ᠠᠯᠠᠱᠠ ᠵᠡᠭᠦᠨ ᠬᠤᠰᠢᠭᠤ ᠄ ᠠᠯᠠᠱᠠ ᠠᠭᠤᠯᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠡᠷᠴᠢᠮᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/7/26
                       ᠬᠥᠬᠡ ᠣᠭᠲᠠᠷᠭᠤᠢ ᠳᠤ ᠡᠭᠦᠯᠡᠨ ᠴᠠᠶᠢᠷᠠᠭᠠᠳ ᠂ ᠴᠡᠩᠬᠡᠷ ᠠᠭᠤᠯᠠᠨ ᠤ ᠠᠷᠢᠭᠤᠨ ᠲᠤᠩᠭᠠᠯᠠᠭ ᠤᠰᠤᠨ ᠠᠴᠠ ᠦᠵᠡᠰᠬᠦᠯᠡᠩᠲᠦ ᠪᠠᠶᠢᠭᠠᠯᠢ ᠪᠦᠷᠢᠳᠦᠨ᠎ᠡ ᠃ ᠵᠤᠨ ᠤ ᠤᠯᠠᠷᠢᠯ ᠳᠤ ᠠᠯᠠᠱᠠ ᠠᠭᠤᠯᠠ ᠶᠢᠨ ᠠᠭᠤᠯᠠᠰ ᠨᠢ ᠴᠡᠩᠬᠡᠷᠳᠡᠵᠦ ᠂ ᠡᠭᠦᠯᠡ ᠮᠠᠨᠠᠨ ᠬᠥᠪᠥᠯᠵᠡᠭᠡᠳ ᠂ ᠵᠡᠷᠯᠢᠭ ᠠᠮᠢᠲᠠᠳ ᠣᠢ ᠮᠣᠳᠣᠨ ᠳᠤ ᠠᠮᠤᠭᠤᠯᠠᠩ ᠪᠠᠶᠢᠳᠠᠯ ᠢᠶᠠᠷ ᠬᠤᠭᠤᠯᠠᠯᠠᠵᠤ ᠂ ᠲᠣᠭᠯᠠᠵᠤ ᠂ ᠠᠳᠠᠪᠠᠰᠢ ᠭᠤᠸ᠎ᠠ ᠰᠠᠶᠢᠬᠠᠨ ᠢ ᠳᠦᠷᠰᠦᠯᠡᠨ ᠬᠠᠷᠠᠭᠤᠯᠤᠨ᠎ᠠ᠃     ᠎ ︽ᠡᠳᠡᠭᠡᠷ ᠵᠢᠯ ᠤᠳ ᠲᠤ ᠂ ᠠᠯᠠᠱᠠ ᠠᠭᠤᠯᠠ ᠶᠢᠨ ᠠᠮᠢ ᠠᠬᠤᠢ ᠤᠯᠠᠮ ᠰᠠᠶᠢᠵᠢᠷᠠᠵᠤ ᠂ ᠵᠢᠯ ᠢᠷᠡᠬᠦ ᠲᠤᠰᠤᠮ ᠨᠣᠭᠤᠭᠠᠨ ᠪᠣᠯᠵᠤ ᠂ ᠵᠡᠷᠯᠢᠭ ᠠᠮᠢᠲᠠᠳ ᠪᠦᠯᠦᠭᠯᠡᠨ ᠠᠮᠢᠳᠤᠷᠠᠳᠠᠭ ᠪᠣᠯᠵᠤ ᠂ ᠣᠢ ᠶᠢᠨ ᠲᠠᠯᠠᠪᠠᠢ ᠴᠤ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ ᠂ ᠡᠨᠡ ᠨᠢ ᠠᠯᠠᠱᠠ ᠵᠡᠭᠦᠨ ᠬᠤᠰᠢᠭᠤ ᠨᠣᠭᠤᠭᠠᠨ ᠬᠥᠭᠵᠢᠯ ᠤᠨ ᠦᠵᠡᠯ ᠪᠠᠷᠢᠮᠲᠠᠯᠠᠯ ᠢ ᠲᠤᠭᠤᠰᠢᠲᠠᠢ ᠪᠠᠷᠢᠮᠲᠠᠯᠠᠵᠤ ᠂ ᠠᠮᠢ ᠠᠬᠤᠢ ᠶᠢᠨ ᠬᠠᠮᠠᠭᠠᠯᠠᠯᠲᠠ ᠶᠢ ᠡᠷᠴᠢᠮᠵᠢᠭᠦᠯᠦᠭᠰᠡᠨ ᠤ ᠦᠷ᠎ᠡ ᠳ᠋ᠦᠩ ᠶᠤᠮ ᠃ ︾ ᠭᠡᠵᠦ ᠥᠪᠥᠷ ᠮᠣᠩᠭᠤᠯ ᠤᠨ ᠠᠯᠠᠱᠠ ᠠᠭᠤᠯᠠᠨ ᠤ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠶᠠᠷᠢᠪᠠ᠃
         ᠰᠢ ᠶᠢᠨ ᠫᠢᠩ ᠶᠡᠷᠦᠩᠬᠡᠶ ᠱᠦᠵᠢ ᠠᠴᠠ᠂ ᠠᠯᠠᠱᠠᠨ ᠠᠭᠤᠯᠠ ᠪᠣᠯ ᠮᠠᠨ ᠤ ᠤᠯᠤᠰ ᠤᠨ ᠪᠠᠶᠢᠭᠠᠯᠢ ᠶᠢᠨ ᠭᠠᠵᠠᠷ ᠵᠦᠶ ᠶᠢᠨ ᠴᠢᠬᠤᠯᠠ ᠵᠠᠭᠠᠭ ᠱᠤᠭᠤᠮ ᠪᠠ ᠪᠠᠷᠠᠭᠤᠨ ᠬᠤᠶᠢᠲᠤ ᠣᠷᠣᠨ ᠤ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠮᠥᠨ᠂ ᠲᠡᠷᠡ ᠨᠢ ᠪᠠᠷᠠᠭᠤᠨ ᠬᠤᠶᠢᠲᠤ ᠣᠷᠣᠨ ᠠᠴᠠ ᠬᠠᠲᠤᠨ ᠭᠤᠤᠯ ᠬᠤᠸᠠᠢ ᠾᠧ ᠭᠤᠤᠯ ᠬᠦᠷᠲᠡᠯᠡᠬᠢ ᠭᠠᠵᠠᠷ ᠣᠷᠣᠨ ᠤ ᠠᠭᠤᠷ ᠠᠮᠢᠰᠬᠤᠯ ᠤᠨ ᠲᠠᠷᠬᠠᠯᠲᠠ ᠪᠠ ᠠᠮᠢ ᠠᠬᠤᠶ ᠶᠢᠨ ᠪᠠᠶᠢᠷᠢᠰᠢᠯ ᠢ ᠬᠠᠮᠠᠭᠠᠯᠠᠵᠤ᠂ ᠪᠠᠷᠠᠭᠤᠨ ᠬᠤᠶᠢᠲᠤ ᠣᠷᠣᠨ᠂ ᠤᠮᠠᠷᠠᠲᠤ ᠣᠷᠣᠨ ᠤ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠵᠤ ᠪᠠᠶᠢᠳᠠᠭ᠃ ᠳᠡᠭᠡᠳᠦ ᠳᠠᠪᠬᠤᠷᠭ᠎ᠠ ᠶᠢᠨ ᠲᠥᠰᠥᠯ ᠢ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠳᠠ ᠬᠡᠷᠡᠭᠵᠢᠭᠦᠯᠵᠦ ᠂ ᠬᠢᠨᠠᠯᠲᠠ ᠰᠢᠯᠭᠠᠯᠲᠠ ᠶᠢ ᠡᠷᠴᠢᠮᠵᠢᠭᠦᠯᠵᠦ ᠂ ᠠᠯᠠᠱᠠ ᠠᠭᠤᠯᠠ ᠶᠢᠨ ᠠᠮᠢ ᠠᠬᠤᠢ ᠶᠢ ᠬᠠᠮᠠᠭᠠᠯᠠᠬᠤ ᠠᠵᠢᠯ ᠢ ᠲᠤᠭᠤᠰᠢᠲᠠᠢ ᠬᠢᠵᠦ ᠭᠦᠢᠴᠡᠳᠬᠡᠬᠦ ᠶᠣᠰᠣᠲᠠᠢ ᠭᠡᠳᠡᠭ ᠢ ᠣᠨᠴᠠᠯᠠᠨ ᠲᠡᠮᠳᠡᠭᠯᠡᠭᠰᠡᠨ ᠪᠠᠶᠢᠨ᠎ᠠ ᠃      ᠠᠯᠠᠱᠠ ᠠᠭᠤᠯᠠ ᠶᠢᠨ ᠰᠦᠷᠯᠢᠭ ᠪᠠᠶᠢᠳᠠᠯ ᠂ ᠰᠦᠷ ᠵᠢᠪᠬᠤᠯᠠᠩᠲᠤ ᠬᠡᠯᠪᠡᠷᠢ ᠨᠢ ᠠᠯᠠᠱᠠ ᠨᠤᠲᠤᠭ ᠤᠨ ᠠᠷᠠᠳ ᠲᠦᠮᠡᠨ ᠤ ᠡᠬᠡ ᠠᠭᠤᠯᠠ ᠂ ᠠᠮᠢᠳᠤᠷᠠᠯ ᠤᠨ ᠡᠬᠢ ᠰᠤᠷᠪᠤᠯᠵᠢ ᠪᠥᠭᠡᠳ ᠠᠯᠠᠱᠠ ᠨᠤᠲᠤᠭ ᠤᠨ ᠤᠰᠤ ᠂ ᠰᠢᠷᠣᠢ ᠶᠢ ᠬᠠᠮᠠᠭᠠᠯᠠᠳᠠᠭ ᠬᠦᠴᠦᠷᠬᠡᠭ ᠡᠬᠢ ᠡᠭᠦᠰᠪᠦᠷᠢ ᠨᠢ ᠶᠤᠮ ᠃ ᠰᠡᠭᠦᠯ ᠤᠨ ᠵᠢᠯ ᠤᠳ ᠲᠤ ᠂ ᠥᠪᠥᠷ ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠰᠢᠨᠲᠠᠷᠠᠰᠢ ᠦᠭᠡᠢ ᠴᠢᠷᠮᠠᠶᠢᠨ ᠠᠵᠢᠯᠯᠠᠵᠤ᠂ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠠᠯᠠᠱᠠ ᠠᠭᠤᠯᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠬᠥᠭᠵᠢᠭᠦᠯᠵᠦ ᠪᠠᠶᠢᠨ᠎ᠠ᠃          ᠠᠯᠠᠱᠠ ᠠᠭᠤᠯᠠ ᠶᠢᠨ ᠠᠮᠢ ᠠᠬᠤᠢ ᠶᠢᠨ ᠪᠠᠶᠢᠳᠠᠯ ᠢ ᠰᠡᠷᠭᠦᠭᠡᠬᠦ ᠶᠢᠨ ᠲᠤᠯᠠᠳᠠ ᠂ ᠠᠯᠠᠱᠠ ᠵᠡᠭᠦᠨ ᠬᠤᠰᠢᠭᠤ ᠠᠮᠢ ᠠᠬᠤᠢ ᠶᠢᠨ ᠤᠳᠤᠷᠢᠳᠤᠯᠭ᠎ᠠ ᠂ ᠬᠠᠮᠠᠭᠠᠯᠠᠯᠲᠠ ᠶᠢ ᠬᠤᠣᠰᠯᠠᠭᠤᠯᠤᠨ ᠬᠥᠭᠵᠢᠭᠦᠯᠵᠦ ᠂ ᠪᠡᠯᠴᠢᠭᠡᠷ ᠢ ᠣᠶᠢᠵᠢᠭᠤᠯᠵᠤ ᠂ ᠬᠠᠮᠠᠭᠠᠯᠠᠯᠲᠠ ᠶᠢᠨ ᠭᠠᠵᠠᠷ ᠲᠤ ᠪᠦᠷᠢᠨ ᠪᠡᠯᠴᠢᠭᠡᠷ ᠤᠨ ᠬᠤᠷᠢᠭ᠎ᠠ ᠲᠣᠭᠲᠠᠭᠠᠭᠰᠠᠨ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠳᠠᠷᠠᠭ᠎ᠠ ᠂ ᠠᠯᠠᠱᠠ ᠠᠭᠤᠯᠠᠨ ᠤ ᠬᠠᠮᠠᠭᠠᠯᠠᠯᠲᠠ ᠶᠢᠨ ᠪᠦᠰᠡ ᠪᠣᠯᠣᠨ ᠡᠷᠭᠢᠨ ᠲᠣᠭᠤᠷᠢᠨ ᠣᠷᠴᠢᠨ ᠢ ᠴᠡᠭᠴᠡᠯᠡᠬᠦ ᠠᠷᠭ᠎ᠠ ᠬᠡᠮᠵᠢᠶ᠎ᠡ ᠶᠢ ᠡᠬᠢᠯᠡᠭᠦᠯᠵᠦ ᠂ ᠥᠪᠥᠷ ᠮᠣᠩᠭᠤᠯ ᠤᠨ ᠠᠯᠠᠱᠠ ᠠᠭᠤᠯᠠ ᠶᠢᠨ ᠪᠦᠰᠡ ᠶᠢᠨ ᠠᠮᠢ ᠠᠬᠤᠢ ᠶᠢᠨ ᠣᠷᠴᠢᠨ ᠤ ᠠᠶᠤᠯ ᠦᠭᠡᠢ ᠪᠠᠶᠢᠳᠠᠯ ᠤᠨ ᠡᠷᠡᠰᠳᠡᠯ ᠢ ᠨᠠᠷᠢᠪᠴᠢᠯᠠᠨ ᠰᠢᠯᠭᠠᠵᠤ ᠂ ᠵᠠᠰᠠᠪᠤᠷᠢᠯᠠᠬᠤ ᠠᠵᠢᠯ ᠡᠷᠴᠢᠮᠵᠢᠭᠦᠯᠦᠭᠰᠡᠨ ᠪᠠᠶᠢᠨ᠎ᠠ ᠃          ︽ᠬᠠᠮᠠᠭᠠᠯᠠᠯᠲᠠ︾᠎ ᠶᠢᠨ ᠬᠢᠷᠢ ᠪᠦᠲᠦᠮᠵᠢ ᠶᠢᠨ ᠬᠠᠭᠤᠳᠠᠰᠤ ᠨᠢ ᠬᠥᠮᠦᠨ ᠪᠦᠬᠦᠨ ᠤ ᠨᠢᠳᠦᠨ ᠳᠤ ᠢᠯᠡᠬᠡᠨ ᠪᠠᠶᠢᠨ᠎ᠠ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ ᠣᠶ ᠰᠢᠭᠤᠶ ᠶᠢᠨ ᠲᠠᠯᠠᠪᠠᠶ ᠨᠢ ᠬᠠᠮᠠᠭᠠᠯᠠᠯᠲᠠ ᠶᠢᠨ ᠣᠷᠣᠨ ᠪᠠᠶᠢᠭᠤᠯᠤᠭᠳᠠᠬᠤ ᠠᠴᠠ ᠡᠮᠦᠨᠡᠬᠢ 32.1 ᠲᠦᠮᠡᠨ ᠮᠥ ᠪᠠᠶᠢᠭᠰᠠᠨ ᠠᠴᠠ ᠪᠠᠨ 2011 ᠣᠨ ᠳᠤ 58.2 ᠲᠦᠮᠡᠨ ᠮᠥ ᠪᠣᠯᠤᠨ ᠨᠡᠮᠡᠭᠳᠡᠪᠡ᠃ ᠤᠢ ᠰᠢᠭᠤᠶ ᠶᠢᠨ ᠪᠦᠷᠬᠦᠴᠡ 31.6% ᠪᠠᠶᠢᠭᠰᠠᠨ ᠠᠴᠠ ᠪᠠᠨ ᠳᠡᠭᠡᠭᠰᠢᠯᠡᠭᠡᠳ 2011 ᠣᠨ ᠳᠤ 57.3% ᠪᠤᠯᠵᠤ᠂ ᠤᠢ ᠰᠢᠭᠤᠶ ᠶᠢᠨ ᠬᠠᠳᠠᠭᠠᠯᠠᠭᠳᠠᠴᠠ 290 ᠭᠠᠷᠤᠶ ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠰᠢᠭᠤᠶᠢᠲᠤ ᠣᠷᠣᠨ ᠤ ᠤᠷᠭᠤᠮᠠᠯ ᠤᠨ ᠪᠦᠷᠬᠦᠴᠡ 80%᠎ ᠳᠤ ᠬᠦᠷᠴᠦ᠂ ᠬᠡᠭᠡᠷ᠎ᠡ ᠶᠢᠨ ᠠᠮᠢᠳᠠᠨ ᠤ ᠪᠦᠯᠦᠭᠯᠡᠯ ᠲᠠᠰᠤᠷᠠᠯᠳᠠ ᠦᠭᠡᠢ ᠥᠷᠭᠡᠵᠢᠵᠦ᠂ ᠲᠤᠷᠤᠭ ᠪᠤᠭᠤ 2000 ᠭᠠᠷᠤᠶ ᠪᠠᠶᠢᠭᠰᠠᠨ ᠠᠴᠠ ᠪᠠᠨ ᠨᠡᠮᠡᠭᠳᠡᠭᠡᠳ 7000 ᠭᠠᠷᠤᠶ ᠪᠤᠯᠵᠤ᠂ ᠶᠠᠩᠭᠢᠷ 1.6 ᠲᠦᠮᠡ ᠪᠠᠶᠢᠭᠰᠠᠨ ᠠᠴᠠ ᠪᠠᠨ ᠨᠡᠮᠡᠭᠳᠡᠭᠡᠳ 4.5 ᠲᠦᠮᠡ ᠭᠠᠷᠤᠶ ᠳᠤ ᠬᠦᠷᠴᠡᠶ ︵ᠳᠡᠭᠡᠷᠡᠬᠢ ᠲᠤᠭ᠎ᠠ ᠪᠠᠷᠢᠮᠲᠠ ᠶᠢ ᠨᠢᠭᠡᠳᠦᠭᠡᠷ ᠤᠳᠠᠭᠠᠨ ᠤ ᠶᠡᠷᠦᠩᠬᠡᠶᠢᠯᠡᠭᠰᠡᠨ ᠪᠠ ᠰᠢᠨᠵᠢᠯᠡᠬᠦ ᠤᠬᠠᠭᠠᠨ ᠤ ᠰᠢᠨᠵᠢᠯᠡᠨ ᠪᠠᠶᠢᠴᠠᠭᠠᠯᠲᠠ ᠠᠴᠠ ᠭᠠᠷᠭᠠᠪᠠ︶᠃ 2018 ᠣᠨ ᠠᠴᠠ 2020 ᠣᠨ ᠪᠣᠯᠲᠠᠯ᠎ᠠ 3 ᠵᠢᠯ ᠳᠠᠷᠠᠭᠠᠯᠠᠨ ᠵᠠᠰᠠᠬᠤ ᠣᠷᠣᠨ ᠳᠤ ᠨᠢᠰᠬᠡᠯ ᠪᠠ ᠬᠥᠮᠦᠨ ᠤ ᠬᠦᠴᠦ ᠪᠠᠷ ᠡᠪᠡᠰᠦᠨ ᠦᠷ᠎ᠡ ᠰᠠᠴᠤᠬᠤ ᠶᠢ ᠤᠶᠠᠯᠳᠤᠭᠤᠯᠬᠤ ᠠᠷᠭ᠎ᠠ ᠪᠠᠷ ᠠᠭᠤᠷᠬᠠᠶ ᠶᠢᠨ ᠣᠷᠣᠨ ᠳᠤ 2.6 ᠲᠦᠮᠡᠨ ᠮᠥ ᠤᠷᠭᠤᠮᠠᠯ ᠤᠨ ᠬᠤᠴᠢᠯᠭ᠎ᠠ ᠶᠢ ᠰᠡᠷᠭᠦᠭᠡᠵᠦ᠂ ᠤᠷᠭᠤᠮᠠᠯ ᠤᠨ ᠲᠥᠷᠥᠯ ᠵᠦᠶᠯ ᠢ 43 ᠵᠦᠶᠯ ᠪᠣᠯᠭᠠᠨ ᠨᠡᠮᠡᠭᠳᠡᠭᠦᠯᠵᠦ᠂ ᠪᠣᠳᠠ ᠮᠣᠳᠣ ᠶᠢ ᠳᠤᠮᠳᠠᠴᠢ ᠪᠠᠷ 33.5cm ᠨᠡᠮᠡᠭᠳᠡᠭᠦᠯᠦᠨ᠂ ᠠᠯᠠᠱᠠ ᠠᠭᠤᠯᠠ ᠶᠢᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠠᠵᠢᠯ ᠤᠨ ᠦᠷ᠎ᠡ ᠪᠦᠲᠦᠮᠵᠢ ᠢᠯᠡᠳᠲᠡ ᠪᠣᠯᠪᠠ᠃              2020 ᠣᠨ ᠳᠤ ᠴᠣᠬᠤᠷ ᠢᠷᠪᠢᠰ ᠢᠯᠡᠷᠡᠵᠦ ᠂ ᠰᠡᠭᠦᠯ ᠤᠨ ᠵᠢᠯ ᠤᠳ ᠲᠤ ᠲᠣᠭᠲᠠᠮᠠᠯ ᠬᠢᠨᠠᠯᠲᠠ ᠳᠤ ᠴᠣᠬᠤᠷ ᠢᠷᠪᠢᠰ ᠤᠨ ᠪᠠᠶᠢᠷᠢᠰᠢᠯ ᠢ ᠣᠯᠣᠭᠰᠠᠨ ᠨᠢ ᠠᠯᠠᠱᠠ ᠠᠭᠤᠯᠠ ᠶᠢᠨ ᠠᠮᠢ ᠠᠬᠤᠢ ᠶᠢᠨ ᠰᠢᠰᠲ᠋ᠧᠮ ᠂ ᠪᠢᠣᠯᠣᠭᠢ ᠶᠢᠨ ᠣᠯᠠᠨ ᠶᠠᠩᠵᠤ ᠪᠠᠶᠢᠳᠠᠯ ᠢ ᠬᠠᠮᠠᠭᠠᠯᠠᠬᠤ ᠠᠵᠢᠯ ᠦᠷ᠎ᠡ ᠳ᠋ᠦᠩ ᠲᠠᠢ ᠪᠠᠶᠢᠭ᠎ᠠ ᠶᠢ ᠲᠣᠳᠣᠷᠬᠠᠢ ᠬᠠᠷᠠᠭᠤᠯᠵᠤ ᠪᠠᠶᠢᠨ᠎ᠠ ᠃      ᠲᠡᠭᠦᠨᠴᠢᠯᠡᠨ ᠂ ᠠᠯᠠᠱᠠ ᠵᠡᠭᠦᠨ ᠬᠤᠰᠢᠭᠤ ᠨᠢ ᠣᠢ ᠬᠠᠮᠠᠭᠠᠯᠠᠬᠤ ᠠᠵᠢᠯ ᠢ ᠠᠵᠢᠯᠯᠠᠵᠤ ᠪᠠᠶᠢᠭ᠎ᠠ ᠶᠢᠨ ᠢᠶᠠᠨ ᠬᠠᠮᠤᠭ ᠤᠨ ᠴᠢᠬᠤᠯᠠ ᠵᠦᠢᠯ ᠪᠣᠯᠭᠠᠵᠤ ᠂ ᠣᠢ ᠬᠠᠮᠠᠭᠠᠯᠠᠯᠲᠠ ᠶᠢᠨ ᠵᠣᠷᠢᠯᠲᠠ ᠶᠢ ᠴᠢᠩᠳᠠ ᠬᠡᠷᠡᠭᠵᠢᠭᠦᠯᠵᠦ ᠂ ᠣᠢ ᠬᠠᠮᠠᠭᠠᠯᠠᠯᠲᠠ ᠶᠢᠨ ᠰᠤᠷᠲᠠᠯᠴᠢᠯᠠᠭ᠎ᠠ ᠂ ᠰᠤᠷᠭᠠᠯᠲᠠ ᠶᠢᠨ ᠠᠵᠢᠯ ᠢ ᠨᠡᠮᠡᠭᠳᠡᠭᠦᠯᠵᠦ ᠂ ᠣᠢ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠂ ᠣᠢ ᠶᠢᠨ ᠲᠦᠢᠮᠡᠷ ᠲᠠᠢ ᠲᠡᠮᠡᠴᠡᠬᠦ ᠪᠠᠭ ᠤᠨ ᠪᠠᠶᠢᠭᠤᠯᠤᠯᠲᠠ ᠶᠢ ᠡᠷᠴᠢᠮᠵᠢᠭᠦᠯᠵᠦ ᠂ ᠬᠠᠲᠠᠭᠤ ᠬᠢᠨᠠᠯᠲᠠ ᠲᠠᠯᠪᠢᠵᠤ ᠂ ᠣᠢ ᠂ ᠪᠡᠯᠴᠢᠭᠡᠷ ᠤᠨ ᠠᠶᠤᠯ ᠦᠭᠡᠢ ᠪᠠᠶᠢᠳᠠᠯ ᠤᠨ ᠱᠤᠭᠤᠮ ᠢ ᠪᠠᠬᠢᠵᠢᠭᠦᠯᠦᠭᠰᠡᠨ ᠪᠠᠶᠢᠨ᠎ᠠ ᠃ ᠣᠳᠣ ᠪᠠᠷ ᠂ ᠠᠯᠠᠱᠠ ᠠᠭᠤᠯᠠ 74 ᠵᠢᠯ ᠤᠨ ᠲᠤᠷᠰᠢ ᠣᠢ ᠶᠢᠨ ᠲᠦᠢᠮᠡᠷ ᠦᠭᠡᠢ ᠪᠠᠶᠢᠭ᠎ᠠ ᠰᠠᠶᠢᠨ ᠦᠷ᠎ᠡ ᠳ᠋ᠦᠩ ᠳᠤ ᠬᠦᠷᠦᠭᠡᠳ ᠪᠠᠶᠢᠨ᠎ᠠ ᠃      ᠣᠢ ᠬᠠᠮᠠᠭᠠᠯᠠᠭᠴᠢ 24 ᠴᠠᠭ ᠤᠨ ᠲᠤᠷᠰᠢ ᠂ 365 ᠬᠤᠨᠤᠭ ᠲᠠᠰᠤᠷᠠᠯᠲᠠ ᠦᠭᠡᠢ ᠵᠢᠵᠢᠭᠦᠷ ᠤᠨ ᠡᠭᠦᠷᠭᠡ ᠶᠢ ᠴᠢᠩᠳᠠ ᠬᠡᠷᠡᠭᠵᠢᠭᠦᠯᠵᠦ ᠂ ᠰᠠᠷ᠎ᠠ ᠪᠦᠷᠢ ᠠᠭᠤᠯᠠ ᠶᠢᠨ ᠭᠦᠨ ᠤᠷᠤᠭᠤ 3 ᠤᠳᠠᠭ᠎ᠠ ᠂ ᠠᠭᠤᠯᠠ ᠶᠢᠨ ᠬᠥᠨᠳᠡᠢ ᠤᠷᠤᠭᠤ 6 ᠤᠳᠠᠭ᠎ᠠ ᠶᠠᠪᠤᠵᠤ ᠂ ᠲᠡᠮᠦᠷ ᠲᠣᠣᠷ ᠢ ᠡᠳᠦᠷ ᠪᠦᠷᠢ ᠰᠢᠯᠭᠠᠵᠤ ᠪᠠᠶᠢᠨ᠎ᠠ ᠃ ᠲᠡᠳᠡᠨ ᠤ ᠡᠭᠦᠷᠭᠡ ᠪᠣᠯ ᠣᠢ ᠶᠢᠨ ᠬᠠᠮᠠᠭᠠᠯᠠᠯᠲᠠ ᠂ ᠵᠡᠷᠯᠢᠭ ᠠᠮᠢᠲᠠᠨ ᠤ ᠡᠪᠡᠳᠴᠢᠨ ᠡᠮᠭᠡᠭ ᠤᠨ ᠬᠢᠨᠠᠯᠲᠠ ᠂ ᠣᠢ ᠶᠢᠨ ᠬᠤᠣᠷᠲᠠᠨ ᠰᠢᠪᠠᠵᠢ ᠶᠢᠨ ᠬᠢᠨᠠᠯᠲᠠ ᠂ ᠵᠡᠷᠯᠢᠭ ᠠᠮᠢᠲᠠᠨ ᠤ ᠤᠰᠤᠨ ᠤ ᠡᠬᠢ ᠡᠭᠦᠰᠪᠦᠷᠢ ᠂ ᠠᠮᠢᠳᠤᠷᠠᠬᠤ ᠣᠷᠴᠢᠨ ᠢ ᠬᠢᠨᠠᠬᠤ ᠂ ᠬᠠᠤᠯᠢ ᠪᠤᠰᠤ ᠠᠩᠭᠢ ᠶᠢᠨ ᠦᠢᠯᠡ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠶᠠᠪᠤᠳᠠᠯ ᠪᠥᠭᠡᠳ ᠡᠨᠡ ᠪᠦᠬᠦ ᠠᠵᠢᠯ ᠢ ᠵᠣᠬᠢᠬᠤ ᠶᠣᠰᠣ ᠪᠠᠷ ᠭᠦᠢᠴᠡᠳᠬᠡᠵᠦ ᠂ ᠣᠢ ᠬᠠᠮᠠᠭᠠᠯᠠᠯᠲᠠ ᠶᠢᠨ ᠡᠭᠦᠷᠭᠡ ᠶᠢ ᠪᠦᠷᠢᠨ ᠬᠡᠷᠡᠭᠵᠢᠭᠦᠯᠵᠦ ᠂ ᠣᠢ ᠶᠢᠨ ᠲᠦᠢᠮᠡᠷ ᠠᠴᠠ ᠤᠷᠢᠳᠴᠢᠯᠠᠨ ᠰᠡᠷᠭᠡᠶᠢᠯᠡᠬᠦ ᠠᠵᠢᠯ ᠳᠤ ᠠᠯᠳᠠᠭ᠎ᠠ ᠭᠠᠷᠭᠠᠬᠤ ᠦᠭᠡᠢ ᠪᠠᠶᠢᠬᠤ ᠶᠢ ᠬᠠᠩᠭᠠᠵᠤ ᠠᠵᠢᠯᠯᠠᠵᠤ ᠪᠠᠶᠢᠨ᠎ᠠ ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号