ᠠᠯᠠᠱᠠ ᠵᠡᠭᠦᠨ ᠬᠤᠰᠢᠭᠤ ᠄ ᠰᠣᠶᠣᠯ ᠤᠨ ᠥᠪ ᠢ ᠬᠠᠮᠠᠭᠠᠯᠠᠨ ᠰᠡᠷᠭᠦᠭᠡᠬᠦ ᠠᠵᠢᠯ ᠢ ᠡᠷᠴᠢᠮᠲᠡᠢ ᠶᠠᠪᠤᠭᠳᠠᠭᠤᠯᠵᠤ ᠪᠣᠢ
ᠨᠡᠶᠢᠲᠡᠯᠡᠭᠰᠡᠨ ᠴᠠᠭ᠄
2024/7/26
     ᠠᠯᠠᠱᠠ ᠵᠡᠭᠦᠨ ᠬᠤᠰᠢᠭᠤ ᠨᠢ ᠰᠣᠶᠣᠯ ᠤᠨ ᠳᠤᠷᠠᠰᠬᠠᠯ ᠢ ᠬᠠᠮᠠᠭᠠᠯᠠᠬᠤ ᠲᠥᠰᠥᠯ ᠢ ᠠᠮᠵᠢᠯᠲᠠᠲᠠᠢ ᠬᠡᠷᠡᠭᠵᠢᠭᠦᠯᠬᠦ ᠶᠢᠨ ᠲᠤᠯᠠᠳᠠ ︽ᠬᠠᠭᠤᠴᠢᠨ ᠬᠡᠪ ᠢᠶᠠᠷ ᠨᠢ ᠵᠠᠰᠠᠪᠤᠷᠢᠯᠠᠬᠤ ︾᠎ ᠂ ︽ᠠᠯᠢ ᠪᠣᠯᠬᠤ ᠪᠠᠷ ᠥᠭᠡᠷᠡᠴᠢᠯᠡᠬᠦ ᠦᠭᠡᠢ ᠪᠠᠶᠢᠬᠤ︾ ᠭᠡᠰᠡᠨ ᠵᠠᠷᠴᠢᠮ ᠤᠳ ᠢ ᠪᠠᠷᠢᠮᠲᠠᠯᠠᠵᠤ ᠂ ᠲᠡᠦᠬᠡᠨ ᠪᠣᠯᠣᠨ ᠭᠤᠸ᠎ᠠ ᠵᠦᠢ ᠶᠢᠨ ᠦᠨ᠎ᠡ ᠴᠡᠨ᠎ᠡ ᠶᠢ ᠬᠠᠳᠠᠭᠠᠯᠠᠨ ᠂ ᠰᠢᠨᠵᠢᠯᠡᠬᠦ ᠤᠬᠠᠭᠠᠨ ᠤ ᠦᠨᠳᠦᠰᠦ ᠲᠠᠢ ᠂ ᠵᠣᠬᠢᠰᠲᠠᠢ ᠠᠷᠭ᠎ᠠ ᠪᠠᠷ ᠠᠯᠠᠱᠠ ᠵᠡᠭᠦᠨ ᠬᠤᠰᠢᠭᠤᠨ ᠤ ᠴᠣᠭᠲᠤᠬᠦ᠋ᠷᠢᠶ᠎ᠡ ᠰᠤᠮᠤ ᠶᠢᠨ ᠥᠪᠡᠷᠲᠡᠭᠡᠨ ᠵᠠᠰᠠᠬᠤ ᠣᠷᠣᠨ ᠤ ᠵᠡᠷᠭᠡᠯᠡᠯ ᠤᠨ ᠰᠣᠶᠣᠯ ᠤᠨ ᠳᠤᠷᠠᠰᠬᠠᠯᠲᠤ ᠭᠠᠵᠠᠷ ᠪᠣᠯᠬᠤ ᠰᠣᠶᠣᠯ ᠢ ᠭᠡᠶᠢᠭᠦᠯᠦᠭᠴᠢ ᠰᠦᠮ᠎ᠡ ᠪᠣᠯᠣᠨ ᠲᠡᠭᠦᠨ ᠤ ᠡᠷᠭᠢᠨ ᠲᠣᠭᠤᠷᠢᠨ ᠤ ᠡᠷᠲᠡᠨ ᠤ ᠰᠠᠭᠤᠴᠠ ᠨᠤᠭᠤᠳ ᠤᠨ ᠬᠠᠮᠠᠭᠠᠯᠠᠯᠲᠠ ᠂ ᠵᠠᠰᠠᠪᠤᠷᠢ ᠶᠢᠨ ᠠᠵᠢᠯ ᠢ ᠡᠬᠡ ᠲᠥᠷᠬᠦ ᠶᠢ ᠠᠯᠢ ᠪᠣᠯᠬᠤ ᠪᠦᠷᠢᠨ ᠰᠡᠷᠭᠦᠭᠡᠬᠦ ᠶᠢ ᠬᠢᠴᠢᠶᠡᠵᠦ ᠪᠠᠶᠢᠨ᠎ᠠ ᠃
