| | ᠡᠯ᠎ᠡ ᠰᠤᠮᠤ ᠪᠠᠯᠭᠠᠰᠤ᠂ ᠬᠤᠰᠢᠭᠤᠨ ᠰᠢᠭᠤᠳ ᠬᠠᠷᠢᠶ᠎ᠠ ᠡᠯ᠎ᠡ ᠬᠤᠯᠪᠣᠭᠳᠠᠬᠤ ᠰᠠᠯᠠᠭ᠎ᠠ ᠮᠥᠴᠢᠷ ᠲᠤ᠄ | | ︽ᠠᠯᠠᠱᠠ ᠵᠡᠭᠦᠨ ᠬᠤᠰᠢᠭᠤᠨ ᠤ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠪᠡᠯᠡ | ᠣᠷᠣᠭᠤᠯᠤᠯᠲᠠ ᠶᠢᠨ ᠬᠥᠭᠵᠢᠯᠲᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ | ᠶᠢ ᠠᠯᠠᠱᠠ ᠵᠡᠭᠦᠨ ᠬᠤᠰᠢᠭᠤᠨ ᠤ 2023 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ | ᠰᠤᠳᠤᠯᠤᠨ ᠪᠠᠲᠤᠯᠠᠭᠠᠳ᠂ ᠡᠳᠦᠭᠡ ᠲᠠᠨᠠᠷ ᠲᠤ ᠬᠡᠪᠯᠡᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | | ᠬᠠᠪᠰᠤᠷᠤᠯᠲᠠ᠄ ᠠᠯᠠᠱᠠ ᠵᠡᠭᠦᠨ ᠬᠤᠰᠢᠭᠤᠨ ᠤ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠪᠡᠯᠡ | ᠣᠷᠣᠭᠤᠯᠤᠯᠲᠠ ᠶᠢᠨ ᠬᠥᠭᠵᠢᠯᠲᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶ | | 2023 ᠣᠨ ᠤ 9 ᠳ᠋ᠦ᠋ᠭᠡᠷ ᠰᠠᠷ᠎ᠠ ᠶᠢᠨ 25 ᠤ ᠡᠳᠦᠷ | | | | ᠬᠠᠪᠰᠤᠷᠤᠯᠲᠠ | | | | ᠠᠯᠠᠱᠠ ᠵᠡᠭᠦᠨ ᠬᠤᠰᠢᠭᠤᠨ ᠤ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠪᠡᠯᠡ | ᠣᠷᠣᠭᠤᠯᠤᠯᠲᠠ ᠶᠢᠨ ᠬᠥᠭᠵᠢᠯᠲᠡ ᠶᠢᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶ | | | ᠨᠢᠭᠡᠳᠦᠭᠡᠷ ᠵᠦᠢᠯ ᠮᠠᠨ ᠤ ᠬᠤᠰᠢᠭᠤᠨ ᠤ ᠠᠮᠢ ᠠᠬᠤᠶ ᠶᠢᠨ ᠡᠯᠡᠰᠦᠨ ᠤ ᠠᠵᠤ ᠦᠢᠯᠡᠰ ᠤᠨ ᠴᠢᠨᠠᠷᠯᠢᠭ | ᠬᠥᠭᠵᠢᠯᠲᠡ ᠶᠢ ᠤᠯᠠᠮ ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ ᠪᠠᠯᠠ ᠣᠷᠣᠭᠤᠯᠤᠯᠲᠠ ᠶᠢᠨ ᠣᠷᠴᠢᠨ | ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠵᠣᠷᠢᠯᠭ᠎ᠠ ᠪᠠᠷ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠯᠠ ᠮᠥᠩᠭᠦ᠂ ᠮᠡᠷᠭᠡᠵᠢᠯ᠂ | ᠴᠢᠳᠠᠪᠤᠷᠢᠲᠠᠨ ᠪᠠ ᠲᠡᠷᠢᠭᠦᠨ ᠤ ᠬᠠᠮᠢᠶᠠᠷᠤᠯᠲᠠ ᠶᠢᠨ ᠦᠵᠡᠯ ᠪᠠᠷᠢᠮᠲᠠᠯᠠᠯ ᠢ ᠢᠳᠡᠪᠬᠢᠲᠡᠶ ᠲᠠᠲᠠᠨ᠎ᠠ᠃ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ︽ᠠᠮᠢ ᠠᠬᠤᠢ ᠶᠢ ᠠᠵᠤ | ᠦᠢᠯᠡᠰᠵᠢᠭᠦᠯᠵᠦ᠂ ᠠᠵᠤ ᠦᠢᠯᠡᠰ ᠢ ᠠᠮᠢ ᠠᠬᠤᠶᠢᠵᠢᠭᠤᠯᠬᠤ︾ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ | ᠵᠠᠮᠨᠠᠬᠤ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ︽ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠬᠦ ᠲᠤᠬᠠᠶ | ᠰᠠᠨᠠᠯ ᠤᠳ︾ ︵ᠲᠥᠪ ᠲᠠᠷᠬᠠᠭᠠᠭᠰᠠᠨ ﹇ 2015﹈ 8 ᠳ᠋ᠤᠭᠠᠷ ᠲᠣᠭᠠᠲᠤ︶᠂ ︽ᠪᠥᠬᠦ ᠤᠯᠤᠰ ᠤᠨ ᠡᠯᠡᠰᠦᠨ ᠤ | ᠠᠵᠤ ᠦᠢᠯᠡᠰ ᠤᠨ ᠬᠥᠭᠵᠢᠯᠲᠡ ᠶᠢᠨ ᠵᠦᠭᠯᠡᠭᠦᠷ︾ ︵ᠣᠶ ᠡᠯᠡᠰᠦ ᠲᠠᠷᠬᠠᠭᠠᠭᠰᠠᠨ ﹇ 2022﹈ 9 ᠳ᠋ᠦ᠋ᠭᠡᠷ | ᠲᠣᠭᠠᠲᠤ︶ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ︽︿ | ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠲᠦᠷᠭᠡᠳᠬᠡᠨ | ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠶ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠥᠪᠥᠷ ᠨᠠᠮ ᠲᠠᠷᠬᠠᠭᠠᠭᠰᠠᠨ ﹇2020﹈ 17 ᠳ᠋ᠤᠭᠠᠷ ᠲᠣᠭᠠᠲᠤ︶ | ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ | ᠂ ᠠᠯᠠᠱᠠ ᠵᠡᠭᠦᠨ ᠬᠤᠰᠢᠭᠤᠨ ᠤ ᠠᠮᠢ ᠠᠬᠤᠶ ᠶᠢᠨ ᠡᠯᠡᠰᠦᠨ ᠤ ᠠᠵᠤ ᠦᠢᠯᠡᠰ ᠤᠨ ᠪᠠᠯᠠ ᠣᠷᠣᠭᠤᠯᠤᠯᠲᠠ ᠶᠢᠨ | ᠬᠥᠭᠵᠢᠯᠲᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠣᠨᠴᠠᠭᠠᠶᠢᠯᠠᠨ ᠲᠣᠭᠲᠠᠭᠠᠪᠠ᠃ | | ᠬᠤᠶᠠᠳᠤᠭᠠᠷ ᠵᠦᠢᠯ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠲᠣᠬᠢᠷᠠᠬᠤ ᠠᠵᠤ ᠠᠬᠤᠶᠢᠯᠠᠯ | ᠪᠣᠯ ᠠᠯᠠᠱᠠ ᠵᠡᠭᠦᠨ ᠬᠤᠰᠢᠭᠤᠨ ᠳᠤ ᠪᠦᠷᠢᠳᠬᠡᠯ ᠲᠠᠢ ᠪᠥᠭᠡᠳ ᠬᠠᠤᠯᠢ ᠶᠣᠰᠣᠭᠠᠷ ᠡᠵᠡᠩᠨᠡᠵᠦ ᠭᠠᠶᠢᠯᠢ | ᠲᠤᠰᠢᠶᠠᠭᠰᠠᠨ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠠᠵᠤ ᠠᠬᠤᠶᠢᠯᠠᠯ ᠪᠣᠯᠣᠨ᠎ᠠ᠃ ᠠᠳᠠᠯᠢ ᠨᠢᠭᠡ ᠲᠥᠷᠥᠯ ᠵᠦᠢᠯ᠂ ᠠᠳᠠᠯᠢ ᠨᠢᠭᠡ ᠵᠦᠢᠯ ᠨᠢ ᠲᠣᠰ | ᠲᠥᠷᠥ ᠶᠢᠨ ᠪᠣᠳᠣᠯᠭ᠎ᠠ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠪᠠᠷ ᠪᠠᠷᠠᠬᠤ ᠦᠭᠡᠢ᠂ ᠪᠠᠰᠠ ᠤᠯᠤᠰ᠂ | ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠨᠡᠶᠢᠲᠡᠯᠡᠭᠰᠡᠨ ᠪᠤᠰᠤᠳ ᠬᠠᠷᠠᠭᠠᠯᠵᠠᠯᠲᠤ ᠲᠥᠷᠥ ᠶᠢᠨ | ᠪᠣᠳᠣᠯᠭ᠎ᠠ ᠶᠢᠨ ᠨᠥᠬᠦᠴᠡᠯ ᠳᠤ ᠨᠡᠶᠢᠴᠡᠪᠡᠯ᠂ ᠥᠨᠳᠥᠷ ᠢ ᠪᠠᠲᠤᠯᠠᠬᠤ ᠵᠠᠷᠴᠢᠮ ᠶᠣᠰᠣᠭᠠᠷ ᠬᠡᠷᠡᠭᠵᠢᠭᠦᠯᠵᠦ᠂ ᠵᠠᠷᠴᠢᠮ | ᠳᠡᠭᠡᠷ᠎ᠡ ᠪᠠᠨ ᠳᠠᠬᠢᠨ ᠳᠠᠪᠲᠠᠨ ᠭᠥᠷᠳᠡᠬᠦ ᠦᠭᠡᠢ᠃ | | ᠭᠤᠷᠪᠠᠳᠤᠭᠠᠷ ᠵᠦᠢᠯ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠳᠠᠭᠠᠭᠠᠴᠢᠯᠠᠯᠲᠠ ᠵᠠᠷᠯᠠᠨ | ᠳᠠᠭᠤᠳᠠᠯᠭ᠎ᠠ ᠬᠤᠳᠠᠯᠳᠤᠬᠤ᠂ ᠢᠯᠡ ᠵᠠᠷᠯᠠᠬᠤ᠂ ᠢᠯᠡ ᠪᠠᠷ ᠰᠢᠯᠵᠢᠭᠦᠯᠦᠨ ᠬᠤᠳᠠᠯᠳᠤᠬᠤ ᠵᠡᠷᠭᠡ ᠠᠷᠭ᠎ᠠ ᠮᠠᠶ᠋ᠢᠭ ᠢᠶᠠᠷ | ᠭᠠᠵᠠᠷ ᠰᠢᠷᠣᠢ ᠶᠢᠨ ᠬᠡᠷᠡᠭᠯᠡᠬᠦ ᠡᠷᠬᠡ ᠣᠯᠬᠤ ᠶᠢ ᠵᠣᠷᠢᠭᠵᠢᠭᠤᠯᠤᠨ᠎ᠠ᠃ ᠠᠮᠢ ᠠᠬᠤᠢ ᠶᠢᠨ ᠡᠯᠡᠰᠦᠨ ᠤ ᠠᠵᠤ | ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠤᠨ ᠠᠵᠤ | ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢ ᠡᠷᠭᠢᠯᠡᠨ ᠬᠢᠬᠦ ᠳᠤ᠂ ᠤᠯᠤᠰ ᠤᠨ ᠡᠯ᠎ᠡ ᠲᠥᠷᠥᠯ ᠤᠨ ᠠᠵᠤ | ᠦᠢᠯᠡᠰ ᠲᠤ ᠬᠡᠷᠡᠭᠯᠡᠬᠦ ᠭᠠᠵᠠᠷ ᠰᠢᠷᠣᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠬᠦᠷᠢᠶᠡᠯᠡᠩ | ᠲᠣᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠭᠠᠵᠠᠷ ᠰᠢᠷᠣᠢ ᠶᠢᠨ ᠵᠢᠱᠢᠯᠲᠡ ᠦᠨ᠎ᠡ ᠶᠢᠨ ᠦᠷ᠎ᠡ ᠬᠤᠲᠠ | ᠪᠠᠯᠭᠠᠰᠤ ᠶᠢᠨ ᠨᠡᠭᠡᠭᠡᠨ ᠬᠥᠭᠵᠢᠭᠦᠯᠬᠦ ᠬᠢᠯᠢ ᠶᠢᠨ ᠵᠠᠭᠠᠭ ᠠᠴᠠ ᠭᠠᠳᠠᠨᠠᠬᠢ ᠲᠤᠰᠠᠭᠠᠷ ᠭᠠᠵᠠᠷ ᠰᠣᠩᠭᠤᠬᠤ ᠲᠥᠷᠥᠯ | ᠵᠦᠢᠯ ᠳᠤ ︽ᠪᠥᠬᠦ ᠤᠯᠤᠰ ᠤᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢ ᠬᠢᠮᠳᠠ ᠪᠠᠷ ᠬᠤᠳᠠᠯᠳᠤᠬᠤ | ᠬᠠᠮᠤᠭ ᠤᠨ ᠳᠣᠣᠷ᠎ᠠ ᠦᠨ᠎ᠡ ᠶᠢᠨ ᠪᠠᠷᠢᠮᠵᠢᠶ᠎ᠠ︾ ᠶᠣᠰᠣᠭᠠᠷ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ | ᠬᠥᠭᠵᠢᠯᠲᠡ ᠳᠤ ᠬᠡᠷᠡᠭᠯᠡᠬᠦ ᠭᠠᠵᠠᠷ ᠰᠢᠷᠣᠢ ᠶᠢᠨ ᠪᠠᠲᠤᠯᠠᠭ᠎ᠠ ᠶᠢᠨ ᠠᠵᠢᠯ ᠢ ᠤᠯᠠᠮ ᠰᠠᠶᠢᠲᠤᠷ ᠭᠦᠢᠴᠡᠳᠬᠡᠨ᠎ᠡ᠃ | | ᠳᠥᠷᠪᠡᠳᠦᠭᠡᠷ ᠵᠦᠢᠯ ᠠᠯᠠᠱᠠ ᠶᠢᠨ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠰᠢᠨ᠎ᠡ ᠶᠢ | ᠡᠭᠦᠳᠦᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠲᠥᠷᠥᠯ ᠵᠦᠢᠯ ᠳᠤ ᠣᠷᠣᠵᠤ ᠰᠠᠭᠤᠭᠰᠠᠨ ᠠᠵᠤ | ᠠᠬᠤᠶᠢᠯᠠᠯ ᠳᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠤᠷᠢᠭ ᠤᠨ ︽ᠳᠣᠯᠤᠭ᠎ᠠ ᠶᠢ ᠨᠠᠪᠲᠠᠷᠡᠭᠦᠯᠵᠦ ᠨᠢᠭᠡ ᠶᠢ | ᠲᠡᠭᠰᠢᠯᠡᠬᠦ︾ ︵ᠳᠠᠷᠤᠢ ᠤᠰᠤ ᠨᠡᠪᠲᠡᠷᠡᠭᠦᠯᠬᠦ᠂ ᠴᠠᠬᠢᠯᠭᠠᠨ ᠨᠡᠪᠲᠡᠷᠡᠭᠦᠯᠬᠦ᠂ ᠵᠠᠮ ᠨᠡᠪᠲᠡᠷᠡᠭᠦᠯᠬᠦ᠂ ᠰᠢᠤᠳᠠᠨ | ᠨᠡᠪᠲᠡᠷᠡᠭᠦᠯᠬᠦ᠂ ᠴᠢᠮᠡᠭᠡ ᠨᠡᠪᠲᠡᠷᠡᠯᠭᠡ ᠨᠡᠪᠲᠡᠷᠡᠭᠦᠯᠬᠦ᠂ ᠳᠤᠯᠠᠭᠠᠯᠠᠭ᠎ᠠ ᠨᠡᠪᠲᠡᠷᠡᠭᠦᠯᠬᠦ᠂ ᠬᠡᠢ ᠨᠡᠪᠲᠡᠷᠡᠭᠦᠯᠬᠦ ᠶᠢᠨ ᠬᠠᠮᠲᠤ | ᠭᠠᠵᠠᠷ ᠰᠢᠷᠣᠢ ᠲᠠᠲᠠᠪᠤᠷᠢᠯᠠᠬᠤ ᠪᠠ ᠲᠠᠯᠠᠪᠤᠷ ᠭᠠᠵᠠᠷ ᠢ ᠲᠡᠭᠰᠢᠯᠡᠬᠦ ᠶᠢ ᠤᠷᠢᠳᠴᠢᠯᠠᠨ ᠰᠠᠶᠢᠲᠤᠷ ᠭᠦᠢᠴᠡᠳᠬᠡᠬᠦ︶ ᠶᠢ | ᠦᠨᠡᠨᠬᠦ ᠪᠠᠲᠤᠯᠠᠵᠤ᠂ ᠲᠤᠰᠠᠭᠠᠷ ᠭᠠᠵᠠᠷ ᠰᠣᠩᠭᠤᠬᠤ ᠲᠥᠷᠥᠯ ᠵᠦᠢᠯ ᠳᠤ ᠨᠢᠭᠡ ᠨᠢᠭᠡ ᠶᠠᠪᠤᠳᠠᠯ ᠢᠶᠠᠷ ᠵᠥᠪᠯᠡᠵᠦ | ᠪᠠᠶᠢᠭᠠᠳ ᠦᠢᠯᠡᠴᠢᠯᠡᠨ᠎ᠡ᠃ | | ᠲᠠᠪᠤᠳᠤᠭᠠᠷ ᠵᠦᠢᠯ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠲᠤᠰᠬᠠᠢ ᠵᠦᠢᠯ ᠢᠶᠠᠷ ᠲᠡᠳᠬᠦᠬᠦ | ᠪᠡᠯᠡ ᠮᠥᠩᠭᠦ ᠪᠠᠶᠢᠭᠤᠯᠵᠤ᠂ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠢᠯ ᠢ ᠱᠠᠩᠨᠠᠨ ᠲᠡᠳᠬᠦᠬᠦ᠂ ᠪᠠᠩᠬᠢ ᠶᠢᠨ | ᠵᠢᠭᠡᠯᠡᠯᠭᠡ ᠶᠢᠨ ᠳᠠᠮ ᠬᠦᠦ ᠵᠡᠷᠭᠡ ᠳᠤ ᠬᠡᠷᠡᠭᠯᠡᠨ᠎ᠡ᠃ ᠳᠤᠮᠳᠠᠳᠤ ᠤᠯᠤᠰ ᠤᠨ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠤᠷᠤᠯᠳᠤᠭᠠᠨ ᠤ ᠡᠯᠡᠰᠦᠨ ᠤ ᠠᠵᠤ ᠦᠢᠯᠡᠰ ᠤᠨ ᠲᠤᠰᠬᠠᠢ ᠮᠡᠷᠭᠡᠵᠢᠯ ᠤᠨ ᠤᠷᠤᠯᠳᠤᠭᠠᠨ ᠳᠤ ᠱᠠᠩᠨᠠᠯ | ᠣᠯᠣᠭᠰᠠᠨ ᠪᠠᠶᠢᠪᠠᠯ᠂ ᠱᠠᠩᠨᠠᠯ ᠣᠯᠣᠭᠰᠠᠨ ᠲᠠᠰ ᠳᠠᠷᠠᠭᠠᠯᠠᠯ ᠢᠶᠠᠷ ᠲᠣᠰ ᠲᠣᠰ ᠠᠳᠠᠯᠢ ᠪᠤᠰᠤ ᠲᠤᠭ᠎ᠠ ᠬᠡᠮᠵᠢᠶ᠎ᠡ ᠪᠠᠷ | ᠱᠠᠩᠨᠠᠨ᠎ᠠ︔ ᠬᠥᠭᠵᠢᠯᠲᠡ ᠶᠢᠨ ᠬᠡᠲᠦ ᠶᠢᠨ ᠲᠥᠯᠥᠪ ᠥᠷᠭᠡᠨ ᠠᠭᠤᠳᠠᠮ ᠪᠥᠭᠡᠳ ᠠᠯᠠᠱᠠ ᠵᠡᠭᠦᠨ ᠬᠤᠰᠢᠭᠤᠨ ᠳᠤ | ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠳᠤᠮᠳᠠ ᠵᠢᠵᠢᠭ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠳᠤ᠂ ᠲᠥᠷᠥᠯ ᠵᠦᠢᠯ ᠤᠨ ᠬᠡᠷᠡᠭᠴᠡᠭᠡ ᠶᠢ | ᠦᠨᠳᠦᠰᠦᠯᠡᠨ ᠰᠦᠢᠳᠬᠡᠯ ᠬᠤᠷᠢᠶᠠᠬᠤ ᠦᠭᠡᠢ ᠪᠠᠷ ᠰᠢᠨᠵᠢᠯᠡᠬᠦ ᠤᠬᠠᠭᠠᠨ ᠤ ᠰᠤᠳᠤᠯᠭᠠᠨ ᠳᠤ ᠬᠡᠷᠡᠭᠯᠡᠬᠦ ᠭᠠᠵᠠᠷ | ᠲᠠᠯᠠᠪᠤᠷ ᠵᠢᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠬᠤᠯᠪᠣᠭᠳᠠᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠣᠨ᠎ᠠ᠃ | | ᠵᠢᠷᠭᠤᠳᠤᠭᠠᠷ ᠵᠦᠢᠯ ᠲᠡᠷᠢᠭᠦᠨ ᠤ ᠮᠡᠷᠭᠡᠵᠢᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ | ᠪᠦᠲᠦᠭᠡᠯ ᠢᠶᠠᠨ ᠠᠪᠴᠤ ᠠᠯᠠᠱᠠ ᠵᠡᠭᠦᠨ ᠬᠤᠰᠢᠭᠤᠨ ᠳᠤ ᠬᠦᠷᠴᠦ ᠳᠠᠭᠠᠭᠤᠯᠤᠨ ᠡᠷᠭᠢᠯᠡᠭᠰᠡᠨ ᠠᠮᠢ ᠠᠬᠤᠢ ᠶᠢᠨ | ᠡᠯᠡᠰᠦᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠢ | ᠠᠩᠬ᠎ᠠ ᠤᠳᠠᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ | ᠮᠠᠭᠠᠳᠯᠠᠨ ᠲᠣᠭᠲᠠᠭᠠᠭᠰᠠᠨ ᠠᠵᠤ ᠠᠬᠤᠶᠢᠯᠠᠯ ᠳᠤ ᠨᠢᠭᠡ ᠤᠳᠠᠭ᠎ᠠ ᠳᠤ 2 ᠲᠦᠮᠡᠨ ᠲᠥᠭᠦᠷᠢᠭ ᠤᠨ ᠰᠤᠳᠤᠯᠤᠨ | ᠨᠡᠭᠡᠭᠡᠭᠰᠡᠨ ᠤ ᠳᠠᠷᠠᠭᠠᠬᠢ ᠨᠥᠬᠦᠪᠦᠷᠢ ᠣᠯᠭᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ | ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠡᠷᠭᠡ ᠶᠢᠨ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠳᠤ ᠲᠦᠰᠢᠭᠯᠡᠨ ᠪᠠᠶᠢᠭᠤᠯᠤᠭᠰᠠᠨ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠲᠥᠪ ᠲᠤ ᠦᠨᠡᠮᠰᠢᠭᠦᠯᠬᠦ ᠪᠠᠷ ᠳᠡᠮᠵᠢᠨ ᠨᠢᠭᠡ ᠤᠳᠠᠭ᠎ᠠ ᠶᠢᠨ ᠴᠢᠨᠠᠷᠲᠠᠢ ᠪᠠᠷ 2 ᠲᠦᠮᠡᠨ | ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠣᠯᠭᠤᠨ᠎ᠠ᠃ | | ᠳᠣᠯᠣᠳᠤᠭᠠᠷ ᠵᠦᠢᠯ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ᠂ | ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠬᠡᠮᠵᠢᠶ᠎ᠡ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠲᠠᠢ ᠠᠵᠤ ᠠᠬᠤᠶᠢᠯᠠᠯ ᠪᠤᠶᠤ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠤᠨ ᠠᠯᠠᠱᠠ ᠵᠡᠭᠦᠨ | ᠬᠤᠰᠢᠭᠤᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠥᠷᠨᠢᠭᠦᠯᠬᠦ ᠶᠢ | ᠳᠡᠮᠵᠢᠵᠦ᠂ ᠬᠡᠷᠪᠡ ᠭᠠᠭᠴᠠ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠵᠢᠯ ᠤᠨ | ᠪᠣᠷᠣᠯᠠᠭᠤᠯᠤᠯᠲᠠ ᠶᠢᠨ ᠣᠷᠣᠯᠭ᠎ᠠ ᠨᠢ 500 ᠲᠦᠮᠡᠨ ᠲᠥᠭᠦᠷᠢᠭ᠂ 1000 ᠲᠦᠮᠡᠨ ᠲᠥᠭᠦᠷᠢᠭ᠂ 2000 | ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠲᠣᠰ ᠲᠣᠰ ᠨᠢᠭᠡ ᠤᠳᠠᠭ᠎ᠠ ᠶᠢᠨ ᠴᠢᠨᠠᠷᠲᠠᠢ ᠪᠠᠷ 20 ᠲᠦᠮᠡᠨ | ᠲᠥᠭᠦᠷᠢᠭ᠂ 30 ᠲᠦᠮᠡᠨ ᠲᠥᠭᠦᠷᠢᠭ ᠪᠠ 50 ᠲᠦᠮᠡᠨ ᠲᠥᠭᠦᠷᠢᠭ ᠢᠶᠠᠷ ᠱᠠᠩᠨᠠᠨ᠎ᠠ᠃ ᠰᠢᠨ᠎ᠡ ᠪᠠᠷ | ᠵᠥᠪᠰᠢᠶᠡᠷᠡᠭᠳᠡᠭᠰᠡᠨ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠰᠠᠭᠤᠷᠢᠨ ᠭᠠᠵᠠᠷ ᠪᠠ ᠦᠢᠯᠡᠴᠢᠯᠡᠭᠡᠨ ᠤ | ᠲᠠᠪᠴᠠᠩ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠢ 20 ᠲᠦᠮᠡᠨ ᠲᠥᠭᠦᠷᠢᠭ᠂ 10 ᠲᠦᠮᠡᠨ | ᠲᠥᠭᠦᠷᠢᠭ ᠤᠨ ᠡᠵᠡᠩᠨᠡᠯᠲᠡ ᠶᠢᠨ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ | | ᠨᠠᠢᠮᠠᠳᠤᠭᠠᠷ ᠵᠦᠢᠯ ᠠᠵᠤ ᠠᠬᠤᠶᠢᠯᠠᠯ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ | ᠪᠠᠶᠢᠭᠤᠯᠤᠮᠵᠢ ᠵᠡᠷᠭᠡ ᠨᠡᠶᠢᠭᠡᠮ ᠤᠨ ᠬᠦᠴᠦᠨ ᠤ ᠠᠯᠠᠱᠠ ᠵᠡᠭᠦᠨ ᠬᠤᠰᠢᠭᠤᠨ ᠳᠤ ᠢᠷᠡᠵᠦ ᠪᠡᠯᠡ ᠣᠷᠣᠭᠤᠯᠤᠨ ᠠᠮᠢ | ᠠᠬᠤᠢ ᠶᠢᠨ ᠡᠯᠡᠰᠦᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠦᠭᠦᠷ ᠪᠦᠲᠦᠭᠡᠨ | ᠪᠠᠶᠢᠭᠤᠯᠬᠤ ᠶᠢ ᠳᠡᠮᠵᠢᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠲᠠᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠨᠡᠪᠴᠢᠭᠦᠯᠦᠭᠦᠷ ᠮᠠᠭᠠᠳᠯᠠᠨ ᠲᠣᠭᠲᠠᠭᠠᠬᠤ ᠪᠠᠷᠢᠮᠵᠢᠶ᠎ᠠ ᠳᠤ ᠨᠡᠶᠢᠴᠡᠭᠰᠡᠨ ᠪᠥᠭᠡᠳ ᠭᠡᠷᠡᠴᠢᠯᠡᠯ | ᠣᠯᠣᠭᠰᠠᠨ ᠪᠠᠶᠢᠪᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠦᠭᠦᠷ ᠵᠡᠷᠭᠡ ᠲᠠᠯ᠎ᠠ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠣᠨ᠎ᠠ᠃ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠤ ᠳᠠᠷᠠᠭ᠎ᠠ | 3 ᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠬᠦ ᠲᠠᠯᠠᠪᠤᠷ ᠤᠨ ᠰᠦᠢᠳᠬᠡᠯ ᠬᠤᠷᠢᠶᠠᠬᠤ ᠦᠭᠡᠢ ᠪᠠᠷ | ᠬᠡᠷᠡᠭᠯᠡᠬᠦ ᠲᠥᠷᠥ ᠶᠢᠨ ᠪᠣᠳᠣᠯᠭ᠎ᠠ ᠶᠢ ᠭᠥᠷᠳᠡᠨ᠎ᠡ᠃ ᠨᠢᠭᠡᠨᠲᠡ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠠᠬᠤᠶᠢᠯᠠᠯ ᠤᠨ ᠨᠡᠪᠴᠢᠭᠦᠯᠦᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠳᠤ ᠴᠢᠨᠠᠷ ᠰᠠᠶᠢᠲᠠᠢ ᠠᠵᠤ | ᠠᠬᠤᠶᠢᠯᠠᠯ ᠢ ᠪᠣᠶᠢᠵᠢᠭᠤᠯᠬᠤ ᠶᠢ ᠵᠣᠷᠢᠭᠵᠢᠭᠤᠯᠵᠤ᠂ ᠪᠣᠶᠢᠵᠢᠭᠤᠯᠤᠭᠰᠠᠨ ᠠᠵᠤ ᠠᠬᠤᠶᠢᠯᠠᠯ ᠢ 3 ᠵᠢᠯ ᠤᠨ ᠳᠣᠲᠣᠷ᠎ᠠ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠵᠤ᠂ ᠪᠣᠶᠢᠵᠢᠭᠤᠯᠤᠭᠰᠠᠨ ᠲᠠᠯ᠎ᠠ ᠳᠤ | ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠮᠥᠩᠭᠦ 3 ᠲᠦᠮᠡᠨ ᠲᠥᠭᠦᠷᠢᠭ ᠣᠯᠭᠤᠨ᠎ᠠ︔ 3 ᠵᠢᠯ ᠤᠨ ᠳᠣᠲᠣᠷ᠎ᠠ | ᠬᠥᠮᠥᠷᠭᠡ ᠳᠤ ᠣᠷᠣᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠳᠤ ᠪᠣᠶᠢᠵᠢᠭᠤᠯᠬᠤ ᠲᠠᠯ᠎ᠠ ᠳᠤ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠮᠥᠩᠭᠦ 1 ᠲᠦᠮᠡᠨ | ᠲᠥᠭᠦᠷᠢᠭ ᠣᠯᠭᠤᠵᠤ᠂ ᠨᠥᠬᠦᠪᠦᠷᠢ ᠮᠥᠩᠭᠦ ᠶᠢ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠦᠢᠯᠡᠴᠢᠯᠡᠭᠡᠨ ᠤ ᠪᠦᠲᠦᠴᠡ ᠪᠠ ᠴᠢᠳᠠᠪᠤᠷᠢ ᠶᠢᠨ ᠪᠠᠶᠢᠭᠤᠯᠤᠯᠲᠠ ᠳᠤ ᠬᠡᠷᠡᠭᠯᠡᠨ᠎ᠡ᠃ | | ᠶᠢᠰᠦᠳᠦᠭᠡᠷ ᠵᠦᠢᠯ ᠬᠦᠷᠢᠶᠡᠯᠡᠩ ᠲᠣᠭᠤᠷᠢᠭ ᠲᠤ ᠣᠷᠣᠭᠰᠠᠨ ᠠᠮᠢ ᠠᠬᠤᠢ ᠶᠢᠨ ᠡᠯᠡᠰᠦᠨ ᠤ ᠠᠵᠤ | ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠪᠦᠬᠦᠨ ᠤ | ᠲᠥᠯᠥᠪᠵᠢᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ ᠨᠢ ᠬᠦᠷᠢᠶᠡᠯᠡᠩ ᠲᠣᠭᠤᠷᠢᠭ ᠤᠨ | ᠲᠥᠯᠥᠪᠵᠢᠭᠦᠯᠦᠭᠰᠡᠨ ᠪᠡᠯᠡ ᠣᠷᠣᠭᠤᠯᠤᠯᠲᠠ ᠶᠢᠨ ᠬᠦᠴᠦᠯᠡᠴᠡ ᠳᠤ ᠬᠦᠷᠴᠦ᠂ ᠬᠦᠷᠢᠶᠡᠯᠡᠩ ᠲᠣᠭᠤᠷᠢᠭ ᠤᠨ | ᠲᠥᠯᠥᠪᠵᠢᠭᠦᠯᠦᠭᠰᠡᠨ ᠪᠡᠯᠡ ᠣᠷᠣᠭᠤᠯᠤᠯᠲᠠ ᠶᠢᠨ ᠬᠦᠴᠦᠯᠡᠴᠡ ᠠᠴᠠ 2000 ᠲᠦᠮᠡᠨ ᠲᠥᠭᠦᠷᠢᠭ ᠠᠷᠠᠳ ᠤᠨ | ᠵᠣᠭᠤᠰ ᠠᠴᠠ ᠳᠡᠭᠡᠭᠰᠢ ᠳᠠᠪᠠᠭᠰᠠᠨ ᠪᠠᠶᠢᠪᠠᠯ᠂ ᠲᠡᠭᠦᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠲᠥᠬᠦᠭᠡᠷᠦᠮᠵᠢ | ᠬᠤᠳᠠᠯᠳᠤᠨ ᠠᠪᠬᠤ᠂ ᠦᠢᠯᠡᠳᠪᠦᠷᠢᠯᠡᠯ ᠤᠨ ᠱᠤᠭᠤᠮ ᠪᠠᠶᠢᠭᠤᠯᠬᠤ ᠳᠤ ᠬᠡᠷᠡᠭᠯᠡᠭᠰᠡᠨ ᠵᠢᠭᠡᠯᠡᠯᠭᠡ ᠳᠤ 3 ᠵᠢᠯ ᠤᠨ | ᠳᠣᠲᠣᠷ᠎ᠠ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠵᠢᠭᠡᠯᠡᠯᠭᠡ ᠶᠢᠨ ᠬᠦᠦ ᠮᠥᠩᠭᠦ ᠶᠢᠨ ᠶᠣᠰᠣᠭᠠᠷ | 50% ᠶᠢᠨ ᠳᠠᠮ ᠬᠦᠦ ᠣᠯᠭᠤᠨ᠎ᠠ᠃ | | ᠠᠷᠪᠠᠳᠤᠭᠠᠷ ᠵᠦᠢᠯ ᠬᠤᠰᠢᠭᠤᠨ ᠳᠣᠲᠣᠷ᠎ᠠ ᠭᠠᠳᠠᠨᠠᠬᠢ ᠨᠡᠶᠢᠭᠡᠮ ᠤᠨ ᠬᠥᠷᠥᠩᠭᠡ ᠶᠢᠨ ᠣᠯᠠᠨ ᠢᠶᠠᠷ ᠢᠶᠠᠨ | ᠴᠤᠭᠯᠠᠭᠤᠯᠬᠤ᠂ ᠲᠦᠭᠰᠢᠭᠦᠷᠢᠲᠦ ᠪᠡᠯᠡ ᠣᠷᠣᠭᠤᠯᠤᠯᠲᠠ᠂ ᠬᠤᠪᠢ ᠣᠷᠣᠭᠤᠯᠬᠤ ᠵᠡᠷᠭᠡ ᠠᠷᠭ᠎ᠠ ᠬᠡᠯᠪᠡᠷᠢ ᠪᠠᠷ ᠠᠮᠢ | ᠠᠬᠤᠢ ᠶᠢᠨ ᠡᠯᠡᠰᠦᠨ ᠤ ᠠᠵᠤ ᠦᠢᠯᠡᠰ ᠤᠨ ᠲᠥᠷᠥᠯ ᠵᠦᠢᠯ ᠤᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ | ᠡᠵᠡᠩᠨᠡᠯᠲᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠪᠡᠯᠡ ᠣᠷᠣᠭᠤᠯᠤᠯᠲᠠ ᠳᠤ ᠣᠷᠣᠯᠴᠠᠭᠰᠠᠨ ᠨᠡᠶᠢᠭᠡᠮ ᠤᠨ | ᠬᠥᠷᠥᠩᠭᠡ ᠶᠢᠨ ᠲᠠᠯ᠎ᠠ ᠶᠢᠨ ᠲᠠᠩ ᠭᠠᠭᠴᠠ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 3000 ᠲᠦᠮᠡᠨ ᠲᠥᠭᠦᠷᠢᠭ ᠠᠴᠠ ᠳᠡᠭᠡᠭᠰᠢ᠂ 5000 ᠲᠦᠮᠡᠨ ᠲᠥᠭᠦᠷᠢᠭ ᠠᠴᠠ ᠳᠡᠭᠡᠭᠰᠢ᠂ | 8000 ᠲᠦᠮᠡᠨ ᠲᠥᠭᠦᠷᠢᠭ ᠠᠴᠠ ᠳᠡᠭᠡᠭᠰᠢ᠂ 10000 ᠲᠦᠮᠡᠨ ᠲᠥᠭᠦᠷᠢᠭ ᠠᠴᠠ ᠳᠡᠭᠡᠭᠰᠢ ︵ᠪᠠᠷᠢᠯᠭ᠎ᠠ | ᠳᠠᠭᠤᠰᠤᠭᠰᠠᠨ ᠲᠥᠰᠥᠪ ᠤᠨ ᠭᠦᠢᠴᠡᠳᠬᠡᠯ ᠤᠨ ᠬᠢᠨᠠᠨ ᠪᠣᠳᠣᠯᠲᠠ ᠪᠠᠷ ᠪᠠᠷᠢᠮᠵᠢᠶ᠎ᠠ ᠪᠣᠯᠭᠠᠨ᠎ᠠ︶ ᠳᠤ ᠲᠣᠰ ᠲᠣᠰ | 10 ᠲᠦᠮᠡᠨ ᠲᠥᠭᠦᠷᠢᠭ᠂ 30 ᠲᠦᠮᠡᠨ ᠲᠥᠭᠦᠷᠢᠭ᠂ 50 ᠲᠦᠮᠡᠨ ