| | ᠶᠠᠩ ᠴᠢᠤᠸᠠᠨ ᠶᠤᠸᠠᠨ᠂ ᠼᠤᠤ ᠽᠥᠩ ᠯᠢᠨ ᠭᠡᠰᠢᠭᠦᠨ ᠲᠠᠨ᠎ᠠ᠄ | ᠠᠯᠠᠱᠠ ᠶᠢᠨ ᠴᠢᠯᠠᠭᠤᠨ ᠵᠡᠪᠰᠡᠭ ᠤᠨ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ | ᠲᠤᠬᠠᠢ ᠰᠠᠨᠠᠯ ᠵᠥᠪᠯᠡᠯᠭᠡ ᠶᠢ ᠨᠢᠭᠡᠨᠲᠡ ᠣᠯᠵᠤ ᠣᠶᠢᠯᠠᠭᠠᠪᠠ᠃ ᠤᠳᠤ ᠳᠠᠷᠠᠭᠠᠬᠢ ᠬᠡᠳᠦᠨ ᠲᠠᠯ᠎ᠠ ᠪᠠᠷ ᠬᠠᠷᠢᠭᠤᠯᠤᠶ᠎ᠠ | ᠄ | ᠨᠢᠭᠡ᠂ ᠠᠯᠠᠱᠠ ᠵᠡᠭᠦᠨ ᠬᠤᠰᠢᠭᠤᠨ ᠤ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ | ᠵᠦᠢᠯᠡᠰ ᠤᠨ ᠴᠡᠭ ᠤᠨ ᠪᠠᠶᠢᠳᠠᠯ ᠤᠨ ᠲᠣᠪᠴᠢ ᠲᠠᠨᠢᠯᠴᠠᠭᠤᠯᠭ᠎ᠠ | ᠠᠯᠠᠱᠠ ᠵᠡᠭᠦᠨ ᠬᠤᠰᠢᠭᠤᠨ ᠳᠤ ᠣᠲᠣ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ | ᠵᠦᠢᠯᠡᠰ ᠤᠨ ᠴᠡᠭ ᠨᠡᠶᠢᠲᠡ 409 ᠪᠣᠶ᠂ ᠡᠭᠦᠨ ᠳᠤ ᠪᠥᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 1 ︵ ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ 2︶ | ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠨᠢᠭᠡᠴᠢ 17 ︵ ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ 260︶ ᠂ ᠠᠶᠢᠮᠠᠭ ᠤᠨ | ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 24᠂ ᠬᠤᠰᠢᠭᠤᠨ ᠤ ᠲᠠᠰ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 9᠂ ᠲᠠᠰ ᠲᠣᠭᠲᠠᠭᠠᠳᠤᠢ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 114 ᠪᠣᠶ︔ ᠲᠥᠷᠥᠯ ᠵᠦᠢᠯ ᠢᠶᠠᠷ ᠨᠢ ᠬᠤᠪᠢᠶᠠᠪᠠᠯ | ᠡᠷᠲᠡᠨ ᠤ ᠪᠠᠭᠤᠷᠢ 304᠂ ᠡᠷᠲᠡᠨ ᠤ ᠪᠤᠯᠠᠰᠢ 32᠂ ᠡᠷᠲᠡᠨ ᠤ ᠪᠠᠷᠢᠯᠭ᠎ᠠ 14᠂ ᠴᠢᠯᠠᠭᠤᠨ ᠠᠭᠤᠢ ᠶᠢᠨ | ᠰᠦᠮ᠎ᠡ ᠵᠢᠴᠢ ᠴᠢᠯᠠᠭᠤᠨ ᠰᠡᠶᠢᠯᠦᠮᠡᠯ 45᠂ ᠣᠷᠴᠢᠨ ᠣᠳᠣ ᠦᠶ᠎ᠡ ᠶᠢᠨ ᠴᠢᠬᠤᠯᠠ ᠲᠡᠦᠬᠡᠨ ᠳᠤᠷᠠᠰᠬᠠᠯ ᠵᠢᠴᠢ | ᠲᠥᠯᠥᠭᠡᠯᠡᠬᠦ ᠴᠢᠨᠠᠷᠲᠠᠢ ᠪᠠᠷᠢᠯᠭ᠎ᠠ 14 ᠪᠠᠶᠢᠵᠤ᠂ ᠰᠢᠨ᠎ᠡ ᠴᠢᠯᠠᠭᠤᠨ ᠵᠡᠪᠰᠡᠭ ᠤᠨ ᠦᠶ᠎ᠡ ᠠᠴᠠ ᠣᠷᠴᠢᠨ ᠣᠳᠣ | ᠦᠶ᠎ᠡ ᠬᠦᠷᠲᠡᠯᠡᠬᠢ ᠠᠳᠠᠯᠢ ᠪᠤᠰᠤ ᠲᠡᠦᠬᠡᠨ ᠴᠠᠭ ᠦᠶ᠎ᠡ ᠶᠢᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠤᠷᠴᠠᠢ᠃ ᠡᠭᠦᠨ ᠳᠤ ᠠᠯᠠᠱᠠ ᠶᠢᠨ ᠴᠢᠯᠠᠭᠤᠨ ᠵᠡᠪᠰᠡᠭ ᠰᠤᠷᠭᠠᠯᠲᠠ ᠳᠤ | ᠬᠠᠮᠤᠷᠤᠭᠤᠯᠬᠤ ᠪᠠᠭᠤᠷᠢ 1 ᠪᠠᠶᠢᠵᠤ᠂ ᠰᠤᠬᠤᠩᠲᠦ ᠶᠢᠨ ᠪᠠᠭᠤᠷᠢ ᠪᠣᠯᠣᠨ᠎ᠠ᠃ | ᠬᠤᠶᠠᠷ᠂ ᠰᠤᠬᠤᠩᠲᠦ ᠶᠢᠨ ᠪᠠᠭᠤᠷᠢ ᠶᠢᠨ ᠬᠠᠮᠠᠭᠠᠯᠠᠯᠲᠠ ᠶᠢᠨ ᠪᠠᠶᠢᠳᠠᠯ ᠤᠨ ᠲᠣᠪᠴᠢ ᠲᠠᠨᠢᠯᠴᠠᠭᠤᠯᠭ᠎ᠠ | ᠲᠡᠦᠬᠡ ᠰᠣᠶᠣᠯ ᠤᠨ ᠳᠤᠷᠠᠰᠬᠠᠯᠲᠤ ᠵᠦᠢᠯᠡᠰ ᠤᠨ ᠴᠡᠭ ᠨᠢ ᠥᠯᠵᠡᠢ ᠰᠤᠮᠤ ᠶᠢᠨ ᠥᠨᠳᠥᠷ ᠮᠣᠳᠣ | ᠭᠠᠴᠠᠭ᠎ᠠ ᠶᠢᠨ ᠬᠢᠯᠢ ᠳᠤ ᠪᠤᠢ᠃ ᠪᠠᠭᠤᠷᠢ ᠶᠢᠨ ᠣᠷᠣᠨ ᠨᠢ ᠡᠯᠡᠰᠦᠨ ᠴᠥᠯ ᠤᠨ ᠬᠡᠭᠡᠷ᠎ᠡ ᠲᠠᠯ᠎ᠠ ᠳᠤ ᠣᠷᠣᠰᠢᠵᠤ᠂ | ᠬᠠᠪᠲᠠᠭᠠᠢ ᠨᠢ ᠣᠷᠳᠣ ᠳᠥᠷᠪᠡᠯᠵᠢᠨ ᠬᠡᠯᠪᠡᠷᠢ ᠲᠠᠢ ᠪᠠᠶᠢᠵᠤ᠂ ᠭᠠᠵᠠᠷ ᠤᠨ ᠭᠠᠳᠠᠷᠭᠤ ᠶᠢᠨ ᠦᠯᠡᠳᠡᠭᠳᠡᠯ ᠨᠢ ᠵᠡᠭᠦᠨᠰᠢ | ᠪᠠᠷᠠᠭᠤᠨᠰᠢ ᠣᠷᠳᠣ ᠨᠢ 400 ᠮᠧᠲᠷ᠂ ᠡᠮᠦᠨᠡᠰᠢ ᠤᠮᠠᠷᠠᠰᠢ ᠥᠷᠭᠡᠨ ᠨᠢ 320 ᠮᠧᠲᠷ ᠤᠨ ᠬᠡᠪᠴᠢᠶᠡᠨ ᠳᠤ | ᠲᠠᠷᠬᠠᠵᠤ ᠪᠠᠶᠢᠳᠠᠭ᠃ ᠣᠳᠣ ᠶᠢᠨ ᠪᠠᠭᠤᠷᠢ ᠶᠢᠨ ᠣᠷᠣᠨ ᠤ ᠶᠡᠬᠡᠩᠬᠢ ᠬᠡᠰᠡᠭ ᠨᠢ ᠨᠢᠭᠡᠨᠲᠡ ᠡᠯᠡᠰᠦᠨ ᠳᠣᠪᠣᠴᠠᠭ ᠲᠤ | ᠪᠤᠯᠠᠭᠳᠠᠵᠤ᠂ ᠡᠯᠡᠰᠦᠨ ᠳᠣᠪᠣᠴᠠᠭ ᠤᠨ ᠬᠤᠲᠣᠭᠤᠷ ᠭᠠᠵᠠᠷ ᠤᠨ ᠨᠢᠭᠡ ᠬᠡᠰᠡᠭ ᠨᠢ ᠢᠯᠡ ᠭᠠᠷᠴᠤ᠂ ᠭᠠᠵᠠᠷ ᠤᠨ | ᠨᠢᠭᠤᠷ ᠳᠡᠭᠡᠷ᠎ᠡ ᠨᠡᠯᠢᠶᠡᠳ ᠣᠯᠠᠨ ᠠᠮᠢᠲᠠᠨ ᠤ ᠠᠷᠤᠭ ᠶᠠᠰᠤ᠂ ᠴᠢᠯᠠᠭᠤᠨ ᠵᠡᠪᠰᠡᠭ᠂ ᠤᠯᠠᠭᠠᠨ ᠸᠠᠭᠠᠷ᠂ ᠦᠨᠡᠰᠦᠨ | ᠸᠠᠭᠠᠷ ᠤᠨ ᠬᠡᠮᠬᠡᠳᠡᠭ ᠵᠡᠷᠭᠡ ᠦᠯᠡᠳᠡᠭᠳᠡᠯ ᠲᠠᠢ᠃ ᠪᠦᠬᠦᠯᠢ ᠴᠣᠭᠴᠠ ᠠᠴᠠ ᠨᠢ ᠠᠪᠴᠤ ᠦᠵᠡᠪᠡᠯ ᠲᠤᠰ ᠭᠠᠵᠠᠷ ᠨᠢ | ᠡᠷᠲᠡ ᠦᠶ᠎ᠡ ᠳᠤ ᠬᠥᠮᠥᠨ ᠲᠥᠷᠥᠯᠬᠢᠲᠡᠨ ᠤ ᠨᠢᠭᠡᠨ ᠳᠤᠮᠳᠠ ᠵᠡᠷᠭᠡ ᠴᠤᠭᠯᠠᠷᠠᠯ ᠤᠨ ᠭᠠᠵᠠᠷ ᠪᠠᠶᠢᠵᠤ᠂ ᠠᠮᠢᠲᠠᠨ ᠤ | ᠠᠷᠤᠭ ᠶᠠᠰᠤ ᠨᠢ ᠲᠦᠯᠡᠭᠳᠡᠭᠰᠡᠨ ᠣᠷᠣᠮ ᠲᠠᠢ ᠪᠠᠶᠢᠵᠤ᠂ ᠪᠤᠯᠭᠤᠭᠰᠠᠨ ᠢᠳᠡᠭᠡᠨ ᠢ ᠰᠢᠷᠠᠵᠤ ᠬᠢᠭᠰᠡᠨ ᠰᠡᠵᠢᠭ ᠲᠠᠢ | ᠪᠠᠶᠢᠵᠠᠢ᠃ ᠪᠦᠬᠦᠯᠢ ᠴᠣᠭᠴᠠ ᠠᠴᠠ ᠨᠢ ᠠᠪᠴᠤ ᠦᠵᠡᠪᠡᠯ᠂ ᠲᠤᠰ ᠭᠠᠵᠠᠷ ᠨᠢ ᠡᠷᠲᠡ ᠦᠶ᠎ᠡ ᠳᠤ ᠬᠥᠮᠥᠨ | ᠲᠥᠷᠥᠯᠬᠢᠲᠡᠨ ᠤ ᠨᠢᠭᠡᠨ ᠳᠤᠮᠳᠠ ᠵᠡᠷᠭᠡ ᠴᠤᠭᠯᠠᠷᠠᠯ ᠤᠨ ᠭᠠᠵᠠᠷ ᠪᠠᠶᠢᠵᠠᠢ᠃ ᠠᠩᠬ᠎ᠠ ᠠᠯᠬᠤᠮ ᠤᠨ | ᠮᠠᠭᠠᠳᠯᠠᠭᠰᠠᠨ ᠢᠶᠠᠷ ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ ᠪᠣᠯ ᠨᠢᠭᠡᠨ ᠡᠷᠲᠡ ᠦᠶ᠎ᠡ ᠶᠢᠨ | ᠰᠠᠭᠤᠷᠢᠰᠢᠯ ᠤᠨ ᠭᠠᠵᠠᠷ ᠪᠣᠯᠣᠨ᠎ᠠ᠂ ᠤᠯᠠᠭᠠᠨ ᠸᠠᠭᠠᠷ ᠤᠨ ᠬᠡᠮᠬᠡᠳᠡᠭ ᠳᠣᠲᠣᠷ᠎ᠠ ᠪᠦᠳᠦᠭᠦᠨ ᠨᠠᠷᠢᠨ ᠳᠡᠭᠡᠰᠦ ᠲᠠᠢ᠂ | ᠦᠨᠡᠰᠦᠨ ᠸᠠᠭᠠᠷ ᠤᠨ ᠬᠡᠮᠬᠡᠳᠡᠭ ᠳᠡᠭᠡᠷ᠎ᠡ ᠬᠠᠷ᠎ᠠ ᠬᠡ ᠤᠭᠠᠯᠵᠠ ᠲᠠᠢ᠂ ᠲᠡᠭᠦᠨ ᠤ ᠪᠠᠭᠤᠷᠢ ᠶᠢᠨ ᠪᠣᠳᠠᠲᠠᠢ ᠣᠨ | ᠵᠢᠯ ᠢ ᠰᠢᠯᠭᠠᠨ ᠨᠤᠲᠠᠯᠠᠬᠤ ᠴᠢᠬᠤᠯᠠᠲᠠᠢ ᠪᠠᠶᠢᠨ᠎ᠠ᠃ 2012 ᠣᠨ ᠤ 6 ᠳ᠋ᠤᠭᠠᠷ ᠰᠠᠷ᠎ᠠ ᠶᠢᠨ 13 ᠤ ᠡᠳᠦᠷ᠂ | ᠠᠯᠠᠱᠠ ᠠᠶᠢᠮᠠᠭ ᠤᠨ ᠵᠠᠬᠢᠷᠭ᠎ᠠ ᠠᠴᠠ ᠰᠤᠬᠤᠩᠲᠦ ᠶᠢᠨ ᠪᠠᠭᠤᠷᠢ ᠶᠢ ᠨᠢᠭᠡᠳᠦᠭᠡᠷ ᠪᠦᠯᠦᠭ ᠤᠨ ᠠᠶᠢᠮᠠᠭ ᠤᠨ ᠲᠠᠰ ᠤᠨ | ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ︵ ᠠᠯᠠᠱᠠ ᠵᠠᠬᠢᠷᠭ᠎ᠠ | ᠵᠠᠬᠢᠳᠠᠯ ﹇ 2012﹈ 68 ᠳ᠋ᠤᠭᠠᠷ ᠲᠣᠭᠠᠲᠤ︶ ᠪᠠᠷ ᠨᠡᠶᠢᠲᠡᠯᠡᠪᠡ᠃ | ᠭᠤᠷᠪᠠ᠂ ᠰᠤᠬᠤᠩᠲᠦ ᠶᠢᠨ ᠪᠠᠭᠤᠷᠢ ᠵᠢᠴᠢ ᠡᠷᠬᠢᠨ ᠲᠣᠭᠤᠷᠢᠨ ᠤ ᠴᠢᠯᠠᠭᠤᠨ ᠵᠡᠪᠰᠡᠭ ᠡᠳ᠋ᠰᠢᠭᠦᠯᠬᠦ ᠴᠡᠭ ᠤᠨ | ᠪᠠᠭᠤᠷᠢ ᠶᠢ ᠬᠠᠮᠠᠭᠠᠯᠠᠭᠰᠠᠨ ᠪᠠᠶᠢᠳᠠᠯ | 2019 ᠣᠨ ᠳᠤ᠂ ᠠᠯᠠᠱᠠ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠲᠥᠪ ᠰᠤᠬᠤᠩᠲᠦ ᠶᠢᠨ ᠪᠠᠭᠤᠷᠢ ᠳᠤ 1 ᠬᠠᠮᠠᠭᠠᠯᠠᠯᠲᠠ ᠶᠢᠨ ᠲᠡᠮᠳᠡᠭ ᠫᠠᠶᠢᠰᠠ ᠪᠣᠰᠬᠠᠵᠠᠢ᠃ | 2020 ᠣᠨ ᠤ 12 ᠳ᠋ᠤᠭᠠᠷ ᠰᠠᠷ᠎ᠠ ᠳᠤ᠂ ᠠᠯᠠᠱᠠ ᠠᠶᠢᠮᠠᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠲᠣᠪᠴᠢᠶ᠎ᠠ ᠠᠯᠠᠱᠠ ᠠᠶᠢᠮᠠᠭ ᠤᠨ ᠷᠠᠳᠢᠣ᠋ ᠲᠧᠯᠸᠢᠰ ᠤᠨ ᠳᠠᠮᠵᠢᠭᠤᠯᠬᠤ ᠰᠠᠴᠤᠷᠠᠭᠤᠯᠬᠤ ᠲᠥᠪ ᠦᠷᠳᠡᠭᠡ ᠲᠠᠢ | ᠬᠤᠯᠪᠤᠭᠠᠯᠠᠨ᠂ ᠠᠯᠠᠱᠠ ᠵᠡᠭᠦᠨ ᠬᠤᠰᠢᠭᠤᠨ ᠤ ᠥᠯᠵᠡᠢ ᠰᠤᠮᠤ ᠶᠢᠨ ᠰᠤᠬᠤᠩᠲᠦ ᠣᠷᠣᠨ ᠤ ᠰᠤᠬᠤᠩᠲᠦ ᠶᠢᠨ | ᠪᠠᠭᠤᠷᠢ ᠪᠣᠯᠣᠨ ᠠᠶᠢᠷ ᠴᠣᠨᠵᠢ ᠶᠢᠨ ᠲᠡᠦᠬᠡ ᠶᠢᠨ ᠡᠮᠦᠨᠡᠬᠢ ᠴᠢᠯᠠᠭᠤᠨ ᠵᠡᠪᠰᠡᠭ ᠤᠨ ᠪᠠᠭᠤᠷᠢ ᠳᠤ ᠪᠢᠴᠢᠯ | ᠳᠣᠯᠭᠢᠶᠠᠨ ᠤ ᠠᠯᠤᠰ ᠠᠴᠠ ᠳᠠᠮᠵᠢᠭᠤᠯᠬᠤ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠵᠠᠢ᠃ ᠪᠢᠴᠢᠯ ᠳᠣᠯᠭᠢᠶᠠᠨ ᠤ | ᠠᠯᠤᠰ ᠵᠠᠢ ᠶᠢᠨ ᠳᠠᠮᠵᠢᠭᠤᠯᠭ᠎ᠠ ᠶᠢ ᠬᠢᠨᠠᠨ ᠡᠵᠡᠮᠳᠡᠬᠦ ᠰᠢᠰᠲ᠋ᠧᠮ ᠨᠢ ᠨᠡᠷᠡᠨ ᠤ ᠡᠨᠧᠷᠭᠢ ᠶᠢᠨ ᠬᠠᠪᠲᠠᠰᠤ ᠪᠠᠷ | ᠴᠠᠬᠢᠯᠭᠠᠨ ᠬᠠᠩᠭᠠᠳᠠᠭ᠃ ᠳᠣᠬᠢᠶ᠎ᠠ ᠰᠤᠬᠤᠩᠲᠦ ᠶᠢᠨ ᠲᠤᠬᠠᠢ ᠶᠢᠨ ᠭᠠᠵᠠᠷ ᠤᠨ ᠥᠷᠲᠡᠭᠡ ᠥᠷᠲᠡᠭᠡ ᠪᠠᠷ | ᠥᠩᠭᠡᠷᠡᠵᠦ᠂ ᠠᠯᠠᠱᠠ ᠠᠶᠢᠮᠠᠭ ᠤᠨ ᠣᠶᠤᠨᠲᠤ ᠰᠣᠶᠣᠯ ᠤᠨ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠠᠪᠴᠠᠩ᠂ ᠲᠥᠪ ᠥᠷᠲᠡᠭᠡ ᠶᠢᠨ ᠪᠢᠴᠢᠯ ᠳᠣᠯᠭᠢᠶᠠᠨ ᠤ ᠮᠠᠰᠢᠨ ᠤ ᠥᠷᠥᠭᠡ ᠪᠣᠯᠣᠨ ᠠᠶᠢᠮᠠᠭ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠬᠢᠨᠠᠨ ᠡᠵᠡᠮᠳᠡᠬᠦ ᠲᠣᠮᠣ ᠳᠡᠯᠭᠡᠴᠡ ᠳᠤ ᠳᠠᠮᠵᠢᠭᠤᠯᠵᠤ᠂ ᠲᠤᠰᠬᠠᠢ | ᠬᠥᠮᠥᠨ ᠢᠶᠠᠷ ᠵᠢᠵᠢᠭᠦᠷᠯᠡᠭᠦᠯᠦᠨ ᠰᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠡᠪᠳᠡᠭᠰᠡᠨ ᠦᠶᠯᠡ | ᠠᠵᠢᠯᠯᠠᠭ᠎ᠠ ᠪᠠᠶᠢᠬᠤ ᠶᠢ ᠣᠯᠵᠤ ᠮᠡᠳᠡᠪᠡᠯ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠪᠡᠯᠡᠳᠬᠡᠯ ᠲᠥᠰᠥᠯ ᠢ | ᠳᠠᠷᠤᠶᠢᠬᠠᠨ ᠡᠬᠢᠯᠡᠭᠦᠯᠵᠦ᠂ ᠲᠤᠬᠠᠢ ᠶᠢᠨ ᠭᠠᠵᠠᠷ ᠤᠨ ᠲᠡᠮᠡᠭᠡᠨ ᠪᠥᠬᠦ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠠᠩᠭᠢ ᠶᠢᠨ ᠭᠡᠰᠢᠭᠦᠨ ᠪᠣᠯᠣᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠳᠤ ᠲᠡᠷᠡ ᠳᠠᠷᠤᠢ ᠳᠤᠨᠢ | ᠰᠢᠢᠳᠪᠦᠷᠢᠯᠡᠭᠦᠯᠬᠦ ᠪᠠᠷ ᠮᠡᠳᠡᠭᠳᠡᠵᠦ᠂ ᠦᠯᠡᠳᠡᠭᠳᠡᠯ᠂ ᠦᠯᠡᠳᠡᠭᠳᠡᠯ ᠪᠣᠳᠠᠰ ᠤᠨ ᠡᠪᠳᠡᠯᠡᠭᠡ ᠶᠢ ᠠᠯᠢ ᠴᠢᠳᠠᠬᠤ ᠪᠠᠷ | ᠪᠠᠭᠠᠰᠬᠠᠨ᠎ᠠ᠃ ᠰᠤᠬᠤᠩᠲᠦ ᠶᠢᠨ ᠪᠠᠭᠤᠷᠢ ᠪᠠ ᠠᠶᠢᠷ ᠴᠣᠨᠵᠢ ᠬᠤᠲᠠ ᠶᠢᠨ ᠪᠠᠯᠠᠷ ᠡᠷᠲᠡᠨ ᠤ ᠴᠢᠯᠠᠭᠤᠨ ᠵᠡᠪᠰᠡᠭ ᠤᠨ | ᠪᠠᠭᠤᠷᠢ ᠶᠢ 24 ᠴᠠᠭ ᠢᠶᠠᠷ ᠬᠢᠨᠠᠨ ᠡᠵᠡᠮᠳᠡᠬᠦ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠥᠯᠵᠡᠢ ᠰᠤᠮᠤ ᠶᠢᠨ | ᠠᠯᠠᠱᠠ ᠵᠡᠭᠦᠨ ᠬᠤᠰᠢᠭᠤᠨ ᠤ ᠲᠡᠮᠡᠭᠡᠨ ᠪᠦᠬᠦ ︵ᠤᠷᠳᠤ ᠴᠠᠭᠠᠨ ᠬᠡᠷᠡᠮ︶ ᠤᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠠᠩᠭᠢ ᠶᠢᠨ ᠭᠡᠰᠢᠭᠦᠳ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠬᠤᠩᠲᠦ ᠶᠢᠨ | ᠪᠠᠭᠤᠷᠢ ᠪᠣᠯᠣᠨ ᠠᠶᠢᠷ ᠴᠣᠨᠵᠢ ᠶᠢᠨ ᠲᠡᠦᠬᠡ ᠶᠢᠨ ᠡᠮᠦᠨᠡᠬᠢ ᠴᠢᠯᠠᠭᠤᠨ ᠵᠡᠪᠰᠡᠭ ᠤᠨ ᠪᠠᠭᠤᠷᠢ ᠳᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠬᠢᠬᠦ ᠪᠣᠯᠣᠨ᠎ᠠ᠃ | ᠳᠥᠷᠪᠡ᠂ ᠠᠵᠢᠯ ᠢᠶᠠᠨ ᠥᠷᠨᠢᠭᠦᠯᠦᠭᠰᠡᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ | ᠲᠥᠯᠥᠪᠯᠡᠭᠡ ᠶᠢ ᠰᠤᠳᠤᠯᠬᠤ ᠬᠡᠷᠡᠭᠲᠡᠢ | 1.2023 ᠣᠨ ᠤ 6 ᠳ᠋ᠤᠭᠠᠷ ᠰᠠᠷ᠎ᠠ ᠳᠤ᠂ ᠠᠯᠠᠱᠠ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠬᠢᠨ ᠪᠠᠷᠠᠭᠤᠨ ᠬᠤᠶᠢᠲᠤ ᠶᠢᠨ ᠶᠡᠭᠡ ᠰᠤᠷᠭᠠᠭᠤᠯᠢ ᠶᠢᠨ ᠰᠣᠶᠣᠯ ᠤᠨ | ᠥᠪ ᠤᠨ ᠳᠡᠭᠡᠳᠦ ᠰᠤᠷᠭᠠᠭᠤᠯᠢ ᠶᠢᠨ ᠫᠷᠣᠹᠧᠰᠰᠣᠷ ᠤᠨ ᠪᠦᠯᠬᠦᠮ ᠤᠨ ᠬᠢᠨ ᠢ ᠤᠷᠢᠵᠤ ᠠᠯᠠᠱᠠ ᠵᠡᠭᠦᠨ | ᠬᠤᠰᠢᠭᠤᠨ ᠤ ᠬᠢᠯᠢ ᠳᠣᠲᠣᠷᠠᠬᠢ ᠴᠢᠯᠠᠭᠤᠨ ᠵᠡᠪᠰᠡᠭ ᠤᠨ ᠦᠶ᠎ᠡ ᠶᠢᠨ ᠦᠯᠡᠳᠡᠭᠳᠡᠯ ᠲᠠᠷᠬᠠᠯᠲᠠ ᠵᠢᠴᠢ | ᠬᠠᠳᠠᠭᠠᠯᠠᠯᠲᠠ ᠶᠢᠨ ᠪᠠᠶᠢᠳᠠᠯ ᠳᠤ ᠠᠩᠬ᠎ᠠ ᠠᠯᠬᠤᠮ ᠤᠨ ᠰᠢᠨᠵᠢᠯᠡᠨ ᠪᠠᠶᠢᠴᠠᠭᠠᠯᠲᠠ ᠪᠠ ᠰᠤᠳᠤᠯᠭᠠᠨ ᠤ ᠠᠵᠢᠯ ᠬᠢᠪᠡ᠃ | ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠲᠣᠰ ᠭᠠᠵᠠᠷ ᠣᠷᠣᠨ ᠳᠤ ᠳᠡᠯᠡᠬᠡᠢ ᠶᠢᠨ ᠬᠠᠮᠤᠭ ᠤᠨ ᠨᠢᠭᠲᠠ᠂ | ᠲᠠᠷᠬᠠᠯᠲᠠ ᠶᠢᠨ ᠲᠠᠯᠠᠪᠠᠶ ᠪᠠᠷ ᠬᠠᠮᠤᠭ ᠤᠨ ᠶᠡᠭᠡ᠂ ᠴᠢᠯᠠᠭᠤᠨ ᠵᠡᠪᠰᠡᠭ ᠤᠨ ᠲᠥᠷᠥᠯ ᠵᠦᠢᠯ ᠢᠶᠠᠷ ᠬᠠᠮᠤᠭ ᠤᠨ | ᠣᠯᠠᠨ ᠴᠢᠯᠠᠭᠤᠨ ᠵᠡᠪᠰᠡᠭ ᠦᠢᠯᠡᠳᠬᠦ ᠲᠠᠯᠠᠪᠠᠶ ᠣᠷᠣᠰᠢᠵᠤ ᠪᠠᠶᠢᠨ᠎ᠠ᠂ ᠠᠯᠠᠱᠠ ᠶᠢᠨ ᠴᠢᠯᠠᠭᠤᠨ ᠵᠡᠪᠰᠡᠭ ᠤᠨ | ᠰᠣᠶᠣᠯ ᠢ ᠣᠲᠣ ᠠᠴᠠ 3.5 ᠲᠦᠮᠡᠨ ᠵᠢᠯ ᠠᠴᠠ 30 ᠲᠦᠮᠡᠨ ᠵᠢᠯ ᠬᠦᠷᠲᠡᠯ᠎ᠡ ᠮᠥᠷᠳᠡᠵᠦ ᠪᠣᠯᠣᠨ᠎ᠠ᠂ ᠡᠨᠡ ᠪᠣᠯ | ᠳᠡᠯᠡᠬᠡᠢ ᠳᠤ ᠬᠤᠪᠣᠷᠬᠠᠨ ᠪᠠᠶᠢᠳᠠᠭ ᠠᠳᠠᠯᠢ ᠨᠢᠭᠡᠨ ᠭᠠᠵᠠᠷ ᠣᠷᠣᠨ ᠤ ᠬᠠᠭᠤᠴᠢᠨ ᠴᠢᠯᠠᠭᠤᠨ ᠵᠡᠪᠰᠡᠭ ᠤᠨ ᠡᠷᠢᠨ ᠤ | ᠡᠬᠢᠨ ᠤ ᠦᠶ᠎ᠡ ᠠᠴᠠ ᠰᠢᠨ᠎ᠡ ᠴᠢᠯᠠᠭᠤᠨ ᠵᠡᠪᠰᠡᠭ ᠤᠨ ᠰᠡᠭᠦᠯᠴᠢ ᠶᠢᠨ ᠦᠶ᠎ᠡ ᠪᠣᠯᠲᠠᠯ᠎ᠠ ᠲᠠᠰᠤᠷᠠᠭ᠎ᠠ ᠦᠭᠡᠢ ᠭᠠᠵᠠᠷ | ᠣᠷᠣᠨ ᠮᠥᠨ᠂ ᠰᠢᠨᠵᠢᠯᠡᠬᠦ ᠤᠬᠠᠭᠠᠨ ᠤ ᠰᠢᠨᠵᠢᠯᠡᠭᠡᠨ ᠤ ᠦᠨ᠎ᠡ ᠥᠷᠲᠡᠭ ᠨᠢ ᠯᠤᠲᠤ ᠶᠡᠭᠡ ᠶᠤᠮ᠃ | 2. 