     ᠰᠣᠶᠣᠯ ᠢ ᠭᠡᠶᠢᠭᠦᠯᠦᠭᠴᠢ ᠰᠦᠮ᠎ᠡ ᠶᠢᠨ ᠲᠥᠰᠥᠯ ᠤᠨ ᠬᠠᠷᠢᠭᠤᠴᠠᠯᠭ᠎ᠠ ᠲᠠᠢ ᠤᠳᠤᠷᠢᠳᠤᠭᠴᠢ ᠰᠢᠦᠢ ᠴᠢᠩ ᠬᠠᠢ᠄     ᠎ ︽ᠰᠣᠶᠣᠯ ᠢ ᠭᠡᠶᠢᠭᠦᠯᠦᠭᠴᠢ ᠰᠦᠮ᠎ᠡ ᠶᠢᠨ ᠡᠷᠲᠡᠨ ᠤ ᠰᠠᠭᠤᠴᠠ ᠨᠤᠭᠤᠳ ᠤᠨ ᠨᠡᠶᠢᠲᠡ 15 ᠴᠣᠭᠴᠠᠯᠠᠪᠤᠷᠢ ᠶᠢ ᠵᠠᠰᠠᠪᠤᠷᠢᠯᠠᠬᠤ ᠠᠵᠢᠯ ᠶᠠᠪᠤᠭᠳᠠᠵᠤ ᠪᠠᠶᠢᠨ᠎ᠠ ᠃ ᠣᠳᠣ ᠪᠠᠷ 10 ᠴᠣᠭᠴᠠᠯᠠᠪᠤᠷᠢ ᠶᠢ ᠪᠦᠷᠢᠨ ᠵᠠᠰᠠᠪᠤᠷᠢᠯᠠᠵᠤ ᠳᠠᠭᠤᠰᠤᠭᠰᠠᠨ ᠂ 2 ᠴᠣᠭᠴᠠᠯᠠᠪᠤᠷᠢ ᠶᠢᠨ ᠳᠡᠭᠡᠪᠦᠷ ᠢ ᠪᠠᠭᠤᠯᠭᠠᠵᠤ ᠪᠠᠶᠢᠨ᠎ᠠ ᠂ 3 ᠴᠣᠭᠴᠠᠯᠠᠪᠤᠷᠢ ᠶᠢᠨ ᠵᠠᠰᠠᠪᠤᠷᠢ ᠡᠬᠢᠯᠡᠭᠡ ᠦᠭᠡᠢ ᠂ ᠰᠣᠶᠣᠯ ᠢ ᠭᠡᠶᠢᠭᠦᠯᠦᠭᠴᠢ ᠰᠦᠮ᠎ᠡ ᠶᠢᠨ ᠴᠣᠭᠴᠢᠨ ᠳᠤᠭᠠᠩ ᠪᠣᠯᠣᠨ ᠲᠣᠭᠤᠷᠢᠭᠰᠠᠨ ᠬᠠᠨ᠎ᠠ ᠂ ᠰᠢᠪᠠᠷ ᠠᠵᠢᠯ ᠳᠠᠭᠤᠰᠤᠭᠰᠠᠨ ᠃ ᠭᠤᠣᠯ ᠠᠵᠢᠯ ᠤᠳ ᠢ ᠡᠨᠡ ᠣᠨ ᠤ 11 ᠳ᠋ᠦ᠋ᠭᠡᠷ ᠰᠠᠷ᠎ᠠ ᠶᠢᠨ 15᠎ ᠤ ᠡᠳᠦᠷ ᠲᠤ ᠪᠠᠭᠲᠠᠭᠠᠨ ᠳᠠᠭᠤᠰᠬᠠᠬᠤ ᠪᠠᠷ ᠲᠥᠯᠥᠪᠯᠡᠵᠦ ᠪᠠᠶᠢᠨ᠎ᠠ ᠃ ︾ ᠭᠡᠯ᠎ᠡ      ᠰᠣᠶᠣᠯ ᠢ ᠭᠡᠶᠢᠭᠦᠯᠦᠭᠴᠢ ᠰᠦᠮ᠎ᠡ ᠨᠢ ᠠᠯᠠᠱᠠ ᠵᠡᠭᠦᠨ ᠬᠤᠰᠢᠭᠤᠨ ᠤ ᠴᠣᠭᠲᠤᠬᠦ᠋ᠷᠢᠶ᠎ᠡ ᠰᠤᠮᠤ ᠳᠤ ᠪᠠᠶᠢᠷᠢᠯᠠᠳᠠᠭ ᠪᠥᠭᠡᠳ ᠠᠩᠬ᠎ᠠ ᠴᠢᠩ ᠤᠯᠤᠰ ᠤᠨ ᠨᠠᠶᠢᠷᠠᠯᠲᠤ ᠲᠥᠪ ᠤᠨ 12 ᠳ᠋ᠤᠭᠠᠷ ᠣᠨ ︵᠎ 1734 ᠣᠨ ︶᠎ ᠠᠴᠠ ᠲᠡᠭᠷᠢ ᠲᠡᠳᠬᠦᠭᠴᠢ ᠶᠢᠨ 13 ᠳ᠋ᠤᠭᠠᠷ ᠣᠨ ︵᠎ 1748 ᠣᠨ ︶ ᠬᠦᠷᠲᠡᠯ᠎ᠡ ᠪᠠᠷᠢᠭᠳᠠᠵᠠᠢ ᠃ ᠴᠣᠭᠴᠢᠨ ᠳᠤᠭᠠᠩ ᠨᠢ ᠬᠢᠲᠠᠳ ᠲᠥᠪᠡᠳ ᠬᠡᠪ ᠮᠠᠶ᠋ᠢᠭ ᠤᠨ ᠬᠤᠶᠠᠷ ᠳᠠᠪᠬᠤᠷ ᠪᠦᠲᠦᠴᠡ ᠲᠠᠢ ᠂ ᠳᠣᠣᠷᠠᠳᠤ ᠳᠠᠪᠬᠤᠷ ᠨᠢ ᠲᠥᠪᠡᠳ ᠵᠠᠭᠪᠤᠷ ᠤᠨ ᠲᠣᠭᠤᠰᠬ᠎ᠠ ᠮᠣᠳᠣᠨ ᠪᠦᠲᠦᠴᠡ ᠲᠠᠢ ᠂ ᠬᠠᠪᠲᠠᠭᠠᠢ ᠳᠡᠭᠡᠪᠦᠷ ᠲᠠᠢ ᠂ ᠳᠡᠭᠡᠪᠦᠷ ᠨᠢ ᠰᠠᠷᠠᠪᠴᠢᠨ ᠬᠡᠯᠪᠡᠷᠢ ᠲᠠᠢ ᠃ ᠠᠷᠢᠶᠠᠪᠠᠯᠤ ᠶᠢᠨ ᠳᠤᠭᠠᠩ ᠨᠢ ᠬᠤᠶᠠᠷ ᠳᠠᠪᠬᠤᠷ ᠲᠥᠪᠡᠳ ᠵᠠᠭᠪᠤᠷ ᠤᠨ ᠲᠣᠭᠤᠰᠬ᠎ᠠ ᠮᠣᠳᠣᠨ ᠪᠦᠲᠦᠴᠡ ᠲᠠᠢ ᠂ ᠲᠠᠭᠲᠤ ᠲᠠᠢ ᠃ ᠰᠡᠭᠦᠯ ᠤᠨ ᠦᠯᠡᠳᠡᠭᠰᠡᠨ ᠪᠠᠶᠢᠰᠢᠩ ᠤᠳ ᠨᠢ ᠲᠡᠭᠰᠢ ᠥᠨᠴᠥᠭᠲᠦ ᠬᠡᠯᠪᠡᠷᠢ ᠲᠠᠢ ᠂ ᠲᠣᠭᠤᠷᠢᠭᠰᠠᠨ ᠬᠠᠨᠠᠨ ᠳᠤ ᠮᠣᠷᠢᠨ ᠵᠠᠮ ᠂ ᠲᠠᠭᠲᠤ ᠂ ᠬᠠᠮᠠᠭᠠᠯᠠᠯᠲᠠ ᠶᠢᠨ ᠪᠠᠶᠢᠭᠤᠯᠤᠮᠵᠢ ᠨᠤᠭᠤᠳ ᠲᠠᠢ ᠃ 2006 ᠣᠨ ᠤ 9 ᠳ᠋ᠦ᠋ᠭᠡᠷ ᠰᠠᠷ᠎ᠠ ᠳᠤ ᠡᠨᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠡᠬᠢ ᠦᠶ᠎ᠡ ᠶᠢᠨ ᠭᠤᠣᠯ ᠰᠣᠶᠣᠯ ᠤᠨ ᠳᠤᠷᠠᠰᠬᠠᠯᠲᠤ ᠭᠠᠵᠠᠷ ᠤᠳ ᠤᠨ ᠨᠢᠭᠡ ᠪᠠᠷ ᠪᠦᠷᠢᠳᠬᠡᠭᠳᠡᠭᠰᠡᠨ ᠪᠠᠶᠢᠨ᠎ᠠ ᠃ ᠤᠯᠠᠨ ᠵᠢᠯ ᠤᠨ ᠰᠠᠯᠬᠢ ᠪᠣᠷᠣᠭᠠᠨ ᠤ ᠤᠯᠠᠮ ᠠᠴᠠ ᠪᠠᠷᠢᠯᠭ᠎ᠠ ᠨᠢ ᠪᠦᠬᠦᠯᠢ ᠳᠤ ᠪᠠᠨ ᠨᠤᠷᠠᠬᠤ ᠂ ᠬᠠᠭᠠᠷᠠᠬᠤ ᠂ ᠤᠰᠤ ᠭᠤᠭᠤᠵᠢᠬᠤ ᠵᠡᠷᠭᠡ ᠠᠰᠠᠭᠤᠳᠠᠯ ᠤᠳ ᠡᠭᠦᠰᠦᠭᠰᠡᠨ ᠲᠤᠯᠠ ᠶᠠᠭᠠᠷᠠᠯᠲᠠᠢ ᠵᠠᠰᠠᠪᠤᠷᠢᠯᠠᠬᠤ ᠱᠠᠭᠠᠷᠳᠠᠯᠭ᠎ᠠ ᠲᠠᠢ ᠪᠣᠯᠵᠠᠢ ᠃
     ᠠᠯᠠᠱᠠ ᠵᠡᠭᠦᠨ ᠬᠤᠰᠢᠭᠤᠨ ᠤ ᠰᠣᠶᠣᠯ ᠤᠨ ᠥᠪ ᠢ ᠬᠠᠮᠠᠭᠠᠯᠠᠬᠤ ᠲᠥᠪ ᠤᠨ ᠲᠥᠰᠥᠯ ᠤᠨ ᠠᠵᠢᠯᠲᠠᠨ ᠬᠠᠰᠠᠨ᠎ᠠ     ᠎ ︽ᠰᠣᠶᠣᠯ ᠤᠨ ᠥᠪ ᠢ ᠬᠠᠮᠠᠭᠠᠯᠠᠬᠤ ᠲᠥᠰᠥᠯ ᠤᠨ ᠭᠤᠣᠯ ᠵᠣᠷᠢᠯᠭ᠎ᠠ ᠨᠢ ᠠᠶᠤᠯ ᠦᠭᠡᠢ ᠪᠠᠶᠢᠳᠠᠯ ᠤᠨ ᠡᠷᠡᠰᠳᠡᠯ ᠢ ᠠᠷᠢᠯᠭᠠᠵᠤ ᠂ ᠰᠣᠶᠣᠯ ᠤᠨ ᠳᠤᠷᠠᠰᠬᠠᠯ ᠤᠨ ᠮᠠᠲ᠋ᠧᠷᠢᠶᠠᠯᠯᠢᠭ ᠢ ᠬᠠᠮᠠᠭᠠᠯᠠᠵᠤ ᠂ ᠲᠡᠦᠬᠡᠨ ᠮᠡᠳᠡᠭᠡᠯᠡᠯ ᠢ ᠪᠦᠷᠢᠨ ᠂ ᠪᠣᠳᠠᠲᠤ ᠪᠠᠷ ᠬᠠᠳᠠᠭᠠᠯᠠᠬᠤ ᠂ ᠦᠷᠭᠦᠯᠵᠢᠯᠡᠭᠦᠯᠬᠦ ᠶᠠᠪᠤᠳᠠᠯ ᠶᠤᠮ ᠃ ︾ ᠭᠡᠯ᠎ᠡ᠃      ᠰᠡᠭᠦᠯ ᠤᠨ ᠵᠢᠯ ᠤᠳ ᠲᠤ ᠂ ᠠᠯᠠᠱᠠ ᠵᠡᠭᠦᠨ ᠬᠤᠰᠢᠭᠤᠨ ᠤ ᠰᠣᠶᠣᠯ ᠤᠨ ᠥᠪ ᠢ ᠬᠠᠮᠠᠭᠠᠯᠠᠬᠤ ᠲᠥᠪ ᠨᠢ ᠳᠡᠭᠡᠳᠦ ᠱᠠᠲᠤᠨ ᠤ ᠲᠤᠰᠬᠠᠢ ᠡᠳ᠋ ᠤᠨ ᠵᠠᠰᠠᠭ ᠤᠨ ᠳᠡᠮᠵᠢᠯᠭᠡ ᠶᠢ ᠢᠳᠡᠪᠬᠢᠲᠡᠢ ᠲᠠᠲᠠᠨ ᠠᠰᠢᠭᠯᠠᠵᠤ ᠂ ᠰᠣᠶᠣᠯ ᠤᠨ ᠳᠤᠷᠠᠰᠬᠠᠯ ᠢ ᠵᠠᠰᠠᠪᠤᠷᠢᠯᠠᠬᠤ ᠂ ᠬᠠᠮᠠᠭᠠᠯᠠᠬᠤ ᠂ ᠡᠳᠦᠷ ᠲᠤᠲᠤᠮ ᠤᠨ ᠤᠳᠤᠷᠢᠳᠤᠯᠭ᠎ᠠ ᠂ ᠵᠠᠰᠠᠪᠤᠷᠢ ᠦᠢᠯᠡᠴᠢᠯᠡᠭᠡ ᠶᠢ ᠥᠨᠳᠥᠷ ᠪᠠᠷᠢᠮᠵᠢᠶ᠎ᠠ ᠂ ᠥᠨᠳᠥᠷ ᠪᠠᠶᠢᠷᠢ ᠰᠠᠭᠤᠷᠢ ᠂ ᠥᠨᠳᠥᠷ ᠴᠢᠨᠠᠷ ᠲᠠᠢ ᠪᠠᠷ ᠶᠠᠪᠤᠭᠤᠯᠵᠤ ᠂ ᠰᠣᠶᠣᠯ ᠤᠨ ᠥᠪ ᠢ ᠬᠠᠮᠠᠭᠠᠯᠠᠬᠤ ᠠᠵᠢᠯ ᠢ ᠵᠣᠬᠢᠰᠲᠠᠢ ᠲᠥᠯᠥᠪᠯᠡᠵᠦ ᠂ ᠰᠣᠶᠣᠯ ᠤᠨ ᠳᠤᠷᠠᠰᠬᠠᠯ ᠢ ᠠᠰᠢᠭᠯᠠᠬᠤ ᠲᠥᠰᠥᠯ ᠤᠳ ᠢ ᠬᠡᠷᠡᠭᠵᠢᠭᠦᠯᠦᠨ ᠂ ᠰᠣᠶᠣᠯ ᠤᠨ ᠥᠪ ᠢ ᠤᠯᠠᠮᠵᠢᠯᠠᠯᠲᠤ ᠰᠣᠶᠣᠯ ᠤᠨ ᠰᠢᠯᠢᠳᠡᠭ ᠴᠢᠨᠠᠷ ᠢ ᠥᠪᠯᠡᠭᠦᠯᠤᠨ ᠂ ᠰᠣᠶᠣᠯ ᠠᠶᠠᠯᠠᠯ ᠵᠢᠭᠤᠯᠴᠢᠯᠠᠯ ᠢ ᠬᠤᠣᠰᠯᠠᠭᠤᠯᠤᠨ ᠬᠥᠭᠵᠢᠭᠦᠯᠬᠦ ᠳᠤ ᠬᠤᠪᠢ ᠨᠡᠮᠡᠷᠢ ᠪᠠᠨ ᠣᠷᠣᠭᠤᠯᠵᠤ ᠪᠠᠶᠢᠨ᠎ᠠ ᠃
