| | ︵ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠳ᠋ᠤᠭᠠᠷ ᠰᠠᠷ᠎ᠠ ᠶᠢᠨ 20 ᠤ ᠴᠠᠭᠢᠯᠭᠠᠨ ᠮᠡᠳᠡᠭᠡ︶ 7 ᠳ᠋ᠤᠭᠠᠷ | ᠰᠠᠷ᠎ᠠ ᠶᠢᠨ 19 ᠤ ᠡᠳᠦᠷ ᠤᠨ 20 ᠴᠠᠭ 40 ᠮᠢᠨᠦ᠋ᠲ ᠤᠨ ᠦᠶ᠎ᠡ ᠪᠠᠷ᠂ ᠱᠠᠨᠰᠢ ᠶᠢᠨ ᠱᠠᠩ ᠯᠥᠸᠧ ᠬᠤᠲᠠ ᠶᠢᠨ ᠵᠠ | ᠱᠦᠢ ᠰᠢᠶᠠᠨ ᠤ ᠬᠢᠯᠢ ᠳᠠᠬᠢ ᠨᠢᠭᠡᠨ ᠲᠦᠷᠭᠡᠨ ᠤ ᠵᠠᠰᠠᠮᠠᠯ ᠵᠠᠮ ᠤᠨ ᠬᠥᠭᠦᠷᠭᠡ ᠠᠭᠤᠯᠠᠨ ᠦᠶᠡᠷ ᠠᠴᠠ ᠪᠣᠯᠵᠤ ᠨᠤᠷᠠᠵᠤ᠂ | ᠲᠡᠷᠭᠡ ᠬᠥᠰᠬᠡ ᠭᠤᠣᠯ ᠳᠤ ᠤᠨᠠᠭᠰᠠᠨ ᠪᠠᠶᠢᠨ᠎ᠠ᠃ 20 ᠤ ᠡᠳᠦᠷ ᠤᠨ 10 ᠴᠠᠭ ᠪᠤᠯᠲᠠᠯ᠎ᠠ᠂ ᠭᠠᠮᠰᠢᠭ ᠠᠴᠠ ᠪᠣᠯᠵᠤ 11 | ᠬᠥᠮᠥᠨ ᠠᠳᠡᠵᠦ᠂ 30 ᠭᠠᠷᠤᠢ ᠬᠥᠮᠥᠨ ᠰᠤᠷᠠᠭ ᠲᠠᠰᠤᠷᠠᠵᠠᠶ᠃ | | ᠭᠠᠮᠰᠢᠭ ᠡᠭᠦᠰᠦᠭᠰᠡᠨ ᠤ ᠳᠠᠷᠠᠭ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ | ᠴᠢᠬᠤᠯᠠᠴᠢᠯᠠᠬᠤ ᠶᠢᠨ ᠬᠠᠮᠲᠤ ᠴᠢᠬᠤᠯᠠ ᠵᠢᠭᠠᠪᠤᠷᠢ ᠥᠭᠴᠦ᠂ ᠱᠠᠨᠰᠢ ᠶᠢᠨ ᠱᠠᠩ ᠯᠥᠸᠧ ᠬᠤᠳᠠ ᠶᠢᠨ ᠵᠠ ᠱᠦᠢ | ᠰᠢᠶᠠᠨ ᠤ ᠬᠢᠯᠢ ᠳᠠᠬᠢ ᠨᠢᠭᠡᠨ ᠲᠦᠷᠭᠡᠨ ᠤ ᠵᠠᠰᠠᠮᠠᠯ ᠵᠠᠮ ᠤᠨ ᠬᠥᠭᠦᠷᠭᠡ ᠠᠭᠤᠯᠠᠨ ᠦᠶᠡᠷ ᠠᠴᠠ ᠪᠣᠯᠵᠤ ᠨᠤᠷᠠᠵᠤ ᠤᠯᠠᠨ | ᠬᠥᠮᠥᠨ ᠰᠤᠷᠠᠭ ᠲᠠᠰᠤᠷᠠᠵᠠᠢ᠂ ᠣᠳᠣᠬᠠᠨ ᠤ ᠲᠤᠯᠭᠠᠮ ᠡᠭᠦᠷᠭᠡ ᠪᠣᠯ ᠪᠦᠭᠦ ᠬᠦᠴᠦ ᠪᠠᠷ ᠢᠶᠠᠨ ᠠᠶᠤᠯ ᠭᠠᠮᠰᠢᠭ ᠠᠴᠠ | ᠠᠪᠤᠷᠠᠨ ᠲᠤᠰᠠᠯᠠᠵᠤ᠂ ᠠᠷᠭ᠎ᠠ ᠪᠦᠭᠦᠨ ᠢ ᠰᠦᠪᠡᠭᠴᠢᠯᠡᠨ ᠰᠤᠷᠠᠭ ᠲᠠᠰᠤᠷᠠᠬᠰᠠᠨ ᠬᠥᠮᠥᠰ ᠢ ᠡᠷᠢᠨ ᠠᠪᠤᠷᠠᠵᠤ᠂ ᠬᠥᠮᠥᠨ | ᠬᠠᠷ᠎ᠠ ᠠᠳᠡᠵᠦ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠬᠠᠮᠲᠤ ᠭᠡᠷ ᠪᠦᠯᠢ ᠶᠢᠨ ᠬᠢᠨ ᠢ | ᠲᠣᠬᠤᠨᠢᠭᠤᠯᠬᠤ ᠵᠡᠷᠭᠡ ᠬᠤᠶᠢᠲᠤᠬᠢ ᠶᠠᠪᠤᠳᠠᠯ ᠢ ᠲᠣᠬᠢᠲᠠᠢ ᠰᠠᠶᠢᠨ ᠰᠢᠢᠳᠪᠦᠷᠢᠯᠡᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ | ᠠᠪᠤᠷᠠᠯᠳᠠ ᠬᠢᠬᠦ ᠶᠢ ᠠᠩᠬᠠᠷᠴᠤ᠂ ᠡᠷᠭᠢᠨ ᠲᠣᠭᠤᠷᠢᠨ ᠤ ᠠᠮᠤᠷ ᠲᠦᠪᠰᠢᠨ ᠤ ᠭᠡᠮ ᠰᠣᠭᠤᠭ ᠢ ᠨᠠᠷᠢᠨ ᠪᠠᠶᠢᠴᠠᠭᠠᠵᠤ᠂ | ᠡᠭᠦᠰᠦᠮᠡᠯ ᠭᠠᠢ ᠭᠠᠮᠰᠢᠭ ᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ᠃ ᠰᠢ ᠶᠢᠨ ᠫᠢᠩ᠂ ᠣᠳᠣᠬᠠᠨ ᠳᠤ ᠶᠠᠭ ︽ᠲᠤᠯᠤᠭᠠᠨ | ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠤᠰᠤᠨ ᠤ ᠭᠠᠮᠰᠢᠭ ᠠᠴᠠ ᠰᠡᠷᠭᠡᠶᠢᠯᠡᠬᠦ ᠵᠠᠩᠭᠢᠯᠠᠭ᠎ᠠ ᠶᠢᠨ | ᠬᠤᠭᠤᠴᠠᠭᠠᠨ ᠳᠤ ᠪᠤᠶ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠭᠦ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠᠨ | ᠴᠢᠩᠭᠠᠳᠬᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠰᠤᠷᠠᠭ ᠲᠠᠰᠤᠷᠠᠬᠰᠠᠨ ᠬᠥᠮᠥᠰ ᠢ | ᠪᠦᠭᠦ ᠬᠦᠴᠦᠨ ᠢᠶᠠᠷ ᠡᠷᠢᠵᠦ ᠠᠪᠤᠷᠠᠨ᠂ ᠰᠢᠯᠲᠠᠭᠠᠨ ᠢ ᠨᠢ ᠲᠦᠷᠭᠡᠯᠡᠨ ᠪᠠᠶᠢᠴᠠᠭᠠᠨ ᠲᠣᠳᠣᠷᠬᠠᠶᠢᠯᠠᠵᠤ᠂ ᠬᠤᠶᠢᠲᠤᠬᠢ | ᠶᠠᠪᠤᠳᠠᠯ ᠢ ᠲᠣᠬᠢᠲᠠᠢ ᠰᠠᠶᠢᠨ ᠰᠢᠢᠳᠪᠦᠷᠢᠯᠡᠬᠦ ᠬᠡᠷᠡᠭᠲᠡᠢ ᠪᠥᠭᠡᠳ ᠠᠶᠤᠯᠲᠠᠢ ᠪᠠᠶᠢᠳᠠᠯ ᠢ ᠱᠠᠯᠠᠪᠳᠠᠨ ᠪᠠᠶᠢᠴᠠᠭᠠᠨ | ᠰᠢᠢᠳᠪᠦᠷᠢᠯᠡᠵᠦ᠂ ᠡᠭᠦᠰᠦᠮᠡᠯ ᠭᠠᠢ ᠭᠠᠮᠰᠢᠭ ᠢ ᠴᠢᠩᠭ᠎ᠠ ᠰᠡᠷᠭᠡᠶᠢᠯᠡᠬᠦ ᠬᠡᠷᠡᠭᠲᠡᠢ᠃ ᠨᠢᠭᠡ ᠠᠴᠠ ᠨᠦᠭᠦᠭᠡ ᠶᠢ ᠵᠦᠢᠴᠢᠯᠡᠨ | ᠮᠡᠳᠡᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ | ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠭᠠᠮᠰᠢᠭ ᠤᠨ ᠠᠳᠡᠯ ᠵᠡᠷᠭᠡ ᠶᠢᠨ ᠰᠡᠷᠭᠡᠶᠢᠯᠡᠯᠲᠡ ᠶᠢ ᠰᠠᠶᠢᠲᠤᠷ | ᠭᠦᠢᠴᠡᠳᠬᠡᠬᠦ ᠬᠡᠷᠡᠭᠲᠡᠢ ᠭᠡᠵᠡᠢ᠃ | | ᠰᠢ ᠶᠢᠨ ᠫᠢᠩ ᠤᠨ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠣᠰᠣᠭᠠᠷ᠂ ᠨᠠᠮ ᠤᠨ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠵᠠᠩ | ᠭᠦᠸᠧ ᠴᠢᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠲᠤᠬᠠᠢ ᠶᠢᠨ ᠲᠠᠯᠠᠪᠠᠢ ᠳᠤ | ᠬᠦᠷᠴᠦ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠵᠢᠭᠠᠨ ᠵᠢᠯᠣᠭᠤᠳᠪᠠ᠃ ᠱᠠᠨᠰᠢ ᠮᠤᠵᠢ᠂ ᠱᠠᠩ ᠯᠥᠸᠧ ᠬᠤᠲᠠ | ᠨᠢᠭᠡᠨᠲᠡ ᠬᠦᠴᠦᠨ ᠢᠶᠠᠨ ᠵᠣᠬᠢᠶᠠᠨ ᠪᠠᠶᠢᠭᠤᠯᠵᠤ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠥᠷᠨᠢᠭᠦᠯᠪᠡ᠃ | ᠣᠳᠣᠬᠠᠨ ᠳᠤ ᠲᠤᠬᠠᠢ ᠶᠢᠨ ᠲᠠᠯᠠᠪᠠᠶ ᠳᠤ ᠠᠪᠤᠷᠠᠨ ᠲᠤᠰᠠᠯᠠᠬᠤ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠵᠡᠷᠭᠡ ᠠᠵᠢᠯ | ᠶᠠᠭ ᠶᠠᠪᠤᠭᠳᠠᠵᠤ ᠪᠠᠶᠢᠨ᠎ᠠ᠃ |