠋ᠤᠭᠠᠷ ᠰᠠᠷ᠎ᠠ ᠶᠢᠨ 15 ᠤ ᠡᠳᠦᠷ ᠠᠴᠠ 18 ᠤ ᠡᠳᠦᠷ ᠪᠣᠯᠲᠠᠯ᠎ᠠ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠪᠡᠭᠡᠵᠢᠩ ᠳᠤ ᠬᠤᠷᠠᠯᠳᠤᠪᠠ᠃ ᠪᠦᠭᠦᠲᠡ ᠬᠤᠷᠠᠯᠳᠤᠭᠠᠨ ᠠᠴᠠ ︽ᠦᠭᠡᠷᠡᠴᠢᠯᠠᠯᠲᠠ ᠶᠢ ᠤᠯᠠᠮ ᠨᠢᠬᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠲᠠᠲᠦ ᠤᠯᠤᠰ ᠤᠨ ᠮᠠᠶ᠋ᠢᠭ ᠤᠨ ᠤᠲᠤᠭᠢᠴᠢᠯᠠᠯᠲᠠ ᠶᠢ ᠠᠭᠢᠭᠤᠯᠬᠤ ᠲᠤᠬᠠᠢ ᠳᠤᠮᠲᠠᠲᠦ ᠤᠯᠤᠰ ᠤᠨ ᠡᠪ ᠬᠠᠮᠲᠤ ᠨᠠᠮ ᠤᠨ ᠳᠦᠪ ᠬᠤᠷᠢᠶᠠᠨ ᠤ ᠳᠤᠭᠲᠠᠭᠠᠯ︾  ᠢ ᠬᠢᠨᠠᠨ ᠵᠥᠪᠯᠡᠭᠡᠳ ᠪᠠᠲᠤᠯᠠᠪᠠ᠃             18 ᠤ ᠡᠳᠦᠷ ᠰᠢᠨᠬᠤᠸᠠ ᠬᠤᠷᠢᠶᠠᠨ ᠳᠤ ᠡᠷᠬᠡ ᠣᠯᠭᠤᠨ ᠮᠡᠳᠡᠭᠡᠯᠡᠭᠦᠯᠦᠭᠰᠡᠨ ᠪᠦᠭᠦᠳᠡ ᠬᠤᠷᠠᠯᠳᠤᠭᠠᠨ ᠤ ᠠᠯᠪᠠᠨ ᠮᠡᠳᠡᠭᠡᠨ ᠠᠴᠠ᠂ ᠪᠢᠳᠡ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠶᠢ ᠣᠶᠢᠯᠠᠭᠠᠵᠤ ᠪᠣᠯᠣᠨ᠎ᠠ᠃             ︵ᠨᠢᠭᠡ︶  ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ᠂ ᠢᠷᠡᠭᠡᠳᠦᠢ ᠶᠢᠨ 5 ᠵᠢᠯ ᠳᠠᠬᠢ ᠦᠭᠡᠷᠡᠴᠢᠯᠡᠯᠲᠡ ᠶᠢᠨ ᠡᠭᠦᠷᠭᠡ ᠶᠢ ᠭᠤᠣᠯᠳᠠᠯᠭ᠎ᠠ ᠲᠠᠢ ᠪᠠᠶᠢᠷᠢᠯᠠᠭᠤᠯᠪᠠ             ᠥᠭᠡᠷᠡᠴᠢᠯᠡᠯᠲᠡ ᠶᠢ ᠨᠠᠮ ᠤᠨ ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ ᠲᠥᠯᠥᠪᠯᠡᠵᠦ ᠠᠬᠢᠭᠤᠯᠬᠤ ᠪᠣᠯ ᠮᠠᠨ ᠤ ᠨᠠᠮ ᠤᠨ ᠥᠭᠡᠷᠡᠴᠢᠯᠡᠯᠲᠡ ᠶᠢ ᠤᠳᠤᠷᠢᠳᠤᠨ ᠠᠮᠵᠢᠯᠲᠠ ᠤᠯᠬᠤ ᠶᠢᠨ ᠴᠢᠬᠤᠯᠠ ᠲᠤᠷᠰᠢᠯᠭ᠎ᠠ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠪᠣᠯ ᠰᠢᠨ᠎ᠡ ᠠᠶᠠᠨ ᠵᠠᠮ ᠳᠤ ᠪᠥᠬᠦ ᠨᠠᠮ ᠪᠥᠬᠦ ᠤᠯᠤᠰ ᠤᠨ ᠠᠷᠠᠳ ᠲᠦᠮᠡᠨ ᠤ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠶᠢᠨ ᠲᠤᠭ ᠲᠡᠮᠳᠡᠭ ᠮᠥᠨ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠭᠤᠤᠯ ᠰᠡᠳᠦᠪ ᠮᠥᠨ᠃             ︽ᠳᠣᠮᠲᠠᠲᠤ ᠤᠯᠤᠰ ᠤᠨ ᠮᠠᠶ᠋ᠢᠭ ᠤᠨ ᠣᠲᠣᠭᠢᠴᠢᠯᠠᠯᠲᠠ ᠶᠢ ᠣᠶᠢᠭᠡᠷᠠᠴᠢᠯᠠᠯᠲᠠ ᠨᠠᠭᠡᠭᠡᠯᠲᠠ ᠶᠢᠨ ᠳᠣᠮᠲᠠ ᠲᠠᠰᠣᠷᠠᠯᠲᠠ ᠣᠶᠢᠭᠡᠢ ᠠᠬᠢᠭᠤᠯᠵᠤ ᠪᠠᠶᠢᠭ᠎ᠠ ᠪᠥᠭᠡᠳ ᠣᠶᠢᠭᠡᠷᠠᠴᠢᠯᠠᠯᠲᠠ ᠨᠠᠭᠡᠭᠡᠯᠲᠠ ᠶᠢᠨ ᠳᠣᠮᠲᠠ ᠨᠡᠩ ᠰᠠᠷᠠᠭᠤᠯ ᠠᠭᠤᠳᠠᠮ ᠢᠷᠠᠭᠡᠲᠣᠢ ᠶᠢ ᠨᠡᠭᠡᠭᠡᠬᠦ ᠨᠢ ᠴᠦ ᠯᠠᠪᠲᠠᠢ ᠶᠤᠮ᠃︾  ᠪᠦᠭᠦᠲᠡ ᠬᠤᠷᠠᠯᠳᠤᠭᠠᠨ ᠤ ᠠᠯᠪᠡᠨ ᠮᠡᠲᠡᠬᠡᠨ ᠳᠠᠬᠢ ᠡᠨᠡ ᠦᠭᠡ ᠨᠢ ᠳᠤᠮᠲᠠᠲᠦ ᠤᠯᠤᠰ ᠤᠨ ᠮᠠᠶ᠋ᠢᠭ ᠤᠨ ᠤᠲᠤᠭᠢᠴᠢᠯᠠᠯᠲᠠ ᠬᠢᠭᠡᠳ ᠦᠭᠡᠷᠡᠴᠢᠯᠠᠯᠲᠠ ᠨᠡᠬᠡᠬᠡᠯᠲᠡ ᠶᠢᠨ ᠬᠤᠭᠤᠷᠤᠨᠲᠤᠭᠢ ᠲᠤᠲᠤᠭᠠᠲᠦ ᠬᠠᠷᠢᠴᠠᠭ᠎ᠠ ᠬᠤᠯᠪᠣᠭ᠎ᠠ ᠶᠢ ᠭᠦᠨᠵᠡᠬᠡᠢ ᠲᠤᠲᠤᠷᠬᠠᠶᠢᠯᠠᠵᠠᠢ᠃             ᠪᠥᠬᠦᠳᠡ ᠬᠤᠷᠠᠯᠳᠤᠭᠠᠨ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠶ ᠬᠠᠷᠠᠯᠲᠠ ᠪᠣᠯ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠲᠥᠷᠦ ᠶᠢ ᠵᠠᠰᠠᠬᠤ ᠲᠣᠭᠲᠠᠯᠴᠠᠭ᠎ᠠ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ ᠶᠤᠮ︾  ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ᠂ 2035 ᠣᠨ ᠪᠣᠯᠬᠤ ᠳᠤ ᠪᠡᠶᠡᠯᠡᠭᠦᠯᠬᠦ ᠪᠠᠷ ᠲᠥᠰᠥᠪᠯᠡᠭᠰᠡᠨ ᠥᠭᠡᠷᠡᠴᠢᠯᠡᠯᠲᠡ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠢᠷᠡᠬᠦ 5 ᠵᠢᠯ ᠤᠨ ᠠᠵᠢᠯ ᠢ ᠭᠤᠤᠯᠳᠠᠯᠭ᠎ᠠ ᠲᠠᠢ ᠪᠠᠶᠢᠷᠢᠯᠠᠭᠤᠯᠵᠤ᠂ ︽2029 ᠣᠨ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠨᠠᠶᠠᠨ ᠵᠢᠯ ᠤᠨ ᠣᠶ ᠪᠣᠯᠬᠤ ᠦᠶᠡᠰ ᠲᠤ᠂ ᠲᠣᠰ ᠲᠣᠭᠲᠠᠭᠠᠯ ᠳᠤ ᠳᠤᠷᠠᠳᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠨ᠎ᠡ︾  ᠭᠡᠵᠦ ᠲᠣᠳᠣᠷᠬᠠᠶ ᠲᠣᠭᠲᠠᠭᠠᠪᠠ᠃             ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯᠳᠤᠭᠠᠨ ᠨᠢ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠭᠰᠡᠨ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ — ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠠᠴᠠ ᠨᠠᠭᠠᠰᠢᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠦᠢᠯᠡᠳᠦᠯᠭᠡ ᠶᠢ ᠵᠠᠯᠭᠠᠮᠵᠢᠯᠠᠨ ᠪᠢᠴᠢᠭᠯᠡᠭᠰᠡᠨ ᠮᠥᠷᠲᠡᠭᠡᠨ ᠰᠢᠨ᠎ᠡ ᠠᠶᠠᠨ ᠵᠠᠮ ᠳᠠᠬᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠣᠯᠤᠨ᠎ᠠ᠃             ︽ᠥᠨᠳᠥᠷ ᠬᠢᠷᠢ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠢ ᠭᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠥᠨᠳᠥᠷ ᠬᠢᠷᠢ ᠲᠦᠪᠰᠢᠨ ᠪᠦᠬᠦᠢ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠳᠤᠷᠢᠳᠬᠤ ᠬᠢᠷᠢ ᠲᠦᠪᠰᠢᠨ ᠪᠠ ᠤᠷᠳᠤ ᠬᠤᠭᠤᠴᠠᠭ᠎ᠠ ᠪᠠᠷ ᠲᠦᠷᠦ ᠪᠠᠷᠢᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ ᠁︾  — ᠪᠦᠬᠦᠳᠡ ᠬᠤᠷᠠᠯᠳᠤᠭᠠᠨ ᠠᠴᠠ ︽ᠲᠤᠯᠤᠭᠠᠨ ᠵᠦᠢᠯ ᠳᠤ ᠠᠩᠬᠠᠷᠤᠯ ᠲᠥᠪᠯᠡᠷᠡᠭᠦᠯᠬᠦ︾  ᠶᠢ ᠢᠯᠡ ᠲᠣᠳᠣᠷᠬᠠᠢ ᠳᠤᠷᠠᠳᠤᠭᠰᠠᠨ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠢᠨ ᠬᠦᠴᠦᠯᠡᠬᠦ ᠴᠡᠭ ᠪᠣᠯᠬᠤ ᠪᠠᠷ ᠦᠯᠦ ᠪᠠᠷᠠᠮ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠬᠦᠴᠦᠯᠡᠬᠦ ᠴᠡᠭ ᠪᠣᠯᠵᠠᠢ᠃             ︽ᠥᠨᠳᠥᠷ ᠬᠢᠷᠢ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠪᠠᠲᠤᠯᠠᠭ᠎ᠠ ᠮᠥᠨ︾  ︽ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ︾  ︽ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠢ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ︾  ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠢ ᠬᠠᠷᠢᠯᠴᠠᠨ ᠵᠣᠬᠢᠴᠠᠭᠤᠯᠤᠭᠰᠠᠨ ᠣᠳᠣᠬᠢᠴᠢᠯᠠᠯᠲᠠ ᠮᠥᠨ︾  ᠁ ᠵᠡᠷᠭᠡ ᠠᠯᠢ ᠤᠯᠠᠨ ᠲᠣᠳᠣᠷᠬᠠᠢ ᠱᠠᠭᠠᠷᠳᠠᠯᠭ᠎ᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠲᠠᠢ ᠨᠢᠭᠲᠠ ᠤᠶᠠᠯᠳᠤᠭᠤᠯᠤᠭᠰᠠᠨ ᠰᠢᠨ᠎ᠡ ᠨᠢᠭᠡ ᠡᠭᠡᠯᠵᠢᠨ ᠤ ᠥᠭᠡᠷᠡᠴᠢᠯᠡᠯᠲᠡ ᠶᠢ ᠲᠥᠰᠥᠪᠯᠡᠨ ᠪᠠᠶᠢᠷᠢᠯᠠᠭᠤᠯᠬᠤ ᠶᠢᠨ ᠢᠯᠡ ᠲᠣᠳᠣ ᠴᠢᠭᠯᠡᠯ ᠢ ᠢᠯᠡᠷᠡᠭᠦᠯᠪᠡ᠃             ︵ᠬᠤᠶᠠᠷ︶  ᠡᠷᠬᠢᠮ ᠨᠠᠨᠳᠢᠨ ᠲᠤᠷᠰᠢᠯᠭ᠎ᠠ ᠪᠠᠨ ᠳ᠋ᠦᠩᠨᠡᠵᠦ᠂ ︽ᠵᠢᠷᠭᠤᠭ᠎ᠠ ᠶᠢ ᠪᠠᠷᠢᠮᠲᠠᠯᠠᠬᠤ︾  ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠲᠤᠭᠤᠰᠢᠯᠠᠭᠤᠯᠬᠤ ᠵᠠᠷᠴᠢᠮ ᠪᠣᠯᠭᠠᠨ ᠲᠣᠳᠣᠷᠬᠠᠢ ᠵᠢᠭᠠᠪᠠ             ᠪᠦᠬᠦᠳᠡ ᠬᠤᠷᠠᠯᠳᠤᠭᠠᠨ ᠨᠢ ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠮᠵᠢᠯᠲᠠ ᠲᠠᠢ ᠦᠢᠯᠡᠳᠦᠯᠭᠡ ᠪᠠ ᠠᠭᠤᠤ ᠶᠡᠭᠡ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠭᠰᠡᠨ ᠤ ᠬᠠᠮᠲᠤ᠂ ᠥᠭᠡᠷᠡᠴᠢᠯᠡᠯᠲᠡ ᠨᠡᠭᠡᠭᠡᠯᠲᠡ ᠠᠴᠠ ᠨᠠᠭᠠᠰᠢᠬᠢ ᠣᠨᠴᠠᠭᠠᠶᠢᠯᠠᠨ ᠰᠢᠨ᠎ᠡ ᠴᠠᠭ ᠦᠶ᠎ᠡ ᠳᠠᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ︽ᠵᠢᠷᠭᠤᠭ᠎ᠠ ᠶᠢ ᠪᠠᠷᠢᠮᠲᠠᠯᠠᠬᠤ︾  ᠪᠠᠷ ᠭᠦᠨᠵᠡᠭᠡᠢ ᠳ᠋ᠦᠩᠨᠡᠵᠡᠢ —             ︽ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠰᠢᠰᠲ᠋ᠧᠮᠲᠦ ᠣᠶᠢᠯᠠᠭᠠᠭᠳᠠᠬᠤᠨ ᠢ ᠪᠠᠷᠢᠮᠲᠠᠯᠠᠨ᠎ᠠ︾ ᠃             2013 ᠣᠨ ᠳᠤ᠂ ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠨᠢ ᠥᠭᠡᠷᠡᠴᠢᠯᠡᠯᠲᠡ ᠨᠡᠭᠡᠭᠡᠯᠲᠡ ᠶᠢᠨ ᠠᠮᠵᠢᠯᠲᠠ ᠲᠠᠢ ᠦᠢᠯᠡᠳᠦᠯᠭᠡ ᠳᠤ ᠰᠢᠨᠵᠢᠯᠡᠬᠦ ᠤᠬᠠᠭᠠᠨᠴᠢ ᠳ᠋ᠦᠩᠨᠡᠯᠲᠡ ᠬᠢᠵᠦ᠂ ᠨᠠᠮ ᠤᠨ ᠤᠳᠤᠷᠢᠳᠤᠯᠭ᠎ᠠ᠂ ᠦᠵᠡᠯ ᠰᠠᠨᠠᠭᠠᠨ ᠤ ᠱᠤᠭᠤᠮ᠂ ᠦᠢᠯᠡᠳᠦᠯᠭᠡ ᠶᠢᠨ ᠭᠤᠣᠯ ᠴᠣᠭᠴᠠ᠂ ᠰᠢᠨᠵᠢᠯᠡᠬᠦ ᠤᠬᠠᠭᠠᠨᠴᠢ ᠠᠷᠭ᠎ᠠ ᠵᠡᠷᠭᠡ ᠲᠠᠯ᠎ᠠ ᠪᠠᠷ ︽ᠳᠥᠷᠪᠡ ᠶᠢ ᠪᠠᠷᠢᠮᠲᠠᠯᠠᠬᠤ︾  ᠶᠢᠨ ᠴᠢᠬᠤᠯᠠ ᠲᠤᠷᠰᠢᠯᠭ᠎ᠠ ᠶᠢ ᠲᠤᠰ ᠲᠤᠰ ᠬᠤᠷᠢᠶᠠᠩᠭᠤᠶᠢᠯᠠᠵᠠᠢ᠃             ᠰᠢᠨ᠎ᠡ ᠴᠠᠭ ᠦᠶ᠎ᠡ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠢ ᠯᠤᠲᠤ ᠶᠡᠭᠡ ᠤᠯᠤᠰ ᠲᠦᠷᠦ ᠶᠢᠨ ᠰᠥᠰᠥ ᠵᠣᠷᠢᠭ ᠪᠣᠯᠣᠨ ᠤᠶᠤᠨ ᠤᠬᠠᠭᠠᠨ ᠢᠶᠠᠷ ᠢᠶᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠥᠭᠡᠷᠡᠴᠢᠯᠡᠯᠲᠡ ᠶᠢᠨ ᠤᠨᠤᠯ ᠪᠠ ᠥᠭᠡᠷᠡᠴᠢᠯᠡᠯᠲᠡ ᠶᠢᠨ ᠦᠢᠯᠡᠳᠦᠯᠭᠡ ᠶᠢ ᠰᠢᠨ᠎ᠡ ᠨᠢᠭᠡᠨ ᠥᠷᠭᠡᠴᠡ ᠪᠠ ᠭᠦᠨᠴᠡ ᠳᠤ ᠬᠦᠷᠭᠡᠵᠡᠢ᠃ ᠣᠳᠣᠬᠠᠨ ᠳᠤ᠂ ᠥᠭᠡᠷᠡᠴᠢᠯᠡᠯᠲᠡ ᠶᠢᠨ ᠦᠵᠡᠯ ᠰᠠᠨᠠᠭᠠᠨ ᠤ ᠰᠠᠭᠤᠷᠢ᠂ ᠦᠢᠯᠡᠳᠦᠯᠭᠡ ᠶᠢᠨ ᠰᠠᠭᠤᠷᠢ᠂ ᠪᠠᠶᠢᠭᠤᠯᠤᠯ ᠤᠨ ᠰᠠᠭᠤᠷᠢ᠂ ᠠᠷᠠᠳ ᠤᠨ ᠰᠡᠳᠬᠢᠯ ᠤᠨ ᠰᠠᠭᠤᠷᠢ ᠶᠢ ᠨᠡᠩ ᠪᠠᠲᠤ ᠪᠠᠬᠢ ᠪᠣᠯᠭᠠᠵᠠᠢ᠃             ᠥᠭᠡᠷᠡᠴᠢᠯᠡᠯᠲᠡ ᠶᠢᠨ ᠦᠢᠯᠡᠳᠦᠯᠭᠡ ᠳᠤᠮᠳᠠ ᠤᠨᠤᠯ ᠤᠨ ᠰᠢᠨ᠎ᠡ ᠡᠭᠦᠳᠦᠯᠲᠡ ᠶᠢ ᠲᠠᠰᠤᠷᠠᠯᠳᠠ ᠦᠭᠡᠢ ᠠᠬᠢᠭᠤᠯᠵᠤ᠂ ᠤᠨᠤᠯ ᠤᠨ ᠰᠢᠨ᠎ᠡ ᠡᠭᠦᠳᠦᠯᠲᠡ ᠪᠠᠷ ᠥᠭᠡᠷᠡᠴᠢᠯᠡᠯᠲᠡ ᠶᠢᠨ ᠰᠢᠨ᠎ᠡ ᠦᠢᠯᠡᠳᠦᠯᠭᠡ ᠶᠢ ᠵᠢᠯᠣᠭᠤᠳᠤᠨ᠎ᠠ᠃             ︽ᠵᠢᠷᠭᠤᠭ᠎ᠠ ᠶᠢ ᠪᠠᠷᠢᠮᠲᠠᠯᠠᠬᠤ︾  ᠶᠢᠨ ᠴᠢᠬᠤᠯᠠ ᠶᠡᠭᠡ ᠵᠠᠷᠴᠢᠮ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠪᠣᠯᠣᠨ ᠲᠡᠭᠦᠨ ᠳᠤ ᠲᠤᠭᠤᠰᠢᠯᠠᠭᠤᠯᠤᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠭᠦᠢᠴᠡᠳ ᠢᠯᠡᠷᠡᠭᠦᠯᠵᠦ᠂ ᠮᠠᠨ ᠤ ᠨᠠᠮ ᠤᠨ ᠥᠭᠡᠷᠡᠴᠢᠯᠡᠯᠲᠡ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠂ ᠡᠨᠡ ᠪᠣᠯ ᠰᠢᠨ᠎ᠡ ᠠᠶᠠᠨ ᠵᠠᠮ ᠵᠠᠮ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠵᠢᠷᠤᠮᠯᠠᠯ ᠪᠣᠯᠣᠨ᠎ᠠ᠃             ︵ᠭᠤᠷᠪᠠ︶  ᠨᠡᠶᠢᠭᠡᠮ ᠨᠡᠶᠢᠲᠡ ᠶᠢᠨ ᠠᠩᠬᠠᠷᠤᠯ ᠳᠤ ᠬᠠᠷᠢᠭᠤᠯᠲᠠ ᠥᠭᠴᠦ᠂ ᠠᠵᠤ ᠠᠬᠤᠢ ᠶᠢᠨ ᠪᠠᠶᠢᠭᠤᠯᠤᠯ ᠳᠤ ᠥᠭᠡᠷᠡᠴᠢᠯᠡᠯᠲᠡ ᠬᠢᠬᠦ ᠡᠨᠡ ᠬᠦ ︽ᠵᠠᠩᠭᠢᠯᠠᠭ᠎ᠠ︾  ᠶᠢ ᠨᠢ ᠠᠳᠬᠤᠨ᠎ᠠ             ᠳᠡᠯᠡᠬᠡᠢ ᠶᠢᠨ ᠪᠠ ᠤᠯᠤᠰ ᠤᠨ ᠳᠣᠲᠣᠭᠠᠳᠤᠬᠢ ᠨᠠᠷᠢᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ ᠠᠷᠠᠳ ᠣᠯᠠᠨ ᠤ ᠰᠢᠨ᠎ᠡ ᠬᠦᠰᠡᠯ ᠮᠥᠷᠥᠭᠡᠳᠦᠯ ᠤᠨ ᠡᠮᠦᠨ᠎ᠡ᠂ ᠡᠷᠬᠡᠪᠰᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠶᠡᠭᠡ ᠲᠠᠯ᠎ᠠ ᠶᠢ ᠲᠣᠭᠲᠠᠪᠤᠷᠢᠵᠢᠭᠤᠯᠬᠤ᠂ ᠬᠤᠪᠢᠷᠠᠯᠲᠠ ᠶᠢ ᠠᠷᠭᠠᠴᠠᠭᠠᠬᠤ᠂ ᠰᠢᠨ᠎ᠡ ᠪᠠᠶᠢᠳᠠᠯ ᠢ ᠨᠡᠭᠡᠭᠡᠬᠦ ᠶᠢᠨ ᠴᠢᠬᠤᠯᠠ ᠭᠠᠷᠳᠠᠴᠠ ᠪᠣᠯᠭᠠᠬᠤ ᠬᠡᠷᠡᠭᠲᠡᠢ᠃             ᠡᠨᠡ ᠵᠢᠯ ᠤᠨ 2 ᠳ᠋ᠤᠭᠠᠷ ᠰᠠᠷ᠎ᠠ ᠳᠤ ᠬᠤᠷᠠᠯᠳᠤᠭᠤᠯᠤᠭᠰᠠᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯᠳᠤᠭᠠᠨ ᠠᠴᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠥᠰᠥᠪᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠢᠯᠭᠤᠮ ᠤᠷᠤᠭᠰᠢᠲᠠᠢ ᠲᠦᠯᠬᠢᠨ ᠠᠬᠢᠭᠤᠯᠬᠤ ᠶᠢ ᠬᠠᠷᠰᠢᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢᠨ ᠰᠠᠭᠠᠳ ᠲᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ︾  ︽ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠦᠭᠦᠳ ᠲᠤ ᠢᠯᠡ ᠲᠣᠳᠣ ᠴᠢᠭᠯᠡᠯᠳᠤ ᠴᠢᠨᠠᠷ ᠲᠠᠢ ᠪᠠᠶᠢᠵᠤ᠂ ᠬᠠᠮᠤᠭ ᠤᠨ ᠲᠤᠪᠤᠶᠢᠮ᠎ᠠ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠠᠷ ᠬᠦᠴᠦᠯᠡᠵᠦ᠂ ᠥᠭᠡᠷᠡᠴᠢᠯᠡᠯᠲᠡ ᠶᠢᠨ ᠦᠨᠦᠷ ᠠᠮᠲᠠ ᠪᠠᠷ ᠥᠳᠬᠡᠨ ᠪᠠᠶᠢᠵᠤ᠂ ᠥᠭᠡᠷᠡᠴᠢᠯᠡᠯᠲᠡ ᠶᠢᠨ ᠥᠩᠭᠡ ᠪᠣᠳᠤᠭ ᠢ ᠭᠦᠨ ᠪᠠᠶᠢᠯᠭᠠᠬᠤ ᠬᠡᠷᠡᠭᠲᠡᠢ︾  ᠭᠡᠵᠦ ᠴᠢᠬᠤᠯᠠᠴᠢᠯᠠᠪᠠ᠃             ᠲᠣᠰ ᠤᠳᠠᠭᠠᠨ ᠤ ᠪᠥᠬᠦᠳᠡ ᠬᠤᠷᠠᠯᠳᠤᠭᠠᠨ ᠨᠢ ᠬᠠᠷᠠᠯᠲᠠ ᠪᠠᠷ ᠤᠳᠤᠷᠢᠳᠤᠮᠵᠢ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠰᠢᠰᠲ᠋ᠧᠮ ᠲᠠᠢ ᠪᠠᠷ ᠪᠠᠶᠢᠷᠢᠯᠠᠭᠤᠯᠪᠠ᠃ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠭᠤᠯᠭ᠎ᠠ ᠪᠣᠯ ᠲᠣᠰ ᠬᠤᠷᠠᠯᠳᠤᠭᠠᠨ ᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠠᠶᠢᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠶᠢ ᠲᠦᠢᠯ ᠢᠶᠠᠷ ᠴᠢᠬᠤᠯᠠᠴᠢᠯᠠᠵᠤ ᠪᠠᠶᠢᠬᠤ ᠶᠢ ᠪᠦᠭᠦᠳᠡ ᠬᠤᠷᠠᠯᠳᠤᠭᠠᠨ ᠤ ᠠᠯᠪᠠᠨ ᠮᠡᠳᠡᠭᠡᠨ ᠠᠴᠠ ᠣᠯᠵᠤ ᠬᠠᠷᠠᠨ᠎ᠠ᠃             ᠨᠢᠭᠡ ᠬᠠᠷᠠᠯᠲᠠ ᠨᠢ ᠣᠨᠴᠠᠭᠠᠢ ᠢᠯᠡ ᠲᠣᠳᠣ ᠬᠠᠷᠠᠭᠳᠠᠵᠤ ᠪᠠᠶᠢᠨ᠎ᠠ᠄  ︽2035 ᠣᠨ ᠪᠣᠯᠬᠤ ᠳᠤ᠂ ᠥᠨᠳᠥᠷ ᠬᠢᠷᠢ ᠲᠦᠪᠰᠢᠨ ᠪᠥᠬᠦᠶ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠥᠬᠦ ᠲᠠᠯ᠎ᠠ ᠪᠠᠷ ᠪᠠᠶᠢᠭᠤᠯᠤᠨ᠎ᠠ︾ ᠃ ᠡᠨᠡ ᠪᠣᠯ ︽ᠲᠤᠯᠤᠭᠠᠨ ᠵᠦᠢᠯ ᠳᠤ ᠠᠩᠬᠠᠷᠤᠯ ᠲᠥᠪᠯᠡᠷᠡᠭᠦᠯᠬᠦ︾  ᠶᠢᠨ ᠲᠡᠷᠢᠭᠦᠨ ᠳᠤ ᠨᠢ ᠲᠣᠭᠠᠴᠠᠭᠳᠠᠬᠤ ᠪᠥᠭᠡᠳ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠨᠢ ᠮᠠᠰᠢ ᠲᠣᠳᠣᠷᠬᠠᠶ ᠪᠠᠶᠢᠨ᠎ᠠ᠃             ︽ᠥᠨᠳᠥᠷ ᠬᠢᠷᠢ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠪᠦᠷᠢᠨᠰᠢᠬᠦᠯᠤᠨ᠂ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠬᠤᠷᠸ᠎ᠠ ᠠᠵᠤ ᠠᠬᠤᠢ ᠶᠢᠨ ᠵᠠᠰᠠᠯᠲᠠ ᠶᠢᠨ ᠲᠣᠭᠲᠠᠯᠴᠠᠭ᠎ᠠ ᠶᠢ ᠪᠦᠷᠢᠨᠰᠢᠬᠦᠯᠤᠨ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ ᠁︾              ᠪᠥᠬᠦᠳᠡ ᠬᠤᠷᠠᠯᠳᠤᠭᠠᠨ ᠨᠢ ᠰᠢᠨ᠎ᠡ ᠬᠥᠭᠵᠢᠯᠲᠡ ᠶᠢᠨ ᠣᠨᠣᠯᠵᠢᠬᠤᠨ ᠢᠶᠠᠷ ᠥᠭᠡᠷᠡᠴᠢᠯᠡᠯᠲᠡ ᠶᠢ ᠬᠥᠲᠥᠯᠥᠨ ᠳᠠᠭᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠢᠪᠲᠤᠯᠤᠯᠲᠠ ᠶᠢᠨ ᠴᠡᠭ ᠪᠣᠯᠤᠨ ᠵᠠᠩᠭᠢᠯᠠᠭ᠎ᠠ ᠶᠢᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠳᠤ ᠥᠭᠡᠷᠡᠴᠢᠯᠡᠯᠲᠡ ᠶᠢᠨ ᠬᠥᠳᠡᠯᠭᠡᠬᠦ ᠬᠦᠴᠦᠨ ᠨᠡᠮᠡᠷᠢᠯᠡᠪᠡ᠃             ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠭᠤᠷᠢ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠤᠯᠭᠠᠭᠤᠷᠢᠯᠠᠯ ᠮᠥᠨ᠃ ᠪᠦᠬᠦᠳᠡ ᠬᠤᠷᠠᠯᠳᠤᠭᠠᠨ ᠰᠢᠨ᠎ᠡ ᠶᠢ ᠡᠭᠦᠳᠬᠦ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ︽ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠤᠬᠴᠠᠵᠢᠭᠤᠯᠤᠬᠰᠠᠨ ᠥᠭᠡᠷᠡᠴᠢᠯᠡᠯᠲᠡ ᠶᠢ ᠨᠢᠭᠡᠳᠦᠯᠲᠡᠢ ᠲᠥᠰᠥᠪᠯᠡᠨ ᠠᠬᠢᠭᠤᠯᠤᠨ᠎ᠠ︾  ᠭᠡᠵᠦ ᠲᠣᠳᠣᠷᠬᠠᠢ ᠳᠤᠷᠠᠳᠴᠠᠢ᠃ ᠡᠨᠡ ᠪᠣᠯ ᠨᠠᠮ ᠤᠨ ᠬᠤᠷᠢᠳᠤᠭᠠᠷ ᠬᠤᠷᠠᠯ ᠤᠨ ᠳᠠᠷᠠᠭᠠᠬᠢ ᠰᠤᠷᠭᠠᠨ ᠬᠥᠮᠥᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠤ ᠦᠢᠯᠡᠰ ᠲᠤ ᠲᠤᠰᠬᠠᠢ ᠪᠦᠯᠦᠭ ᠢᠶᠠᠷ ᠪᠠᠶᠢᠷᠢᠯᠠᠭᠤᠯᠤᠯᠲᠠ ᠬᠢᠭᠰᠡᠨ ᠤ ᠰᠡᠭᠦᠯᠡᠷᠬᠢ ᠪᠠᠰᠠ ᠨᠢᠭᠡ ᠤᠳᠠᠭᠠᠨ ᠤ ᠴᠢᠬᠤᠯᠠ ᠲᠣᠮᠣ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠭᠰᠡᠨ ᠶᠠᠪᠤᠳᠠᠯ ᠪᠣᠯᠣᠨ᠎ᠠ᠃             ᠡᠭᠦᠨ ᠤ ᠬᠠᠮᠲᠤ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠤ ᠴᠢᠨᠠᠷ ᠰᠠᠶᠢᠲᠠᠢ ᠦᠢᠯᠡᠳᠦᠯᠴᠡᠯ ᠢ ᠪᠡᠶᠡᠯᠡᠭᠦᠯᠬᠦ ᠪᠠᠷ ᠴᠢᠷᠮᠠᠶᠢᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠬᠡᠪᠰᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠪᠦᠭᠦᠳᠡ ᠬᠤᠷᠠᠯᠳᠤᠭᠠᠨ ᠠᠴᠠ ᠣᠨᠴᠠᠭᠠᠶᠢᠯᠠᠨ ᠴᠢᠬᠤᠯᠠᠴᠢᠯᠠᠪᠠ᠃             ᠠᠵᠤ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠭᠤᠣᠯᠳᠠᠯᠭ᠎ᠠ ᠲᠠᠢ ᠠᠬᠢᠭᠤᠯᠬᠤ ᠶᠢᠨ ᠬᠠᠮᠲᠤ᠂ ᠪᠤᠰᠤᠳ ᠡᠯ᠎ᠡ ᠬᠦᠷᠢᠶᠡᠨ ᠤ ᠦᠭᠡᠷᠡᠴᠢᠯᠡᠯᠲᠡ ᠶᠢ ᠨᠢᠭᠡᠲᠦᠯᠲᠡᠢ ᠰᠠᠶᠢᠲᠤᠷ ᠲᠥᠰᠥᠪᠯᠡᠵᠦ᠂ ᠦᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ︽ᠰᠢᠰᠲ᠋ᠧᠮᠲᠦ ᠬᠤᠷᠠᠮᠠᠯ ᠲᠠᠢ ᠪᠣᠯᠬᠤ ᠶᠢ ᠨᠡᠩ ᠴᠢᠬᠤᠯᠠᠴᠢᠯᠠᠬᠤ᠂ ᠭᠤᠣᠯᠳᠠᠯᠭ᠎ᠠ ᠶᠢ ᠳᠤᠪᠤᠶᠢᠯᠭᠠᠬᠤ ᠶᠢ ᠨᠡᠩ ᠴᠢᠬᠤᠯᠠᠴᠢᠯᠠᠬᠤ᠂ ᠦᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠨᠡᠩ ᠴᠢᠬᠤᠯᠠᠴᠢᠯᠠᠬᠤ︾  ᠶᠢᠨ ᠢᠯᠡ ᠲᠣᠳᠣ ᠤᠨᠴᠠᠯᠢᠭ ᠢ ᠭᠦᠢᠴᠡᠳ ᠢᠯᠡᠷᠡᠭᠦᠯᠦᠨ᠎ᠡ᠃  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号