     ᠠᠯᠠᠱᠠ ᠵᠡᠭᠦᠨ ᠬᠤᠰᠢᠭᠤᠨ ᠤ ᠰᠣᠶᠣᠯ ᠤᠨ ᠥᠪ ᠢ ᠬᠠᠮᠠᠭᠠᠯᠠᠬᠤ ᠲᠥᠪ ᠤᠨ ᠲᠥᠰᠥᠯ ᠤᠨ ᠠᠵᠢᠯᠲᠠᠨ ᠬᠠᠰᠠᠨ᠎ᠠ     ᠎ ︽ᠴᠠᠭᠠᠰᠢᠳᠠ ᠪᠢᠳᠠ ᠵᠢᠯ ᠪᠦᠷᠢ ᠰᠣᠶᠣᠯ ᠤᠨ ᠥᠪ ᠤᠨ ᠠᠶᠤᠯ ᠦᠭᠡᠢ ᠪᠠᠶᠢᠳᠠᠯ ᠤᠨ ᠪᠠᠶᠢᠴᠠᠭᠠᠯᠲᠠ ᠶᠢ ᠭᠦᠢᠴᠡᠳᠬᠡᠬᠦ ᠶᠢᠨ ᠳᠠᠭᠠᠤ ᠪᠦᠬᠦ ᠲᠦᠪᠰᠢᠨ ᠤ ᠰᠣᠶᠣᠯ ᠤᠨ ᠳᠤᠷᠠᠰᠬᠠᠯᠲᠤ ᠭᠠᠵᠠᠷ ᠤᠳ ᠤᠨ ᠬᠠᠳᠠᠭᠠᠯᠠᠯᠲᠠ ᠶᠢᠨ ᠪᠠᠶᠢᠳᠠᠯ ᠢ ᠨᠠᠷᠢᠪᠴᠢᠯᠠᠨ ᠪᠦᠷᠢᠳᠬᠡᠵᠦ ᠂ ᠤᠯᠤᠰ ᠤᠨ ᠪᠣᠯᠣᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠳᠤᠷᠠᠰᠬᠠᠯᠲᠤ ᠭᠠᠵᠠᠷ ᠤᠳ ᠤᠨ ᠱᠠᠭᠠᠷᠳᠠᠯᠭ᠎ᠠ ᠶᠢᠨ ᠳᠠᠭᠠᠤ ᠰᠣᠶᠣᠯ ᠤᠨ ᠳᠤᠷᠠᠰᠬᠠᠯᠲᠤ ᠭᠠᠵᠠᠷ ᠤᠳ ᠤᠨ ᠬᠠᠮᠠᠭᠠᠯᠠᠯᠲᠠ ᠶᠢᠨ ᠲᠥᠰᠥᠯ ᠢ ᠪᠦᠷᠢᠳᠬᠡᠭᠦᠯᠵᠦ ᠂ ᠲᠥᠰᠥᠯ ᠰᠠᠩᠬᠦᠵᠢᠯᠲᠡ ᠶᠢ ᠲᠠᠲᠠᠬᠤ ᠂ ᠵᠠᠰᠠᠪᠤᠷᠢᠯᠠᠬᠤ ᠂ ᠠᠶᠤᠯ ᠡᠷᠡᠰᠳᠡᠯ ᠢ ᠰᠡᠷᠭᠡᠶᠢᠯᠡᠨ ᠪᠠᠬᠢᠵᠢᠭᠦᠯᠬᠦ ᠂ ᠬᠠᠮᠠᠭᠠᠯᠠᠯᠲᠠ ᠶᠢᠨ ᠪᠠᠶᠢᠭᠤᠯᠤᠮᠵᠢ ᠨᠤᠭᠤᠳ ᠢ ᠪᠠᠷᠢᠬᠤ ᠵᠡᠷᠭᠡ ᠠᠵᠢᠯ ᠤᠳ ᠢ ᠰᠢᠭᠤᠷᠬᠠᠢ ᠂ ᠦᠷ᠎ᠡ ᠳ᠋ᠦᠩ ᠲᠠᠢ ᠭᠦᠢᠴᠡᠳᠬᠡᠨ ᠂ ᠠᠶᠤᠯ ᠦᠭᠡᠢ ᠪᠠᠶᠢᠳᠠᠯ ᠢ ᠪᠠᠲᠤᠯᠠᠬᠤ ᠪᠣᠯᠣᠨ᠎ᠠ ᠃ ︾ ᠭᠡᠯ᠎ᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号