ᠹᠦ᠋ ᠯᠢ ᠰᠢᠩ
ᠨᠡᠶᠢᠲᠡᠯᠡᠭᠰᠡᠨ ᠴᠠᠭ᠄
2024/7/26
     ᠲᠣᠪᠴᠢ ᠨᠠᠮᠲᠠᠷ      ᠹᠦ᠋ ᠯᠢ ᠰᠢᠩ᠂ ᠡᠮᠡᠭᠲᠡᠢ᠂ ᠬᠢᠲᠠᠳ ᠦᠨᠳᠦᠰᠦᠲᠡᠨ᠂ 1986 ᠣᠨ ᠤ 9ᠳ᠋ᠦ᠋ᠭᠡᠷ ᠰᠠᠷ᠎ᠠ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠠᠯᠠᠱᠠ ᠵᠡᠭᠦᠨ ᠬᠤᠰᠢᠭᠤᠨ ᠤ ᠥᠯᠵᠡᠢ ᠰᠤᠮᠤ ᠶᠢᠨ ᠨᠠᠮ ᠤᠨ ᠬᠤᠷᠢᠶᠠᠨ ᠤ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠤᠮᠤᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃      ᠠᠵᠢᠯ ᠤᠨ ᠬᠤᠪᠢᠶᠠᠷᠢᠯᠠᠯ      ᠨᠠᠮ ᠤᠨ ᠬᠤᠷᠢᠶ᠎ᠠ ᠶᠢᠨ ᠱᠦᠵᠢ᠂ ᠵᠠᠰᠠᠭ ᠤᠨ ᠣᠷᠳᠣᠨ ᠤ ᠰᠤᠮᠤᠨ ᠤ ᠠᠵᠢᠯ ᠢᠶᠠᠨ ᠥᠷᠨᠢᠭᠦᠯᠬᠦ ᠳᠤᠨᠢ ᠬᠠᠮᠵᠢᠯᠴᠠᠨ᠎ᠠ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ᠂ ᠭᠠᠯ ᠲᠦᠢᠮᠡᠷ ᠢ ᠤᠨᠲᠠᠷᠠᠭᠠᠬᠤ ᠠᠮᠤᠷ ᠲᠦᠪᠰᠢᠨ᠂ ᠡᠪᠯᠡᠯ ᠤᠨ ᠬᠤᠷᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ᠂ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠬᠥᠳᠡᠯᠮᠦᠷᠢ ᠠᠵᠢᠯ ᠣᠯᠭᠤᠯᠲᠠ ᠶᠢᠨ ᠠᠵᠢᠯ ᠢ ᠬᠤᠪᠢᠳᠠᠨ ᠬᠠᠮᠢᠶᠠᠷᠤᠨ᠎ᠠ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠂ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠤᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠦᠵᠡᠯ ᠤᠬᠠᠮᠰᠠᠷ ᠤᠨ ᠬᠡᠯᠪᠡᠷᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠭ᠎ᠠ᠂ ᠲᠣᠭᠲᠠᠭᠤᠨ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号