| | ᠨᠢᠭᠡ᠂ ᠪᠥᠬᠦ ᠬᠤᠰᠢᠭᠤᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠶᠢᠳᠠᠯ | 2024 ᠣᠨ ᠤ ᠬᠤᠶᠠᠳᠤᠭᠠᠷ ᠤᠯᠠᠷᠢᠯ ᠳᠤ᠂ ᠪᠥᠬᠦ ᠬᠤᠰᠢᠭᠤᠨ ᠤ ᠦᠢᠯᠡᠳᠪᠦᠷᠢ ᠠᠭᠤᠷᠬᠠᠢ ᠠᠷᠠᠯᠵᠢᠶ᠎ᠠ | ᠬᠤᠳᠠᠯᠳᠤᠭᠠᠨ ᠤ ᠬᠦᠷᠢᠶᠡᠨ ᠳᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠤᠭᠰᠠᠨ ᠦᠭᠡᠢ᠃ | ᠬᠤᠶᠠᠷ᠂ ᠠᠶᠦᠯᠭᠦᠢ ᠦᠢᠯᠡᠳᠪᠦᠷᠢᠯᠡᠯ ᠤᠨ ᠪᠠᠶᠢᠳᠠᠯ ᠤᠨ ᠵᠠᠳᠠᠯᠤᠯᠲᠠ | ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ | ᠲᠣᠭᠲᠠᠭᠤᠨ ᠪᠠᠶᠢᠨ᠎ᠠ᠃ ᠭᠡᠪᠡᠴᠦ ᠪᠥᠬᠦ ᠤᠯᠤᠰ᠂ ᠪᠥᠬᠦ ᠣᠷᠣᠨ ᠵᠡᠷᠭᠡ ᠭᠠᠵᠠᠷ ᠲᠤ ᠣᠯᠠᠨ ᠤᠳᠠᠭ᠎ᠠ ᠠᠳᠡᠯ | ᠭᠠᠷᠤᠭᠰᠠᠨ ᠪᠠ ᠠᠯᠠᠱᠠ ᠵᠡᠭᠦᠨ ᠬᠤᠰᠢᠭᠤᠨ ᠤ 2019 ᠣᠨ ᠠᠴᠠ 2023 ᠣᠨ ᠪᠣᠯᠲᠠᠯᠠᠬᠢ ᠠᠳᠡᠯ ᠭᠠᠷᠤᠭᠰᠠᠨ | ᠴᠠᠭ ᠬᠤᠭᠤᠴᠠᠭ᠎ᠠ ᠠᠴᠠ ᠦᠵᠡᠪᠡᠯ᠂ ᠠᠯᠠᠱᠠ ᠵᠡᠭᠦᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠲᠠᠯ᠎ᠠ ᠪᠠᠷ ᠪᠠᠰᠠ ᠪᠠᠭᠤᠷᠠᠢ ᠲᠠᠯ᠎ᠠ ᠪᠠ ᠳᠤᠲᠠᠭᠳᠠᠯ ᠲᠠᠢ ᠲᠠᠯ᠎ᠠ ᠣᠷᠣᠰᠢᠵᠤ ᠪᠠᠶᠢᠨ᠎ᠠ᠂ ᠡᠨᠡ ᠨᠢ | ᠳᠣᠣᠷᠠᠬᠢ ᠬᠡᠳᠦᠨ ᠲᠠᠯ᠎ᠠ ᠪᠠᠷ ᠪᠣᠳᠠᠲᠠᠢ ᠢᠯᠡᠷᠡᠵᠦ ᠪᠠᠶᠢᠨ᠎ᠠ᠄ | ︵ ᠨᠢᠭᠡ︶ ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠦᠷᠢᠶᠡᠨ ᠤ ᠭᠤᠣᠯ ᠲᠦᠭᠰᠢᠭᠦᠷᠢ᠃ ᠡᠨᠧᠷᠭᠢ᠂ ᠠᠮᠤ | ᠪᠤᠳᠠᠭ᠎ᠠ᠂ ᠦᠢᠯᠡᠳᠪᠦᠷᠢᠯᠡᠯ ᠤᠨ ᠲᠦᠭᠦᠬᠡᠢ ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ ᠡᠳ᠋ ᠪᠠᠷᠠᠭ᠎ᠠ ᠵᠢᠴᠢ ᠬᠠᠪᠤᠷ ᠤᠨ | ᠲᠠᠷᠢᠶᠠᠯᠠᠭ᠎ᠠ ᠶᠢᠨ ᠡᠳ᠋ ᠪᠠᠷᠠᠭ᠎ᠠ ᠶᠢᠨ ᠲᠡᠭᠡᠭᠡᠪᠦᠷᠢ ᠶᠢᠨ ᠡᠭᠦᠷᠭᠡ ᠨᠦᠰᠡᠷ ᠬᠦᠨᠳᠦ ᠪᠠᠶᠢᠵᠤ᠂ ᠵᠠᠮ ᠲᠡᠭᠡᠭᠡᠪᠦᠷᠢ ᠶᠢᠨ | ᠠᠵᠢᠯᠯᠠᠭᠠᠨ ᠤ ᠪᠠᠶᠢᠳᠠᠯ ᠥᠨᠳᠥᠷ ᠪᠠᠶᠢᠨ᠎ᠠ᠃ ᠠᠯᠠᠱᠠ ᠵᠡᠭᠦᠨ ᠬᠤᠰᠢᠭᠤᠨ ᠤ ᠬᠠᠷᠢᠶ᠎ᠠ ᠣᠷᠣᠨ ᠤ ᠳᠣᠲᠣᠷᠠᠬᠢ | ᠵᠠᠮ ᠢᠶᠠᠷ ᠬᠢᠯᠢ ᠥᠩᠭᠡᠷᠡᠬᠦ ᠲᠡᠷᠭᠡ ᠬᠥᠰᠬᠡ ᠶᠢᠨ ᠨᠢᠭᠲᠠᠴᠠ ᠶᠡᠭᠡ᠂ ᠠᠮᠤᠷ ᠲᠦᠪᠰᠢᠨ ᠤ ᠲᠦᠭᠰᠢᠭᠦᠷᠢ ᠶᠡᠭᠡ︔ | ᠡᠭᠦᠨ ᠤ ᠳᠡᠭᠡᠷ᠎ᠡ ᠵᠠᠮ ᠢᠶᠠᠷ ᠥᠩᠭᠡᠷᠡᠬᠦ ᠠᠶᠤᠯᠲᠠᠢ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ᠂ | ᠳᠡᠭᠡᠳᠦ ᠬᠤᠷᠳᠤᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠠᠶᠤᠯᠲᠠᠢ ᠬᠢᠮᠢ ᠶᠢᠨ ᠲᠡᠷᠭᠡ ᠨᠦᠭᠦᠳ | ᠣᠷᠳᠣ ᠬᠤᠭᠤᠴᠠᠭ᠎ᠠ ᠪᠠᠷ ᠪᠥᠭᠡᠮᠨᠡᠷᠡᠨ ᠵᠣᠭᠰᠣᠬᠤ ᠬᠡᠷᠡᠭᠲᠡᠢ᠃ ᠬᠡᠰᠡᠭ ᠲᠡᠭᠡᠭᠡᠪᠦᠷᠢ ᠶᠢᠨ ᠠᠵᠤ ᠠᠬᠤᠶᠢᠯᠠᠯ ᠤᠳ | ᠦᠷ᠎ᠡ ᠠᠰᠢᠭ ᠢ ᠬᠥᠭᠡᠭᠡᠴᠡᠯᠳᠦᠬᠦ ᠵᠣᠷᠢᠯᠭ᠎ᠠ ᠪᠠᠷ᠂ ᠠᠷᠪᠢᠨ ᠲᠠᠲᠠᠵᠤ ᠲᠦᠷᠭᠡᠨ ᠭᠦᠶᠦᠬᠦ᠂ ᠭᠤᠷᠪᠠ ᠶᠢ ᠬᠡᠲᠦᠷᠡᠭᠦᠯᠬᠦ | ᠂ ᠵᠢᠯᠣᠭᠤᠴᠢ ᠶᠢᠨ ᠶᠠᠳᠠᠷᠠᠭ᠎ᠠ ᠲᠠᠢ ᠪᠠᠷ ᠵᠢᠯᠤᠭᠤᠳᠬᠤ᠂ ᠲᠡᠷᠭᠡ ᠬᠥᠰᠬᠡ ᠪᠠᠨ ᠵᠠᠰᠠᠵᠤ ᠰᠡᠯᠪᠢᠭᠰᠡᠨ ᠦᠭᠡᠢ | ᠪᠠᠲᠤᠯᠠᠭ᠎ᠠ ᠠᠯᠳᠠᠭᠰᠠᠨ ᠵᠡᠷᠭᠡ ᠦᠵᠡᠭᠳᠡᠯ ᠢᠯᠡᠳᠲᠡ ᠨᠡᠮᠡᠭᠳᠡᠵᠦ ᠪᠠᠶᠢᠬᠤ ᠶᠢᠨ ᠳᠡᠭᠡᠷ᠎ᠡ ᠣᠨᠴᠠ ᠵᠠᠷᠢᠮ ᠴᠠᠭ | ᠬᠤᠭᠤᠴᠠᠭᠠᠨ ᠳᠤ ᠲᠡᠷᠭᠡ ᠬᠥᠰᠬᠡ ᠶᠢᠨ ᠶᠠᠪᠤᠬᠤ ᠶᠢ ᠨᠥᠯᠥᠭᠡᠯᠡᠬᠦ ᠣᠬᠤᠷᠬᠠᠨ ᠴᠠᠭ ᠤᠨ ᠣᠨᠴᠠᠭᠠᠶ ᠴᠠᠭ ᠠᠭᠤᠷ | ᠢᠯᠡᠷᠡᠵᠦ᠂ ᠵᠠᠮ ᠲᠡᠭᠡᠭᠡᠪᠦᠷᠢ ᠶᠢᠨ ᠠᠮᠤᠷ ᠲᠦᠪᠰᠢᠨ ᠡᠵᠡᠩᠨᠡᠯᠲᠡ ᠶᠢᠨ ᠠᠶᠤᠯ ᠲᠦᠭᠰᠢᠭᠦᠷᠢ ᠶᠢᠨ ᠲᠠᠯᠳᠠ ᠭᠡᠮ | ᠨᠡᠮᠡᠭᠳᠡᠵᠦ᠂ ᠠᠷᠪᠠᠨ ᠬᠤᠶᠠᠷ ᠲᠦᠷᠦᠯ ᠤᠨ ᠲᠡᠷᠭᠡ ᠬᠥᠰᠬᠡ ᠳᠤ ᠬᠤᠯᠪᠣᠭᠳᠠᠬᠤ ᠵᠠᠮ ᠬᠠᠷᠢᠯᠴᠠᠭᠠᠨ ᠤ | ᠲᠡᠭᠡᠭᠡᠪᠦᠷᠢ ᠶᠢᠨ ᠡ᠊ᠨᠳᠡᠯ ᠭᠠᠷᠬᠤ ᠪᠣᠯᠣᠯᠴᠠᠭ᠎ᠠ ᠨᠡᠯᠢᠶᠡᠳ ᠥᠨᠳᠥᠷ ᠪᠠᠶᠢᠨ᠎ᠠ᠃ {ᠤᠴᠢᠷ ᠠᠴᠠ ᠵᠠᠮ | ᠲᠡᠭᠡᠭᠡᠪᠦᠷᠢ ᠶᠢᠨ ᠠᠮᠤᠷ ᠲᠦᠪᠰᠢᠨ ᠡᠵᠡᠩᠨᠡᠯᠲᠡ ᠶᠢᠨ ᠠᠶᠤᠯ ᠲᠦᠭᠰᠢᠭᠦᠷᠢ ᠶᠢᠨ ᠲᠠᠯᠳᠠ ᠭᠡᠮ ᠨᠡᠮᠡᠭᠳᠡᠵᠦ᠂ ᠠᠷᠪᠠᠨ | ᠬᠤᠶᠠᠷ ᠲᠦᠷᠦᠯ ᠤᠨ ᠲᠡᠷᠭᠡ ᠬᠥᠰᠬᠡ ᠳᠤ ᠬᠤᠯᠪᠣᠭᠳᠠᠬᠤ ᠵᠠᠮ ᠬᠠᠷᠢᠯᠴᠠᠭᠠᠨ ᠤ ᠲᠡᠭᠡᠭᠡᠪᠦᠷᠢ ᠶᠢᠨ ᠡ᠊ᠨᠳᠡᠯ ᠭᠠᠷᠬᠤ | ᠪᠣᠯᠣᠯᠴᠠᠭ᠎ᠠ ᠨᠡᠯᠢᠶᠡᠳ ᠥᠨᠳᠥᠷ ᠪᠠᠶᠢᠨ᠎ᠠ᠃ ᠶᠡᠭᠡ ᠰᠠᠯᠬᠢ ᠡᠯᠡᠰᠦ ᠬᠡᠶᠢᠰᠬᠦ ᠵᠡᠷᠭᠡ ᠣᠨᠴᠠᠭᠠᠶ ᠴᠠᠭ ᠠᠭᠤᠷ᠂ | ᠵᠠᠰᠠᠮᠠᠯ ᠵᠠᠮ ᠤᠨ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠪᠡᠯᠡᠳᠬᠡᠮᠵᠢ ᠶᠢ ᠠᠷᠠᠴᠢᠯᠠᠨ ᠬᠠᠮᠠᠭᠠᠯᠠᠵᠤ | ᠰᠡᠯᠪᠢᠨ ᠵᠠᠰᠠᠬᠤ ᠠᠵᠢᠯ ᠢ ᠪᠣᠳᠠᠲᠠᠶᠢᠵᠢᠭᠤᠯᠤᠭᠰᠠᠨ ᠦᠭᠡᠢ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠤ᠂ | ᠵᠠᠮ ᠲᠠᠰᠤᠯᠳᠠᠵᠤ ᠮᠡᠳᠡᠬᠦ ᠪᠥᠭᠡᠳ ᠣᠷᠳᠣ ᠬᠤᠭᠤᠴᠠᠭ᠎ᠠ ᠪᠠᠷ ᠲᠡᠷᠭᠡ ᠳᠠᠷᠤᠬᠤ ᠵᠡᠷᠭᠡ ᠠᠮᠤᠷ ᠲᠦᠪᠰᠢᠨ ᠤ ᠠᠶᠤᠯ | ᠲᠦᠭᠰᠢᠭᠦᠷᠢ ᠣᠷᠣᠰᠢᠵᠤ ᠮᠡᠳᠡᠨ᠎ᠡ᠃ ᠲᠠᠷᠠᠭᠠᠴᠢ ᠶᠢᠨ ᠠᠯᠬᠤᠮ ᠤᠨ ᠨᠠᠮᠤᠷ ᠤᠨ ᠬᠤᠷᠢᠶᠠᠯᠲᠠ ᠶᠢᠨ ᠱᠠᠲᠤᠨ ᠳᠤ᠂ | ᠬᠥᠳᠡᠭᠡ ᠲᠣᠰᠬᠤᠨ ᠤ ᠵᠠᠮ ᠤᠨ ᠲᠡᠷᠭᠡᠨ ᠤ ᠲᠤᠭ᠎ᠠ ᠲᠦᠷᠭᠡᠨ ᠨᠡᠮᠡᠭᠳᠡᠵᠦ᠂ ᠲᠠᠷᠢᠶᠠᠯᠠᠩ ᠳᠤ ᠬᠡᠷᠡᠭᠯᠡᠬᠦ ᠲᠡᠷᠭᠡ ᠶᠢᠨ | ᠬᠠᠤᠯᠢ ᠶᠢ ᠵᠥᠷᠢᠴᠡᠨ ᠬᠥᠮᠥᠨ ᠠᠴᠢᠬᠤ᠂ ᠬᠥᠳᠡᠭᠡ ᠲᠣᠰᠬᠤᠨ ᠤ ᠮᠢᠶᠠᠨᠪᠣᠣ ᠲᠡᠷᠭᠡ ᠶᠢᠨ ᠬᠥᠮᠥᠨ ᠤ ᠲᠤᠭ᠎ᠠ ᠠᠴᠠ | ᠬᠡᠲᠦᠷᠡᠬᠦ ᠵᠡᠷᠭᠡ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠣᠯᠠᠰᠢᠷᠠᠵᠤ᠂ ᠲᠠᠷᠢᠶᠠᠯᠠᠩ ᠳᠤ ᠬᠡᠷᠡᠭᠯᠡᠬᠦ ᠲᠡᠷᠭᠡ ᠪᠠ | ᠬᠥᠳᠡᠭᠡ ᠲᠣᠰᠬᠤᠨ ᠤ ᠵᠠᠮ ᠳᠤ ᠠᠳᠡᠯ ᠭᠠᠷᠬᠤ ᠪᠣᠯᠣᠮᠵᠢ ᠨᠡᠮᠡᠭᠳᠡᠵᠦ᠂ ᠣᠯᠠᠨ ᠬᠥᠮᠥᠨ ᠦᠬᠦᠵᠦ ᠣᠯᠠᠨ ᠬᠥᠮᠥᠨ | ᠰᠢᠷᠬᠠᠲᠤᠬᠤ ᠠᠳᠡᠯ ᠭᠠᠷᠬᠤ ᠳᠤ ᠲᠤᠶᠢᠯ ᠤᠨ ᠠᠮᠠᠷᠬᠠᠨ ᠪᠣᠯᠣᠨ᠎ᠠ᠃ | ︵ ᠬᠤᠶᠠᠷ︶ ᠪᠠᠷᠢᠯᠭ᠎ᠠ ᠶᠢᠨ ᠠᠵᠢᠯ ᠬᠢᠬᠦ ᠪᠠ ᠣᠷᠣᠨ ᠰᠠᠭᠤᠴᠠ ᠪᠠ ᠪᠠᠷᠢᠯᠭ᠎ᠠ ᠶᠢᠨ ᠬᠦᠷᠢᠶ᠎ᠡ | ᠴᠠᠷᠠᠭ᠎ᠠ ᠶᠢᠨ ᠭᠤᠣᠯ ᠠᠶᠤᠯ ᠲᠦᠭᠰᠢᠭᠦᠷᠢ᠃ ᠳᠣᠣᠷ᠎ᠠ ᠬᠠᠭᠠᠰ ᠵᠢᠯ ᠳᠤ᠂ ᠪᠥᠬᠦ ᠬᠤᠰᠢᠭᠤᠨ ᠤ ᠪᠠᠷᠢᠯᠭ᠎ᠠ ᠶᠢᠨ | ᠠᠵᠢᠯ ᠤᠨ ᠣᠷᠭᠢᠯ ᠤᠨ ᠬᠤᠭᠤᠴᠠᠭᠠᠨ ᠳᠤ ᠣᠷᠣᠵᠤ᠂ ᠠᠵᠢᠯ ᠡᠷᠬᠢᠯᠡᠭᠰᠡᠳ ᠤᠨ ᠰᠢᠯᠵᠢᠯᠲᠡ ᠬᠡᠴᠡᠭᠦᠳᠡᠬᠦ᠂ ᠠᠮᠤᠷ | ᠲᠦᠪᠰᠢᠨ ᠤ ᠤᠬᠠᠮᠰᠠᠷ ᠰᠤᠯᠠᠷᠠᠬᠤ᠂ ᠠᠵᠤ ᠠᠬᠤᠶᠢᠯᠠᠯ ᠤᠨ ᠠᠮᠤᠷ ᠲᠦᠪᠰᠢᠨ ᠤ ᠣᠷᠣᠭᠤᠯᠤᠯᠲᠠ ᠬᠦᠷᠦᠯᠴᠡᠬᠦ | ᠦᠭᠡᠢ᠂ ᠲᠥᠷᠥᠯ ᠵᠦᠢᠯ ᠤᠨ ᠠᠮᠤᠷ ᠲᠦᠪᠰᠢᠨ ᠤ ᠳᠦᠷᠢᠮ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ︽ᠭᠤᠷᠪᠠ ᠶᠢ ᠵᠥᠷᠢᠴᠡᠬᠦ︾ ᠦᠵᠡᠭᠳᠡᠯ ᠲᠣᠯᠣᠭᠠᠢ | ᠥᠨᠳᠡᠶᠢᠵᠦ᠂ ᠬᠢᠨᠠᠨ ᠬᠠᠮᠢᠶᠠᠷᠤᠯᠲᠠ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠨᠢ ᠴᠢᠩᠭ᠎ᠠ ᠪᠢᠰᠢ᠂ | ᠴᠢᠨᠠᠭᠰᠢᠯᠠᠪᠠᠯ ᠰᠣᠬᠤᠷ ᠪᠠᠯᠠᠢ ᠪᠠᠷ ᠠᠵᠢᠯ ᠤᠨ ᠬᠤᠭᠤᠴᠠᠭ᠎ᠠ ᠶᠢ ᠵᠠᠪᠳᠤᠨ᠂ ᠠᠵᠢᠯ ᠤᠨ ᠠᠬᠢᠴᠠ ᠶᠢ ᠵᠠᠪᠳᠤᠨ | ᠭᠡᠨᠡᠨ ᠢᠶᠠᠷ ᠪᠠᠷᠢᠯᠭ᠎ᠠ ᠪᠠᠷᠢᠬᠤ ᠵᠡᠷᠭᠡ ᠠᠰᠠᠭᠤᠳᠠᠯ ᠭᠠᠷᠴᠤ᠂ ᠠᠳᠡᠯ ᠭᠠᠷᠬᠤ ᠪᠣᠯᠣᠮᠵᠢ ᠶᠢ ᠨᠡᠮᠡᠭᠳᠡᠭᠦᠯᠬᠦ ᠪᠣᠯᠣᠨ᠎ᠠ᠃ | ᠬᠤᠲᠠ ᠶᠢᠨ ᠠᠮᠤᠷ ᠲᠦᠪᠰᠢᠨ ᠤ ᠠᠵᠢᠯᠯᠠᠭᠠᠨ ᠤ ᠪᠠᠲᠤᠯᠠᠭ᠎ᠠ ᠶᠢᠨ ᠲᠠᠯ᠎ᠠ ᠪᠠᠷ᠂ ᠥᠨᠳᠥᠷ ᠳᠤᠯᠠᠭᠠᠨ ᠵᠡᠷᠭᠡ | ᠬᠦᠴᠦᠨ ᠵᠦᠢᠯ ᠤᠨ ᠨᠥᠯᠥᠭᠡ ᠠᠴᠠ ᠪᠣᠯᠵᠤ᠂ ᠬᠤᠲᠠ ᠳᠤ ᠭᠡᠷᠡᠯᠲᠦᠭᠦᠯᠬᠦ᠂ ᠥᠨᠳᠥᠷ ᠣᠭᠲᠠᠷᠭᠤᠢ ᠳᠤ ᠠᠵᠢᠯᠯᠠᠬᠤ | ᠂ ᠬᠤᠭᠤᠯᠠᠢ ᠶᠢ ᠪᠠᠶᠢᠴᠠᠭᠠᠨ ᠵᠠᠰᠠᠬᠤ᠂ ᠨᠣᠭᠤᠭᠠᠷᠠᠭᠤᠯᠵᠤ ᠤᠰᠤᠯᠠᠬᠤ᠂ ᠪᠣᠬᠢᠷ ᠰᠢᠪᠠᠷ ᠢ ᠴᠡᠪᠡᠷᠯᠡᠬᠦ᠂ ᠬᠢᠵᠠᠭᠠᠷ ᠲᠠᠢ | ᠣᠷᠣᠨ ᠵᠠᠢ ᠳᠤ ᠠᠵᠢᠯᠯᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠨᠡᠮᠡᠭᠳᠡᠭᠦᠯᠦᠨ᠎ᠡ᠃ ᠬᠥᠳᠡᠭᠡ | ᠲᠣᠰᠬᠤᠨ ᠤ ᠥᠪᠡᠰᠦᠪᠡᠨ ᠭᠡᠷ ᠪᠠᠷᠢᠬᠤ ᠵᠢᠴᠢ ᠪᠠᠷᠢᠯᠭ᠎ᠠ ᠶᠢᠨ ᠲᠣᠨᠣᠭᠯᠠᠯ᠂ ᠵᠠᠰᠠᠯ ᠴᠢᠮᠡᠭᠯᠡᠯ ᠵᠡᠷᠭᠡ ᠲᠠᠯ᠎ᠠ ᠪᠠᠷ ᠬᠢ | ᠠᠶᠤᠯᠭᠦᠢ ᠶᠢᠨ ᠠᠶᠤᠯ ᠲᠦᠭᠰᠢᠭᠦᠷᠢ ᠡᠳᠦᠢ ᠲᠡᠳᠦᠢ ᠨᠡᠮᠡᠭᠳᠡᠪᠡ᠃ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠣᠨᠴᠠ | ᠲᠥᠷᠥᠯ ᠤᠨ ᠠᠵᠢᠯ ︵ ᠴᠠᠬᠢᠯᠭᠠᠨ ᠤ ᠠᠵᠢᠯᠴᠢᠨ᠂ ᠭᠠᠩᠨᠠᠭᠤᠷᠴᠢᠨ᠂ ᠥᠨᠳᠥᠷ ᠭᠠᠵᠠᠷ ᠲᠤ ᠠᠵᠢᠯᠯᠠᠬᠤ᠂ | ᠰᠤᠪᠤᠷᠭᠠᠨ ᠳᠡᠭᠦᠵᠢᠩ ᠵᠡᠷᠭᠡ︶ ᠤᠨ ᠬᠥᠮᠥᠰ ᠲᠤ ᠦᠨᠡᠮᠯᠡᠯ ᠦᠭᠡᠢ ᠪᠠᠷ ᠠᠵᠢᠯᠯᠠᠬᠤ᠂ ᠦᠨᠡᠮᠯᠡᠯ ᠦᠭᠡᠢ ᠪᠠᠷ | ᠠᠵᠢᠯ ᠤᠨ ᠪᠠᠶᠢᠷᠢ ᠳᠤ ᠭᠠᠷᠬᠤ ᠪᠠᠶᠢᠳᠠᠯ ᠣᠷᠣᠰᠢᠵᠤ᠂ ᠳᠤᠮᠳᠠ ᠵᠡᠷᠭᠡ ᠠᠮᠤᠷ ᠲᠦᠪᠰᠢᠨ ᠤ ᠳᠠᠯᠳᠠ ᠬᠡᠮ | ᠣᠷᠣᠰᠢᠵᠤ ᠪᠠᠶᠢᠨ᠎ᠠ᠃ | ︵ ᠭᠤᠷᠪᠠ︶ ᠠᠶᠤᠯᠲᠠᠢ ᠬᠢᠮᠢ ᠶᠢᠨ ᠪᠣᠳᠠᠰ ᠤᠨ ᠬᠦᠷᠢᠶ᠎ᠡ ᠴᠠᠷᠠᠭ᠎ᠠ ᠶᠢᠨ ᠭᠤᠣᠯ ᠲᠦᠭᠰᠢᠭᠦᠷᠢ᠄ | ᠣᠶᠢᠷ᠎ᠠ ᠶᠢᠨ ᠬᠤᠭᠤᠴᠠᠭᠠᠨ ᠳᠤ ᠥᠨᠳᠥᠷ ᠳᠤᠯᠠᠭᠠᠨ᠂ ᠡᠯᠡᠰᠦ ᠲᠣᠭᠤᠰᠣ᠂ ᠶᠡᠭᠡ ᠰᠠᠯᠬᠢ ᠵᠡᠷᠭᠡ ᠲᠤᠶᠢᠯ ᠤᠨ ᠶᠡᠭᠡ | ᠴᠠᠭ ᠠᠭᠤᠷ ᠠᠴᠠ ᠪᠣᠯᠵᠤ ᠠᠶᠤᠯᠲᠠᠢ ᠬᠢᠮᠢ ᠶᠢᠨ ᠪᠣᠳᠠᠰ ᠢ ᠬᠠᠳᠠᠭᠠᠯᠠᠬᠤ ᠰᠠᠪᠠ᠂ ᠳᠠᠮᠵᠢᠭᠤᠯᠤᠨ ᠬᠦᠷᠭᠡᠬᠦ᠂ | ᠬᠤᠭᠤᠯᠠᠢ᠂ ᠨᠡᠭᠡᠯᠡᠭᠡᠢ ᠵᠡᠷᠭᠡ ᠶᠢ ᠪᠥᠭᠯᠡᠬᠦ᠂ ᠬᠥᠯᠳᠡᠭᠡᠵᠦ ᠬᠠᠭᠠᠷᠠᠭᠤᠯᠬᠤ ᠪᠣᠯᠣᠮᠵᠢ ᠲᠠᠢ ᠪᠠᠶᠢᠵᠤ᠂ ᠭᠠᠯ ᠤᠨ ᠠᠶᠤᠯ | ᠂ ᠳᠡᠯᠪᠡᠷᠡᠯᠲᠡ᠂ ᠬᠤᠣᠷᠳᠠᠭᠳᠠᠯ᠂ ᠬᠠᠯᠠᠭᠠᠭᠰᠠᠨ ᠰᠢᠷᠬ᠎ᠠ᠂ ᠴᠠᠬᠢᠯᠭᠠᠨ ᠳᠤ ᠴᠣᠬᠢᠭᠳᠠᠬᠤ ᠵᠡᠷᠭᠡ ᠠᠮᠤᠷ ᠲᠦᠪᠰᠢᠨ ᠤ | ᠠᠳᠡᠯ ᠠᠮᠠᠷᠬᠠᠨ ᠭᠠᠷᠤᠨ᠎ᠠ᠃ ᠠᠯᠺᠣᠣᠯ ᠢᠶᠠᠷ ᠰᠠᠭᠤᠷᠢ ᠪᠣᠯᠭᠠᠭᠰᠠᠨ ᠲᠦᠯᠡᠰᠢ ᠶᠢ ᠲᠡᠭᠡᠭᠡᠪᠦᠷᠢᠯᠡᠵᠦ ᠲᠣᠬᠢᠷᠠᠭᠤᠯᠤᠨ | ᠬᠦᠷᠭᠡᠬᠦ ᠭᠤᠭᠴᠤᠭ᠎ᠠ ᠶᠢᠨ ᠬᠠᠮᠢᠶᠠᠷᠤᠯᠲᠠ ᠡᠮᠬᠢ ᠵᠠᠮᠪᠠᠷᠠᠭ᠎ᠠ ᠦᠭᠡᠢ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ | ᠬᠡᠷᠡᠭᠯᠡᠵᠦ ᠪᠠᠶᠢᠭ᠎ᠠ ᠠᠯᠺᠣᠣᠯ ᠢᠶᠠᠷ ᠰᠠᠭᠤᠷᠢ ᠪᠣᠯᠭᠠᠭᠰᠠᠨ ᠲᠦᠯᠡᠰᠢ ᠶᠢᠨ ᠲᠥᠬᠦᠭᠡᠷᠦᠮᠵᠢ ᠪᠠ ᠲᠠᠯᠠᠪᠤᠷ ᠭᠠᠵᠠᠷ ᠨᠢ | ᠪᠠᠷᠢᠮᠵᠢᠶ᠎ᠠ ᠳᠤ ᠬᠦᠷᠬᠦ ᠦᠭᠡᠢ ᠪᠠᠶᠢᠬᠤ ᠠᠰᠠᠭᠤᠳᠠᠯ ᠳᠤ ᠳᠤᠮᠳᠠ ᠵᠡᠷᠭᠡ ᠲᠦᠭᠰᠢᠭᠦᠷᠢ ᠶᠢᠨ ᠳᠠᠯᠳᠠ ᠬᠡᠮ ᠣᠷᠣᠰᠢᠵᠤ | ᠪᠠᠶᠢᠨ᠎ᠠ᠃ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠠᠪᠬᠤᠷᠭ᠎ᠠ ᠶᠢᠨ ᠬᠢᠨᠠᠨ ᠬᠠᠮᠢᠶᠠᠷᠬᠤ ᠬᠦᠴᠦᠨ ᠬᠦᠷᠦᠯᠴᠡᠬᠦ | ᠦᠭᠡᠢ ᠪᠠᠶᠢᠵᠤ᠂ ᠠᠶᠤᠯᠲᠠᠢ ᠬᠢᠮᠢ ᠶᠢᠨ ᠪᠣᠳᠠᠰ ᠢ ᠡᠵᠡᠩᠨᠡᠬᠦ ᠨᠢᠭᠡᠴᠢ ᠨᠢ ᠲᠡᠭᠦᠨ ᠤ ᠨᠣᠴᠣᠮᠠᠲᠠᠭᠠᠢ ᠳᠡᠯᠪᠡᠷᠡᠮᠡᠲᠡᠭᠡᠢ | ᠠᠵᠢᠯ ᠲᠦᠷᠦᠯ ᠤᠨ ᠣᠨᠴᠠᠯᠢᠭ ᠰᠢᠨᠵᠢ᠂ ᠡᠭᠦᠨ ᠤ ᠳᠡᠭᠡᠷ᠎ᠡ ᠵᠠᠷᠢᠮ ᠲᠥᠬᠦᠭᠡᠷᠦᠮᠵᠢ ᠲᠥᠬᠦᠭᠡᠷᠦᠮᠵᠢ ᠨᠢ ᠲᠡᠭᠦᠯᠳᠡᠷ | ᠪᠤᠰᠤ ᠪᠠ ᠠᠵᠢᠯᠯᠠᠵᠤ ᠪᠠᠶᠢᠭ᠎ᠠ ᠬᠥᠮᠥᠰ ᠤᠨ ᠠᠮᠤᠷ ᠲᠦᠪᠰᠢᠨ ᠤ ᠬᠡᠪ ᠴᠢᠨᠠᠷ ᠵᠡᠷᠭᠡ ᠬᠦᠴᠦᠨ ᠵᠦᠢᠯ ᠠᠴᠠ ᠪᠣᠯᠵᠤ | ᠂ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠭᠠᠷᠬᠤ ᠠᠶᠤᠯ ᠲᠦᠭᠰᠢᠭᠦᠷᠢ ᠣᠷᠣᠰᠢᠵᠤ ᠪᠠᠶᠢᠨ᠎ᠠ᠃ | ︵ ᠳᠥᠷᠪᠡ︶ ᠰᠢᠲᠠᠮᠠᠬᠠᠢ ᠬᠡᠢ ᠶᠢᠨ ᠬᠦᠷᠢᠶᠡᠨ ᠳᠠᠬᠢ ᠭᠤᠣᠯ ᠲᠦᠭᠰᠢᠭᠦᠷᠢ᠄ ᠰᠥᠨᠢ ᠶᠢᠨ ᠢᠳᠡᠭᠡᠨ | ᠤᠮᠳᠠᠭᠠᠨ ᠤ ᠬᠡᠷᠡᠭᠯᠡᠭᠡ ᠬᠥᠭᠵᠢᠶᠡᠨᠲᠡᠢ ᠪᠣᠯᠬᠤ ᠶᠢ ᠳᠠᠭᠠᠯᠳᠤᠨ᠂ ᠬᠡᠷᠡᠭᠯᠡᠬᠦ ᠬᠡᠢ ᠶᠢᠨ ᠬᠡᠮᠵᠢᠶ᠎ᠡ ᠶᠡᠭᠡ ᠬᠡᠮᠵᠢᠶ᠎ᠡ ᠪᠠᠷ | ᠨᠡᠮᠡᠭᠳᠡᠵᠦ᠂ ᠵᠢᠵᠢᠭ ᠢᠳᠡᠭᠡᠨ ᠤᠮᠳᠠᠭᠠᠨ ᠤ ᠲᠠᠯᠠᠪᠤᠷ ᠤᠨ ᠣᠯᠠᠩᠬᠢ ᠨᠢ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ | ᠴᠢᠯᠠᠭᠤᠨ ᠲᠣᠰᠣᠨ ᠤ ᠬᠡᠢ ᠶᠢ ᠬᠡᠷᠡᠭᠯᠡᠵᠦ᠂ ᠲᠥᠬᠦᠭᠡᠷᠦᠮᠵᠢ ᠶᠢᠨ ᠬᠤᠭᠤᠯᠠᠢ ᠱᠤᠭᠤᠮ ᠢ ᠴᠠᠭ ᠲᠤᠬᠠᠢ ᠳᠤᠨᠢ | ᠪᠠᠶᠢᠴᠠᠭᠠᠨ ᠵᠠᠰᠠᠭᠰᠠᠨ ᠦᠭᠡᠢ᠂ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠪᠠᠭᠠᠵᠢ ᠵᠢᠴᠢ ᠬᠤᠯᠪᠣᠯᠳᠤᠯ | ᠣᠨᠢᠰᠤ ᠶᠢ ᠲᠠᠰᠤᠯᠬᠤ ᠲᠣᠨᠣᠭᠯᠠᠯ ᠤᠨ ᠤᠭᠰᠠᠷᠠᠯᠲᠠ ᠵᠢᠷᠤᠮᠵᠢᠯ ᠦᠭᠡᠢ᠂ ᠥᠮᠴᠢᠲᠡᠨ ᠤ ᠠᠮᠤᠷ ᠲᠦᠪᠰᠢᠨ ᠤ | ᠦᠵᠡᠯ ᠤᠬᠠᠮᠰᠠᠷ ᠢᠶᠠᠷ ᠪᠠᠭᠤᠷᠠᠢ᠂ ᠬᠡᠷᠡᠭᠯᠡᠬᠦ ᠬᠡᠢ ᠶᠢᠨ ᠠᠮᠤᠷ ᠲᠦᠪᠰᠢᠨ ᠤ ᠳᠠᠯᠳᠠ ᠬᠡᠮ ᠲᠣᠪᠣᠶᠢᠮ᠎ᠠ ᠪᠠᠶᠢᠨ᠎ᠠ᠃ | ᠵᠣᠨ ᠤ ᠤᠯᠠᠷᠢᠯ ᠤᠨ ᠳᠤᠯᠠᠭᠠᠨ ᠤ ᠬᠡᠮᠵᠢᠶ᠎ᠡ ᠥᠨᠳᠥᠷ ᠪᠣᠯᠬᠤᠷ ᠭᠤᠮ ᠬᠤᠭᠤᠯᠠᠢ ᠮᠠᠰᠢ ᠠᠮᠠᠷᠬᠠᠨ ᠬᠠᠭᠤᠴᠢᠷᠠᠵᠤ | ᠬᠠᠭᠠᠷᠠᠳᠠᠭ᠂ ᠰᠢᠲᠠᠮᠠᠬᠠᠢ ᠬᠡᠢ ᠶᠢᠨ ᠬᠡᠷᠡᠭᠯᠡᠭᠴᠢ ᠶᠢᠨ ᠦᠵᠦᠭᠦᠷ ᠲᠤ ᠰᠠᠭᠤᠭᠠᠯᠢ ᠠᠷᠠᠳ ᠤᠨ ᠬᠤᠪᠢ ᠬᠥᠮᠥᠨ ᠤ | ᠬᠡᠷᠡᠭᠯᠡᠭᠰᠡᠨ ᠨᠢ ᠵᠣᠬᠢᠰ ᠦᠭᠡᠢ ᠠᠴᠠ ᠪᠣᠯᠵᠤ᠂ ᠠᠮᠤᠷ ᠲᠦᠪᠰᠢᠨ ᠢᠶᠠᠷ ᠠᠵᠢᠯᠯᠠᠬᠤ ᠳᠦᠷᠢᠮ ᠢ ᠵᠥᠷᠢᠴᠡᠵᠦ᠂ | ᠴᠣᠴᠢᠮᠠᠭ ᠳᠡᠯᠪᠡᠷᠡᠯᠲᠡ ᠡᠭᠦᠰᠬᠡᠬᠦ ᠵᠡᠷᠭᠡ ᠣᠯᠠᠨ ᠨᠡᠶᠢᠲᠡ ᠶᠢᠨ ᠠᠮᠤᠷ ᠲᠦᠪᠰᠢᠨ ᠢ ᠨᠥᠯᠥᠭᠡᠯᠡᠬᠦ ᠠᠰᠠᠭᠤᠳᠠᠯ ᠤᠨ | ᠳᠠᠯᠳᠠ ᠬᠡᠮ ᠮᠥᠨ ᠬᠦ ᠣᠷᠣᠰᠢᠭᠰᠠᠭᠠᠷ ᠪᠠᠶᠢᠨ᠎ᠠ᠃ ᠡᠭᠦᠨ ᠠᠴᠠ ᠭᠠᠳᠠᠨ᠎ᠠ᠂ ᠥᠨᠳᠥᠷ ᠳᠤᠯᠠᠭᠠᠨ ᠨᠢ ᠪᠠᠰᠠ ᠭᠤᠮ | ᠬᠤᠭᠤᠯᠠᠢ ᠶᠢ ᠠᠮᠠᠷᠬᠠᠨ ᠬᠠᠯᠠᠨ ᠲᠡᠯᠡᠵᠦ ᠭᠤᠮ ᠬᠤᠭᠤᠯᠠᠢ ᠶᠢ ᠰᠤᠯᠠᠷᠠᠭᠤᠯᠤᠨ ᠤᠨᠠᠭᠠᠵᠤ᠂ ᠰᠢᠲᠠᠮᠠᠬᠠᠢ ᠬᠡᠢ | ᠯᠡᠪᠡᠷᠡᠭᠦᠯᠵᠦ᠂ ᠰᠢᠲᠠᠮᠠᠬᠠᠢ ᠬᠡᠢ ᠶᠢᠨ ᠠᠳᠡᠯ ᠡᠭᠦᠰᠬᠡᠳᠡᠭ᠃ ᠰᠢᠩᠭᠡᠨᠵᠢᠮᠡᠯ ᠬᠡᠢ ᠳᠤ ᠬᠠᠯᠠᠪᠠᠯ ᠠᠮᠠᠷᠬᠠᠨ ᠬᠡᠶᠢᠵᠢᠬᠦ᠂ | ᠠᠮᠠᠷᠬᠠᠨ ᠲᠡᠯᠡᠭᠳᠡᠬᠦ ᠹᠢᠽᠢᠺ ᠤᠨ ᠣᠨᠴᠠᠯᠢᠭ ᠲᠠᠢ᠂ ᠵᠤᠨ ᠤ ᠤᠯᠠᠷᠢᠯ ᠳᠤ ᠬᠡᠷᠪᠡ ᠬᠡᠢ ᠶᠢᠨ ᠯᠣᠩᠬᠤ ᠶᠢ ᠨᠡᠷᠡᠨ ᠤ | ᠳᠣᠣᠷ᠎ᠠ ᠲᠠᠯᠪᠢᠭᠠᠳ ᠤᠷᠳᠦ ᠬᠤᠭᠤᠴᠠᠭ᠎ᠠ ᠪᠠᠷ ᠨᠡᠷᠡᠨ ᠳᠤ ᠰᠢᠷᠠᠪᠠᠯ᠂ ᠬᠡᠢ ᠶᠢᠨ ᠯᠣᠩᠬᠤᠨ ᠤ ᠳᠣᠲᠣᠭᠠᠳᠤ ᠶᠢᠨ | ᠳᠠᠷᠤᠯᠲᠠ ᠶᠢ ᠰᠢᠷᠦᠭᠦᠨ ᠢᠶᠠᠷ ᠳᠡᠭᠡᠭᠰᠢᠯᠡᠭᠦᠯᠵᠦ᠂ ᠬᠡᠢ ᠶᠢᠨ ᠯᠣᠩᠬᠤ ᠶᠢ ᠭᠡᠳᠦ ᠳᠤᠯᠠᠭᠠᠨ᠂ ᠭᠡᠳᠦ ᠳᠠᠷᠤᠯᠲᠠ ᠠᠴᠠ | ᠪᠣᠯᠵᠤ ᠲᠡᠯᠡᠵᠦ ᠬᠠᠭᠠᠷᠠᠨ᠂ ᠴᠢᠨᠠᠭᠰᠢᠯᠠᠪᠠᠯ ᠳᠡᠯᠪᠡᠷᠡᠭᠡᠳ ᠠᠳᠡᠯ ᠭᠠᠷᠴᠤ ᠮᠡᠳᠡᠨ᠎ᠡ᠃ | ︵ ᠲᠠᠪᠤ︶ ᠲᠡᠮᠦᠷᠯᠢᠭ ᠬᠠᠶᠢᠯᠤᠭᠤᠯᠬᠤ ᠵᠡᠷᠭᠡ ᠠᠵᠤ ᠦᠢᠯᠡᠳᠪᠦᠷᠢ ᠠᠷᠠᠯᠵᠢᠶ᠎ᠠ ᠶᠢᠨ ᠬᠦᠷᠢᠶᠡᠨ ᠳᠠᠬᠢ | ᠭᠤᠣᠯ ᠠᠶᠤᠯ ᠲᠦᠭᠰᠢᠭᠦᠷᠢ᠄ ᠨᠢᠭᠡ ᠳᠤ᠂ ᠪᠥᠬᠦ ᠬᠤᠰᠢᠭᠤᠨ ᠤ ᠲᠡᠮᠦᠷᠯᠢᠭ ᠬᠠᠶᠢᠯᠤᠭᠤᠯᠬᠤ ᠵᠡᠷᠭᠡ ᠠᠵᠤ | ᠦᠢᠯᠡᠳᠪᠦᠷᠢ ᠠᠷᠠᠯᠵᠢᠶ᠎ᠠ ᠶᠢᠨ ᠠᠵᠤ ᠠᠬᠤᠶᠢᠯᠠᠯ ᠤᠨ ᠴᠡᠭ ᠣᠯᠠᠨ ᠬᠡᠪᠴᠢᠶ᠎ᠡ ᠥᠷᠭᠡᠨ᠂ ᠠᠵᠢᠯᠲᠠᠨ ᠤ | ᠰᠢᠯᠵᠢᠯᠲᠡ ᠶᠢᠨ ᠴᠢᠨᠠᠷ ᠶᠡᠭᠡ᠂ ᠠᠵᠢᠯᠲᠠᠨ ᠤ ᠠᠮᠤᠷ ᠲᠦᠪᠰᠢᠨ ᠤ ᠬᠡᠪ ᠪᠣᠯᠪᠠᠰᠤᠷᠠᠯ ᠠᠳᠠᠯᠢ ᠦᠭᠡᠢ᠂ ᠬᠢᠨᠠᠨ | ᠬᠠᠮᠢᠶᠠᠷᠬᠤ ᠡᠭᠦᠷᠭᠡ ᠬᠦᠨᠳᠦ ᠠᠰᠠᠭᠤᠳᠠᠯ ᠮᠥᠨ ᠬᠦ ᠣᠷᠣᠰᠢᠵᠤ ᠪᠠᠶᠢᠨ᠎ᠠ᠃ ᠬᠤᠶᠠᠷ ᠲᠤ ᠨᠤᠨᠳᠠᠭ ᠲᠣᠭᠤᠰᠣ | ᠳᠡᠯᠪᠡᠷᠡᠯᠲᠡ ᠳᠤ ᠬᠤᠯᠪᠣᠭᠳᠠᠬᠤ᠂ ᠪᠠᠷᠢᠯᠭ᠎ᠠ ᠶᠢᠨ ᠮᠠᠲ᠋ᠧᠷᠢᠶᠠᠯ ᠡᠳ᠋ᠰᠢᠭᠦᠯᠬᠦ ᠵᠡᠷᠭᠡ ᠠᠵᠤ ᠦᠢᠯᠡᠳᠪᠦᠷᠢ | ᠠᠷᠠᠯᠵᠢᠶᠠᠨ ᠤ ᠠᠵᠤ ᠠᠬᠤᠶᠢᠯᠠᠯ ᠤᠳ ᠵᠣᠨ ᠤ ᠤᠯᠠᠷᠢᠯ ᠳᠤ ᠥᠨᠳᠥᠷ ᠪᠠᠶᠢᠷᠢᠨ ᠳᠤ ᠠᠵᠢᠯᠯᠠᠵᠤ᠂ ᠴᠢᠳᠠᠪᠤᠷᠢ ᠠᠴᠠ | ᠳᠠᠪᠠᠭᠰᠠᠨ᠂ ᠬᠡᠪᠴᠢᠶ᠎ᠡ ᠠᠴᠠ ᠳᠠᠪᠠᠭᠰᠠᠨ᠂ ᠬᠡᠮᠵᠢᠶ᠎ᠡ ᠠᠴᠠ ᠬᠡᠲᠦᠷᠡᠭᠰᠡᠨ ᠦᠢᠯᠡᠳᠪᠦᠷᠢᠯᠡᠬᠦ ᠵᠡᠷᠭᠡ ᠬᠠᠤᠯᠢ ᠪᠤᠰᠤ | ᠦᠶᠯᠡ ᠠᠵᠢᠯᠯᠠᠭ᠎ᠠ ᠶᠢ ᠲᠤᠶᠢᠯ ᠤᠨ ᠠᠮᠠᠷᠬᠠᠨ ᠪᠦᠷᠢᠯᠳᠦᠭᠦᠯᠦᠨ᠎ᠡ᠃ ᠭᠤᠷᠪᠠ ᠳᠤ ᠬᠢᠵᠠᠭᠠᠷ ᠲᠠᠢ ᠣᠷᠣᠨ ᠵᠠᠢ᠂ ᠭᠠᠯ | ᠨᠣᠴᠣᠭᠠᠬᠤ᠂ ᠲᠦᠷ ᠴᠠᠭ ᠴᠠᠬᠢᠯᠭᠠᠨ ᠬᠡᠷᠡᠭᠯᠡᠬᠦ᠂ ᠥᠨᠳᠥᠷ ᠭᠠᠵᠠᠷ ᠵᠡᠷᠭᠡ ᠳᠤ ᠠᠶᠤᠯᠲᠠᠢ ᠠᠵᠢᠯ ᠬᠢᠵᠦ ᠪᠠᠶᠢᠭ᠎ᠠ | ᠬᠥᠮᠥᠰ ᠤᠨ ᠠᠮᠤᠷ ᠲᠦᠪᠰᠢᠨ ᠤ ᠬᠡᠪ ᠴᠢᠨᠠᠷ ᠥᠨᠳᠥᠷ ᠪᠢᠰᠢ᠂ ᠠᠶᠤᠯᠲᠠᠢ ᠠᠵᠢᠯ ᠬᠢᠬᠦ ᠶᠢ ᠬᠢᠨᠠᠨ ᠵᠥᠪᠰᠢᠶᠡᠷᠡᠬᠦ | ᠳᠦᠷᠢᠮ ᠢ ᠴᠢᠩᠭ᠎ᠠ ᠬᠡᠷᠡᠭᠵᠢᠭᠦᠯᠬᠦ ᠦᠭᠡᠢ᠂ ᠲᠤᠬᠠᠢ ᠶᠢᠨ ᠲᠠᠯᠠᠪᠤᠷ ᠤᠨ ᠠᠮᠤᠷ ᠲᠦᠪᠰᠢᠨ ᠤ ᠨᠤᠲᠠᠯᠠᠯᠲᠠ ᠶᠢᠨ | ᠬᠢᠨᠠᠨ ᠬᠠᠮᠠᠭᠠᠯᠠᠯᠲᠠ ᠬᠦᠷᠦᠯᠴᠡᠬᠦ ᠦᠭᠡᠢ᠂ ᠳᠠᠭᠠᠭᠠᠴᠢᠯᠠᠯᠲᠠ ᠪᠠᠷ ᠬᠠᠮᠢᠶᠠᠷᠤᠯᠲᠠ ᠶᠢ ᠣᠷᠣᠯᠠᠭᠤᠯᠬᠤ᠂ | ᠳᠠᠭᠠᠭᠠᠴᠢᠯᠠᠬᠤ ᠠᠴᠠ ᠪᠢᠰᠢ ᠬᠠᠮᠢᠶᠠᠷᠬᠤ ᠦᠭᠡᠢ ᠵᠡᠷᠭᠡ ᠠᠰᠠᠭᠤᠳᠠᠯ ᠲᠣᠯᠣᠭᠠᠢ ᠥᠨᠳᠡᠶᠢᠵᠦ ᠮᠡᠳᠡᠨ᠎ᠡ᠂ ᠠᠮᠤᠷ | ᠲᠦᠪᠰᠢᠨ ᠤ ᠳᠠᠯᠳᠠ ᠬᠡᠮ ᠲᠣᠪᠣᠶᠢᠮ᠎ᠠ ᠪᠠᠶᠢᠵᠤ᠂ ᠬᠤᠣᠷᠳᠠᠭᠳᠠᠬᠤ᠂ ᠠᠮᠢᠰᠬᠤᠯ ᠪᠦᠲᠡᠬᠦ᠂ ᠭᠠᠯ ᠤᠨ ᠠᠶᠤᠯ | ᠭᠠᠷᠬᠤ᠂ ᠴᠠᠬᠢᠯᠭᠠᠨ ᠳᠤ ᠴᠣᠬᠢᠭᠳᠠᠬᠤ᠂ ᠥᠨᠳᠥᠷ ᠭᠠᠵᠠᠷ ᠤᠨᠠᠬᠤ ᠵᠡᠷᠭᠡ ᠠᠳᠡᠯ ᠭᠠᠷᠬᠤ ᠳᠤ ᠲᠤᠶᠢᠯ ᠤᠨ | ᠠᠮᠠᠷᠬᠠᠨ ᠬᠦᠷᠦᠭᠦᠯᠦᠨ᠎ᠡ᠃ | ︵ ᠵᠢᠷᠭᠤᠭ᠎ᠠ︶ ᠰᠣᠶᠣᠯ ᠤᠨ ᠵᠢᠭᠤᠯᠴᠢᠯᠠᠯ ᠤᠨ ᠬᠦᠷᠢᠶᠡᠨ ᠳᠠᠬᠢ ᠭᠤᠣᠯ ᠠᠶᠤᠯ ᠲᠦᠭᠰᠢᠭᠦᠷᠢ᠄ | ᠨᠢᠭᠡ ᠳᠤ ᠵᠢᠭᠤᠯᠴᠢᠯᠠᠯ ᠤᠨ ᠬᠥᠭᠵᠢᠯᠲᠡᠢ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠣᠯᠠᠨ ᠲᠦᠮᠡᠨ ᠤ ᠶᠠᠪᠤᠵᠤ | ᠰᠠᠭᠤᠬᠤ ᠬᠡᠮᠵᠢᠶ᠎ᠡ ᠶᠡᠭᠡ ᠪᠠᠷ ᠨᠡᠮᠡᠭᠳᠡᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠠᠶᠠᠨᠴᠢᠳ ᠤᠨ ᠣᠷᠭᠢᠯ | ᠦᠶ᠎ᠡ ᠲᠠᠢ ᠪᠣᠯᠵᠤ᠂ ᠵᠢᠭᠤᠯᠴᠢᠳ ᠤᠨ ᠲᠦᠭᠵᠢᠷᠡᠬᠦ᠂ ᠴᠤᠭᠯᠠᠷᠠᠬᠤ ᠶᠠᠪᠤᠳᠠᠯ ᠠᠮᠠᠷᠬᠠᠨ ᠡᠭᠦᠰᠴᠦ᠂ ᠭᠢᠰᠬᠢᠯᠳᠦᠬᠦ | ᠬᠡᠷᠡᠭ ᠲᠤᠶᠢᠯ ᠤᠨ ᠠᠮᠠᠷᠬᠠᠨ ᠭᠠᠷᠴᠤ᠂ ᠬᠡᠭᠡᠷ᠎ᠡ ᠬᠤᠭᠤᠯᠠᠯᠠᠬᠤ᠂ ᠬᠡᠭᠡᠷ᠎ᠡ ᠪᠠᠭᠤᠳᠠᠯᠯᠠᠬᠤ ᠵᠡᠷᠭᠡ ᠭᠡᠷ ᠤᠨ ᠭᠠᠳᠠᠨᠠᠬᠢ | ᠵᠠᠷᠢᠮ ᠠᠵᠢᠯᠯᠠᠭ᠎ᠠ ᠳᠤ ᠭᠠᠯ ᠤᠨ ᠠᠶᠤᠯ᠂ ᠬᠥᠮᠥᠨ ᠤ ᠪᠡᠶ᠎ᠡ ᠮᠠᠬᠠᠪᠤᠳ ᠢ ᠭᠡᠮᠲᠦᠭᠡᠬᠦ ᠵᠡᠷᠭᠡ ᠠᠶᠤᠯ ᠲᠦᠭᠰᠢᠭᠦᠷᠢ | ᠣᠷᠣᠰᠢᠵᠤ ᠪᠠᠶᠢᠨ᠎ᠠ᠃ ᠬᠤᠶᠠᠷ ᠲᠤ ᠦᠵᠡᠮᠵᠢ ᠶᠢᠨ ᠣᠷᠣᠨ᠂ ᠦᠵᠡᠮᠵᠢ ᠶᠢᠨ ᠣᠷᠣᠨ ᠢ ᠪᠠᠶᠢᠴᠠᠭᠠᠨ ᠵᠠᠰᠠᠬᠤ ᠪᠠ | ᠰᠡᠯᠪᠢᠨ ᠵᠠᠰᠠᠬᠤ ᠠᠵᠢᠯ ᠢ ᠪᠣᠳᠠᠲᠠᠶᠢᠵᠢᠭᠤᠯᠤᠭᠰᠠᠨ ᠦᠭᠡᠢ᠂ ᠵᠣᠬᠢᠬᠤ ᠬᠡᠮᠵᠢᠶᠡᠨ ᠤ ᠠᠮᠤᠷ ᠲᠦᠪᠰᠢᠨ ᠤ ᠳᠠᠯᠳᠠ | ᠬᠡᠮ ᠣᠷᠣᠰᠢᠵᠤ ᠪᠠᠶᠢᠨ᠎ᠠ︔ ᠲᠠᠷᠢᠶᠠᠴᠢᠨ ᠠᠶᠢᠯ ᠤᠨ ᠵᠢᠭᠤᠯᠴᠢᠯᠠᠯ ᠤᠨ ᠰᠦᠯᠵᠢᠶᠡᠨ ᠤ ᠤᠯᠠᠭᠠᠨ ᠬᠥᠭᠦᠷᠭᠡ᠂ ᠰᠢᠯ | ᠬᠥᠭᠦᠷᠭᠡᠨ ᠵᠠᠮ ᠵᠡᠷᠭᠡ ᠬᠦᠷᠢᠶᠡᠯᠡᠯ ᠲᠠᠢ ᠰᠦᠯᠵᠢᠶᠡᠨ ᠤ ᠤᠯᠠᠭᠠᠨ ᠺᠠᠷᠲ ᠠᠪᠤᠭᠰᠠᠨ ᠦᠵᠡᠮᠵᠢ ᠶᠢᠨ ᠣᠷᠣᠨ ᠤ | ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠨᠢ ᠪᠠᠷᠢᠮᠵᠢᠶ᠎ᠠ ᠳᠤ ᠬᠦᠷᠦᠭᠰᠡᠨ ᠦᠭᠡᠢ᠂ ᠵᠣᠬᠢᠬᠤ ᠬᠡᠮᠵᠢᠶᠡᠨ ᠤ ᠠᠮᠤᠷ | ᠲᠦᠪᠰᠢᠨ ᠤ ᠠᠶᠤᠯ ᠲᠦᠭᠰᠢᠭᠦᠷᠢ ᠣᠷᠣᠰᠢᠵᠤ ᠪᠠᠶᠢᠨ᠎ᠠ᠃ ᠭᠤᠷᠪᠠ ᠳᠤ ᠤᠯᠠᠨ ᠲᠦᠮᠡᠨᠴᠢ ᠴᠢᠨᠠᠷᠲᠠᠢ ᠰᠣᠶᠣᠯ ᠤᠨ | ᠠᠵᠢᠯᠯᠠᠭ᠎ᠠ ᠤᠯᠠᠨ᠂ ᠠᠮᠤᠷ ᠲᠦᠪᠰᠢᠨ ᠤ ᠪᠠᠲᠤᠯᠠᠭ᠎ᠠ ᠶᠢᠨ ᠪᠡᠯᠡᠳᠬᠡᠯ ᠲᠥᠰᠥᠯ ᠢ ᠲᠣᠭᠲᠠᠭᠠᠬᠤ ᠳᠤ ᠰᠢᠨᠵᠢᠯᠡᠬᠦ | ᠤᠬᠠᠭᠠᠨᠴᠢ ᠪᠤᠰᠤ᠂ ᠵᠢᠷᠤᠮᠵᠢᠯ ᠦᠭᠡᠢ ᠵᠡᠷᠭᠡ ᠦᠵᠡᠭᠳᠡᠯ ᠠᠮᠠᠷᠬᠠᠨ ᠭᠠᠷᠴᠤ᠂ ᠪᠠᠴᠢᠮ ᠪᠠᠶᠢᠳᠠᠯ ᠢ ᠲᠦᠷᠭᠡᠨ | ᠠᠷᠭᠠᠴᠠᠬᠤ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠠᠪᠤᠭᠰᠠᠨ ᠦᠭᠡᠢ ᠠᠴᠠ ᠪᠣᠯᠵᠤ ᠡ᠊ᠨᠳᠡᠯ ᠭᠠᠷᠬᠤ ᠳᠤ | ᠲᠤᠶᠢᠯ ᠤᠨ ᠠᠮᠠᠷᠬᠠᠨ ᠪᠠᠶᠢᠳᠠᠭ᠃ ᠳᠥᠷᠪᠡ ᠳᠤ ᠵᠢᠭᠤᠯᠴᠢᠯᠠᠯ ᠤᠨ ᠭᠠᠵᠠᠷ ᠬᠠᠤᠯᠢ ᠶᠣᠰᠣᠨ ᠤ ᠬᠢᠷᠢ ᠬᠡᠮ ᠦᠭᠡᠢ | ᠲᠡᠷᠭᠡ ᠪᠤᠶᠤ ᠵᠢᠯᠣᠭᠤᠴᠢ ᠶᠢ ᠲᠣᠭᠲᠠᠭᠠᠯ ᠠᠴᠠ ᠵᠥᠷᠢᠴᠡᠨ ᠲᠦᠷᠢᠶᠡᠰᠦᠯᠡᠨ ᠬᠡᠷᠡᠭᠯᠡᠵᠦ᠂ ᠲᠡᠷᠭᠡ ᠲᠦᠷᠢᠶᠡᠰᠦᠯᠡᠬᠦ | ᠵᠢᠷᠤᠮᠵᠢᠭᠰᠠᠨ ᠭᠡᠷ᠎ᠡ ᠲᠣᠭᠲᠠᠬᠤ ᠦᠭᠡᠢ᠂ ᠵᠢᠭᠤᠯᠴᠢᠯᠠᠯ ᠤᠨ ᠠᠶᠠᠯᠠᠯ ᠤᠨ ᠲᠥᠯᠥᠪᠯᠡᠭᠡ ᠵᠣᠬᠢᠰ ᠦᠭᠡᠢ ᠪᠣᠯ ᠴᠥᠮ | ᠵᠢᠭᠤᠯᠴᠢᠯᠠᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠳᠤ ᠳᠠᠯᠳᠠ ᠬᠡᠮ ᠠᠪᠴᠢᠷᠠᠬᠤ ᠪᠣᠯᠣᠨ᠎ᠠ᠃ | ︵ ᠲᠤᠯᠤᠭ᠎ᠠ︶ ᠭᠠᠯ ᠲᠦᠢᠮᠡᠷ ᠢ ᠤᠨᠲᠠᠷᠠᠭᠠᠬᠤ ᠬᠦᠷᠢᠶᠡᠨ ᠤ ᠭᠤᠣᠯ ᠲᠦᠭᠰᠢᠭᠦᠷᠢ᠄ ᠥᠨᠳᠥᠷ | ᠳᠠᠪᠬᠤᠷᠭᠠᠲᠤ ᠪᠠᠷᠢᠯᠭ᠎ᠠ᠂ ᠭᠠᠵᠠᠷ ᠳᠣᠣᠷᠠᠬᠢ ᠪᠠᠷᠢᠯᠭ᠎ᠠ ᠶᠢᠨ ᠰᠠᠭᠤᠷᠢ ᠲᠤᠭ᠎ᠠ ᠨᠢ ᠲᠣᠳᠣᠷᠬᠠᠢ ᠦᠭᠡᠢ ᠲᠠᠯᠳᠠ ᠭᠡᠮ | ᠨᠡᠯᠢᠶᠡᠳ ᠤᠯᠠᠨ ᠪᠠᠶᠢᠵᠤ᠂ ᠬᠡᠰᠡᠭ ᠬᠤᠷᠢᠶᠠᠯᠠᠯ ᠨᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠲᠦᠢᠮᠡᠷ ᠢ | ᠤᠨᠲᠠᠷᠠᠭᠠᠬᠤ ᠠᠵᠢᠯ ᠳᠠᠭᠤᠰᠤᠭᠰᠠᠨ ᠢ ᠳᠠᠩᠰᠠᠯᠠᠭᠤᠯᠬᠤ ᠭᠠᠷᠳᠠᠮ ᠢ ᠣᠯᠣᠭᠠᠳᠤᠢ ᠪᠠᠶᠢᠳᠠᠯ ᠳᠤ ᠳᠠᠷᠤᠢ | ᠠᠰᠢᠭᠯᠠᠯᠲᠠ ᠳᠤ ᠣᠷᠣᠭᠤᠯᠵᠤ᠂ ᠭᠠᠯ ᠤᠨ ᠠᠶᠤᠯ ᠭᠠᠷᠪᠠᠯ᠂ ᠤᠯᠠᠨ ᠬᠥᠮᠥᠨ ᠦᠬᠦᠵᠦ ᠤᠯᠠᠨ ᠬᠥᠮᠥᠨ | ᠰᠢᠷᠬᠠᠲᠤᠬᠤ ᠶᠠᠪᠤᠳᠠᠯ ᠢ ᠲᠤᠶᠢᠯ ᠤᠨ ᠠᠮᠠᠷᠬᠠᠨ ᠡᠭᠦᠰᠬᠡᠨ᠎ᠡ᠃ ᠬᠤᠳᠠ ᠳᠠᠬᠢ ᠲᠣᠰᠬᠤᠨ᠂ ᠥᠪᠡᠷ ᠢᠶᠠᠨ ᠭᠡᠷ | ᠪᠠᠷᠢᠬᠤ᠂ ᠬᠠᠭᠤᠴᠢᠨ ᠪᠠᠷᠠᠭ᠎ᠠ ᠶᠢᠨ ᠵᠠᠬ᠎ᠠ ᠳᠡᠯᠭᠡᠭᠦᠷ᠂ ᠳᠠᠬᠢᠯᠲᠠ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠭᠠᠯ | ᠲᠦᠢᠮᠡᠷ ᠢ ᠤᠨᠲᠠᠷᠠᠭᠠᠬᠤ ᠨᠡᠪᠳᠡᠷᠡᠯ ᠵᠠᠮ ᠰᠠᠭᠠᠳ ᠦᠭᠡᠢ᠂ ᠭᠠᠯ ᠲᠦᠢᠮᠡᠷ ᠤᠨ ᠠᠶᠤᠯ ᠢ ᠰᠡᠷᠭᠡᠶᠢᠯᠡᠬᠦ ᠵᠠᠢ | ᠬᠦᠷᠦᠯᠴᠡᠬᠦ ᠦᠭᠡᠢ᠂ ᠭᠠᠯ ᠲᠦᠢᠮᠡᠷ ᠢ ᠤᠨᠲᠠᠷᠠᠭᠠᠬᠤ ᠤᠰᠤᠨ ᠰᠤᠷᠪᠤᠯᠵᠢ ᠳᠤᠲᠠᠭᠳᠠᠵᠤ ᠪᠠᠶᠢᠬᠤ ᠵᠡᠷᠭᠡ ᠠᠰᠠᠭᠤᠳᠠᠯ | ᠲᠣᠪᠣᠶᠢᠮ᠎ᠠ ᠪᠠᠶᠢᠵᠤ᠂ ᠭᠠᠯ ᠤᠨ ᠠᠶᠤᠯ ᠤᠨ ᠲᠦᠭᠰᠢᠭᠦᠷᠢᠲᠦ ᠴᠢᠨᠠᠷ ᠳᠤᠮᠳᠠ ᠵᠡᠷᠭᠡ ᠪᠠᠶᠢᠨ᠎ᠠ᠃ | ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ᠂ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ | ᠠᠮᠤᠷ ᠲᠦᠪᠰᠢᠨ ᠢᠶᠠᠷ ᠲᠠᠷᠬᠠᠭᠠᠬᠤ ᠨᠥᠬᠦᠴᠡᠯ ᠪᠠᠷᠢᠮᠵᠢᠶ᠎ᠠ ᠳᠤ ᠬᠦᠷᠬᠦ ᠦᠭᠡᠢ᠃ ᠮᠠᠯᠵᠢᠬᠤ ᠲᠠᠷᠢᠶᠠᠯᠠᠬᠤ ᠣᠷᠣᠨ ᠤ | ᠭᠠᠯ ᠲᠦᠢᠮᠡᠷ ᠢ ᠤᠨᠲᠠᠷᠠᠭᠠᠬᠤ ᠠᠮᠤᠷ ᠲᠦᠪᠰᠢᠨ ᠤ ᠰᠠᠭᠤᠷᠢ ᠪᠦᠲᠦᠭᠡᠨ ᠪᠠᠶᠢᠭᠤᠯᠤᠯᠲᠠ ᠬᠠᠷᠢᠴᠠᠩᠭᠤᠢ ᠪᠠᠷ | ᠬᠤᠴᠣᠷᠴᠤ᠂ ᠦᠨᠳᠦᠰᠦᠨ ᠱᠠᠲᠤᠨ ᠤ ᠰᠡᠭᠦᠯᠴᠢ ᠶᠢᠨ ᠬᠡᠰᠡᠭ ᠤᠨ ᠭᠠᠯ ᠲᠦᠢᠮᠡᠷ ᠢ ᠤᠨᠲᠠᠷᠠᠭᠠᠬᠤ ᠠᠮᠤᠷ | ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠦᠨᠳᠦᠰᠦᠨ ᠵᠦᠢᠯ ᠢ ᠪᠠᠲᠤᠯᠠᠬᠤ ᠦᠭᠡᠢ᠂ ᠲᠠᠷᠢᠶᠠᠴᠢᠨ | ᠲᠦᠮᠡᠨ ᠤ ᠭᠠᠯ ᠲᠦᠢᠮᠡᠷ ᠢ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠶᠡᠷᠦᠩᠬᠡᠢ ᠳᠡᠭᠡᠨ ᠥᠨᠳᠥᠷ ᠪᠢᠰᠢ | ᠂ ᠲᠣᠭᠲᠠᠭᠠᠯ ᠠᠴᠠ ᠵᠥᠷᠢᠴᠡᠨ ᠭᠠᠯ ᠴᠠᠬᠢᠯᠭᠠᠨ ᠬᠡᠷᠡᠭᠯᠡᠬᠦ ᠵᠡᠷᠭᠡ ᠠᠰᠠᠭᠤᠳᠠᠯ ᠲᠣᠪᠣᠶᠢᠮ᠎ᠠ ᠪᠠᠶᠢᠨ᠎ᠠ᠃ ᠡᠮᠨᠡᠯᠭᠡ ᠶᠢᠨ | ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ | ᠴᠣᠭᠴᠠ ᠵᠡᠷᠭᠡ ᠬᠥᠮᠥᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠲᠤ ᠵᠠᠮ ᠱᠤᠭᠤᠮ᠂ ᠲᠥᠬᠦᠭᠡᠷᠦᠮᠵᠢ | ᠬᠠᠭᠤᠴᠢᠷᠠᠵᠤ᠂ ᠣᠯᠠᠨ ᠬᠥᠮᠥᠨ ᠦᠬᠦᠵᠦ ᠣᠯᠠᠨ ᠬᠥᠮᠥᠨ ᠰᠢᠷᠬᠠᠲᠤᠬᠤ ᠭᠠᠯ ᠤᠨ ᠭᠠᠮᠰᠢᠭ ᠤᠨ ᠠᠳᠡᠯ ᠠᠮᠠᠷᠬᠠᠨ | ᠭᠠᠷᠴᠤ ᠮᠡᠳᠡᠨ᠎ᠡ᠃ ᠡᠭᠦᠨ ᠠᠴᠠ ᠭᠠᠳᠠᠨ᠎ᠠ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠵᠡᠷᠭᠡ ᠬᠥᠮᠥᠨ ᠬᠠᠷ᠎ᠠ ᠬᠤᠷᠠᠨ | ᠴᠤᠭᠯᠠᠷᠠᠭᠰᠠᠨ ᠲᠠᠯᠠᠪᠤᠷ ᠲᠤ ᠲᠡᠮᠦᠷ ᠬᠡᠷᠡᠰᠬᠡ ᠲᠣᠬᠢᠷᠠᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠪᠠ ᠭᠠᠯ | ᠲᠦᠢᠮᠡᠷ ᠢ ᠤᠨᠲᠠᠷᠠᠭᠠᠬᠤ ᠠᠮᠤᠷ ᠲᠦᠪᠰᠢᠨ ᠤ ᠵᠥᠷᠢᠴᠡᠯ ᠲᠣᠪᠣᠶᠢᠮ᠎ᠠ ᠪᠠᠶᠢᠨ᠎ᠠ᠃ | ︵ ᠨᠠᠢᠮᠠ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠢ ᠰᠡᠷᠭᠡᠶᠢᠯᠡᠨ | ᠤᠨᠲᠠᠷᠠᠭᠠᠬᠤ ᠭᠤᠣᠯ ᠲᠦᠭᠰᠢᠭᠦᠷᠢ᠄ ᠠᠭᠠᠷ ᠤᠨ ᠳᠤᠯᠠᠭᠠᠨ ᠪᠠ ᠶᠡᠭᠡ ᠰᠠᠯᠬᠢᠨ ᠤ ᠴᠠᠭ ᠠᠭᠤᠷ ᠤᠨ | ᠨᠥᠯᠥᠭᠡ ᠠᠴᠠ ᠪᠣᠯᠵᠤ᠂ ᠭᠠᠯ ᠤᠨ ᠠᠶᠤᠯ ᠤᠨ ᠲᠠᠰ ᠦᠳᠲᠡᠷ ᠲᠦᠷᠭᠡᠨ ᠳᠡᠭᠡᠭᠰᠢᠯᠡᠵᠦ᠂ ᠭᠠᠯ ᠤᠨ ᠠᠶᠤᠯ ᠤᠨ | ᠪᠠᠶᠢᠳᠠᠯ ᠤᠷᠢᠳᠴᠢᠯᠠᠨ ᠡᠭᠦᠰᠬᠦ ᠪᠣᠯᠣᠮᠵᠢ ᠮᠠᠰᠢ ᠶᠡᠭᠡ ᠪᠠᠶᠢᠳᠠᠭ᠃ ᠭᠡᠷ ᠤᠨ ᠭᠠᠳᠠᠨ᠎ᠠ ᠰᠢᠷᠠᠯᠠᠬᠤ᠂ ᠬᠡᠭᠡᠷ᠎ᠡ | ᠬᠤᠭᠤᠯᠠᠯᠠᠬᠤ ᠵᠡᠷᠭᠡ ᠠᠵᠢᠯᠯᠠᠭ᠎ᠠ ᠨᠢ ᠭᠠᠯ ᠤᠨ ᠠᠶᠤᠯ ᠢ ᠲᠤᠶᠢᠯ ᠤᠨ ᠠᠮᠠᠷᠬᠠᠨ ᠡᠭᠦᠰᠬᠡᠳᠡᠭ᠃ | ︵ ᠶᠢᠰᠦ︶ ᠪᠠᠶᠢᠭᠠᠯᠢ ᠶᠢᠨ ᠭᠠᠢ ᠭᠠᠮᠰᠢᠭ ᠤᠨ ᠭᠤᠣᠯ ᠲᠦᠭᠰᠢᠭᠦᠷᠢ᠄ ᠣᠶᠢᠷ᠎ᠠ ᠶᠢᠨ ᠬᠤᠭᠤᠴᠠᠭᠠᠨ ᠳᠤ | ᠶᠡᠭᠡ ᠰᠠᠯᠬᠢ ᠰᠢᠭᠤᠷᠭᠠᠨ ᠤ ᠣᠷᠴᠢᠨ ᠨᠥᠬᠦᠴᠡᠯ ᠭᠠᠷᠴᠤ᠂ ᠵᠠᠮ ᠬᠠᠷᠢᠯᠴᠠᠭᠠᠨ ᠤ ᠠᠳᠡᠯ ᠠᠮᠠᠷᠬᠠᠨ ᠡᠭᠦᠰᠬᠦ᠂ | ᠥᠨᠳᠥᠷ ᠳᠠᠪᠬᠤᠷᠭ᠎ᠠ ᠶᠢᠨ ᠭᠠᠳᠠᠷ ᠡᠯᠭᠦᠭᠡ ᠡᠳ᠋ ᠪᠣᠳᠠᠰ ᠠᠮᠠᠷᠬᠠᠨ ᠤᠨᠠᠵᠤ ᠢᠷᠡᠬᠦ ᠪᠠ ᠭᠠᠯ ᠤᠨ ᠠᠶᠤᠯ ᠵᠡᠷᠭᠡ᠃ | ᠬᠡᠰᠡᠭ ᠬᠥᠭᠦᠷᠭᠡ᠂ ᠭᠤᠯᠳᠤᠩ ᠢ ᠪᠥᠭᠯᠡᠭᠰᠡᠨ ᠬᠤᠭ ᠨᠣᠪᠰᠢ ᠬᠠᠶᠠᠭᠳᠠᠮᠠᠯ ᠪᠣᠳᠠᠰ ᠢ ᠴᠠᠭ ᠲᠤᠬᠠᠢ ᠳᠤᠨᠢ ᠴᠡᠪᠡᠷᠯᠡᠵᠦ | ᠳᠡᠶᠢᠯᠬᠦ ᠦᠭᠡᠢ ᠠᠴᠠ ᠪᠣᠯᠵᠤ ᠤᠰᠤᠨ ᠵᠠᠮ ᠢ ᠰᠠᠭᠠᠳ ᠦᠭᠡᠢ ᠨᠡᠪᠲᠡᠷᠡᠭᠦᠯᠪᠡ᠃ ᠤᠳᠤ ᠪᠠᠶᠢᠭ᠎ᠠ ᠦᠶᠡᠷ ᠤᠰᠤᠨ ᠤ | ᠭᠠᠮᠰᠢᠭ ᠠᠴᠠ ᠰᠡᠷᠭᠡᠶᠢᠯᠡᠨ ᠭᠠᠩ ᠲᠠᠢ ᠲᠡᠮᠡᠴᠡᠬᠦ ᠰᠠᠭᠤᠷᠢ ᠲᠥᠬᠦᠭᠡᠷᠦᠮᠵᠢ ᠶᠢᠨ ᠡᠰᠡᠷᠭᠦᠴᠡᠨ ᠬᠤᠷᠢᠭᠯᠠᠬᠤ | ᠴᠢᠳᠠᠪᠤᠷᠢ ᠨᠡᠯᠢᠶᠡᠳ ᠪᠠᠭᠤᠷᠠᠢ ᠪᠠᠶᠢᠵᠤ᠂ ᠳᠤᠮᠳᠠ ᠵᠡᠷᠭᠡ ᠠᠴᠠ ᠳᠡᠭᠡᠭᠰᠢ ᠭᠠᠮᠰᠢᠭ ᠤᠨ ᠪᠠᠶᠢᠳᠠᠯ ᠳᠤ | ᠲᠣᠬᠢᠶᠠᠯᠳᠤᠪᠠᠯ᠂ ᠶᠡᠷᠦᠨᠢ ᠳᠤᠮᠳᠠ ᠵᠡᠷᠭᠡ ᠬᠤᠬᠢᠷᠠᠯ ᠤᠴᠠᠷᠠᠭᠤᠯᠳᠠᠭ᠃ | ᠭᠤᠷᠪᠠ᠂ ᠠᠷᠭᠠᠴᠠᠬᠤ ᠠᠷᠭ᠎ᠠ ᠬᠡᠮᠵᠢᠶ᠎ᠡ ᠶᠢᠨ ᠰᠠᠨᠠᠭᠤᠯᠭ᠎ᠠ | ᠴᠠᠭᠠᠰᠢᠳᠠ᠂ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ | ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠡᠷᠴᠢᠮᠲᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ | ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠤᠬᠠᠢ ᠴᠢᠬᠤᠯᠠ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠣᠣᠷᠠᠬᠢ ᠠᠵᠢᠯ ᠤᠳ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ ᠨᠢᠭᠡ︶ ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠦᠷᠢᠶᠡᠨ ᠤ ᠰᠡᠷᠭᠡᠶᠢᠯᠡᠬᠦ ᠠᠷᠭ᠎ᠠ ᠬᠡᠮᠵᠢᠶ᠎ᠡ᠄ | ᠨᠢᠭᠡ ᠳᠤ᠂ ᠲᠡᠭᠡᠭᠡᠪᠦᠷᠢ ᠶᠢᠨ ᠤᠷᠬᠢᠯ ᠤᠨ ᠬᠤᠭᠤᠴᠠᠭᠠᠨ ᠳᠤ ᠵᠠᠳᠠᠯᠤᠯᠲᠠ ᠬᠢᠵᠦ ᠤᠷᠢᠳᠴᠢᠯᠠᠨ ᠮᠠᠭᠠᠳᠯᠠᠬᠤ ᠪᠠ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ | ᠴᠠᠭ ᠲᠤᠬᠠᠢ ᠳᠤᠨᠢ ᠨᠡᠶᠢᠲᠡᠯᠡᠵᠦ᠂ ᠠᠶᠠᠨᠴᠢᠳ ᠤᠨ ᠴᠤᠪᠤᠷᠠᠯ ᠢ ᠣᠬᠤᠷᠬᠠᠨ ᠬᠤᠭᠤᠴᠠᠭᠠᠨ ᠳᠤ ᠲᠥᠪᠯᠡᠷᠡᠭᠦᠯᠦᠨ | ᠨᠡᠮᠡᠭᠳᠡᠭᠦᠯᠬᠦ ᠦᠵᠡᠭᠳᠡᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠠᠶᠢᠲᠤᠷ ᠵᠢᠭᠠᠨ | ᠵᠢᠯᠤᠭᠤᠳᠴᠤ᠂ ᠲᠡᠷᠭᠡ ᠬᠥᠰᠬᠡ ᠶᠢᠨ ᠶᠡᠭᠡ ᠬᠡᠪᠴᠢᠶ᠎ᠡ ᠪᠠᠷ ᠲᠦᠭᠵᠢᠷᠡᠬᠦ᠂ ᠴᠤᠭᠯᠠᠷᠠᠬᠤ ᠶᠢ ᠪᠠᠭᠠᠰᠬᠠᠵᠤ᠂ ᠬᠥᠭᠦᠷᠭᠡ | ᠂ ᠦᠢᠯᠡᠴᠢᠯᠡᠭᠡᠨ ᠤ ᠲᠣᠭᠤᠷᠢᠭ᠂ ᠰᠦᠢᠳᠬᠡᠯ ᠬᠤᠷᠢᠶᠠᠬᠤ ᠦᠷᠳᠡᠭᠡ᠂ ᠦᠵᠡᠮᠵᠢ ᠶᠢᠨ ᠣᠷᠣᠨ ᠤ ᠣᠷᠣᠵᠤ ᠭᠠᠷᠬᠤ | ᠭᠠᠵᠠᠷ᠂ ᠬᠤᠳᠠ ᠶᠢᠨ ᠣᠷᠣᠵᠤ ᠭᠠᠷᠬᠤ ᠭᠠᠵᠠᠷ ᠵᠡᠷᠭᠡ ᠲᠡᠷᠭᠡ ᠬᠥᠰᠬᠡ ᠲᠥᠪᠯᠡᠷᠡᠭᠰᠡᠨ ᠣᠷᠣᠨ ᠤ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠬᠤᠶᠠᠷ ᠲᠤ ᠵᠠᠮ ᠬᠠᠷᠢᠯᠴᠠᠭᠠᠨ ᠤ ᠬᠠᠤᠯᠢ | ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠢᠭᠤᠯᠴᠢᠯᠠᠯ ᠤᠨ ᠲᠡᠷᠭᠡ ᠳᠠᠭᠠᠭᠠᠴᠢᠯᠠᠭᠰᠠᠨ | ᠦᠨᠡᠮᠯᠡᠯ ᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠤᠯᠠᠷᠢᠯ ᠤᠨ ᠴᠢᠨᠠᠷᠲᠠᠢ ᠵᠠᠮ | ᠬᠠᠷᠢᠯᠴᠠᠭᠠᠨ ᠤ ᠠᠶᠠᠯᠠᠯ ᠤᠨ ᠴᠡᠭ ᠲᠠᠢ ᠤᠶᠠᠯᠳᠤᠭᠤᠯᠤᠨ᠂ ᠠᠳᠡᠯ ᠳᠤ ᠢᠯᠡᠷᠡᠭᠰᠡᠨ ᠠᠶᠤᠯ ᠲᠦᠭᠰᠢᠭᠦᠷᠢ ᠶᠢᠨ | ᠳᠠᠯᠳᠠ ᠬᠡᠮ ᠪᠠ ᠬᠥᠳᠡᠭᠡ ᠲᠣᠰᠬᠤᠨ ᠤ ᠭᠠᠵᠠᠷ ᠣᠷᠣᠨ ᠤ ᠠᠶᠠᠯᠠᠯ ᠤᠨ ᠪᠠᠶᠢᠳᠠᠯ ᠣᠯᠠᠨ᠂ ︽ᠬᠤᠶᠠᠷ ᠠᠴᠠ | ᠵᠥᠷᠢᠴᠡᠭᠰᠡᠨ︾ ᠬᠡᠷᠡᠭ ᠭᠠᠷᠭᠠᠬᠤ ᠠᠶᠤᠯ ᠲᠦᠭᠰᠢᠭᠦᠷᠢ ᠲᠣᠪᠣᠶᠢᠮ᠎ᠠ ᠪᠠᠶᠢᠬᠤ ᠵᠡᠷᠭᠡ ᠪᠠᠶᠢᠳᠠᠯ ᠲᠠᠢ | ᠤᠶᠠᠯᠳᠤᠭᠤᠯᠤᠨ᠂ ᠠᠮᠠᠷᠬᠠᠨ ᠬᠡᠷᠡᠭ ᠭᠠᠷᠭᠠᠵᠤ ᠭᠠᠢ ᠭᠠᠮᠰᠢᠭ ᠭᠠᠷᠭᠠᠬᠤ ᠭᠤᠣᠯᠳᠠᠯᠭ᠎ᠠ ᠲᠠᠢ ᠴᠠᠭ᠂ ᠵᠠᠮ᠂ ᠲᠡᠷᠭᠡ | ᠬᠥᠰᠬᠡ ᠶᠢ ᠴᠢᠩᠭ᠎ᠠ ᠠᠵᠢᠭᠯᠠᠵᠤ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠬᠦ ᠶᠢ | ᠥᠷᠨᠢᠭᠦᠯᠦᠨ᠂ ᠠᠮᠠᠷᠬᠠᠨ ᠬᠡᠷᠡᠭ ᠭᠠᠷᠭᠠᠵᠤ ᠭᠠᠢ ᠭᠠᠮᠰᠢᠭ ᠭᠠᠷᠭᠠᠬᠤ ᠵᠠᠮ ᠬᠠᠷᠢᠯᠴᠠᠭᠠᠨ ᠤ ᠬᠠᠤᠯᠢ ᠠᠴᠠ ᠬᠦᠨᠳᠦ | ᠨᠣᠴᠢᠲᠠᠢ ᠵᠥᠷᠢᠴᠡᠭᠰᠡᠨ᠂ ᠲᠣᠭᠲᠠᠭᠠᠯ ᠠᠴᠠ ᠵᠥᠷᠢᠴᠡᠨ ᠲᠦᠰᠢᠵᠦ ᠡᠵᠡᠩᠨᠡᠬᠦ ᠵᠡᠷᠭᠡ ᠦᠶᠯᠡ ᠠᠵᠢᠯᠯᠠᠭ᠎ᠠ ᠳᠤ | ᠨᠠᠷᠢᠯᠢᠭ ᠣᠨᠣᠴᠠᠲᠠᠢ ᠪᠠᠷ ᠴᠣᠬᠢᠯᠲᠠ ᠥᠭᠴᠦ᠂ ᠪᠣᠯᠵᠣᠨ ᠶᠠᠷᠢᠯᠴᠠᠬᠤ᠂ ᠮᠡᠳᠡᠭᠡᠯᠡᠬᠦ᠂ ᠢᠯᠡᠴᠢᠯᠡᠬᠦ᠂ ᠵᠠᠮ ᠳᠡᠭᠡᠷ᠎ᠡ | ᠲᠣᠭᠤᠷᠢᠨ ᠪᠠᠶᠢᠴᠠᠭᠠᠬᠤ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠬᠤᠷᠳᠤᠴᠠ ᠠᠴᠠ ᠬᠡᠲᠦᠷᠡᠭᠦᠯᠬᠦ᠂ | ᠳᠠᠭᠠᠭᠠᠴᠠ ᠠᠴᠠ ᠬᠡᠲᠦᠷᠡᠭᠦᠯᠬᠦ᠂ ᠶᠠᠳᠠᠷᠠᠭᠤ ᠪᠠᠷ ᠵᠢᠯᠤᠭᠤᠳᠬᠤ᠂ ᠬᠠᠤᠯᠢ ᠠᠴᠠ ᠵᠥᠷᠢᠴᠡᠨ ᠠᠶᠠᠨᠴᠢᠳ ᠢ | ᠲᠡᠭᠡᠭᠡᠪᠦᠷᠢᠯᠡᠬᠦ᠂ ᠬᠠᠤᠯᠢ ᠪᠤᠰᠤ ᠪᠠᠷ ᠡᠵᠡᠩᠨᠡᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ | ᠴᠢᠩᠭ᠎ᠠ ᠴᠣᠬᠢᠯᠲᠠ ᠣᠯᠭᠤᠨ᠎ᠠ᠃ ᠭᠤᠷᠪᠠ ᠳᠤ ᠮᠠᠭᠤ ᠴᠠᠭ ᠠᠭᠤᠷ ᠪᠠ ᠠᠶᠠᠨᠴᠢᠳ ᠤᠨ ᠤᠷᠤᠰᠬᠠᠯ ᠤᠨ ᠶᠡᠭᠡ | ᠬᠡᠪᠴᠢᠶᠡᠨ ᠤ ᠨᠡᠮᠡᠭᠳᠡᠯ ᠤᠨ ᠲᠡᠭᠡᠭᠡᠪᠦᠷᠢ ᠶᠢᠨ ᠠᠮᠤᠷ ᠲᠦᠪᠰᠢᠨ ᠳᠤ ᠤᠴᠠᠷᠠᠭᠤᠯᠬᠤ ᠠᠶᠤᠯ ᠲᠦᠭᠰᠢᠭᠦᠷᠢ ᠶᠢᠨ | ᠥᠷᠢᠰᠦᠯᠳᠦᠭᠡᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠳᠠᠯᠢ ᠪᠤᠰᠤ ᠬᠠᠮᠲᠤᠯᠢᠭ᠂ ᠠᠳᠠᠯᠢ ᠪᠤᠰᠤ | ᠴᠠᠭ ᠬᠤᠭᠤᠴᠠᠭ᠎ᠠ᠂ ᠠᠳᠠᠯᠢ ᠪᠤᠰᠤ ᠣᠷᠣᠨ ᠪᠦᠰᠡ ᠶᠢᠨ ᠠᠶᠠᠨᠴᠢᠳ ᠤᠨ ᠤᠷᠤᠰᠬᠠᠯ ᠤᠨ ᠬᠥᠭᠵᠢᠯᠲᠡ ᠶᠢᠨ | ᠬᠠᠨᠳᠤᠰᠢ ᠶᠢ ᠬᠥᠳᠡᠯᠦᠩᠭᠦᠢ ᠪᠠᠷ ᠰᠤᠳᠤᠯᠤᠨ ᠮᠠᠭᠠᠳᠯᠠᠵᠤ᠂ ᠭᠤᠣᠯ ᠱᠤᠭᠤᠮ ᠤᠨ ᠵᠠᠮ ᠤᠨ ᠲᠣᠣᠷ ᠤᠨ | ᠠᠵᠢᠯᠯᠠᠭᠠᠨ ᠤ ᠬᠢᠨᠠᠨ ᠬᠡᠮᠵᠢᠯᠲᠡ ᠶᠢ ᠴᠢᠩᠭᠠᠳᠬᠠᠨ᠂ ᠭᠤᠣᠯᠳᠠᠯᠭ᠎ᠠ ᠲᠠᠢ ᠵᠠᠮ ᠤᠨ ᠬᠡᠰᠡᠭ ᠤᠨ ᠵᠠᠮ ᠬᠠᠷᠢᠯᠴᠠᠭᠠᠨ ᠤ | ᠤᠷᠤᠰᠬᠠᠯ ᠤᠨ ᠬᠡᠮᠵᠢᠶ᠎ᠡ ᠶᠢ ᠨᠢᠭᠲᠠ ᠠᠩᠬᠠᠷᠬᠤ ᠬᠡᠷᠡᠭᠲᠡᠢ᠃ ᠳᠥᠷᠪᠡ ᠳᠤ᠂ ᠵᠠᠮ ᠤᠨ ᠠᠮᠤᠷ ᠲᠦᠪᠰᠢᠨ ᠤ ᠬᠡᠮ | ᠰᠣᠭᠤᠭ ᠢ ᠪᠦᠬᠦ ᠲᠠᠯ᠎ᠠ ᠪᠠᠷ ᠨᠠᠷᠢᠪᠴᠢᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠣᠨᠴᠠᠭᠠᠶᠢᠯᠠᠨ ᠵᠠᠰᠠᠮᠠᠯ | ᠵᠠᠮ ᠤᠨ ᠠᠮᠤᠷ ᠲᠦᠪᠰᠢᠨ ᠤ ᠲᠥᠬᠦᠭᠡᠷᠦᠮᠵᠢ ᠪᠣᠯᠣᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ | ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠠᠳᠬᠤᠵᠤ᠂ ᠲᠡᠮᠦᠷ ᠵᠠᠮ ᠤᠨ ᠠᠭᠤᠯᠵᠠᠷ᠂ ᠲᠣᠰᠬᠤᠨ ᠢ ᠨᠡᠪᠲᠡᠯᠦᠨ | ᠪᠠᠯᠭᠠᠰᠤ ᠪᠠᠷ ᠥᠩᠭᠡᠷᠡᠬᠦ ᠭᠤᠣᠯ ᠵᠠᠰᠠᠮᠠᠯ ᠵᠠᠮ ᠤᠨ ᠠᠮᠤᠷ ᠲᠦᠪᠰᠢᠨ ᠤ ᠬᠡᠮ ᠰᠣᠭᠤᠭ ᠢ ᠨᠠᠷᠢᠪᠴᠢᠯᠠᠨ ᠪᠠᠶᠢᠴᠠᠭᠠᠵᠤ | ᠵᠠᠰᠠᠬᠤ ᠠᠵᠢᠯ ᠢ ᠭᠦᠨᠵᠡᠭᠡᠶᠢᠷᠡᠭᠦᠯᠬᠦ ᠬᠡᠷᠡᠭᠲᠡᠢ᠃ ᠲᠠᠪᠤ ᠳᠤ ᠬᠥᠳᠡᠭᠡ ᠲᠣᠰᠬᠤᠨ ᠤ ᠵᠠᠮ᠂ ᠲᠠᠷᠢᠶᠠᠯᠠᠩ ᠳᠤ ᠬᠡᠷᠡᠭᠯᠡᠬᠦ | ᠲᠡᠷᠭᠡ ᠶᠢᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠵᠠᠰᠠᠨ ᠴᠡᠭᠴᠡᠯᠡᠬᠦ ᠠᠵᠢᠯ ᠢ | ᠴᠢᠩᠭᠠᠳᠬᠠᠵᠤ᠂ ᠲᠠᠷᠢᠶᠠᠯᠠᠩ ᠳᠤ ᠬᠤᠯᠪᠣᠭᠳᠠᠭᠰᠠᠨ ᠲᠡᠷᠭᠡ ᠬᠡᠷᠡᠭᠯᠡᠬᠦ ᠵᠠᠮ ᠬᠠᠷᠢᠯᠴᠠᠭᠠᠨ ᠤ ᠠᠳᠡᠯ ᠢ | ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠵᠦ᠂ ᠠᠮᠤᠷ ᠲᠦᠪᠰᠢᠨ᠂ ᠡᠮᠬᠢ ᠵᠢᠷᠤᠮ ᠲᠠᠢ᠂ ᠰᠠᠭᠠᠳ ᠦᠭᠡᠢ | ᠨᠡᠪᠲᠡᠷᠡᠬᠦ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠵᠤ᠂ ᠬᠥᠳᠡᠭᠡ ᠲᠣᠰᠬᠤᠨ ᠤ ᠭᠠᠵᠠᠷ | ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠬᠠᠨᠳᠤᠯᠭᠠᠲᠤ ᠴᠢᠨᠠᠷᠲᠠᠢ ᠪᠠᠷ | ᠴᠢᠩᠭᠠᠳᠬᠠᠨ᠎ᠠ᠃ | ︵ ᠬᠤᠶᠠᠷ︶ ᠪᠠᠷᠢᠯᠭ᠎ᠠ ᠪᠠᠷᠢᠬᠤ ᠪᠠ ᠣᠷᠣᠨ ᠰᠠᠭᠤᠴᠠ ᠪᠦᠲᠦᠭᠡᠨ ᠪᠠᠶᠢᠭᠤᠯᠤᠯᠲᠠ ᠶᠢᠨ ᠬᠦᠷᠢᠶ᠎ᠡ | ᠴᠠᠷᠠᠭ᠎ᠠ ᠶᠢᠨ ᠰᠡᠷᠭᠡᠶᠢᠯᠡᠬᠦ ᠠᠷᠭ᠎ᠠ ᠬᠡᠮᠵᠢᠶ᠎ᠡ᠄ ᠠᠮᠤᠷ ᠲᠦᠪᠰᠢᠨ ᠤ ᠬᠢᠨᠠᠨ ᠵᠢᠯᠤᠭᠤᠳᠴᠤ ᠪᠠᠶᠢᠴᠠᠭᠠᠬᠤ ᠶᠢ | ᠦᠷᠭᠦᠯᠵᠢᠯᠡᠨ ᠥᠷᠨᠢᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠠᠵᠢᠯ ᠡᠬᠢᠯᠡᠭᠦᠯᠬᠦ᠂ ᠪᠠᠶᠢᠭᠤᠯᠬᠤ ᠶᠢ | ᠵᠣᠭᠰᠤᠭᠠᠬᠤ ᠲᠥᠷᠥᠯ ᠵᠦᠢᠯ ᠤᠨ ᠠᠵᠢᠯ ᠢᠶᠠᠨ ᠰᠡᠷᠭᠦᠭᠡᠬᠦ᠂ ᠭᠦᠨ ᠰᠠᠭᠤᠷᠢ ᠶᠢᠨ ᠨᠦᠬᠡ᠂ ᠥᠨᠳᠥᠷ | ᠲᠤᠯᠭᠠᠭᠤᠷᠢᠲᠤ ᠵᠠᠭᠪᠤᠷ᠂ ᠡᠷᠭᠦᠭᠦᠯ ᠮᠠᠰᠢᠨ ᠵᠡᠷᠭᠡ ᠶᠢ ᠴᠢᠩᠭ᠎ᠠ ᠠᠩᠬᠠᠷᠴᠤ᠂ ᠠᠳᠡᠯ ᠣᠯᠠᠨ ᠭᠠᠷᠳᠠᠭ | ᠪᠠᠷᠢᠯᠭ᠎ᠠ ᠶᠢᠨ ᠠᠵᠤ ᠠᠬᠤᠶᠢᠯᠠᠯ ᠤᠨ ᠲᠥᠷᠥᠯ ᠵᠦᠢᠯ ᠤᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠭᠤᠣᠯ | ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃ | ᠥᠪᠡᠷᠲᠡᠭᠡᠨ ᠪᠠᠷᠢᠭᠰᠠᠨ ᠭᠡᠷ ᠪᠠᠶᠢᠰᠢᠩ ᠢ ᠨᠠᠷᠢᠪᠴᠢᠯᠠᠨ ᠪᠠᠶᠢᠴᠠᠭᠠᠵᠤ ᠵᠠᠰᠠᠨ ᠴᠡᠭᠴᠡᠯᠡᠬᠦ ᠠᠵᠢᠯ ᠢ ᠦᠷᠭᠦᠯᠵᠢᠯᠡᠨ | ᠥᠷᠨᠢᠭᠦᠯᠵᠦ᠂ ᠡᠮᠦᠨᠡᠬᠢ ᠬᠤᠭᠤᠴᠠᠭᠠᠨ ᠤ ᠨᠠᠷᠢᠪᠴᠢᠯᠠᠨ ᠪᠠᠶᠢᠴᠠᠭᠠᠵᠤ ᠵᠠᠰᠠᠨ ᠴᠡᠭᠴᠡᠯᠡᠬᠦ ᠦᠷ᠎ᠡ ᠪᠦᠲᠦᠮᠵᠢ ᠶᠢ | ᠪᠠᠬᠢᠵᠢᠭᠦᠯᠵᠦ᠂ ᠠᠰᠠᠭᠤᠳᠠᠯ ᠳᠠᠬᠢᠨ ᠡᠭᠦᠰᠬᠦ ᠶᠢ ᠰᠡᠷᠭᠡᠶᠢᠯᠡᠨ᠂ ᠬᠠᠭᠤᠴᠢᠨ ᠬᠠᠭᠤᠴᠢᠨ ᠬᠤᠷᠢᠶᠠᠯᠠᠯ᠂ ᠬᠥᠳᠡᠭᠡ | ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠵᠡᠷᠭᠡ ᠠᠵᠢᠯ ᠲᠠᠢ ᠤᠶᠠᠯᠳᠤᠭᠤᠯᠤᠨ | ᠲᠥᠷᠥᠯ ᠬᠤᠪᠢᠶᠠᠨ ᠰᠢᠢᠳᠪᠦᠷᠢᠯᠡᠵᠦ᠂ ᠠᠮᠤᠷ ᠲᠦᠪᠰᠢᠨ ᠤ ᠳᠠᠯᠳᠠ ᠬᠡᠮ ᠢ ᠲᠤᠶᠢᠯᠪᠤᠷᠢᠲᠠᠢ ᠠᠷᠢᠯᠭᠠᠨ᠎ᠠ᠃ | ᠪᠠᠷᠢᠯᠭ᠎ᠠ ᠪᠠᠷᠢᠬᠤ ᠵᠥᠪᠰᠢᠶᠡᠷᠡᠯ ᠣᠯᠣᠭᠰᠠᠨ ᠦᠭᠡᠢ ᠪᠠ ᠬᠤᠯᠪᠣᠭᠳᠠᠬᠤ ᠭᠠᠷᠳᠠᠮ ᠨᠢ ᠪᠦᠷᠢᠨ ᠪᠤᠰᠤ ᠪᠥᠭᠡᠳ | ᠳᠤᠷ᠎ᠠ ᠮᠡᠳᠡᠨ ᠪᠠᠷᠢᠯᠭ᠎ᠠ ᠪᠠᠷᠢᠬᠤ᠂ ᠰᠢᠯᠵᠢᠭᠦᠯᠦᠨ ᠳᠠᠭᠠᠭᠠᠴᠢᠯᠠᠭᠤᠯᠬᠤ ᠶᠢ ᠲᠦᠰᠢᠭᠯᠡᠬᠦ᠂ ᠬᠠᠤᠯᠢ ᠠᠴᠠ ᠵᠥᠷᠢᠴᠡᠨ | ᠬᠤᠪᠢᠶᠠᠨ ᠳᠠᠭᠠᠭᠠᠴᠢᠯᠠᠭᠤᠯᠬᠤ᠂ ᠵᠢᠭᠡᠯᠡᠭᠦᠯᠬᠦ ᠬᠢᠷᠢ ᠬᠡᠮ ᠨᠢ ᠪᠠᠷᠢᠯᠭ᠎ᠠ ᠪᠠᠷᠢᠬᠤ ᠨᠥᠬᠦᠴᠡᠯ ᠢ ᠪᠦᠷᠢᠳᠦᠭᠦᠯᠦᠭᠰᠡᠨ | ᠦᠭᠡᠢ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠣᠯᠭᠤᠬᠤ | ᠬᠡᠷᠡᠭᠲᠡᠢ᠃ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠨᠠᠷᠢᠪᠴᠢᠯᠠᠨ ᠪᠠᠶᠢᠴᠠᠭᠠᠵᠤ ᠵᠠᠰᠠᠨ | ᠴᠡᠭᠴᠡᠯᠡᠬᠦ ᠠᠵᠢᠯᠯᠠᠭ᠎ᠠ ᠶᠢ ᠡᠷᠴᠢᠮᠲᠡᠢ ᠠᠬᠢᠭᠤᠯᠵᠤ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠨ᠂ | ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠬᠠᠨᠳᠤᠭᠤᠯᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠢ | ᠨᠠᠷᠢᠪᠴᠢᠯᠠᠨ ᠪᠠᠶᠢᠴᠠᠭᠠᠵᠤ ᠵᠠᠰᠠᠨ ᠴᠡᠭᠴᠡᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ | ᠪᠠᠲᠤᠯᠠᠬᠤ ᠬᠡᠷᠡᠭᠲᠡᠢ᠃ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠠᠵᠢᠯᠲᠠᠨ ᠤ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠵᠤ᠂ ᠠᠶᠦᠯᠭᠦᠢ ᠦᠢᠯᠡᠳᠪᠦᠷᠢᠯᠡᠯ ᠤᠨ ᠰᠤᠷᠭᠠᠯᠲᠠ ᠬᠥᠮᠦᠵᠢᠯ ᠤᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠵᠦ᠂ | ᠨᠢᠭᠡᠳᠦᠭᠡᠷ ᠹᠷᠣᠨᠲ ᠤᠨ ᠪᠠᠷᠢᠯᠭ᠎ᠠ ᠶᠢᠨ ᠠᠵᠢᠯᠲᠠᠨ ᠤ ᠠᠶᠦᠯᠭᠦᠢ ᠦᠢᠯᠡᠳᠪᠦᠷᠢᠯᠡᠯ ᠢ ᠰᠠᠶᠢᠲᠤᠷ ᠭᠦᠢᠴᠡᠳᠬᠡᠬᠦ | ᠰᠠᠨᠠᠭᠠᠴᠢᠯᠠᠭᠠᠲᠤ ᠴᠢᠨᠠᠷ ᠢ ᠪᠠᠳᠠᠷᠠᠭᠤᠯᠤᠨ᠂ ᠠᠵᠤ ᠠᠬᠤᠶᠢᠯᠠᠯ ᠤᠨ ᠮᠥᠨ ᠬᠢᠵᠠᠭᠠᠷ ᠲᠠᠢ ᠣᠷᠣᠨ ᠵᠠᠢ ᠳᠤ ᠣᠷᠣᠵᠤ | ᠠᠵᠢᠯᠯᠠᠪᠠᠯ᠂ ᠡᠷᠬᠡᠪᠰᠢ ᠠᠵᠢᠯ ᠢ ᠬᠢᠨᠠᠨ ᠵᠥᠪᠰᠢᠶᠡᠷᠡᠬᠦ ᠳᠦᠷᠢᠮ ᠢ ᠬᠡᠷᠡᠭᠵᠢᠭᠦᠯᠵᠦ᠂ ︽ᠤᠷᠢᠳ ᠢᠶᠠᠷ ᠰᠠᠯᠬᠢ | ᠨᠠᠪᠲᠠᠷᠡᠭᠦᠯᠵᠦ᠂ ᠳᠠᠷᠠᠭ᠎ᠠ ᠨᠢ ᠪᠠᠶᠢᠴᠠᠭᠠᠨ ᠰᠢᠯᠭᠠᠵᠤ᠂ ᠳᠠᠷᠠᠭ᠎ᠠ ᠨᠢ ᠠᠵᠢᠯᠯᠠᠬᠤ︾ ᠵᠠᠷᠴᠢᠮ ᠢ ᠴᠢᠩᠭ᠎ᠠ | ᠬᠡᠷᠡᠭᠵᠢᠭᠦᠯᠵᠦ᠂ ᠬᠢᠵᠠᠭᠠᠷ ᠲᠠᠢ ᠣᠷᠣᠨ ᠵᠠᠢ ᠶᠢᠨ ᠣᠷᠣᠬᠤ ᠡᠭᠦᠳᠡᠨ ᠳᠤ ᠢᠯᠡ ᠲᠣᠳᠣ ᠰᠡᠷᠡᠮᠵᠢ ᠶᠢᠨ ᠲᠡᠮᠳᠡᠭ | ᠲᠠᠯᠪᠢᠬᠤ ᠬᠡᠷᠡᠭᠲᠡᠢ︔ ᠣᠨᠴᠠ ᠲᠥᠷᠥᠯ ᠤᠨ ᠠᠵᠢᠯ ᠬᠢᠵᠦ ᠪᠠᠶᠢᠭ᠎ᠠ ᠬᠥᠮᠥᠰ ᠡᠷᠬᠡᠪᠰᠢ ᠦᠨᠡᠮᠯᠡᠯ ᠲᠠᠢ ᠪᠠᠷ | ᠠᠵᠢᠯ ᠤᠨ ᠪᠠᠶᠢᠷᠢ ᠳᠤ ᠭᠠᠷᠬᠤ ᠬᠡᠷᠡᠭᠲᠡᠢ᠃ | ︵ᠭᠤᠷᠪᠠ︶ ᠠᠶᠤᠯᠲᠠᠢ ᠬᠢᠮᠢ ᠶᠢᠨ ᠪᠣᠳᠠᠰ ᠤᠨ ᠬᠦᠷᠢᠶᠡᠨ ᠳᠠᠬᠢ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ᠄ | ᠠᠵᠤ ᠠᠬᠤᠶᠢᠯᠠᠯ ᠢ ᠱᠠᠭᠠᠷᠳᠠᠨ ᠪᠠᠶᠠᠷ ᠤᠨ ᠡᠳᠦᠷ ᠤᠨ ᠬᠤᠭᠤᠴᠠᠭᠠᠨ ᠳᠤ᠂ ᠶᠡᠭᠡ ᠰᠠᠯᠬᠢ ᠰᠢᠭᠤᠷᠭᠠᠨ ᠤ ᠣᠷᠴᠢᠨ | ᠨᠥᠬᠦᠴᠡᠯ ᠵᠡᠷᠭᠡ ᠣᠨᠴᠠᠭᠠᠶ ᠴᠠᠭ ᠦᠶ᠎ᠡ ᠶᠢᠨ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠭᠠᠮᠰᠢᠭᠲᠤ ᠴᠠᠭ ᠠᠭᠤᠷ ᠤᠨ ᠠᠶᠤᠯᠲᠠᠢ ᠬᠢᠮᠢ ᠶᠢᠨ ᠪᠣᠳᠠᠰ ᠤᠨ | ᠠᠵᠤ ᠠᠬᠤᠶᠢᠯᠠᠯ ᠤᠨ ᠲᠥᠬᠦᠭᠡᠷᠦᠮᠵᠢ᠂ ᠬᠥᠮᠥᠷᠭᠡ᠂ ᠴᠠᠭᠯᠢᠭ᠂ ᠬᠢᠨᠠᠨ ᠡᠵᠡᠮᠳᠡᠬᠦ᠂ ᠠᠵᠢᠯᠲᠠᠨ ᠵᠡᠷᠭᠡ ᠲᠠᠯ᠎ᠠ ᠳᠤ | ᠤᠴᠠᠷᠠᠭᠤᠯᠵᠤ ᠮᠡᠳᠡᠬᠦ ᠠᠰᠢᠭ ᠦᠭᠡᠢ ᠨᠥᠯᠥᠭᠡ ᠶᠢ ᠤᠷᠢᠳᠴᠢᠯᠠᠨ ᠵᠠᠳᠠᠯᠵᠤ ᠰᠤᠳᠤᠯᠤᠨ ᠮᠠᠭᠠᠳᠯᠠᠵᠤ᠂ ᠠᠵᠤ | ᠠᠬᠤᠶᠢᠯᠠᠯ ᠢ ᠰᠢᠮᠳᠠᠭᠤᠯᠵᠤ ᠪᠠᠶᠢᠭᠠᠳ ᠬᠦᠨᠳᠦ ᠬᠡᠴᠡᠭᠦᠦ ᠠᠶᠤᠯ ᠤᠨ ᠡᠬᠢ ᠰᠤᠷᠪᠤᠯᠵᠢ ᠶᠢ ᠲᠣᠭᠤᠷᠢᠨ ᠪᠠᠶᠢᠴᠠᠭᠠᠬᠤ | ᠬᠠᠮᠢᠶᠠᠷᠤᠯᠲᠠ ᠶᠢ ᠴᠢᠩᠭᠠᠳᠬᠠᠵᠤ᠂ ᠤᠳᠤᠷᠢᠳᠤᠯᠭ᠎ᠠ ᠶᠢᠨ ᠡᠭᠡᠯᠵᠢ ᠳᠠᠭᠠᠭᠤᠯᠤᠨ ᠵᠢᠵᠢᠭᠦᠷᠯᠡᠨ ᠰᠠᠬᠢᠬᠤ ᠶᠢ | ᠴᠢᠩᠭᠠᠳᠬᠠᠨ᠂ ᠭᠠᠯ ᠨᠣᠴᠣᠭᠠᠬᠤ᠂ ᠬᠢᠵᠠᠭᠠᠷᠯᠠᠭᠳᠠᠬᠤ ᠣᠷᠣᠨ ᠵᠠᠢ ᠳᠤ ᠣᠷᠣᠬᠤ ᠵᠡᠷᠭᠡ ᠣᠨᠴᠣᠭᠤᠢ ᠠᠵᠢᠯ ᠤᠨ | ᠬᠠᠮᠢᠶᠠᠷᠤᠯᠲᠠ ᠶᠢ ᠴᠢᠩᠳᠠᠯᠠᠨ᠎ᠠ᠃ ᠠᠯᠺᠣᠣᠯ ᠢᠶᠠᠷ ᠰᠠᠭᠤᠷᠢ ᠪᠣᠯᠭᠠᠭᠰᠠᠨ ᠲᠦᠯᠡᠰᠢ ᠶᠢ ᠬᠡᠷᠡᠭᠯᠡᠬᠦ ᠪᠠ ᠲᠣᠬᠢᠷᠠᠭᠤᠯᠤᠨ | ᠬᠦᠷᠭᠡᠬᠦ ᠵᠠᠩᠭᠢᠯᠠᠭ᠎ᠠ ᠶᠢ ᠤᠯᠠᠮ ᠵᠢᠷᠤᠮᠵᠢᠭᠤᠯᠵᠤ᠂ ᠠᠵᠢᠯ ᠲᠦᠷᠦᠯ ᠤᠨ ᠵᠢᠷᠤᠮᠵᠢᠯ ᠢ ᠪᠦᠷᠢᠯᠳᠦᠭᠦᠯᠦᠨ᠎ᠡ᠃ ᠡᠬᠢ | ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠶᠤᠯᠲᠠᠢ ᠬᠢᠮᠢ ᠶᠢᠨ ᠪᠣᠳᠠᠰ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠴᠢᠩᠭ᠎ᠠ ᠬᠢᠨᠠᠨ ᠵᠥᠪᠰᠢᠶᠡᠷᠡᠵᠦ᠂ ᠤᠷᠠᠯᠠᠯ ᠤᠨ ᠢᠷᠡᠯᠲᠡ ᠲᠣᠳᠣᠷᠬᠠᠢ ᠦᠭᠡᠢ | ᠂ ᠮᠡᠷᠭᠡᠵᠢᠯ ᠤᠨ ᠨᠠᠶᠢᠳᠠᠪᠤᠷᠢᠲᠤ ᠴᠢᠨᠠᠷ ᠢᠶᠠᠷ ᠴᠢᠩᠭ᠎ᠠ ᠪᠤᠰᠤ ᠲᠥᠷᠥᠯ ᠵᠦᠢᠯ ᠢ ᠴᠥᠮ ᠵᠥᠪᠰᠢᠶᠡᠷᠡᠨ ᠣᠷᠣᠭᠤᠯᠬᠤ | ᠦᠭᠡᠢ ᠪᠠᠶᠢᠵᠤ᠂ ᠠᠶᠤᠯᠲᠠᠢ ᠬᠢᠮᠢ ᠶᠢᠨ ᠲᠥᠷᠥᠯ ᠵᠦᠢᠯ ᠤᠨ ᠠᠮᠤᠷ ᠲᠦᠪᠰᠢᠨ ᠤ ᠵᠢᠷᠤᠭ ᠲᠥᠯᠥᠪᠯᠡᠭᠡ ᠶᠢᠨ | ᠣᠨᠣᠰᠢᠯᠠᠭᠰᠠᠨ ᠦᠷ᠎ᠡ ᠪᠦᠲᠦᠮᠵᠢ ᠶᠢ ᠦᠨᠡᠯᠡᠨ ᠵᠢᠱᠢᠬᠦ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠲᠦᠯᠬᠢᠨ ᠠᠬᠢᠭᠤᠯᠤᠨ᠎ᠠ᠃ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ | ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠰᠠᠭᠤᠷᠢ ᠪᠡᠯᠡᠳᠬᠡᠮᠵᠢ ᠶᠢᠨ ᠣᠷᠣᠭᠤᠯᠤᠯᠲᠠ ᠵᠢᠴᠢ ᠠᠵᠢᠯᠲᠠᠨ ᠤ | ᠬᠥᠮᠦᠵᠢᠯ ᠰᠤᠷᠭᠠᠯᠲᠠ ᠶᠢᠨ ᠡᠷᠴᠢᠮ ᠢ ᠴᠢᠩᠭᠠᠷᠠᠭᠤᠯᠵᠤ᠂ ᠠᠰᠠᠭᠤᠳᠠᠯ ᠤᠨ ᠳᠠᠯᠳᠠ ᠬᠡᠮ ᠢ ᠲᠤᠶᠢᠯᠪᠤᠷᠢᠲᠠᠢ | ᠴᠡᠭᠴᠡᠯᠡᠨ ᠰᠠᠶᠢᠵᠢᠷᠠᠭᠤᠯᠤᠨ᠎ᠠ᠃ ᠠᠶᠤᠯᠭᠦᠢ ᠶᠢᠨ ᠤᠬᠠᠭᠤᠯᠭ᠎ᠠ ᠶᠢᠨ ︽ᠲᠠᠪᠤ ᠶᠢ ᠣᠷᠣᠭᠤᠯᠬᠤ︾ ᠠᠵᠢᠯ ᠢ ᠤᠯᠠᠮ | ᠰᠠᠶᠢᠲᠤᠷ ᠬᠢᠵᠦ᠂ ᠠᠶᠤᠯᠭᠦᠢ ᠶᠢᠨ ᠤᠬᠠᠭᠤᠯᠭ᠎ᠠ ᠶᠢᠨ ︽ᠲᠠᠪᠤ ᠶᠢ ᠣᠷᠣᠭᠤᠯᠬᠤ︾ ᠠᠵᠢᠯ ᠢ ᠠᠶᠤᠯᠲᠠᠢ ᠬᠢᠮᠢ ᠶᠢᠨ | ᠬᠦᠷᠢᠶᠡᠨ ᠳᠤ ᠪᠦᠬᠦ ᠲᠠᠯ᠎ᠠ ᠪᠠᠷ ᠥᠷᠨᠢᠭᠦᠯᠬᠦ ᠶᠢᠨ ᠬᠠᠮᠲᠤ ᠪᠦᠲᠦᠮᠵᠢᠲᠡᠶ ᠪᠠᠷ ᠬᠡᠷᠡᠭᠵᠢᠭᠦᠯᠬᠦ ᠶᠢ ᠦᠨᠡᠨ ᠬᠦ | ᠪᠠᠲᠤᠯᠠᠵᠤ᠂ ᠪᠤᠢ ᠪᠦᠬᠦᠢ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ᠂ ᠵᠠᠩᠭᠢᠯᠠᠭ᠎ᠠ ᠶᠢᠨ ᠭᠤᠭᠴᠤᠭ᠎ᠠ᠂ | ᠵᠠᠩᠭᠢᠯᠠᠭ᠎ᠠ ᠶᠢᠨ ᠠᠵᠢᠯ ᠤᠨ ᠪᠠᠶᠢᠷᠢ᠂ ᠪᠤᠢ ᠪᠦᠬᠦᠢ ᠠᠵᠢᠯ ᠡᠷᠬᠢᠯᠡᠭᠰᠡᠳ ᠢ ᠴᠥᠮ ᠬᠠᠮᠤᠷᠬᠤ ᠶᠢ ᠡᠷᠡᠰ ᠪᠡᠶᠡᠯᠡᠭᠦᠯᠬᠦ | ᠬᠡᠷᠡᠭᠲᠡᠢ᠃ | ︵ ᠳᠥᠷᠪᠡ︶ ᠰᠢᠲᠠᠮᠠᠬᠠᠢ ᠬᠡᠢ ᠶᠢᠨ ᠬᠦᠷᠢᠶ᠎ᠡ ᠴᠠᠷᠠᠭ᠎ᠠ ᠶᠢᠨ ᠰᠡᠷᠭᠡᠶᠢᠯᠡᠬᠦ ᠠᠷᠭ᠎ᠠ ᠬᠡᠮᠵᠢᠶ᠎ᠡ᠄ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠠᠵᠤ | ᠦᠢᠯᠡᠳᠪᠦᠷᠢ ᠪᠠ ᠮᠡᠳᠡᠭᠡ ᠵᠠᠩᠭᠢ᠂ ᠬᠤᠲᠠ ᠶᠢᠨ ᠬᠢᠨᠠᠯᠲᠠ᠂ ᠳᠣᠲᠣᠭᠠᠳᠤ ᠶᠢ ᠬᠠᠮᠠᠭᠠᠯᠠᠬᠤ᠂ ᠭᠠᠯ ᠲᠦᠢᠮᠡᠷ ᠢ | ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠶᠣᠰᠣᠭᠠᠷ᠂ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ᠂ ᠢᠳᠡᠭᠡᠨ ᠤᠮᠳᠠᠭᠠᠨ ᠤ ᠲᠠᠯᠠᠪᠤᠷ ᠭᠠᠵᠠᠷ᠂ | ᠰᠥᠨᠢ ᠶᠢᠨ ᠵᠠᠬ᠎ᠠ ᠳᠡᠯᠭᠡᠭᠦᠷ ᠰᠥᠨᠢ ᠶᠢᠨ ᠬᠤᠭᠤᠯᠠᠨ ᠭᠡᠷ᠂ ᠠᠵᠢᠯ ᠦᠢᠯᠡᠰ ᠤᠨ ᠨᠢᠭᠡᠴᠢ᠂ ᠠᠵᠤ ᠠᠬᠤᠶᠢᠯᠠᠯ᠂ | ᠰᠤᠷᠭᠠᠭᠤᠯᠢ ᠶᠢᠨ ᠬᠤᠭᠤᠯᠠᠨ ᠭᠡᠷ ᠢᠶᠠᠷ ᠭᠤᠣᠯᠳᠠᠯᠭ᠎ᠠ ᠪᠣᠯᠭᠠᠨ᠂ ᠬᠥᠮᠥᠨ ᠣᠯᠠᠨ ᠴᠤᠭᠯᠠᠷᠠᠳᠠᠭ ᠲᠠᠯᠠᠪᠤᠷ ᠤᠨ | ᠰᠢᠲᠠᠮᠠᠬᠠᠢ ᠬᠡᠢ ᠶᠢᠨ ᠠᠮᠤᠷ ᠲᠦᠪᠰᠢᠨ ᠢᠶᠠᠷ ᠬᠡᠷᠡᠭᠯᠡᠵᠦ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠨᠠᠷᠢᠪᠴᠢᠯᠠᠨ | ᠪᠠᠶᠢᠴᠠᠭᠠᠵᠤ᠂ ᠬᠤᠭᠤᠯᠠᠢ ᠶᠢᠨ ᠢᠳᠡᠭᠳᠡᠯ᠂ ᠬᠡᠢ ᠭᠤᠭᠤᠵᠢᠬᠤ ᠵᠢᠴᠢ ᠲᠣᠭᠲᠠᠭᠠᠯ ᠠᠴᠠ ᠵᠥᠷᠢᠴᠡᠨ ᠯᠣᠩᠬᠤᠨ ᠳᠤ | ᠰᠠᠪᠠᠯᠠᠭᠰᠠᠨ ᠰᠢᠩᠭᠡᠵᠢᠮᠠᠯ ᠬᠡᠢ ᠶᠢ ᠬᠠᠳᠠᠭᠠᠯᠠᠵᠤ ᠬᠡᠷᠡᠭᠯᠡᠬᠦ ᠵᠡᠷᠭᠡ ᠠᠮᠤᠷ ᠲᠦᠪᠰᠢᠨ ᠤ ᠳᠠᠯᠳᠠ ᠬᠡᠮ ᠢ ᠪᠥᠬᠦ | ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ ᠠᠷᠢᠯᠭᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠬᠠᠩᠭᠠᠯᠭ᠎ᠠ ᠶᠢᠨ | ᠪᠡᠯᠡᠳᠬᠡᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠳᠤ ᠬᠢᠨᠠᠯᠲᠠ ᠳᠣᠲᠣᠭᠠᠳᠤ ᠶᠢ ᠬᠠᠮᠠᠭᠠᠯᠠᠬᠤ ᠰᠠᠯᠠᠭ᠎ᠠ | ᠮᠥᠴᠢᠷ ᠤᠳ ᠰᠢᠲᠠᠮᠠᠬᠠᠢ ᠬᠡᠢ ᠶᠢᠨ ᠬᠦᠷᠢᠶᠡᠨ ᠳᠠᠬᠢ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ | ᠤᠴᠠᠷᠠᠭᠤᠯᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠴᠦ᠂ ᠬᠤᠯᠪᠣᠭᠳᠠᠬᠤ | ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠢ᠃ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠰᠠᠯᠠᠭ᠎ᠠ ᠮᠥᠴᠢᠷ ᠤᠳ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠢ ᠶᠢ ᠰᠢᠮᠳᠠᠭᠤᠯᠵᠤ ᠪᠠᠶᠢᠭᠠᠳ ᠠᠮᠤᠷ | ᠲᠦᠪᠰᠢᠨ ᠢᠶᠠᠷ ᠬᠡᠢ ᠬᠡᠷᠡᠭᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢᠶᠠᠷ ᠬᠡᠢ ᠬᠡᠷᠡᠭᠯᠡᠬᠦ | ᠠᠵᠢᠯᠯᠠᠭᠠᠨ ᠤ ᠳᠦᠷᠢᠮ ᠵᠡᠷᠭᠡ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠰᠢᠲᠠᠮᠠᠬᠠᠢ ᠬᠡᠢ ᠶᠢᠨ | ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠠᠮᠤᠷ ᠲᠦᠪᠰᠢᠨ ᠢᠶᠠᠷ ᠬᠡᠢ ᠬᠡᠷᠡᠭᠯᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠡᠶᠢᠲᠦ | ᠯᠣᠩᠬᠤ ᠶᠢ ᠳᠦᠭᠦᠷᠭᠡᠨ ᠰᠠᠪᠠᠯᠠᠬᠤ ᠵᠥᠪᠰᠢᠶᠡᠷᠡᠯ ᠢ ᠬᠠᠤᠯᠢ ᠶᠣᠰᠣᠭᠠᠷ ᠬᠡᠷᠡᠭᠵᠢᠭᠦᠯᠵᠦ᠂ ᠳᠦᠭᠦᠷᠭᠡᠨ ᠰᠠᠪᠠᠯᠠᠭᠠᠳ | ᠳᠠᠩᠰᠠᠯᠠᠭᠤᠯᠤᠭᠰᠠᠨ ᠦᠭᠡᠢ ᠬᠡᠶᠢᠲᠦ ᠯᠣᠩᠬᠤ᠂ ᠬᠤᠭᠤᠴᠠᠭ᠎ᠠ ᠠᠴᠠ ᠬᠡᠲᠦᠷᠡᠲᠡᠯ᠎ᠡ ᠪᠠᠶᠢᠴᠠᠭᠠᠭᠰᠠᠨ ᠦᠭᠡᠢ ᠬᠡᠶᠢᠲᠦ | ᠯᠣᠩᠬᠤ ᠬᠡᠷᠡᠭᠯᠡᠬᠦ᠂ ᠬᠡᠶᠢᠲᠦ ᠯᠣᠩᠬᠤ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ᠂ ᠬᠡᠶᠢᠲᠦ ᠯᠣᠩᠬᠤ ᠶᠢ | ᠰᠢᠨᠡᠳᠬᠡᠬᠦ᠂ ᠬᠠᠶᠠᠭᠳᠠᠮᠠᠯ ᠬᠡᠢ ᠶᠢᠨ ᠯᠣᠩᠬᠤ ᠪᠠ ᠮᠡᠳᠡᠭᠡ ᠵᠠᠩᠭᠢ ᠶᠢᠨ ᠲᠡᠮᠳᠡᠭ ᠦᠭᠡᠢ ᠬᠡᠶᠢᠲᠦ ᠯᠣᠩᠬᠤ ᠬᠡᠷᠡᠭᠯᠡᠬᠦ | ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠷᠢ | ᠲᠡᠩᠴᠡᠬᠦ ᠦᠭᠡᠢ ᠦᠢᠯᠡᠳᠬᠦᠨ ᠤ ᠨᠡᠷᠡᠰ ᠢ ᠴᠠᠭ ᠲᠤᠬᠠᠢ ᠳᠤᠨᠢ ᠨᠡᠶᠢᠲᠡᠯᠡᠬᠦ ᠬᠡᠷᠡᠭᠲᠡᠢ᠃ ᠵᠠᠮ ᠬᠠᠷᠢᠯᠴᠠᠭ᠎ᠠ | ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠠᠶᠤᠯᠲᠠᠢ ᠡᠳ᠋ ᠪᠠᠷᠠᠭ᠎ᠠ ᠶᠢ ᠵᠠᠮ ᠲᠡᠭᠡᠭᠡᠪᠦᠷᠢ ᠶᠢᠨ ᠠᠵᠤ ᠠᠬᠤᠶᠢᠯᠠᠯ | ᠪᠣᠯᠣᠨ ᠲᠡᠷᠭᠡ ᠬᠥᠰᠬᠡ ᠶᠢ ᠨᠠᠷᠢᠪᠴᠢᠯᠠᠨ ᠪᠠᠶᠢᠴᠠᠭᠠᠵᠤ ᠵᠠᠰᠠᠨ ᠴᠡᠭᠴᠡᠯᠡᠬᠦ ᠪᠠᠨ ᠴᠢᠩᠭᠠᠳᠬᠠᠵᠤ᠂ ᠠᠶᠤᠯᠲᠠᠢ ᠡᠳ᠋ | ᠪᠠᠷᠠᠭ᠎ᠠ ᠶᠢ ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠲᠠᠢ ᠪᠠᠶᠢᠬᠤ ᠪᠠᠶᠢᠳᠠᠯ ᠢ ᠴᠢᠩᠭ᠎ᠠ | ᠪᠠᠶᠢᠴᠠᠭᠠᠬᠤ ᠬᠡᠷᠡᠭᠲᠡᠢ᠃ | ︵ ᠲᠠᠪᠤ︶ ᠲᠡᠮᠦᠷᠯᠢᠭ ᠬᠠᠶᠢᠯᠤᠭᠤᠯᠬᠤ ᠵᠡᠷᠭᠡ ᠠᠵᠤ ᠦᠢᠯᠡᠳᠪᠦᠷᠢ ᠠᠷᠠᠯᠵᠢᠶ᠎ᠠ ᠶᠢᠨ ᠬᠦᠷᠢᠶᠡᠨ ᠳᠠᠬᠢ | ᠰᠡᠷᠭᠡᠶᠢᠯᠡᠬᠦ ᠠᠷᠭ᠎ᠠ ᠬᠡᠮᠵᠢᠶ᠎ᠡ᠄ ᠮᠠᠰᠢᠨ᠂ ᠬᠥᠩᠭᠡᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠠᠷᠠᠯᠵᠢᠶ᠎ᠠ | ᠬᠤᠳᠠᠯᠳᠤᠭᠠᠨ ᠤ ᠠᠵᠤ ᠠᠬᠤᠶᠢᠯᠠᠯ ᠢᠶᠠᠷ ᠭᠤᠣᠯᠳᠠᠯᠭ᠎ᠠ ᠪᠣᠯᠭᠠᠵᠤ᠂ ᠵᠢᠯᠣᠭᠤᠳᠤᠯᠭ᠎ᠠ ᠦᠢᠯᠡᠴᠢᠯᠡᠭᠡ ᠪᠠ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠬᠦᠨᠳᠦ ᠬᠡᠴᠡᠭᠦᠦ ᠠᠮᠤᠷ ᠲᠦᠪᠰᠢᠨ ᠤ | ᠳᠠᠯᠳᠠ ᠬᠡᠮ ᠣᠷᠣᠰᠢᠵᠤ ᠪᠠᠶᠢᠭ᠎ᠠ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠠᠵᠤ ᠠᠬᠤᠶᠢᠯᠠᠯ ᠳᠤ ︽ᠨᠢᠭᠡ | ᠬᠡᠷᠡᠭ ᠲᠤ ᠳᠠᠪᠬᠤᠷ ᠲᠣᠷᠭᠠᠬᠤ︾ ᠠᠵᠢᠯᠯᠠᠭ᠎ᠠ ᠥᠷᠨᠢᠭᠦᠯᠦᠨ᠎ᠡ᠃ ᠦᠢᠯᠡᠳᠪᠦᠷᠢᠯᠡᠯ ᠢᠶᠠᠨ ᠵᠣᠭᠰᠤᠭᠠᠬᠤ᠂ | ᠲᠣᠭᠤᠰᠣ ᠲᠠᠢ ᠬᠤᠯᠪᠣᠭᠳᠠᠭᠰᠠᠨ 10 ᠬᠥᠮᠥᠨ ᠠᠴᠠ ᠳᠣᠷᠣᠭᠰᠢᠬᠢ ᠲᠣᠭᠤᠰᠣ ᠲᠠᠢ ᠳᠡᠯᠪᠡᠷᠡᠯᠲᠡ ᠲᠠᠢ | ᠬᠤᠯᠪᠣᠭᠳᠠᠭᠰᠠᠨ ᠠᠵᠤ ᠠᠬᠤᠶᠢᠯᠠᠯ ᠵᠡᠷᠭᠡ ᠶᠢ ᠬᠠᠮᠲᠤ ᠳᠤᠨᠢ ᠴᠡᠪᠡᠷᠯᠡᠨ ᠠᠷᠢᠯᠭᠠᠬᠤ ᠬᠡᠪᠴᠢᠶᠡᠨ ᠳᠤ ᠣᠷᠣᠭᠤᠯᠵᠤ᠂ | ᠠᠵᠤ ᠠᠬᠤᠶᠢᠯᠠᠯ ᠤᠨ ᠲᠥᠬᠦᠭᠡᠷᠦᠮᠵᠢ ᠶᠢ ᠲᠡᠰ ᠳᠡᠪᠰᠢᠭᠦᠯᠦᠨ ᠥᠭᠡᠷᠡᠴᠢᠯᠡᠬᠦ᠂ ᠠᠦ᠋ᠲ᠋ᠣᠴᠢᠯᠠᠨ ᠡᠵᠡᠮᠳᠡᠬᠦ᠂ | ᠬᠤᠯᠪᠣᠯᠳᠤᠭᠤᠯᠤᠨ ᠣᠨᠢᠰᠤᠯᠠᠬᠤ᠂ ᠮᠧᠬᠠᠨᠢᠭ ᠢᠶᠠᠷ ᠰᠡᠷᠭᠡᠶᠢᠯᠡᠨ ᠬᠠᠮᠠᠭᠠᠯᠠᠬᠤ ᠪᠠ ᠡᠨᠧᠷᠭᠢ ᠶᠢ ᠲᠤᠰᠠᠭᠠᠷᠯᠠᠬᠤ ᠵᠡᠷᠭᠡ | ᠠᠷᠭ᠎ᠠ ᠪᠠᠷᠢᠯ ᠢ ᠬᠡᠷᠡᠭᠯᠡᠬᠦ ᠶᠢ ᠠᠬᠢᠭᠤᠯᠵᠤ᠂ ᠪᠣᠯᠵᠣᠰᠢ ᠦᠭᠡᠢ ᠨᠥᠬᠦᠴᠡᠯ ᠪᠠᠶᠢᠳᠠᠯ ᠢ ᠦᠨᠳᠦᠰᠦᠨ ᠠᠴᠠ ᠨᠢ | ᠠᠷᠢᠯᠭᠠᠵᠤ᠂ ᠠᠵᠤ ᠠᠬᠤᠶᠢᠯᠠᠯ ᠤᠨ ᠮᠥᠨ ᠴᠢᠨᠠᠷ ᠤᠨ ᠠᠶᠤᠯᠭᠦᠢ ᠦᠢᠯᠡᠳᠪᠦᠷᠢᠯᠡᠯ ᠤᠨ ᠲᠦᠪᠰᠢᠨ ᠢ | ᠳᠡᠭᠡᠭᠰᠢᠯᠡᠭᠦᠯᠦᠨ᠎ᠡ᠃ ᠬᠢᠵᠠᠭᠠᠷᠲᠠᠢ ᠣᠷᠣᠨ ᠵᠠᠢ ᠳᠤ ᠠᠵᠢᠯᠯᠠᠬᠤ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ | ᠦᠷᠭᠦᠯᠵᠢᠯᠡᠨ ᠴᠢᠩᠭᠠᠳᠬᠠᠵᠤ᠂ ᠬᠢᠵᠠᠭᠠᠷᠲᠠᠢ ᠣᠷᠣᠨ ᠵᠠᠢ ᠳᠤ ᠠᠵᠢᠯᠯᠠᠬᠤ ᠶᠢᠨ ︽ᠠᠷᠪᠠ ᠶᠢ ᠥᠯᠥ ᠵᠥᠪᠰᠢᠶᠡᠷᠡᠬᠦ︾ | ᠪᠠ ᠬᠢᠵᠠᠭᠠᠷᠲᠠᠢ ᠣᠷᠣᠨ ᠵᠠᠢ ᠳᠤ ᠠᠵᠢᠯᠯᠠᠬᠤ ᠶᠢᠨ ᠠᠪᠤᠷᠠᠨ ᠲᠤᠰᠠᠯᠠᠬᠤ ᠶᠢᠨ ︽ᠠᠷᠪᠠ ᠶᠢ ᠡᠷᠬᠡᠪᠰᠢ︾ ᠶᠢ | ᠴᠢᠩᠭ᠎ᠠ ᠨᠠᠶᠢᠳᠠᠪᠤᠷᠢᠵᠢᠭᠤᠯᠤᠨ᠂ ᠪᠠᠶᠢᠴᠠᠭᠠᠵᠤ ᠰᠡᠯᠪᠢᠨ ᠵᠠᠰᠠᠬᠤ ᠠᠵᠢᠯ ᠤᠨ ᠠᠮᠤᠷ ᠲᠦᠪᠰᠢᠨ ᠤ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ︽ᠪᠠᠶᠢᠴᠠᠭᠠᠵᠤ ᠰᠡᠯᠪᠢᠨ ᠵᠠᠰᠠᠬᠤ ᠲᠤᠯᠤᠭᠠᠨ ᠵᠤᠷᠪᠤᠰ︾ ᠤᠨ ᠠᠮᠤᠷ | ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠮᠡᠷᠭᠡᠵᠢᠯ ᠤᠨ ᠦᠨᠳᠦᠰᠦᠨ ᠵᠦᠢᠯ ᠢ | ᠲᠤᠰᠢᠶᠠᠬᠤ ᠪᠠ ᠲᠤᠬᠠᠢ ᠶᠢᠨ ᠲᠠᠯᠠᠪᠤᠷ ᠤᠨ ᠠᠮᠤᠷ ᠲᠦᠪᠰᠢᠨ ᠤ ᠬᠢᠨᠠᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ︔ | ᠭᠠᠯ ᠨᠣᠴᠣᠭᠠᠬᠤ᠂ ᠲᠦᠷ ᠴᠠᠭ ᠴᠠᠬᠢᠯᠭᠠᠨ ᠬᠡᠷᠡᠭᠯᠡᠬᠦ ᠵᠡᠷᠭᠡ ᠠᠶᠤᠯ ᠲᠠᠢ ᠠᠵᠢᠯ ᠤᠨ ᠠᠮᠤᠷ ᠲᠦᠪᠰᠢᠨ ᠤ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠵᠤ᠂ ᠠᠶᠤᠯ ᠲᠠᠢ ᠠᠵᠢᠯ ᠢ ᠬᠢᠨᠠᠨ ᠵᠥᠪᠰᠢᠶᠡᠷᠡᠬᠦ ᠪᠠ | ᠠᠵᠢᠯᠯᠠᠭᠰᠠᠳ ᠤᠨ ᠠᠮᠤᠷ ᠲᠦᠪᠰᠢᠨ ᠤ ᠬᠥᠮᠦᠵᠢᠯ ᠰᠤᠷᠭᠠᠯᠲᠠ ᠶᠢ ᠴᠢᠩᠳᠠᠯᠠᠨ᠎ᠠ᠃ ᠬᠢᠨᠠᠨ ᠬᠠᠮᠢᠶᠠᠷᠬᠤ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨ ᠦᠢᠯᠡᠳᠪᠦᠷᠢᠯᠡᠯ ᠤᠨ ᠠᠵᠤ ᠠᠬᠤᠶᠢᠯᠠᠯ ᠳᠤ ᠪᠦᠬᠦᠨ ᠢ ᠬᠠᠮᠤᠷᠤᠨ᠂ | ᠥᠨᠴᠥᠭ ᠪᠤᠯᠤᠩ ᠦᠭᠡᠢ ᠪᠣᠯᠵᠣᠰᠢ ᠦᠭᠡᠢ ᠨᠥᠬᠦᠴᠡᠯ ᠪᠠᠶᠢᠳᠠᠯ ᠢ ᠨᠠᠷᠢᠪᠴᠢᠯᠠᠨ ᠪᠠᠶᠢᠴᠠᠭᠠᠵᠤ᠂ ᠰᠢᠲᠠᠮᠠᠬᠠᠢ ᠬᠡᠢ | ᠬᠡᠷᠡᠭᠯᠡᠬᠦ᠂ ᠭᠠᠯ ᠨᠣᠴᠣᠭᠠᠬᠤ᠂ ᠲᠦᠷ ᠴᠠᠭ ᠴᠠᠬᠢᠯᠭᠠᠨ ᠬᠡᠷᠡᠭᠯᠡᠬᠦ᠂ ᠥᠨᠳᠥᠷ ᠲᠤ ᠠᠪᠠᠷᠢᠨ ᠠᠵᠢᠯᠯᠠᠬᠤ᠂ | ᠬᠢᠵᠠᠭᠠᠷ ᠲᠠᠢ ᠣᠷᠣᠨ ᠵᠠᠢ ᠵᠡᠷᠭᠡ ᠠᠶᠤᠯᠲᠠᠢ ᠠᠵᠢᠯ᠂ ᠪᠠᠶᠢᠴᠠᠭᠠᠵᠤ ᠰᠡᠯᠪᠢᠨ ᠵᠠᠰᠠᠬᠤ ᠠᠵᠢᠯ ᠵᠡᠷᠭᠡ | ᠭᠤᠣᠯᠳᠠᠯᠭ᠎ᠠ ᠲᠠᠢ ᠣᠷᠣᠨ ᠪᠠᠶᠢᠷᠢ ᠳᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠨᠠᠷᠢᠨ ᠨᠢᠮᠪᠠᠢ ᠠᠮᠤᠷ | ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠭᠠᠯ ᠨᠣᠴᠣᠭᠠᠬᠤ᠂ ᠲᠦᠷ ᠴᠠᠭ | ᠴᠠᠬᠢᠯᠭᠠᠨ ᠬᠡᠷᠡᠭᠯᠡᠬᠦ ᠵᠡᠷᠭᠡ ᠠᠶᠤᠯᠲᠠᠢ ᠠᠵᠢᠯ ᠬᠢᠭᠰᠡᠳ ᠤᠨ ᠠᠮᠤᠷ ᠲᠦᠪᠰᠢᠨ ᠤ ᠬᠥᠮᠦᠵᠢᠯ ᠰᠤᠷᠭᠠᠯᠲᠠ ᠶᠢ | ᠴᠢᠩᠭᠠᠳᠬᠠᠵᠤ᠂ ᠣᠨᠴᠠ ᠲᠥᠷᠥᠯ ᠤᠨ ᠠᠵᠢᠯ ᠬᠢᠭᠰᠡᠳ ᠤᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠴᠤ | ᠬᠢᠨᠠᠨ ᠪᠠᠶᠢᠴᠠᠭᠠᠬᠤ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ | ︵ ᠵᠢᠷᠭᠤᠭ᠎ᠠ︶ ᠰᠣᠶᠣᠯ ᠵᠢᠭᠤᠯᠴᠢᠯᠠᠯ ᠤᠨ ᠬᠦᠷᠢᠶᠡᠨ ᠳᠠᠬᠢ ᠰᠡᠷᠭᠡᠶᠢᠯᠡᠬᠦ ᠠᠷᠭ᠎ᠠ ᠬᠡᠮᠵᠢᠶ᠎ᠡ᠄ | ᠵᠢᠭᠤᠯᠴᠢᠯᠠᠯ ᠤᠨ ᠦᠵᠡᠮᠵᠢ ᠶᠢᠨ ᠣᠷᠣᠨ᠂ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ ᠡᠷᠭᠢᠯᠡᠬᠦ ᠨᠢᠭᠡᠴᠢ ᠶᠢ | ᠰᠢᠮᠳᠠᠭᠤᠯᠵᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠪᠡᠯᠡᠳᠬᠡᠯ ᠲᠥᠰᠥᠯ ᠲᠣᠭᠲᠠᠭᠠᠬᠤ᠂ ᠲᠣᠮᠣ ᠬᠡᠯᠪᠡᠷᠢ ᠶᠢᠨ | ᠠᠵᠢᠯᠯᠠᠭ᠎ᠠ ᠶᠢ ᠳᠡᠩᠰᠡᠯᠡᠨ ᠲᠡᠮᠳᠡᠭᠯᠡᠬᠦ ᠵᠡᠷᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠬᠠᠢ ᠶᠢᠨ ᠲᠠᠯᠠᠪᠤᠷ ᠤᠨ | ᠬᠠᠮᠢᠶᠠᠷᠤᠯᠲᠠ ᠪᠠ ᠠᠵᠢᠯᠯᠠᠭ᠎ᠠ ᠶᠢᠨ ᠲᠣᠭᠤᠷᠢᠨ ᠪᠠᠶᠢᠴᠠᠭᠠᠬᠤ ᠵᠡᠷᠭᠡ ᠠᠮᠤᠷ ᠲᠦᠪᠰᠢᠨ ᠤ ᠰᠡᠷᠭᠡᠶᠢᠯᠡᠬᠦ ᠠᠵᠢᠯ ᠢ | ᠴᠢᠩᠭᠠᠳᠬᠠᠨ᠎ᠠ᠃ ᠲᠣᠮᠣ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠢ ᠤᠷᠤᠯᠳᠤᠭᠠᠨ ᠤ ᠠᠵᠢᠯᠯᠠᠭ᠎ᠠ᠂ ᠤᠰᠤᠨ | ᠳᠡᠭᠡᠷᠡᠬᠢ᠂ ᠳᠡᠭᠡᠳᠦ ᠬᠤᠷᠳᠤᠴᠠ ᠶᠢᠨ᠂ ᠥᠨᠳᠥᠷ ᠳᠡᠭᠡᠷᠡᠬᠢ᠂ ᠪᠠᠷᠲᠠᠭ᠎ᠠ ᠰᠢᠨᠵᠢᠯᠡᠬᠦ ᠵᠡᠷᠭᠡ ᠲᠦᠭᠰᠢᠭᠦᠷᠢ ᠶᠡᠬᠡᠲᠡᠢ | ᠵᠢᠭᠤᠯᠴᠢᠯᠠᠯ ᠤᠨ ᠲᠥᠷᠥᠯ ᠵᠦᠢᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠴᠢᠭᠯᠡᠭᠦᠯᠦᠨ᠂ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠦᠵᠡᠯ ᠰᠠᠨᠠᠭ᠎ᠠ ᠲᠠᠨᠢᠯᠲᠠ᠂ ᠳᠦᠷᠢᠮ ᠤᠨ ᠬᠡᠷᠡᠭᠵᠢᠭᠦᠯᠦᠯᠲᠡ᠂ | ᠪᠠᠷᠢᠮᠵᠢᠶ᠎ᠠ ᠶᠢᠨ ᠪᠦᠲᠦᠴᠡ᠂ ᠬᠠᠮᠢᠶᠠᠷᠤᠯᠲᠠ ᠶᠢᠨ ᠬᠡᠯᠬᠢᠶ᠎ᠡ᠂ ᠪᠠᠲᠤᠯᠠᠭ᠎ᠠ ᠶᠢᠨ ᠴᠢᠳᠠᠪᠤᠷᠢ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠪᠥᠬᠦ ᠲᠠᠯ᠎ᠠ ᠪᠠᠷ | ᠨᠠᠷᠢᠪᠴᠢᠯᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠵᠢᠭᠤᠯᠴᠢᠯᠠᠯ ᠤᠨ ᠭᠠᠵᠠᠷ ᠤᠨ ᠬᠠᠤᠯᠢ ᠶᠣᠰᠣᠨ ᠤ ᠬᠢᠷᠢ | ᠬᠡᠮ ᠲᠠᠢ ᠲᠡᠷᠭᠡ ᠬᠥᠰᠬᠡ ᠲᠦᠷᠢᠶᠡᠰᠦᠯᠡᠬᠦ ᠶᠢ ᠰᠢᠮᠳᠠᠭᠤᠯᠬᠤ ᠶᠢᠨ ᠬᠠᠮᠲᠤ᠂ ᠵᠠᠮ ᠲᠡᠭᠡᠭᠡᠪᠦᠷᠢ ᠶᠢᠨ ᠠᠵᠤ | ᠠᠬᠤᠶᠢᠯᠠᠯ ᠲᠠᠢ ᠢᠳᠡᠪᠬᠢᠲᠡᠢ ᠬᠠᠮᠵᠢᠯᠴᠠᠨ ᠰᠠᠨᠠᠭᠤᠯᠵᠤ ᠰᠡᠷᠡᠮᠵᠢᠯᠡᠭᠦᠯᠬᠦ ᠪᠠ ᠠᠮᠤᠷ ᠲᠦᠪᠰᠢᠨ ᠤ ᠰᠡᠷᠭᠡᠶᠢᠯᠡᠯᠲᠡ ᠶᠢ | ᠰᠠᠶᠢᠲᠤᠷ ᠬᠢᠵᠦ᠂ ᠵᠢᠭᠤᠯᠴᠢᠯᠠᠯ ᠤᠨ ᠭᠠᠵᠠᠷ ᠤᠨ ᠬᠠᠷᠢᠭᠤᠴᠠᠯᠭ᠎ᠠ ᠶᠢᠨ ᠳᠠᠭᠠᠳᠬᠠᠯ ᠪᠠ ᠬᠤᠯᠪᠣᠭᠳᠠᠬᠤ | ᠬᠠᠷᠢᠭᠤᠴᠠᠯᠭ᠎ᠠ ᠶᠢᠨ ᠳᠠᠭᠠᠳᠬᠠᠯ ᠤᠨ ᠦᠢᠯᠡᠳᠬᠦᠨ ᠢ ᠴᠠᠭ ᠲᠤᠬᠠᠢ ᠳᠤᠨᠢ ᠳᠠᠭᠠᠳᠬᠠᠭᠤᠯᠬᠤ ᠪᠠ ᠦᠷᠭᠦᠯᠵᠢᠯᠡᠨ | ᠳᠠᠭᠠᠳᠬᠠᠭᠤᠯᠵᠤ᠂ ᠠᠮᠤᠷ ᠲᠦᠪᠰᠢᠨ ᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠴᠠᠭ | ᠠᠭᠤᠷ ᠤᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠭᠡᠨᠡᠳᠲᠡ ᠶᠢᠨ | ᠭᠠᠮᠰᠢᠭᠲᠤ ᠴᠠᠭ ᠠᠭᠤᠷ ᠵᠡᠷᠭᠡ ᠲᠣᠭᠲᠠᠭᠠᠯᠲᠤ ᠪᠤᠰᠤ ᠬᠦᠴᠦᠨ ᠵᠦᠢᠯ ᠢ ᠴᠠᠭ ᠲᠤᠬᠠᠢ ᠳᠤᠨᠢ ᠡᠵᠡᠮᠰᠢᠨ᠂ ᠰᠣᠶᠣᠯ | ᠵᠢᠭᠤᠯᠴᠢᠯᠠᠯ ᠤᠨ ᠠᠵᠢᠯ ᠲᠥᠷᠥᠯ ᠤᠨ ᠵᠢᠭᠤᠯᠴᠢᠯᠠᠯ ᠤᠨ ᠲᠦᠭᠰᠢᠭᠦᠷᠢ ᠶᠢᠨ ᠰᠡᠷᠡᠮᠵᠢᠯᠡᠭᠦᠯᠦᠯ ᠤᠨ ᠰᠠᠨᠠᠭᠤᠯᠤᠮᠵᠢ ᠶᠢ | ᠬᠠᠮᠤᠭ ᠤᠨ ᠲᠡᠷᠢᠭᠦᠨ ᠳᠤ ᠨᠡᠶᠢᠲᠡᠯᠡᠵᠦ᠂ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ | ᠠᠪᠴᠤ᠂ ᠵᠢᠭᠤᠯᠴᠢᠯᠠᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃ | ︵ ᠲᠤᠯᠤᠭ᠎ᠠ︶ ᠭᠠᠯ ᠲᠦᠢᠮᠡᠷ ᠢ ᠤᠨᠲᠠᠷᠠᠭᠠᠬᠤ ᠬᠦᠷᠢᠶᠡᠨ ᠤ ᠰᠡᠷᠭᠡᠶᠢᠯᠡᠬᠦ ᠠᠷᠭ᠎ᠠ ᠬᠡᠮᠵᠢᠶ᠎ᠡ᠄ ︽ᠶᠢᠰᠦᠨ | ᠪᠠᠭ᠎ᠠ ᠲᠠᠯᠠᠪᠤᠷ︾ ᠂ ︽ᠵᠡᠭᠡᠯᠢ ᠳᠠᠭᠠᠤ ᠬᠤᠳᠠᠯᠳᠤᠭ᠎ᠠ ᠫᠦᠰᠡ︾ ᠂ ︽ᠬᠥᠮᠥᠨ ᠤᠯᠠᠨ ᠴᠤᠭᠯᠠᠷᠠᠳᠠᠭ ᠲᠠᠯᠠᠪᠤᠷ︾ | ᠵᠡᠷᠭᠡ ᠭᠠᠯ ᠲᠦᠢᠮᠡᠷ ᠢ ᠤᠨᠲᠠᠷᠠᠭᠠᠬᠤ ᠲᠤᠰᠬᠠᠢ ᠵᠦᠢᠯ ᠤᠨ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ | ᠥᠷᠨᠢᠭᠦᠯᠵᠦ᠂ ᠭᠠᠯ ᠲᠦᠢᠮᠡᠷ ᠢ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠦᠨᠳᠦ ᠬᠡᠴᠡᠭᠦᠦ ᠲᠦᠭᠰᠢᠭᠦᠷᠢ ᠶᠢ | ᠬᠦᠴᠦᠯᠡᠨ ᠰᠡᠷᠭᠡᠶᠢᠯᠡᠨ ᠠᠷᠢᠯᠭᠠᠵᠤ᠂ ᠭᠠᠯ ᠲᠦᠢᠮᠡᠷ ᠢ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠤᠯᠢ ᠠᠴᠠ | ᠵᠥᠷᠢᠴᠡᠭᠰᠡᠨ ᠡᠯ᠎ᠡ ᠲᠥᠷᠥᠯ ᠤᠨ ᠥᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠲᠣᠮᠣ | ᠬᠡᠯᠪᠡᠷᠢ ᠶᠢᠨ ᠶᠡᠷᠦᠩᠬᠡᠶᠢᠯᠡᠭᠰᠡᠨ ᠴᠣᠭᠴᠠ᠂ ᠥᠨᠳᠥᠷ ᠪᠠᠷᠢᠯᠭ᠎ᠠ᠂ ᠴᠢᠯᠠᠭᠤᠨ ᠲᠣᠰᠣ ᠬᠢᠮᠢ ᠶᠢᠨ ᠰᠢᠲᠠᠮᠠᠬᠠᠢ ᠬᠡᠢ᠂ | ᠣᠯᠠᠨ ᠨᠡᠶᠢᠲᠡ ᠶᠢᠨ ᠴᠤᠭᠯᠠᠷᠠᠯ᠂ ᠬᠠᠭᠤᠴᠢᠨ ᠬᠤᠷᠢᠶᠠᠯᠠᠯ᠂ ᠥᠪᠡᠰᠦᠪᠡᠨ ᠪᠠᠷᠢᠭᠰᠠᠨ ᠭᠡᠷ ᠪᠠᠶᠢᠰᠢᠩ᠂ | ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠨᠢᠭᠡᠴᠢ ᠲᠠᠯᠠᠪᠤᠷ ᠢ ᠴᠢᠩᠭ᠎ᠠ ᠠᠵᠢᠭᠯᠠᠵᠤ᠂ | ᠬᠠᠷᠢᠭᠤᠴᠠᠯᠭ᠎ᠠ ᠬᠡᠯᠡᠯᠴᠡᠵᠦ ᠲᠣᠷᠭᠠᠬᠤ᠂ ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠬᠦ᠂ ᠢᠯᠡᠴᠢᠯᠡᠵᠦ | ᠰᠡᠷᠡᠮᠵᠢᠯᠡᠭᠦᠯᠬᠦ᠂ ᠦᠢᠯᠡᠴᠢᠯᠡᠵᠦ ᠵᠢᠯᠤᠭᠤᠳᠬᠤ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠭᠠᠯ ᠲᠦᠢᠮᠡᠷ ᠢ | ᠤᠨᠲᠠᠷᠠᠭᠠᠬᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠶᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠥᠪᠡᠷ ᠢᠶᠠᠨ ᠭᠡᠷ ᠪᠠᠶᠢᠰᠢᠩ ᠪᠠᠷᠢᠬᠤ᠂ | ᠰᠠᠭᠤᠭᠠᠯᠢ ᠠᠷᠠᠳ ᠤᠨ ᠲᠣᠭᠤᠷᠢᠭ ᠪᠠ ︽ᠣᠯᠠᠨ ᠵᠦᠢᠯ ᠢ ᠨᠡᠶᠢᠯᠡᠭᠦᠯᠦᠨ ᠨᠢᠭᠡ ᠪᠣᠯᠭᠠᠬᠤ︾ ᠂ ︽ᠡᠮᠦᠨ᠎ᠡ ᠨᠢ | ᠳᠡᠯᠭᠡᠭᠦᠷ ᠬᠤᠶᠢᠨ᠎ᠠ ᠨᠢ ᠦᠢᠯᠡᠳᠪᠦᠷᠢ ᠪᠠᠶᠢᠭᠤᠯᠬᠤ︾ ᠂ ᠣᠯᠠᠨ ᠨᠡᠶᠢᠲᠡ ᠪᠠᠷ ᠢᠶᠠᠨ ᠭᠡᠷ ᠪᠠᠶᠢᠰᠢᠩ ᠲᠦᠷᠢᠶᠡᠰᠦᠯᠡᠬᠦ | ᠵᠡᠷᠭᠡ ᠲᠠᠯᠠᠪᠤᠷ ᠭᠠᠵᠠᠷ ᠲᠤ ᠴᠢᠭᠯᠡᠭᠦᠯᠦᠨ᠂ ᠲᠣᠰᠬᠤᠨ ︵ ᠰᠠᠭᠤᠭᠠᠯᠢ ᠠᠷᠠᠳ︶ ᠤ ᠵᠥᠪᠯᠡᠯ᠂ ᠦᠨᠳᠦᠰᠦᠨ | ᠱᠠᠲᠤᠨ ᠤ ᠲᠣᠣᠷ ᠰᠦᠯᠵᠢᠶ᠎ᠡ᠂ ᠠᠳᠠᠯ ᠠᠬᠤᠢ ᠶᠢᠨ ᠠᠮᠤᠷ ᠢ ᠬᠠᠮᠠᠭᠠᠯᠠᠬᠤ ᠵᠡᠷᠭᠡ ᠶᠢ ᠳᠠᠶᠢᠴᠢᠯᠠᠨ᠂ ᠲᠣᠭᠲᠠᠭᠠᠯ | ᠠᠴᠠ ᠵᠥᠷᠢᠴᠡᠨ ᠭᠠᠯ ᠴᠠᠬᠢᠯᠭᠠᠨ ᠬᠡᠢ ᠬᠡᠷᠡᠭᠯᠡᠬᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠠᠰᠠᠷ ᠲᠤ ᠣᠷᠣᠭᠤᠯᠵᠤ | ᠡᠷᠦᠬᠡ ᠳᠤ ᠣᠷᠣᠭᠤᠯᠬᠤ ᠵᠡᠷᠭᠡ ᠮᠠᠭᠤ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠤᠨ ᠵᠠᠰᠠᠬᠤ ᠬᠡᠷᠡᠭᠲᠡᠢ | ᠃ ᠠᠳᠠᠯᠢ ᠪᠤᠰᠤ ᠴᠠᠭ ᠬᠤᠭᠤᠴᠠᠭ᠎ᠠ᠂ ᠠᠳᠠᠯᠢ ᠪᠤᠰᠤ ᠬᠦᠷᠢᠶ᠎ᠡ᠂ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ | ᠬᠥᠮᠥᠰ ᠤᠨ ᠭᠠᠯ ᠲᠦᠢᠮᠡᠷ ᠢ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ | ᠂ ᠰᠦᠯᠵᠢᠶ᠎ᠡ ᠪᠠᠷ ᠰᠢᠭᠤᠳ ᠨᠡᠪᠲᠡᠷᠡᠭᠦᠯᠬᠦ᠂ ᠰᠡᠷᠡᠮᠵᠢᠯᠡᠭᠦᠯᠬᠦ ᠬᠥᠮᠦᠵᠢᠯ᠂ ᠤᠬᠠᠭᠤᠯᠭ᠎ᠠ ᠶᠢᠨ ᠬᠠᠭᠤᠳᠠᠰᠤ ᠵᠡᠷᠭᠡ | ᠤᠯᠠᠨ ᠵᠦᠢᠯ ᠤᠨ ᠠᠷᠭ᠎ᠠ ᠪᠠᠷᠢᠯ ᠢ ᠠᠪᠴᠤ ᠪᠠᠶᠢᠭᠠᠳ ᠭᠠᠯ ᠲᠦᠢᠮᠡᠷ ᠢ ᠤᠨᠲᠠᠷᠠᠭᠠᠵᠤ ᠠᠶᠤᠯ ᠠᠴᠠ ᠬᠠᠮᠠᠭᠠᠯᠠᠬᠤ | ᠤᠬᠠᠭᠤᠯᠭ᠎ᠠ ᠶᠢᠨ ᠡᠷᠴᠢᠮ ᠢ ᠴᠢᠩᠭᠠᠳᠬᠠᠬᠤ ᠬᠡᠷᠡᠭᠲᠡᠢ᠃ | ︵ ᠨᠠᠢᠮᠠ︶ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠢ ᠰᠡᠷᠭᠡᠶᠢᠯᠡᠨ | ᠤᠨᠲᠠᠷᠠᠭᠠᠬᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ᠄ ᠵᠠᠩᠭᠢᠯᠠᠭ᠎ᠠ ᠶᠢᠨ ᠴᠠᠭ ᠬᠤᠭᠤᠴᠠᠭ᠎ᠠ ᠪᠠ ᠬᠡᠭᠡᠷ᠎ᠡ ᠭᠠᠳᠠᠨ᠎ᠠ | ᠰᠢᠷᠠᠵᠤ ᠰᠢᠷᠠᠬᠤ᠂ ᠬᠡᠭᠡᠷ᠎ᠡ ᠬᠤᠭᠤᠯᠠᠯᠠᠬᠤ ᠵᠡᠷᠭᠡ ᠦᠶᠯᠡ ᠠᠵᠢᠯᠯᠠᠭ᠎ᠠ ᠶᠢ ᠴᠢᠩᠭ᠎ᠠ ᠠᠩᠬᠠᠷᠴᠤ᠂ ᠬᠡᠭᠡᠷ᠎ᠡ ᠭᠠᠳᠠᠨ᠎ᠠ | ᠭᠠᠯ ᠬᠡᠷᠡᠭᠯᠡᠬᠦ ᠶᠢ ᠪᠥᠬᠦ ᠲᠠᠯ᠎ᠠ ᠪᠠᠷ ᠬᠠᠮᠢᠶᠠᠷᠤᠨ ᠡᠵᠡᠮᠳᠡᠨ᠎ᠡ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ | ᠭᠠᠮᠰᠢᠭ ᠢ ᠰᠡᠷᠭᠡᠶᠢᠯᠡᠨ ᠡᠵᠡᠮᠳᠡᠬᠦ ᠶᠢ ᠰᠢᠮᠳᠠᠭᠤᠯᠤᠨ ᠪᠠᠶᠢᠴᠠᠭᠠᠬᠤ ᠶᠢ ᠴᠠᠭ ᠲᠤᠬᠠᠢ ᠳᠤᠨᠢ ᠥᠷᠨᠢᠭᠦᠯᠵᠦ᠂ ᠰᠠᠶᠢᠲᠤᠷ | ᠨᠠᠶᠢᠳᠠᠪᠤᠷᠢᠵᠢᠭᠤᠯᠤᠭᠰᠠᠨ ᠦᠭᠡᠢ ᠳᠤᠨᠢ ᠮᠡᠳᠡᠭᠡᠯᠡᠬᠦ᠂ ᠪᠣᠯᠵᠣᠨ ᠶᠠᠷᠢᠯᠴᠠᠬᠤ᠂ ᠭᠤᠣᠯᠳᠠᠯᠭ᠎ᠠ ᠲᠠᠢ ᠬᠠᠮᠢᠶᠠᠷᠬᠤ ᠵᠡᠷᠭᠡ | ᠠᠷᠭ᠎ᠠ ᠬᠡᠮᠵᠢᠶ᠎ᠡ ᠠᠪᠴᠤ ᠪᠠᠶᠢᠭᠠᠳ ᠵᠠᠯᠬᠠᠭᠠᠨ ᠴᠡᠭᠡᠷᠯᠡᠭᠦᠯᠬᠦ ᠬᠡᠷᠡᠭᠲᠡᠢ᠃ ᠷᠠᠳᠢᠣ᠋ ᠨᠡᠪᠲᠡᠷᠡᠭᠦᠯᠭᠡ᠂ ᠲᠧᠯᠸᠢᠰ᠂ | ᠰᠣᠨᠢᠨ ᠪᠣᠯᠣᠨ ᠰᠢᠨ᠎ᠡ ᠵᠠᠭᠤᠴᠢᠯᠠᠭᠤᠷ ᠵᠡᠷᠭᠡ ᠠᠷᠭ᠎ᠠ ᠪᠠᠷᠢᠯ ᠢ ᠠᠰᠢᠭᠯᠠᠨ᠂ ᠨᠡᠶᠢᠭᠡᠮ ᠲᠣᠭᠤᠷᠢᠭ᠂ ᠭᠡᠷ ᠪᠦᠯᠢ᠂ | ᠰᠤᠷᠭᠠᠭᠤᠯᠢ᠂ ᠠᠵᠤ ᠠᠬᠤᠶᠢᠯᠠᠯ᠂ ᠰᠢᠭᠤᠶᠢᠲᠤ ᠣᠷᠣᠨ᠂ ᠬᠥᠳᠡᠭᠡ ᠲᠣᠰᠬᠤᠨ᠂ ᠲᠠᠷᠢᠶᠠᠴᠢᠨ ᠡᠷᠦᠬᠡ ᠳᠤ ︽ | ᠳᠣᠯᠤᠭ᠎ᠠ ᠶᠢ ᠣᠷᠣᠭᠤᠯᠬᠤ︾ ᠭᠠᠯ ᠲᠦᠢᠮᠡᠷ ᠤᠨ ᠠᠶᠤᠯ ᠢ ᠰᠡᠷᠭᠡᠶᠢᠯᠡᠬᠦ ᠤᠬᠠᠭᠤᠯᠭ᠎ᠠ ᠶᠢᠨ ᠰᠡᠷᠡᠮᠵᠢᠯᠡᠭᠦᠯᠬᠦ | ᠬᠥᠮᠦᠵᠢᠯ ᠢ ᠥᠷᠨᠢᠭᠦᠯᠬᠦ ᠬᠡᠷᠡᠭᠲᠡᠢ᠃ | ︵ ᠶᠢᠰᠦ︶ ᠪᠠᠶᠢᠭᠠᠯᠢ ᠶᠢᠨ ᠭᠠᠢ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ᠄ ᠰᠡᠷᠡᠮᠵᠢᠯᠡᠭᠦᠯᠬᠦ ᠮᠡᠳᠡᠭᠡ | ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠴᠠᠭ ᠠᠭᠤᠷ ᠤᠨ ᠭᠠᠢ ᠭᠠᠮᠰᠢᠭ ᠢ ᠰᠡᠷᠡᠮᠵᠢᠯᠡᠭᠦᠯᠬᠦ ᠮᠡᠳᠡᠭᠡ | ᠵᠠᠩᠭᠢ ᠶᠢ ᠬᠠᠮᠤᠭ ᠤᠨ ᠲᠡᠷᠢᠭᠦᠨ ᠳᠤ ᠨᠡᠶᠢᠲᠡᠯᠡᠬᠦ ᠶᠢ ᠦᠨᠡᠨᠬᠦ ᠪᠠᠲᠤᠯᠠᠵᠤ᠂ ᠪᠡᠯᠡᠳᠭᠡᠮᠵᠢᠳᠤ ᠲᠠᠷᠢᠶᠠᠯᠠᠩ ᠤᠨ | ᠪᠠᠬᠢᠵᠢᠭᠦᠯᠵᠦ ᠳᠤᠯᠠᠭᠠᠨ ᠢ ᠬᠠᠮᠠᠭᠠᠯᠠᠬᠤ ᠠᠵᠢᠯ᠂ ᠭᠠᠳᠠᠭᠰᠢ ᠭᠠᠷᠤᠭᠰᠠᠳ ᠢ ᠰᠡᠷᠭᠡᠶᠢᠯᠡᠨ ᠬᠠᠮᠠᠭᠠᠯᠠᠬᠤ ᠠᠷᠭ᠎ᠠ | ᠬᠡᠮᠵᠢᠶ᠎ᠡ ᠪᠣᠯᠣᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠢ ᠰᠡᠷᠭᠡᠶᠢᠯᠡᠬᠦ ᠠᠵᠢᠯ ᠢ | ᠤᠷᠢᠳᠴᠢᠯᠠᠨ ᠰᠠᠶᠢᠲᠤᠷ ᠭᠦᠢᠴᠡᠳᠬᠡᠬᠦ ᠬᠡᠷᠡᠭᠲᠡᠢ᠃ ᠵᠢᠵᠢᠭᠦᠷᠯᠡᠨ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ | ᠭᠠᠮᠰᠢᠭ ᠤᠨ ᠪᠠᠶᠢᠳᠠᠯ ᠭᠠᠷᠪᠠᠯ ᠭᠠᠮᠰᠢᠭ ᠤᠨ ᠪᠠᠶᠢᠳᠠᠯ ᠢ ᠴᠠᠭ ᠲᠤᠬᠠᠢ ᠳᠤᠨᠢ ᠣᠨᠣᠪᠴᠢᠲᠠᠶ ᠮᠡᠳᠡᠭᠦᠯᠵᠦ᠂ | ᠮᠡᠳᠡᠭᠡ ᠵᠠᠩᠭᠢ ᠶᠢᠨ ᠣᠨᠣᠪᠴᠢᠲᠤ ᠴᠢᠨᠠᠷ ᠪᠣᠯᠣᠨ ᠴᠠᠭ ᠲᠤᠬᠠᠶᠢᠴᠢ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃ | ᠦᠶᠡᠷ ᠤᠨ ᠬᠤᠭᠤᠴᠠᠭ᠎ᠠ ᠠᠴᠠ ᠡᠮᠦᠨ᠎ᠡ᠂ ᠭᠤᠣᠯ ᠤᠨ ᠵᠠᠮ ᠢ ᠴᠠᠭ ᠲᠤᠬᠠᠢ ᠳᠤᠨᠢ ᠴᠡᠪᠡᠷᠯᠡᠵᠦ᠂ ᠬᠥᠭᠦᠷᠭᠡ ᠶᠢᠨ | ᠭᠤᠯᠳᠤᠩ ᠢᠶᠠᠷ ᠬᠤᠭ ᠨᠣᠪᠰᠢ ᠶᠢ ᠪᠥᠭᠯᠡᠵᠦ᠂ ᠤᠰᠤᠨ ᠵᠠᠮ ᠤᠨ ᠰᠠᠭᠠᠳ ᠦᠭᠡᠢ ᠨᠡᠪᠲᠡᠷᠡᠬᠦ ᠶᠢ ᠦᠨᠡᠨᠬᠦ | ᠪᠠᠲᠤᠯᠠᠬᠤ ᠬᠡᠷᠡᠭᠲᠡᠢ᠃ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠪᠠᠴᠢᠮ ᠪᠠᠶᠢᠳᠠᠯ ᠢ ᠲᠦᠷᠭᠡᠨ ᠠᠷᠭᠠᠴᠠᠬᠤ ᠪᠡᠯᠡᠳᠬᠡᠯ ᠢ ᠴᠢᠩᠭᠠᠳᠬᠠᠨ᠎ᠠ᠃ |