ᠠᠯᠠᠱᠠ ᠵᠡᠭᠦᠨ ᠬᠤᠰᠢᠭᠤ ᠲᠡᠤᠬᠡᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠵᠤ ᠬᠠᠮᠠᠭᠠᠯᠠᠨ ᠤᠯᠠᠮᠵᠢᠯᠠᠬᠤ ᠶᠢ ᠦᠷᠭᠦᠯᠵᠢᠯᠡᠨ ᠠᠬᠢᠭᠤᠯᠵᠤ ᠰᠣᠶᠣᠯ ᠤᠨ ᠦᠨᠳᠦᠰᠦ ᠶᠢ ᠰᠠᠶᠢᠲᠤᠷ ᠬᠠᠮᠠᠭᠠᠯᠠᠨ ᠵᠠᠯᠭᠠᠮᠵᠢᠯᠠᠪᠠ
ᠨᠡᠶᠢᠲᠡᠯᠡᠭᠰᠡᠨ ᠴᠠᠭ᠄
2024/7/26
   ᠲᠡᠤᠬᠡᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠢ ᠰᠠᠶᠢᠲᠤᠷ ᠬᠢᠬᠦ ᠶᠢᠨ ᠲᠥᠯᠥᠭᠡ᠂ ᠠᠯᠠᠱᠠ ᠵᠡᠭᠦᠨ ᠬᠤᠰᠢᠭᠤ ︽ᠬᠠᠭᠤᠴᠢᠨ ᠢ ᠰᠡᠯᠪᠢᠨ ᠵᠠᠰᠠᠵᠤ︾᠂ ︽ᠬᠠᠮᠤᠭ ᠤᠨ ᠪᠠᠭ᠎ᠠ ᠬᠤᠪᠢᠷᠠᠭᠤᠯᠵᠤ ᠵᠠᠰᠠᠬᠤ︾ ᠵᠠᠷᠴᠢᠮ ᠢ ᠵᠢᠷᠤᠮᠯᠠᠬᠤ ᠶᠢᠨ ᠬᠠᠮᠲᠤ ᠲᠡᠤᠬᠡᠲᠦ ᠴᠢᠨᠠᠷᠲᠠᠶ᠂ ᠭᠤᠸ᠎ᠠ ᠰᠠᠶᠢᠬᠠᠨ ᠤ ᠴᠢᠨᠠᠷ ᠢ ᠪᠠᠲᠤᠯᠠᠬᠤ ᠵᠡᠷᠭᠡ ᠵᠠᠷᠴᠢᠮ ᠢ ᠪᠠᠷᠢᠮᠲᠠᠯᠠᠨ᠂ ᠠᠯᠠᠱᠠ ᠵᠡᠭᠦᠨ ᠬᠤᠰᠢᠭᠤᠨ ᠤ ᠴᠣᠭᠲᠤᠬᠦ᠋ᠷᠢᠶ᠎ᠡ ᠰᠤᠮᠤᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠤᠬᠡᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ—ᠰᠣᠶᠣᠯ ᠢ ᠭᠡᠶᠢᠭᠦᠯᠦᠭᠴᠢ ᠰᠦᠮ᠎ᠡ ᠵᠢᠴᠢ ᠡᠷᠬᠢᠨ ᠲᠣᠭᠤᠷᠢᠨ ᠤ ᠡᠷᠲᠡᠨ ᠤ ᠠᠷᠠᠳ ᠤᠨ ᠣᠷᠣᠨ ᠰᠠᠭᠤᠴᠠ ᠶᠢᠨ ᠲᠡᠣᠬᠡᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠡᠯᠪᠢᠨ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠰᠠᠶᠢᠲᠤᠷ ᠬᠢᠬᠦ ᠶᠢᠨ ᠲᠥᠯᠥᠭᠡ᠂ ᠣᠳᠣᠬᠠᠨ ᠳᠤ ᠢᠨᠵᠧᠨᠧᠷᠢᠩ ᠢ ᠨᠢᠭᠡᠨᠲᠡ ᠡᠮᠬᠢ ᠵᠢᠷᠤᠮ ᠲᠠᠢ ᠡᠬᠢᠯᠡᠭᠦᠯᠪᠡ᠃    ᠣᠶᠢᠷ᠎ᠠ ᠳᠤ᠂ ᠰᠤᠷᠪᠤᠯᠵᠢᠯᠠᠭᠴᠢ ᠠᠯᠠᠱᠠ ᠵᠡᠭᠦᠨ ᠬᠤᠰᠢᠭᠤᠨ ᠤ ᠴᠣᠭᠲᠤᠬᠦ᠋ᠷᠢᠶ᠎ᠡ ᠰᠤᠮᠤᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ - ᠰᠣᠶᠣᠯ ᠢ ᠭᠡᠶᠢᠭᠦᠯᠦᠭᠴᠢ ᠰᠦᠮ᠎ᠡ ᠵᠢᠴᠢ ᠡᠷᠬᠢᠨ ᠲᠣᠭᠤᠷᠢᠨ ᠤ ᠡᠷᠲᠡᠨ ᠤ ᠠᠷᠠᠳ ᠤᠨ ᠣᠷᠣᠨ ᠰᠠᠭᠤᠴᠠ ᠶᠢᠨ  ᠲᠡᠤᠬᠡᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠡᠯᠪᠢᠨ ᠵᠠᠰᠠᠬᠤ ᠢᠨᠵᠧᠨᠧᠷᠢᠩ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠬᠦᠷᠴᠦ᠂ ᠡᠷᠲᠡᠨ ᠤ ᠪᠠᠷᠢᠯᠭ᠎ᠠ ᠶᠢᠨ ᠰᠡᠯᠪᠢᠨ ᠵᠠᠰᠠᠭᠴᠢ ᠨᠠᠷ ᠶᠠᠭ ᠰᠣᠶᠣᠯ ᠢ ᠭᠡᠶᠢᠭᠦᠯᠦᠭᠴᠢ ᠰᠦᠮ᠎ᠡ ᠰᠦᠮ᠎ᠡ ᠵᠢᠴᠢ ᠡᠷᠬᠢᠨ ᠲᠣᠭᠤᠷᠢᠨ ᠤ ᠡᠷᠲᠡᠨ ᠤ ᠠᠷᠠᠳ ᠤᠨ ᠣᠷᠣᠨ ᠰᠠᠭᠤᠴᠠ ᠶᠢ ᠨᠠᠷᠢᠨ ᠬᠢᠨᠠᠮᠠᠭᠠᠶ  ᠵᠠᠰᠠᠵᠤ᠂ ᠤᠤᠯ ᠤᠨ ᠳᠦᠷᠰᠦ ᠪᠠᠶᠢᠳᠠᠯ ᠢ ᠨᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠦᠭᠡᠬᠦ ᠶᠢ ᠦᠨᠡᠨ ᠬᠦ ᠪᠠᠲᠤᠯᠠᠵᠤ  ᠪᠠᠶᠢᠬᠤ ᠶᠢ ᠣᠯᠵᠣ ᠬᠠᠷᠠᠪᠠ᠃    ᠣᠶᠢᠯᠠᠭᠠᠭᠰᠠᠨ ᠢᠶᠠᠷ᠂ ᠰᠣᠶᠣᠯ ᠢ ᠭᠡᠶᠢᠭᠦᠯᠦᠭᠴᠢ ᠰᠦᠮ᠎ᠡ ᠨᠢ ᠠᠯᠠᠱᠠ ᠵᠡᠭᠦᠨ ᠬᠤᠰᠢᠭᠤᠨ ᠤ ᠴᠣᠭᠲᠤᠬᠦ᠋ᠷᠢᠶ᠎ᠡ ᠰᠤᠮᠤᠨ ᠳᠤ ᠪᠠᠶᠢᠷᠢᠯᠠᠵᠤ᠂ ᠴᠢᠩ ᠤᠯᠤᠰ ᠤᠨ ᠨᠠᠶᠢᠷᠠᠯᠲᠤ ᠲᠥᠪ ᠤᠨ ᠠᠷᠪᠠᠨ ᠬᠤᠶᠠᠳᠤᠭᠠᠷ ᠣᠨ ︵1734 ᠣᠨ ︶᠎ ᠎ ᠠᠴᠠ ᠲᠩᠷᠢ ᠲᠡᠳᠬᠦᠭᠴᠢ ᠶᠢᠨ ᠠᠷᠪᠠᠨ ᠭᠤᠷᠪᠠᠳᠤᠭᠠᠷ  ᠣᠨ ︵1748 ᠣᠨ︶᠎ ᠎ ᠤ ᠬᠤᠭᠤᠷᠣᠨᠳᠣ ᠡᠬᠢᠯᠡᠨ ᠪᠠᠶᠢᠭᠤᠯᠵᠠᠢ᠃  ᠴᠣᠭᠴᠢᠨ ᠲᠣᠭᠠᠩ  ᠢ ᠬᠢᠲᠠᠳ ᠪᠣᠯᠣᠨ ᠲᠦᠪᠡᠳ ᠮᠠᠶ᠋ᠢᠭ ᠢᠶᠠᠷ ᠪᠠᠷᠢᠵᠤ᠂ ᠬᠤᠶᠠᠷ ᠳᠠᠪᠬᠤᠷᠭ᠎ᠠ ᠎ ᠲᠠᠢ  ᠂ ᠳᠤᠤᠷ᠎ᠠ ᠲᠠᠯ᠎ᠠ ᠳᠤ ᠨᠢ ᠳᠦᠪᠡᠳ ᠮᠠᠶ᠋ᠢᠭ ᠤᠨ ᠲᠤᠭᠤᠰᠬ᠎ᠠ ᠪᠠ ᠮᠤᠳᠤᠨ ᠪᠦᠳᠦᠴᠡ ᠲᠠᠢ᠂ ᠬᠠᠪᠳᠠᠭᠠᠢ ᠣᠷᠣᠢ ᠲᠠᠢ᠂ ᠵᠢᠭᠦᠷᠯᠡᠭᠰᠡᠨ ᠰᠠᠷᠠᠪᠴᠢ ᠲᠠᠢ᠂ ᠭᠠᠳᠠᠷᠭᠤ ᠨᠢ ᠮᠥᠭᠡᠷᠦᠦ ᠬᠡᠯᠪᠡᠷᠢᠲᠠᠢ ᠪᠠᠶᠢᠳᠠᠭ᠂ ᠠᠷᠢᠶᠠᠪᠠᠯᠤ ᠶᠢᠨ ᠳᠤᠭᠠᠩ ᠨᠢ ᠳᠦᠪᠡᠳ ᠮᠠᠶ᠋ᠢᠭ ᠤᠨ ᠲᠤᠭᠤᠰᠬ᠎ᠠ ᠪᠠ ᠮᠤᠳᠤᠨ ᠪᠦᠳᠦᠴᠡ ᠪᠠᠷ ᠬᠢᠭᠳᠡᠭᠰᠡᠨ ᠬᠤᠶᠠᠷ ᠲᠠᠪᠬᠤᠷᠯᠢᠭ ᠪᠠᠷᠢᠯᠭ᠎ᠠ ᠪᠠᠶᠢᠵᠤ᠂ ᠡᠮᠦᠨ᠎ᠡ ᠪᠠᠨ ᠰᠠᠷᠠᠪᠴᠢ ᠲᠠᠢ᠂ ᠤᠳᠤᠬᠠᠨ ᠳᠤ ᠦᠯᠡᠳᠡᠭᠳᠡᠵᠦ ᠪᠠᠶᠢᠭ᠎ᠠ ᠬᠦᠷᠢᠶ᠎ᠡ ᠬᠠᠰᠢᠶ᠎ᠠ ᠨᠢ ᠶᠡᠷᠦᠩᠬᠡᠢ ᠳᠤ ᠪᠠᠨ ᠤᠷᠳᠤ ᠲᠥᠷᠪᠡᠯᠵᠢᠨ ᠬᠡᠯᠪᠡᠷᠢᠳᠡᠢ᠂ ᠬᠠᠰᠢᠶᠠᠨ ᠳᠣᠲᠣᠷ᠎ᠠ ᠮᠣᠷᠢᠨ ᠵᠠᠮ᠂  ᠬᠠᠶᠢᠰᠠᠩ ᠲᠠᠢ ᠪᠣᠯᠬᠤᠷ ᠰᠡᠷᠭᠡᠶᠢᠯᠡᠬᠦ ᠴᠢᠳᠠᠮᠵᠢ ᠲᠠᠢ ᠶᠤᠮ᠃ 2006 ᠣᠨ ᠤ 9 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠪᠦᠯᠦᠭ ᠭᠤᠤᠯᠳᠠᠯᠭ᠎ᠠ ᠲᠠᠢ ᠲᠡᠣᠬᠡᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠠᠷ ᠵᠢᠭᠰᠠᠭᠠᠭᠳᠠᠪᠠ᠃ ᠤᠳᠠᠭᠠᠨ ᠵᠢᠯ ᠵᠠᠰᠠᠭᠰᠠᠨ ᠦᠭᠡᠢ ᠠᠴᠠ ᠪᠣᠯᠵᠤ ᠪᠦᠬᠦ᠋ᠢᠯᠡ ᠪᠠᠷᠢᠯᠭ᠎ᠠ ᠴᠥᠮᠥᠷᠡᠬᠦ᠂ ᠬᠡᠷᠡᠮ ᠨᠢ ᠠᠩ ᠴᠠᠪᠠ ᠭᠠᠷᠬᠤ᠂ ᠪᠣᠷᠣᠭᠠᠨ ᠭᠤᠭᠤᠵᠢᠬᠤ ᠦᠵᠡᠭᠳᠡᠯ ᠬᠦᠨᠳᠦ ᠨᠣᠴᠢᠲᠠᠶ ᠪᠣᠯᠤᠭᠰᠠᠨ ᠠᠴᠠ ᠰᠡᠯᠪᠢᠨ ᠵᠠᠰᠠᠬᠤ ᠴᠢᠬᠤᠯᠠᠲᠠᠶ ᠪᠣᠯᠪᠠ᠃    ᠣᠶᠢᠷ᠎ᠠ ᠶᠢᠨ ᠵᠢᠯ ᠤᠨ ᠲᠤᠷᠰᠢ᠂ ᠠᠯᠠᠱᠠ ᠵᠡᠭᠦᠨ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠢᠳᠡᠪᠬᠢᠲᠠᠢ ᠪᠠᠷ ᠳᠡᠭᠡᠳᠦ ᠱᠠᠲᠤᠨ ᠠᠴᠠ ᠲᠤᠰᠬᠠᠶ ᠪᠠᠯᠠ ᠮᠥᠩᠭᠦ ᠶᠢᠨ ᠲᠡᠳᠬᠦᠮᠵᠢ ᠣᠯᠵᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠬᠤ᠂ ᠬᠠᠮᠠᠭᠠᠯᠠᠬᠤ᠂ ᠡᠳᠦᠷ ᠲᠤᠲᠤᠮ ᠤᠨ ᠬᠠᠮᠢᠶᠠᠷᠴᠤ ᠬᠠᠮᠠᠭᠠᠯᠠᠬᠤ ᠠᠵᠢᠯ ᠳᠤ ᠬᠡᠷᠡᠭᠯᠡᠵᠦ᠂ ᠲᠡᠣᠬᠡᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠥᠨᠳᠥᠷ ᠪᠠᠷᠢᠮᠵᠢᠶ᠎ᠠ ᠪᠠᠷ᠂ ᠥᠨᠳᠥᠷ ᠪᠠᠶᠢᠷᠢ ᠲᠣᠭᠲᠠᠭᠠᠯᠲᠠ ᠲᠠᠢ ᠪᠠᠷ᠂ ᠴᠢᠨᠠᠷ ᠰᠠᠶᠢᠲᠠᠶ ᠪᠠᠷ ᠠᠬᠢᠭᠤᠯᠵᠣ᠂ ᠲᠡᠣᠬᠡᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠲᠥᠷᠥᠯ ᠵᠦᠢᠯ ᠢ ᠵᠦᠶ ᠵᠣᠬᠢᠰᠲᠠᠶ ᠲᠥᠯᠥᠪᠯᠡᠨ ᠨᠥᠭᠡᠴᠡᠯᠡᠵᠦ ᠬᠡᠷᠡᠭᠵᠢᠭᠦᠯᠦᠨ᠂ ᠲᠡᠣᠬᠡᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠨᠢ ᠤᠯᠠᠮᠵᠢᠯᠠᠯᠲᠤ ᠪᠠ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠰᠣᠶᠣᠯ ᠵᠢᠭᠤᠯᠴᠢᠯᠠᠯ ᠢ ᠤᠶᠠᠯᠳᠣᠭᠤᠯᠣᠨ ᠬᠥᠭᠵᠢᠭᠦᠯᠬᠦ ᠳᠤ ᠠᠬᠢᠭᠤᠯᠬᠤ ᠦᠢᠯᠡᠳᠦᠯ ᠦᠵᠡᠭᠦᠯᠪᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号