| | | | | ᠰᠢᠨᠬᠤᠸᠠ ᠬᠤᠷᠢᠶᠠᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 19 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ 5 ᠳ᠋ᠤᠭᠠᠷ ᠰᠠᠷ᠎ᠠ ᠶᠢᠨ 20 ᠤ ᠡᠳᠦᠷ ᠵᠥᠩ ᠨᠠᠨ ᠬᠠᠢ ᠳᠤ ᠨᠠᠮ ᠤᠨ ᠭᠠᠳᠠᠨᠠᠬᠢ | ᠬᠥᠮᠥᠰ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠥᠭᠡᠷᠡᠴᠢᠯᠡᠯᠲᠡ ᠶᠢ ᠤᠯᠠᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠲᠣᠭᠲᠠᠭᠠᠯ ᠤᠨ ᠲᠤᠬᠠᠢ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ | ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠠ ᠨᠠᠮ ᠪᠦᠯᠦᠭ ᠤᠨ ᠪᠤᠰᠤ | ᠬᠥᠮᠥᠰ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ | ᠰᠢ ᠶᠢᠨ ᠫᠢᠩ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠨᠠᠮ ᠤᠨ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠭᠦᠳᠡ ᠬᠤᠷᠠᠯ ᠢ ᠬᠤᠷᠠᠯᠳᠤᠭᠤᠯᠬᠤ ᠪᠠᠷ ᠲᠣᠭᠲᠠᠵᠤ᠂ ᠥᠭᠡᠷᠡᠴᠢᠯᠡᠯᠲᠡ ᠶᠢ ᠤᠯᠠᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠭᠤᠣᠯᠳᠠᠯᠭ᠎ᠠ ᠲᠠᠢ ᠰᠤᠳᠤᠯᠤᠨ | ᠪᠠᠶᠢᠷᠢᠯᠠᠭᠤᠯᠬᠤ ᠶᠢᠨ ᠬᠠᠮᠲᠤ ᠲᠣᠭᠲᠠᠭᠠᠯ ᠭᠠᠷᠭᠠᠨ᠎ᠠ᠂ ᠡᠭᠦᠨ ᠢ ᠰᠢᠨ᠎ᠡ ᠠᠶᠠᠨ ᠳᠤ ᠨᠠᠮ ᠪᠠ ᠤᠯᠤᠰ ᠲᠤ ᠲᠤᠯᠭᠠᠷᠠᠵᠤ | ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠠᠴᠠ ᠪᠣᠳᠣᠯᠬᠢᠯᠠᠭᠰᠠᠨ ᠶᠤᠮ᠂ ᠵᠣᠷᠢᠯᠭ᠎ᠠ ᠨᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠴᠢᠮᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠂ ᠥᠭᠡᠷᠡᠴᠢᠯᠡᠯᠲᠡ ᠶᠢ ᠤᠯᠠᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠰᠲ᠋ᠧᠮ ᠲᠠᠢ ᠤᠬᠠᠭᠠᠯᠠᠨ ᠲᠥᠯᠥᠪᠯᠡᠭᠡ ᠪᠠ | ᠪᠠᠶᠢᠷᠢᠯᠠᠭᠤᠯᠤᠯᠲᠠ ᠬᠢᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠬᠦᠴᠦᠷᠬᠡᠭ ᠶᠡᠭᠡ | ᠬᠥᠳᠡᠯᠭᠡᠭᠴᠢ ᠬᠦᠴᠦᠨ ᠪᠠ ᠳᠦᠷᠢᠮ ᠤᠨ ᠪᠠᠲᠤᠯᠠᠭ᠎ᠠ ᠬᠠᠩᠭᠠᠬᠤ ᠵᠣᠷᠢᠯᠭ᠎ᠠ ᠪᠠᠷ ᠶᠤᠮ ᠭᠡᠵᠦ ᠴᠢᠬᠤᠯᠠᠴᠢᠯᠠᠪᠠ᠃ | | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠸᠠᠩ ᠬᠤ᠋ ᠨᠢᠩ᠂ | ᠼᠠᠢ ᠴᠢ᠂ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃ | | ᠶᠠᠷᠢᠯᠴᠠᠬᠤ ᠬᠤᠷᠠᠯ ᠳᠡᠭᠡᠷ᠎ᠡ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶᠠᠨ ᠤ ᠲᠡᠷᠢᠭᠦᠯᠡᠭᠴᠢ | ᠵᠧᠩ ᠵᠢᠶᠠᠨ ᠪᠠᠩ᠂ ᠠᠷᠠᠳᠴᠢᠯᠠᠭᠰᠠᠨ ᠬᠤᠯᠪᠤᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠳ᠋ᠢᠩ ᠵᠦᠩ ᠯᠢ᠂ ᠳᠤᠮᠳᠠᠳᠤ | ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠬᠤᠤ ᠮᠢᠩ ᠶᠢᠨ | ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠼᠠᠢ ᠳ᠋ᠠ ᠹᠧᠩ᠂ ᠲᠠᠷᠢᠶᠠᠴᠢᠨ | ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠾᠧ ᠸᠧᠢ᠂ ᡁᠢᠭᠦ᠋ᠩᠳᠠᠩ ᠨᠠᠮ ᠤᠨ ᠲᠥᠪ | ᠬᠤᠷᠢᠶᠠᠨ ᠤ ᠲᠡᠷᠢᠭᠦᠯᠡᠭᠴᠢ ᠵᠢᠶᠠᠩ ᠽᠦᠸᠧ ᠵᠢᠶᠦ᠋ᠨ᠂ ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ | ᠬᠤᠷᠢᠶᠠᠨ ᠤ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠬᠤᠯᠪᠤᠭ᠎ᠠ ᠶᠢᠨ | ᠲᠥᠪ ᠬᠤᠷᠢᠶᠠᠨ ᠤ ᠲᠡᠷᠢᠭᠦᠯᠡᠭᠴᠢ ᠰᠦ᠋ ᠬᠤᠢ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠲᠡᠷᠢᠭᠦᠯᠡᠭᠴᠢ ᠭᠤᠤ ᠶᠦᠨ ᠯᠦᠩ᠂ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠲᠠᠰᠤᠯᠪᠤᠷᠢ ᠱᠢ ᠯᠦᠩ | ᠤᠷᠢᠳ ᠬᠤᠵᠢᠳ ᠦᠭᠡ ᠬᠡᠯᠡᠪᠡ᠃ ᠲᠡᠳᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠥᠭᠡᠷᠡᠴᠢᠯᠡᠯᠲᠡ ᠶᠢ ᠤᠯᠠᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠲᠣᠭᠲᠠᠭᠠᠯ ᠤᠨ ᠨᠣᠣᠷᠠᠭ ᠢ ᠪᠦᠷᠢᠮᠦᠰᠦᠨ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ | ᠡᠨᠡ ᠨᠢ ᠥᠭᠡᠷᠡᠴᠢᠯᠡᠯᠲᠡ ᠶᠢ ᠤᠯᠠᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠢᠨᠵᠢᠯᠡᠬᠦ | ᠤᠬᠠᠭᠠᠨᠴᠢ ᠪᠠᠷ ᠤᠬᠠᠭᠠᠯᠠᠨ ᠲᠥᠯᠥᠪᠯᠡᠵᠦ᠂ ᠲᠡᠦᠬᠡ ᠶᠢᠨ ᠰᠢᠨ᠎ᠡ ᠡᠭᠢᠯᠡᠯᠲᠡ᠂ ᠲᠡᠦᠬᠡ ᠶᠢᠨ ᠰᠢᠨ᠎ᠡ ᠣᠷᠣᠨ ᠪᠠᠶᠢᠷᠢ | ᠳᠡᠭᠡᠷᠡᠬᠢ ᠥᠭᠡᠷᠡᠴᠢᠯᠡᠯᠲᠡ ᠶᠢᠨ ᠵᠢᠯᠤᠭᠤᠳᠬᠤ ᠦᠵᠡᠯ ᠰᠠᠨᠠᠭ᠎ᠠ᠂ ᠬᠠᠷᠠᠯᠲᠠ ᠵᠠᠷᠴᠢᠮ ᠪᠠ ᠭᠤᠣᠯᠳᠠᠯᠭ᠎ᠠ ᠲᠠᠢ ᠡᠭᠦᠷᠭᠡ | ᠵᠡᠷᠭᠡ ᠶᠢ ᠲᠣᠳᠣᠷᠬᠠᠶᠢᠯᠠᠵᠤ᠂ ᠴᠢᠬᠤᠯᠠ ᠶᠡᠭᠡ ᠣᠨᠣᠯ ᠤᠨ ᠠᠴᠢ ᠬᠤᠯᠪᠣᠭᠳᠠᠯ᠂ ᠦᠢᠯᠡᠳᠦᠯᠭᠡ ᠶᠢᠨ ᠠᠴᠢ ᠬᠤᠯᠪᠣᠭᠳᠠᠯ | ᠪᠠ ᠴᠠᠭ ᠦᠶ᠎ᠡ ᠶᠢᠨ ᠠᠴᠢ ᠬᠤᠯᠪᠣᠭᠳᠠᠯ ᠲᠠᠢ ᠭᠡᠵᠦ ᠰᠠᠨᠠᠯ ᠨᠢᠭᠡᠲᠡᠢ ᠦᠵᠡᠵᠡᠭᠡᠬᠦ ᠶᠢᠨ ᠬᠠᠮᠲᠤ ᠠᠵᠤ ᠠᠬᠤᠢ ᠶᠢᠨ | ᠠᠮᠢᠵᠢᠷᠠᠯ ᠤᠨ ᠬᠦᠴᠦᠨ ᠢ ᠬᠥᠭᠵᠢᠭᠡᠬᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠰᠢᠨ᠎ᠡ ᠪᠠᠶᠢᠷᠢᠰᠢᠯ ᠢ | ᠪᠠᠶᠢᠭᠤᠯᠬᠤ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ | ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ ᠶᠢᠨ ᠴᠢᠨᠠᠷᠲᠠᠢ ᠬᠠᠷᠰᠢ ᠰᠠᠭᠠᠳ ᠢ ᠠᠷᠢᠯᠭᠠᠬᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ ᠲᠠᠢ ᠵᠣᠬᠢᠴᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ | ᠭᠦᠢᠯᠭᠡᠭᠡᠨ ᠤ ᠰᠢᠰᠲ᠋ᠧᠮ ᠢ ᠪᠠᠶᠢᠭᠤᠯᠬᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠬᠤ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠠᠬᠢᠭᠤᠯᠬᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠭᠤᠰᠤᠯᠴᠠᠨ ᠬᠥᠭᠵᠢᠬᠦ ᠶᠢ | ᠠᠬᠢᠭᠤᠯᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ | | ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | ᠲᠡᠷᠡ ᠶᠠᠭᠤᠨ ᠤ ᠡᠮᠦᠨ᠎ᠡ ᠨᠠᠮ ᠤᠨ ᠲᠥᠪ ᠬᠤᠷᠢᠶᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠭᠦᠳᠡ ᠬᠤᠷᠠᠯ ᠤᠨ ᠥᠭᠡᠷᠡᠴᠢᠯᠡᠯᠲᠡ ᠶᠢ ᠤᠯᠠᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠤᠳᠤᠯᠬᠤ ᠪᠣᠳᠣᠯᠬᠢᠯᠠᠯ ᠪᠣᠯᠣᠨ ᠪᠢᠴᠢᠭ ᠮᠠᠲ᠋ᠧᠷᠢᠶᠠᠯ ᠢ | ᠲᠤᠭᠤᠷᠪᠢᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠠᠷᠠᠳᠴᠢᠯᠠᠯ ᠢ ᠪᠠᠳᠠᠷᠠᠭᠤᠯᠵᠤ᠂ ᠤᠯᠠᠨ ᠤ | ᠤᠶᠤᠨ ᠤᠬᠠᠭᠠᠨ ᠢ ᠲᠥᠪᠯᠡᠷᠡᠭᠦᠯᠵᠦ᠂ ᠡᠯ᠎ᠡ ᠲᠠᠯ᠎ᠠ ᠶᠢᠨ ᠰᠠᠨᠠᠯ ᠢ ᠥᠷᠭᠡᠨ ᠢᠶᠠᠷ ᠰᠣᠨᠣᠰᠬᠤ ᠪᠣᠯ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠠᠰᠠᠭᠤᠳᠠᠯ ᠢ ᠰᠤᠳᠤᠯᠬᠤ᠂ ᠴᠢᠬᠤᠯᠠ ᠬᠤᠷᠠᠯ ᠤᠨ ᠪᠢᠴᠢᠭ | ᠮᠠᠲ᠋ᠧᠷᠢᠶᠠᠯ ᠢ ᠲᠣᠭᠲᠠᠭᠠᠬᠤ ᠢᠮᠠᠭᠲᠠ ᠶᠢᠨ ᠠᠷᠭ᠎ᠠ ᠪᠠ ᠰᠢᠯᠢᠳᠡᠭ ᠤᠯᠠᠮᠵᠢᠯᠠᠯ ᠮᠥᠨ᠃ ᠨᠢᠳᠤᠨᠤᠨ ᠤ 12 ᠳ᠋ᠤᠭᠠᠷ | ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠪ ᠤᠨ ᠨᠢᠭᠡᠳᠦᠮᠡᠯ ᠹᠷᠣᠨᠲ ᠤᠨ | ᠬᠡᠯᠲᠡᠰ ᠲᠤ ᠨᠠᠶᠢᠳᠠᠵᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠭᠦᠳᠡ ᠬᠤᠷᠠᠯ ᠤᠨ ᠬᠤᠯᠪᠣᠭᠳᠠᠯ ᠪᠦᠬᠦᠢ ᠵᠥᠪᠯᠡᠬᠦ ᠵᠦᠢᠯ ᠤᠨ ᠲᠤᠬᠠᠢ ᠨᠠᠮ ᠤᠨ ᠭᠠᠳᠠᠨᠠᠬᠢ ᠬᠥᠮᠥᠰ ᠤᠨ | ᠰᠠᠨᠠᠯ ᠰᠠᠨᠠᠭᠤᠯᠭ᠎ᠠ ᠶᠢ ᠲᠤᠰᠬᠠᠶᠢᠯᠠᠨ ᠬᠤᠷᠢᠶᠠᠪᠠ᠂ ᠣᠯᠠᠨ ᠢᠶᠠᠷ ᠢᠶᠠᠨ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠦᠢᠯᠡᠳᠦᠯᠭᠡ ᠶᠢᠨ ᠲᠤᠷᠰᠢᠯᠭ᠎ᠠ᠂ ᠥᠭᠡᠷᠡᠴᠢᠯᠡᠯᠲᠡ ᠶᠢ ᠤᠯᠠᠮ ᠭᠦᠨᠵᠡᠭᠡᠶᠢᠷᠡᠭᠦᠯᠬᠦ ᠶᠡᠷᠦᠩᠬᠡᠢ | ᠬᠠᠷᠠᠯᠲᠠ᠂ ᠵᠢᠷᠤᠮᠯᠠᠬᠤ ᠴᠢᠬᠤᠯᠠᠲᠠᠢ ᠴᠢᠬᠤᠯᠠ ᠵᠠᠷᠴᠢᠮ᠂ ᠡᠯ᠎ᠡ ᠬᠦᠷᠢᠶᠡᠨ ᠤ ᠥᠭᠡᠷᠡᠴᠢᠯᠡᠯᠲᠡ ᠶᠢ ᠤᠯᠠᠮ | ᠭᠦᠨᠵᠡᠭᠡᠶᠢᠷᠡᠭᠦᠯᠬᠦ ᠬᠠᠷᠠᠯᠲᠠ ᠡᠭᠦᠷᠭᠡ᠂ ᠴᠢᠬᠤᠯᠠ ᠶᠡᠭᠡ ᠠᠷᠭ᠎ᠠ ᠬᠡᠮᠵᠢᠶ᠎ᠡ᠂ ᠨᠠᠮ ᠤᠨ ᠭᠠᠳᠠᠨᠠᠬᠢ ᠬᠥᠮᠥᠰ ᠤᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠᠬᠢ ᠦᠢᠯᠡᠳᠦᠯ ᠢ ᠪᠠᠳᠠᠷᠠᠭᠤᠯᠬᠤ ᠵᠡᠷᠭᠡ ᠠᠰᠠᠭᠤᠳᠠᠯ ᠤᠨ | ᠲᠣᠭᠤᠷᠢᠨ ᠳᠤ ᠴᠥᠭᠡᠨ ᠪᠤᠰᠤ ᠦᠨ᠎ᠡ ᠥᠷᠲᠡᠭ ᠲᠠᠢ ᠰᠠᠨᠠᠯ ᠰᠠᠨᠠᠭᠤᠯᠭ᠎ᠠ ᠳᠤᠷᠠᠳᠴᠠᠢ᠃ ᠤᠯᠠᠨ ᠢᠶᠠᠷ ᠢᠶᠠᠨ ᠰᠠᠶ᠋ᠢ ᠶᠢᠨ | ᠶᠠᠷᠢᠶᠠᠨ ᠳᠠᠭᠠᠨ ᠮᠠᠰᠢ ᠰᠠᠶᠢᠨ ᠰᠠᠨᠠᠯ ᠰᠠᠨᠠᠭᠤᠯᠭ᠎ᠠ ᠳᠤᠷᠠᠳᠪᠠ᠂ ᠪᠢᠳᠠ ᠨᠠᠷᠢᠨ ᠬᠢᠨᠠᠮᠠᠭᠠᠢ ᠰᠤᠳᠤᠯᠤᠨ ᠰᠢᠩᠭᠡᠬᠡᠨ ᠠᠪᠤᠨ᠎ᠠ | ᠭᠡᠵᠦ ᠵᠢᠭᠠᠵᠤ ᠭᠠᠷᠭᠠᠪᠠ᠃ ᠲᠡᠷᠡ ᠨᠠᠮ ᠤᠨ ᠲᠥᠪ ᠬᠤᠷᠢᠶᠠᠨ ᠤ ᠡᠮᠦᠨ᠎ᠡ ᠠᠴᠠ ᠤᠯᠠᠨ ᠳᠤ ᠲᠠᠯᠠᠷᠬᠠᠵᠤ ᠪᠠᠶᠢᠬᠤ ᠪᠠᠨ | ᠢᠯᠡᠳᠬᠡᠪᠡ᠃ | | ᠰᠢ ᠶᠢᠨ ᠫᠢᠩ᠂ ᠥᠭᠡᠷᠡᠴᠢᠯᠡᠯᠲᠡ ᠶᠢ ᠤᠯᠠᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠭᠡᠪᠡᠯ ᠠᠰᠠᠭᠤᠳᠠᠯ ᠳᠤ | ᠰᠢᠭᠤᠳ ᠬᠠᠨᠳᠤᠬᠤ ᠬᠡᠷᠡᠭᠲᠡᠢ᠃ ᠠᠰᠠᠭᠤᠳᠠᠯ ᠤᠨ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ | ᠪᠤᠯᠭᠠᠬᠤ ᠶᠢ ᠲᠣᠪᠤᠶᠢᠯᠭᠠᠨ᠂ ᠬᠥᠭᠵᠢᠯᠲᠡ ᠶᠢᠨ ᠬᠡᠷᠡᠭᠴᠡᠭᠡ ᠶᠢᠨ ᠲᠣᠭᠤᠷᠢᠨ ᠳᠤ᠂ ᠠᠷᠠᠳ ᠤᠨ ᠰᠡᠳᠬᠢᠯ ᠤᠨ | ᠬᠠᠨᠳᠤᠰᠢ ᠳᠤ ᠵᠣᠬᠢᠴᠠᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠤᠨ ᠠᠰᠠᠭᠤᠳᠠᠯ᠂ | ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠨᠥᠯᠥᠭᠡᠯᠡᠵᠦ ᠪᠠᠶᠢᠭ᠎ᠠ ᠬᠠᠯᠠᠮᠰᠢᠯ ᠠᠰᠠᠭᠤᠳᠠᠯ᠂ ᠠᠷᠠᠳ ᠤᠨ | ᠠᠮᠢᠳᠤᠷᠠᠯ ᠤᠨ ᠲᠠᠯ᠎ᠠ ᠪᠠᠷ ᠬᠢ ᠬᠦᠴᠢᠷ ᠠᠰᠠᠭᠤᠳᠠᠯ᠂ ᠨᠠᠮ ᠤᠨ ᠪᠠᠶᠢᠭᠤᠯᠤᠯᠲᠠ ᠶᠢᠨ ᠲᠣᠪᠤᠶᠢᠮ᠎ᠠ ᠠᠰᠠᠭᠤᠳᠠᠯ᠂ ᠡᠯ᠎ᠡ | ᠬᠦᠷᠢᠶᠡᠨ ᠤ ᠠᠶᠤᠯ ᠲᠦᠭᠰᠢᠭᠦᠷᠢ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠭᠡᠷᠡᠴᠢᠯᠡᠯᠲᠡ ᠶᠢᠨ ᠴᠢᠭᠯᠡᠭᠦᠯᠦᠯᠲᠦ | ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠬᠤ ᠬᠡᠷᠡᠭᠲᠡᠢ᠃ ᠦᠩᠭᠡᠨ ᠲᠠᠯ᠎ᠠ ᠪᠠ ᠦᠨᠳᠦᠰᠦ ᠠᠴᠠ ᠨᠢ | ᠵᠠᠰᠠᠬᠤ ᠶᠢ ᠪᠠᠷᠢᠮᠲᠠᠯᠠᠵᠤ᠂ ᠦᠨᠳᠦᠰᠦ ᠠᠴᠠ ᠨᠢ ᠵᠠᠰᠠᠬᠤ ᠶᠢ ᠴᠢᠬᠤᠯᠠᠴᠢᠯᠠᠵᠤ᠂ ᠦᠷᠭᠦᠯᠵᠢᠯᠡᠨ ᠪᠦᠭᠦ ᠲᠠᠯ᠎ᠠ ᠳᠤ ᠬᠦᠴᠦ | ᠣᠷᠣᠭᠤᠯᠤᠨ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠰᠢᠢᠳᠪᠦᠷᠢᠯᠡᠬᠦ ᠴᠢᠬᠤᠯᠠᠲᠠᠢ ᠲᠣᠪᠤᠶᠢᠮ᠎ᠠ ᠠᠰᠠᠭᠤᠳᠠᠯ ᠳᠤ ᠪᠦᠭᠦ ᠲᠠᠯ᠎ᠠ ᠪᠠᠷ ᠪᠦᠷᠬᠦᠭᠦᠯᠬᠦ ᠭᠡᠷᠡᠭᠲᠡᠢ︔ | ᠪᠠᠰᠠ ᠦᠷᠭᠦᠯᠵᠢᠯᠡᠨ ᠭᠦᠨᠵᠡᠭᠡᠶᠢᠷᠡᠭᠦᠯᠬᠦ ᠲᠠᠯ᠎ᠠ ᠪᠠᠷ ᠪᠣᠳᠠᠲᠤ ᠬᠦᠴᠦ ᠣᠷᠣᠭᠤᠯᠵᠤ᠂ ᠠᠵᠤ ᠠᠬᠤᠢ ᠶᠢᠨ ᠪᠠᠶᠢᠭᠤᠯᠤᠯ ᠭᠡᠬᠦ | ᠡᠨᠡ ᠬᠦ ᠭᠤᠣᠯᠳᠠᠯᠭ᠎ᠠ ᠶᠢ ᠲᠤᠪᠤᠶᠢᠯᠭᠠᠵᠤ᠂ ᠭᠦᠨ ᠳᠠᠪᠬᠤᠷᠭ᠎ᠠ ᠶᠢᠨ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠪᠣᠯᠣᠨ | ᠪᠦᠲᠦᠴᠡ ᠶᠢᠨ ᠴᠢᠨᠠᠷᠲᠠᠢ ᠵᠥᠷᠢᠴᠡᠯ ᠢ ᠬᠦᠴᠦᠯᠡᠨ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | ᠰᠢ ᠶᠢᠨ ᠫᠢᠩ᠂ ᠥᠭᠡᠷᠡᠴᠢᠯᠡᠯᠲᠡ ᠶᠢ ᠤᠯᠠᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠬᠠᠮᠲᠤ ᠶᠢᠨ | ᠲᠠᠨᠢᠯᠲᠠ ᠶᠢ ᠨᠢᠭᠲᠠᠷᠠᠭᠤᠯᠬᠤ ᠬᠡᠷᠡᠭᠲᠡᠢ᠃ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠳᠤᠤᠭᠠᠷᠪᠠᠯ ᠲᠠᠭᠤ ᠨᠢᠭᠡᠲᠡᠢ ᠳᠤᠭᠲᠤᠷᠪᠠᠯ | ᠬᠦᠴᠦ ᠨᠢᠭᠡᠲᠡᠢ ᠪᠠᠶᠢᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠵᠦ᠂ ᠤᠯᠠᠨ ᠲᠦᠮᠡᠨᠴᠢ | ᠱᠤᠭᠤᠮ ᠢᠶᠠᠷ ᠰᠠᠶᠢᠲᠤᠷ ᠵᠠᠮᠨᠠᠵᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠵᠤ᠂ ᠠᠷᠭ᠎ᠠ ᠪᠣᠳᠣᠯᠭ᠎ᠠ ᠶᠢ | ᠠᠷᠠᠳ ᠠᠴᠠ ᠠᠰᠠᠭᠤᠵᠤ᠂ ᠦᠨᠳᠦᠰᠦᠨ ᠱᠠᠲᠤ ᠪᠣᠯᠣᠨ ᠤᠯᠠᠨ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ | ᠭᠦᠨᠳᠦᠳᠭᠡᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠵᠦᠢᠯᠡᠰ ᠠᠴᠠ | ᠥᠭᠡᠷᠡᠴᠢᠯᠡᠯᠲᠡ ᠶᠢᠨ ᠬᠦᠴᠦᠯᠡᠬᠦ ᠴᠡᠭ ᠪᠣᠯᠣᠨ ᠰᠢᠪᠲᠤᠯᠤᠯᠲᠠ ᠶᠢᠨ ᠴᠡᠭ ᠢ ᠣᠨᠣᠪᠴᠢᠲᠠᠢ ᠡᠷᠢᠵᠦ ᠣᠯᠬᠤ ᠶᠢ | ᠴᠢᠬᠤᠯᠠᠴᠢᠯᠠᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠬᠡᠷᠡᠭᠲᠡᠢ᠃ | ᠠᠷᠠᠳᠴᠢᠯᠠᠯ ᠢ ᠪᠠᠳᠠᠷᠠᠭᠤᠯᠬᠤ᠂ ᠲᠦᠮᠡᠨ ᠤ ᠰᠠᠨᠠᠯ ᠢ ᠠᠪᠴᠤ ᠣᠯᠠᠨ ᠤ ᠤᠬᠠᠭᠠᠨ ᠢ ᠲᠥᠪᠯᠡᠷᠡᠭᠦᠯᠬᠦ ᠶᠢ ᠪᠠᠷᠢᠮᠲᠠᠯᠠᠨ᠂ | ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠢᠨᠵᠢᠯᠡᠬᠦ ᠤᠬᠠᠭᠠᠨᠴᠢ ᠴᠢᠨᠠᠷ ᠪᠣᠯᠣᠨ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠬᠤ ᠳᠤ ᠡᠷᠬᠡᠪᠰᠢ ᠰᠢᠰᠲ᠋ᠧᠮ ᠤᠨ ᠦᠵᠡᠯᠲᠡ᠂ | ᠪᠦᠭᠦ ᠲᠠᠯ᠎ᠠ ᠶᠢᠨ ᠦᠵᠡᠯᠲᠡ ᠶᠢ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠬᠤᠪᠢᠰᠤᠩᠭᠤᠢ ᠰᠡᠳᠬᠢᠬᠦᠢ ᠶᠢ | ᠴᠢᠩᠭᠠᠳᠬᠠᠵᠤ᠂ ᠬᠥᠩᠭᠡᠨ ᠬᠦᠨᠳᠦ ᠠᠯᠭᠤᠷ ᠪᠠᠴᠢᠮ ᠢ ᠬᠤᠪᠢᠶᠠᠵᠤ᠂ ᠰᠢᠰᠲ᠋ᠧᠮ ᠤᠨ ᠬᠤᠷᠠᠮᠠᠯ ᠢ ᠨᠡᠩ ᠢᠯᠡᠭᠦᠦ | ᠴᠢᠬᠤᠯᠠᠴᠢᠯᠠᠬᠤ ᠬᠡᠷᠡᠭᠲᠡᠢ᠃ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠢᠵᠢ ᠪᠦᠷᠢᠳᠦᠭᠦᠯᠬᠦ ᠶᠢ | ᠴᠢᠩᠭᠠᠳᠬᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠢᠵᠢᠯ ᠴᠢᠭᠯᠡᠯ ᠢᠶᠠᠷ | ᠬᠦᠴᠦᠯᠡᠬᠦ ᠶᠢ ᠠᠬᠢᠭᠤᠯᠵᠤ᠂ ᠪᠦᠬᠦᠯᠢ ᠴᠣᠭᠴᠠ ᠶᠢᠨ ᠦᠷ᠎ᠡ ᠠᠰᠢᠭ ᠢ ᠴᠢᠩᠭᠠᠳᠬᠠᠬᠤ ᠬᠡᠷᠡᠭᠲᠡᠢ᠃ ᠬᠠᠮᠢᠶ᠎ᠠ ᠪᠦᠬᠦᠢ | ᠭᠠᠵᠠᠷ ᠣᠷᠣᠨ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠬᠦᠷᠢᠶᠡᠨ ᠳᠤ ᠥᠭᠡᠷᠡᠴᠢᠯᠡᠯᠲᠡ ᠶᠢ ᠠᠬᠢᠭᠤᠯᠬᠤ | ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠤᠪᠢ ᠬᠤᠪᠢᠨ ᠤ ᠪᠤᠳᠤᠬᠰᠠᠨ ᠢᠶᠠᠷ ᠢᠶᠠᠨ ᠬᠢᠵᠦ᠂ ᠬᠠᠷᠢᠯᠴᠠᠨ ᠬᠠᠷᠰᠢᠯᠠᠬᠤ ᠶᠢ | ᠡᠷᠡᠰ ᠰᠡᠷᠭᠡᠶᠢᠯᠡᠨ ᠲᠡᠪᠴᠢᠬᠦ ᠬᠡᠷᠡᠭᠲᠡᠢ ᠭᠡᠵᠦ ᠴᠢᠬᠤᠯᠠᠴᠢᠯᠠᠪᠠ᠃ | | ᠰᠢ ᠶᠢᠨ ᠫᠢᠩ᠂ ᠥᠭᠡᠷᠡᠴᠢᠯᠡᠯᠲᠡ ᠬᠢᠬᠦ ᠳᠤ ᠲᠥᠯᠦᠪᠵᠢᠭᠦᠯᠭᠡ ᠬᠢᠬᠦ ᠶᠢ ᠴᠢᠬᠤᠯᠠᠴᠢᠯᠠᠵᠤ᠂ | ᠨᠠᠶᠢᠳᠠᠪᠤᠷᠢᠵᠢᠭᠤᠯᠤᠯᠲᠠ ᠶᠢ ᠨᠡᠩ ᠰᠠᠶᠢᠲᠤᠷ ᠠᠳᠬᠤᠬᠤ ᠬᠡᠷᠡᠭᠲᠡᠢ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠪᠣᠳᠠᠲᠤ | ᠪᠠᠶᠢᠳᠠᠯ ᠢ ᠪᠠᠶᠢᠴᠠᠭᠠᠨ᠂ ᠪᠣᠳᠠᠲᠠᠢ ᠠᠷᠭ᠎ᠠ ᠭᠠᠷᠭᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠭᠡᠯᠪᠡᠷᠢ ᠶᠢᠨ ᠦᠵᠡᠯ ᠢ | ᠡᠷᠡᠰ ᠰᠡᠷᠭᠡᠶᠢᠯᠡᠨ ᠲᠡᠪᠴᠢᠵᠦ᠂ ᠥᠩᠭᠡᠪᠴᠢ ᠲᠡᠳᠦᠢ ᠳᠦᠷᠢ ᠲᠥᠷᠬᠦ ᠶᠢᠨ ᠢᠨᠵᠧᠨᠧᠷᠢᠩ᠂ ᠠᠷᠠᠳ ᠢ ᠵᠦᠳᠡᠭᠡᠵᠦ ᠡᠳ᠋ ᠢ | ᠰᠦᠢᠳᠬᠡᠬᠦ ᠠᠵᠢᠯ ᠤᠨ ᠠᠮᠵᠢᠯᠲᠠ ᠶᠢᠨ ᠢᠨᠵᠧᠨᠧᠷᠢᠩ ᠢ ᠬᠢᠬᠦ ᠶᠢ ᠡᠷᠡᠰ ᠴᠡᠭᠡᠷᠯᠡᠬᠦ ᠬᠡᠷᠡᠭᠲᠡᠢ᠃ ᠬᠡᠷᠡᠭᠵᠢᠭᠦᠯᠬᠦ ᠲᠥᠰᠥᠯ ᠢ | ᠰᠠᠶᠢᠲᠤᠷ ᠲᠣᠭᠲᠠᠭᠠᠵᠤ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠴᠠᠭ ᠲᠤᠨᠢ ᠲᠣᠬᠢᠷᠠᠭᠤᠯᠤᠨ | ᠲᠣᠬᠢᠷᠠᠮᠵᠢᠲᠠᠢ ᠪᠠᠶᠢᠯᠭᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠨ ᠬᠢᠵᠦ᠂ ᠪᠣᠳᠠᠲᠠᠢ ᠠᠴᠠ ᠰᠠᠯᠤᠩᠭᠢᠷᠠᠬᠤ ᠶᠢ ᠴᠢᠩᠭ᠎ᠠ | ᠴᠡᠭᠡᠷᠯᠡᠬᠦ ᠬᠡᠷᠡᠭᠲᠡᠢ᠃ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ᠂ ᠤᠷᠢᠳᠠᠪᠠᠷ ᠰᠢᠨ᠎ᠡ ᠶᠢ ᠪᠠᠶᠢᠭᠤᠯᠤᠨ ᠰᠡᠭᠦᠯᠡᠷ ᠨᠢ ᠬᠠᠭᠤᠴᠢᠨ ᠢ ᠡᠪᠳᠡᠬᠦ ᠶᠢ ᠴᠢᠬᠤᠯᠠᠴᠢᠯᠠᠵᠤ᠂ | ᠪᠠᠶᠢᠭᠤᠯᠤᠭᠠᠳᠤᠢ ᠪᠠᠷ ᠤᠷᠢᠳᠠᠪᠠᠷ ᠡᠪᠳᠡᠵᠦ ᠪᠤᠯᠬᠤ ᠦᠭᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ | ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠪᠠᠭ ᠪᠣᠯᠣᠨ ᠤᠳᠤᠷᠢᠳᠬᠤ | ᠺᠠᠳ᠋ᠷ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠴᠢᠳᠠᠪᠤᠷᠢ ᠪᠣᠯᠣᠨ ᠲᠦᠪᠰᠢᠨ ᠢ ᠳᠡᠭᠡᠭᠰᠢᠯᠡᠭᠦᠯᠵᠦ᠂ ᠨᠠᠮ ᠤᠨ ᠲᠥᠪ | ᠬᠤᠷᠢᠶᠠᠨ ᠤ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠪᠣᠳᠠᠲᠤ ᠦᠷ᠎ᠡ ᠪᠦᠲᠦᠮᠵᠢ | ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | ᠯᠢ ᠭᠠᠨ ᠵᠢᠶᠧ᠂ ᠯᠢ ᠱᠤ᠋ ᠯᠧᠢ᠂ ᠯᠢ ᠬᠤᠩ ᠵᠥᠩ᠂ ᠾᠧ ᠯᠢ ᠹᠧᠩ᠂ ᠵᠠᠩ ᠭᠦᠸᠧ ᠴᠢᠩ᠂ ᠴᠧᠨ ᠸᠧᠨ | ᠴᠢᠩ᠂ ᠸᠠᠩ ᠰᠢᠶᠣᠣ ᠬᠤᠩ᠂ ᠮᠦ ᠬᠤᠩ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ | | ᠶᠠᠷᠢᠯᠴᠠᠬᠤ ᠬᠤᠷᠠᠯ ᠳᠤ ᠣᠷᠣᠯᠴᠠᠬᠰᠠᠨ ᠨᠠᠮ ᠤᠨ ᠭᠠᠳᠠᠨᠠᠬᠢ ᠬᠥᠮᠥᠰ ᠲᠤ ᠪᠠᠰᠠ ᠱᠤᠤ ᠬᠤᠩ᠂ ᠾᠧ ᠪᠦᠦ | ᠰᠢᠶᠠᠩ᠂ ᠸᠠᠩ ᠭᠤᠸᠠᠩ ᠴᠢᠶᠠᠨ᠂ ᠴᠢᠨ ᠪᠦᠸᠧ ᠶᠦᠩ᠂ ᠵᠦ ᠶᠦᠩ ᠰᠢᠨ᠂ ᠶᠠᠩ ᠵᠧᠨ ᠪᠣᠯᠣᠨ ᠵᠠᠩ ᠧᠨ ᠳ᠋ᠢ᠂ | ᠵᠢᠶᠠᠩ ᠯᠢ ᠫᠢᠩ᠂ ᠹᠠᠩ ᠭᠤᠸᠠᠩ ᠬᠤᠸᠠ᠂ ᠶᠠᠩ ᠬᠤᠸᠠ ᠶᠦᠩ ᠨᠠᠷ ᠪᠤᠢ᠃ |