2024 ᠣᠨ ᠤ 7 ᠳ᠋ᠤᠭᠠᠷ ᠰᠠᠷ᠎ᠠ ᠳᠤ᠂ ᠠᠯᠠᠱᠠ ᠵᠡᠭᠦᠨ ᠬᠤᠰᠢᠭᠤᠨ ᠤ ᠰᠣᠶᠣᠯ ᠪᠠ | ᠵᠢᠭᠤᠯᠴᠢᠯᠠᠯ ᠤᠨ ᠲᠣᠪᠴᠢᠶ᠎ᠠ ᠨᠢᠭᠡᠨᠲᠡ ᠠᠯᠠᠱᠠ ᠵᠡᠭᠦᠨ ᠬᠤᠰᠢᠭᠤᠨ ᠤ ᠪᠠᠯᠠᠷ ᠡᠷᠲᠡᠨ ᠤ ᠴᠢᠯᠠᠭᠤᠨ ᠵᠡᠪᠰᠡᠭ ᠤᠨ | ᠰᠣᠶᠣᠯ ᠤᠨ ᠰᠤᠳᠤᠯᠭᠠᠨ ᠤ ᠬᠦᠷᠢᠶᠡᠯᠡᠩ ᠢ ᠪᠠᠶᠢᠭᠤᠯᠬᠤ ᠶᠢ ᠵᠥᠪᠰᠢᠶᠡᠷᠡᠵᠡᠢ᠂ ᠡᠭᠦᠨ ᠤ ᠵᠣᠷᠢᠯᠭ᠎ᠠ ᠨᠢ ᠬᠤᠯᠪᠣᠭᠳᠠᠯ | ᠪᠦᠬᠦᠢ ᠶᠡᠭᠡ ᠳᠡᠭᠡᠳᠦ ᠰᠤᠷᠭᠠᠭᠤᠯᠢ ᠵᠢᠴᠢ ᠨᠢᠭᠡᠴᠢ ᠯᠦᠭᠡ ᠦᠷᠭᠦᠯᠵᠢᠯᠡᠨ ᠠᠯᠠᠱᠠ ᠶᠢᠨ ᠪᠠᠯᠠᠷ ᠡᠷᠲᠡᠨ ᠤ ᠴᠢᠯᠠᠭᠤᠨ | ᠵᠡᠪᠰᠡᠭ ᠤᠨ ᠰᠣᠶᠣᠯ ᠤᠨ ᠰᠤᠳᠤᠯᠭᠠᠨ ᠵᠢᠴᠢ ᠬᠠᠮᠠᠭᠠᠯᠠᠯᠲᠠ ᠶᠢᠨ ᠠᠵᠢᠯ ᠢ ᠥᠷᠨᠢᠭᠦᠯᠬᠦ ᠶᠢᠨ ᠬᠠᠮᠲᠤ ᠠᠯᠠᠱᠠ ᠶᠢᠨ | ᠰᠣᠶᠣᠯ ᠤᠨ ᠵᠢᠭᠤᠯᠴᠢᠯᠠᠯ ᠢ ᠠᠭᠤᠳᠠᠯᠵᠤ᠂ ᠲᠡᠦᠬᠡ ᠶᠢᠨ ᠭᠠᠵᠠᠷ ᠵᠦᠢ ᠶᠢᠨ ᠨᠡᠷ᠎ᠡ ᠶᠢᠨ ᠬᠠᠭᠤᠳᠠᠰᠤ ᠶᠢ ᠡᠭᠦᠳᠴᠦ᠂ | ᠬᠠᠴᠢᠨ ᠴᠢᠯᠠᠭᠤᠨ ᠤ ᠠᠵᠤ ᠦᠢᠯᠡᠰ ᠤᠨ ᠬᠥᠭᠵᠢᠯᠲᠡ ᠪᠣᠯᠣᠨ ᠬᠥᠳᠡᠯᠭᠡᠬᠦ ᠬᠦᠴᠦᠨ ᠢ ᠲᠡᠰ ᠳᠡᠪᠰᠢᠭᠦᠯᠬᠦ ᠵᠣᠷᠢᠯᠭ᠎ᠠ | ᠪᠠᠷ ᠶᠤᠮ᠃ | 3. ᠴᠠᠭᠠᠰᠢᠳᠠ᠂ ᠠᠯᠠᠱᠠ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠲᠥᠪ ᠪᠣᠯᠣᠨ ᠬᠤᠯᠪᠣᠭᠳᠠᠬᠤ ᠶᠡᠭᠡ ᠳᠡᠭᠡᠳᠦ ᠰᠤᠷᠭᠠᠭᠤᠯᠢ ᠵᠢᠴᠢ ᠨᠢᠭᠡᠴᠢ ᠵᠣᠬᠢᠬᠤ | ᠰᠤᠳᠤᠯᠭᠠᠨ ᠤ ᠦᠷ᠎ᠡ ᠪᠦᠲᠦᠭᠡᠯ ᠣᠯᠣᠭᠰᠠᠨ ᠤ ᠳᠠᠷᠠᠭ᠎ᠠ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠪᠣᠯᠣᠨ ᠠᠯᠠᠱᠠ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠠᠴᠠ ᠬᠤᠯᠪᠣᠭᠳᠠᠬᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠵᠠᠷᠤᠳᠠᠯ ᠴᠤᠭᠯᠠᠭᠤᠯᠬᠤ ᠪᠠᠷ ᠭᠤᠶᠤᠴᠢᠯᠠᠵᠤ᠂ ᠠᠯᠠᠱᠠ ᠶᠢᠨ ᠴᠢᠯᠠᠭᠤᠨ ᠵᠡᠪᠰᠡᠭ ᠤᠨ | ᠰᠣᠶᠣᠯ ᠤᠨ ᠮᠦᠽᠧᠢ ᠶᠢ ᠡᠷᠲᠡᠬᠡᠨ ᠪᠠᠶᠢᠭᠤᠯᠬᠤ ᠪᠠᠷ ᠴᠢᠷᠮᠠᠶᠢᠵᠤ᠂ ᠨᠡᠶᠢᠭᠡᠮ ᠨᠡᠶᠢᠲᠡ ᠳᠤ ᠠᠯᠠᠱᠠ ᠶᠢᠨ ᠴᠢᠯᠠᠭᠤᠨ | ᠵᠡᠪᠰᠡᠭ ᠤᠨ ᠰᠣᠶᠣᠯ ᠢ ᠨᠠᠩ ᠰᠠᠶᠢᠨ ᠳᠡᠯᠭᠡᠨ ᠦᠵᠡᠭᠦᠯᠬᠦ ᠪᠠ ᠤᠬᠠᠭᠤᠯᠬᠤ ᠪᠠᠷ ᠲᠥᠯᠥᠪᠯᠡᠵᠦ ᠪᠠᠶᠢᠨ᠎ᠠ᠃ | ᠲᠠᠪᠤ᠂ ᠠᠯᠠᠱᠠ ᠵᠡᠭᠦᠨ ᠬᠤᠰᠢᠭᠤᠨ ᠤ ᠴᠢᠯᠠᠭᠤᠨ ᠵᠡᠪᠰᠡᠭ ᠤᠨ ᠪᠠᠭᠤᠷᠢ ᠶᠢᠨ ᠬᠠᠮᠠᠭᠠᠯᠠᠯᠲᠠ ᠳᠤ ᠳᠠᠷᠠᠭᠠᠬᠢ | ᠬᠡᠳᠦᠨ ᠲᠠᠯ᠎ᠠ ᠪᠠᠷ ᠬᠦᠴᠢᠷᠳᠡᠯ ᠣᠷᠣᠰᠢᠵᠤ ᠪᠠᠶᠢᠨ᠎ᠠ | 1. ᠪᠠᠶᠢᠭᠠᠯᠢ ᠶᠢᠨ ᠣᠷᠴᠢᠨ ᠲᠣᠭᠤᠷᠢᠨ ᠤ ᠢᠳᠡᠭᠳᠡᠭᠦᠯᠦᠯ᠄ ᠠᠯᠠᠱᠠ ᠵᠡᠭᠦᠨ ᠬᠤᠰᠢᠭᠤᠨ ᠤ ᠣᠷᠴᠢᠨ | ᠨᠥᠬᠦᠴᠡᠯ ᠭᠠᠩ ᠬᠠᠭᠤᠷᠠᠢ᠂ ᠰᠠᠯᠬᠢ ᠰᠢᠭᠤᠷᠭ᠎ᠠ ᠳᠤᠮᠳᠠ ᠵᠡᠷᠭᠡ ᠪᠠᠶᠢᠵᠤ᠂ ᠪᠠᠶᠢᠭᠠᠯᠢ ᠶᠢᠨ ᠥᠭᠢᠷᠡᠰᠢᠯ ᠪᠠ | ᠢᠳᠡᠭᠳᠡᠯ ᠤᠨ ᠦᠢᠯᠡᠳᠦᠯ ᠠᠴᠠ ᠪᠣᠯᠵᠤ ᠪᠠᠭᠤᠷᠢ ᠳᠤ ᠨᠡᠯᠢᠶᠡᠳ ᠬᠦᠨᠳᠦ ᠨᠣᠴᠢᠲᠠᠢ ᠡᠪᠳᠡᠯᠡᠭᠡ ᠤᠴᠠᠷᠠᠭᠤᠯᠤᠭᠰᠠᠨ | ᠪᠠᠶᠢᠨ᠎ᠠ᠃ | 2. ᠪᠡᠯᠡ ᠮᠥᠩᠭᠦ ᠳᠤᠲᠠᠭᠳᠠᠬᠤ᠄ ᠪᠠᠭᠤᠷᠢ ᠶᠢ ᠬᠠᠮᠠᠭᠠᠯᠠᠬᠤ ᠳᠤ ᠪᠡᠯᠡ ᠮᠥᠩᠭᠦ ᠣᠷᠣᠭᠤᠯᠬᠤ | ᠴᠢᠬᠤᠯᠠ ᠲᠠᠢ᠂ ᠬᠠᠭᠤᠴᠢ ᠰᠤᠳᠤᠯᠤᠯ ᠤᠨ ᠨᠡᠭᠡᠭᠡᠨ ᠣᠯᠪᠤᠷᠢᠯᠠᠬᠤ᠂ ᠰᠡᠯᠪᠢᠨ ᠵᠠᠰᠠᠬᠤ᠂ ᠬᠢᠨᠠᠨ ᠬᠡᠮᠵᠢᠬᠦ᠂ | ᠠᠶᠦᠯᠭᠦᠢ ᠶᠢᠨ ᠰᠡᠷᠭᠡᠶᠢᠯᠡᠯᠲᠡ ᠵᠡᠷᠭᠡ ᠲᠠᠯ᠎ᠠ ᠳᠤ ᠬᠡᠷᠡᠭᠯᠡᠵᠦ᠂ ᠪᠡᠯᠡ ᠮᠥᠩᠭᠦ ᠬᠦᠷᠦᠯᠴᠡᠬᠦ ᠦᠭᠡᠢ ᠠᠰᠠᠭᠤᠳᠠᠯ | ᠲᠤᠯᠭᠠᠷᠠᠵᠤ᠂ ᠬᠠᠮᠠᠭᠠᠯᠠᠯᠲᠠ ᠶᠢᠨ ᠠᠵᠢᠯ ᠢ ᠪᠦᠲᠦᠮᠵᠢᠲᠡᠶ ᠥᠷᠨᠢᠭᠦᠯᠬᠦ ᠳᠤ ᠬᠦᠴᠢᠷᠲᠡᠢ ᠪᠣᠯᠭᠠᠨ᠎ᠠ᠃ | 3. ᠭᠠᠵᠠᠷ ᠵᠦᠢ ᠶᠢᠨ ᠪᠠᠶᠢᠷᠢᠯᠠᠯ ᠪᠤᠶᠢᠳᠠ ᠪᠥᠭᠯᠡᠭᠦᠦ᠄ ᠠᠯᠠᠱᠠ ᠵᠡᠭᠦᠨ ᠬᠤᠰᠢᠭᠤ ᠪᠤᠶᠢᠳᠠ ᠪᠥᠭᠯᠡᠭᠦᠦ | ᠭᠠᠵᠠᠷ ᠣᠷᠣᠨ ᠳᠤ ᠪᠠᠶᠢᠷᠢᠯᠠᠵᠤ᠂ ᠵᠠᠮ ᠬᠠᠷᠢᠯᠴᠠᠭ᠎ᠠ ᠳᠥᠭᠦᠮ ᠦᠭᠡᠢ᠂ ᠡᠨᠡ ᠨᠢ ᠬᠠᠮᠠᠭᠠᠯᠠᠯᠲᠠ ᠶᠢᠨ ᠠᠵᠢᠯ ᠤᠨ | ᠬᠦᠴᠢᠷᠳᠡᠯ ᠪᠠ ᠥᠪᠡᠷ ᠤᠨ ᠥᠷᠲᠡᠭ ᠢ ᠨᠡᠮᠡᠭᠳᠡᠭᠦᠯᠵᠦ᠂ ᠪᠠᠰᠠ ᠲᠤᠰᠬᠠᠢ ᠮᠡᠷᠭᠡᠵᠢᠯ ᠤᠨ ᠠᠵᠢᠯᠲᠠᠨ ᠪᠠ ᠲᠣᠨᠤᠭ | ᠲᠥᠬᠦᠭᠡᠷᠦᠮᠵᠢ ᠶᠢᠨ ᠴᠠᠭ ᠲᠤᠬᠠᠢ ᠳᠤᠨᠢ ᠬᠦᠷᠴᠦ ᠢᠷᠡᠬᠦ ᠶᠢ ᠬᠢᠵᠠᠭᠠᠷᠯᠠᠵᠠᠢ᠃ | 4.ᠬᠥᠮᠥᠨ ᠤ ᠬᠦᠴᠦ ᠬᠦᠷᠦᠯᠴᠡᠬᠦ ᠦᠭᠡᠢ᠄ ᠬᠠᠭᠤᠴᠢ ᠰᠤᠳᠤᠯᠤᠯ᠂ ᠬᠠᠮᠠᠭᠠᠯᠠᠯᠲᠠ ᠪᠠ ᠬᠠᠮᠢᠶᠠᠷᠤᠯᠲᠠ ᠶᠢᠨ | ᠲᠤᠰᠬᠠᠢ ᠴᠢᠳᠠᠪᠤᠷᠢᠲᠠᠨ ᠳᠤᠲᠠᠭᠳᠠᠵᠤ᠂ ᠪᠠᠭᠤᠷᠢ ᠶᠢ ᠪᠦᠬᠦ ᠲᠠᠯ᠎ᠠ ᠪᠠᠷ᠂ ᠡᠷᠴᠢᠮᠲᠡᠢ ᠪᠥᠭᠡᠳ ᠦᠷᠭᠦᠯᠵᠢᠯᠡᠨ | ᠰᠤᠳᠤᠯᠵᠤ ᠬᠠᠮᠠᠭᠠᠯᠠᠬᠤ ᠳᠤ ᠪᠡᠷᠬᠡᠲᠡᠢ ᠪᠠᠶᠢᠨ᠎ᠠ᠃ | 5. ᠠᠷᠠᠳ ᠣᠯᠠᠨ ᠤ ᠬᠠᠮᠠᠭᠠᠯᠠᠯᠲᠠ ᠶᠢᠨ ᠤᠬᠠᠮᠰᠠᠷ ᠪᠠᠭᠤᠷᠠᠢ᠄ ᠲᠤᠬᠠᠢ ᠶᠢᠨ ᠭᠠᠵᠠᠷ ᠤᠨ ᠰᠠᠭᠤᠭᠠᠯᠢ | ᠠᠷᠠᠳ ᠤᠨ ᠪᠠᠭᠤᠷᠢ ᠶᠢᠨ ᠲᠡᠦᠬᠡ ᠶᠢᠨ ᠦᠨ᠎ᠡ ᠥᠷᠲᠡᠭ ᠪᠠ ᠬᠠᠮᠠᠭᠠᠯᠠᠯᠲᠠ ᠶᠢᠨ ᠠᠴᠢ ᠬᠤᠯᠪᠣᠭᠳᠠᠯ ᠤᠨ ᠲᠤᠬᠠᠢ | ᠲᠠᠨᠢᠯᠲᠠ ᠳᠤᠲᠠᠮᠠᠭ ᠪᠠᠶᠢᠵᠤ᠂ ᠦᠢᠯᠡᠳᠪᠦᠷᠢᠯᠡᠯ ᠠᠮᠢᠳᠤᠷᠠᠯ ᠤᠨ ᠠᠵᠢᠯᠯᠠᠭ᠎ᠠ ᠠᠴᠠ ᠪᠣᠯᠵᠤ ᠪᠠᠭᠤᠷᠢ ᠳᠤ ᠰᠠᠨᠠᠮᠰᠠᠷ | ᠦᠭᠡᠢ ᠡᠪᠳᠡᠯᠡᠭᠡ ᠤᠴᠠᠷᠠᠭᠤᠯᠵᠤ ᠮᠡᠳᠡᠨ᠎ᠡ᠃ | 6.ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠶᠢᠨ ᠵᠥᠷᠢᠴᠡᠯ᠄ ᠠᠵᠤ ᠠᠬᠤᠢ ᠶᠢᠨ ᠬᠥᠭᠵᠢᠯᠲᠡ ᠶᠢᠨ | ᠬᠡᠷᠡᠭᠴᠡᠭᠡ ᠱᠠᠭᠠᠷᠳᠠᠯᠭ᠎ᠠ ᠨᠢ ᠪᠠᠭᠤᠷᠢ ᠶᠢᠨ ᠡᠷᠬᠢᠨ ᠲᠣᠭᠤᠷᠢᠨ ᠤ ᠭᠠᠵᠠᠷ ᠰᠢᠷᠣᠢ ᠶᠢ ᠨᠡᠭᠡᠭᠡᠨ ᠠᠰᠢᠭᠯᠠᠬᠤ ᠳᠤ | ᠬᠦᠷᠦᠭᠦᠯᠵᠦ᠂ ᠪᠠᠭᠤᠷᠢ ᠶᠢᠨ ᠬᠠᠮᠠᠭᠠᠯᠠᠯᠲᠠ ᠯᠤᠭ᠎ᠠ ᠮᠥᠷᠭᠦᠯᠳᠦᠭᠡᠨ ᠡᠭᠦᠰᠬᠡᠵᠦ ᠮᠡᠳᠡᠨ᠎ᠡ᠃ | 7. ᠬᠢᠨᠠᠨ ᠬᠡᠮᠵᠢᠬᠦ ᠮᠡᠷᠭᠡᠵᠢᠯ ᠬᠤᠴᠤᠷᠤᠩᠭᠤᠢ᠄ ᠲᠡᠷᠢᠭᠦᠨ ᠤ ᠬᠢᠨᠠᠨ ᠬᠡᠮᠵᠢᠬᠦ ᠲᠥᠬᠦᠭᠡᠷᠦᠮᠵᠢ ᠪᠠ | ᠮᠡᠷᠭᠡᠵᠢᠯ ᠤᠨ ᠠᠷᠭ᠎ᠠ ᠪᠠᠷᠢᠯ ᠢᠶᠠᠷ ᠳᠤᠲᠠᠮᠠᠭ ᠪᠠᠶᠢᠵᠤ᠂ ᠪᠠᠭᠤᠷᠢ ᠳᠤ ᠲᠤᠯᠭᠠᠷᠠᠵᠤ ᠪᠠᠶᠢᠭ᠎ᠠ ᠰᠦᠷᠳᠡᠭᠦᠯᠦᠯ ᠢ ᠴᠠᠭ | ᠲᠤᠬᠠᠢ ᠳᠤᠨᠢ ᠣᠯᠵᠤ ᠮᠡᠳᠡᠬᠦ ᠪᠠ ᠠᠷᠭᠠᠴᠠᠬᠤ ᠳᠤ ᠬᠦᠴᠢᠷᠲᠡᠢ ᠪᠠᠶᠢᠨ᠎ᠠ᠃ | 8. ᠬᠠᠤᠯᠢ ᠲᠣᠭᠲᠠᠭᠠᠯ ᠳᠦᠷᠢᠮ ᠲᠡᠭᠦᠯᠳᠡᠷ ᠪᠤᠰᠤ᠄ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ | ᠲᠡᠭᠦᠯᠳᠡᠷ ᠪᠤᠰᠤ ᠪᠠᠶᠢᠵᠤ᠂ ᠪᠠᠭᠤᠷᠢ ᠶᠢᠨ ᠬᠠᠮᠠᠭᠠᠯᠠᠯᠲᠠ ᠶᠢ ᠵᠢᠷᠤᠮᠵᠢᠭᠤᠯᠬᠤ ᠪᠠ ᠬᠢᠵᠠᠭᠠᠷᠯᠠᠬᠤ ᠪᠠᠷ ᠬᠦᠷᠦᠯᠴᠡᠬᠦ | ᠦᠭᠡᠢ ᠪᠠᠶᠢᠨ᠎ᠠ᠃ | | ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ | 2024 ᠣᠨ ᠤ 7 ᠳ᠋ᠤᠭᠠᠷ ᠰᠠᠷ᠎ᠠ ᠶᠢᠨ 30 | ᠭᠤᠣᠯ ᠤᠳᠤᠷᠢᠳᠤᠯᠭ᠎ᠠ ᠠᠴᠠ ᠭᠠᠷ ᠤᠨ ᠦᠰᠦᠭ ᠵᠢᠷᠤᠵᠤ ᠲᠠᠷᠬᠠᠭᠠᠪᠠ᠄ ᠪᠠᠢ ᠰᠠᠷᠠᠭᠤᠯ | ᠳᠠᠭᠠᠭᠠᠨ ᠰᠢᠢᠳᠬᠡᠭᠴᠢ ᠵᠢᠴᠢ ᠤᠲᠠᠰᠤ᠄ ᠠᠭᠤᠯᠠ 133 ****3344 | ᠮᠡᠳᠡᠭᠡᠯᠡᠯ ᠤᠨ ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ | ᠲᠣᠪᠴᠢᠶ᠎ᠠ |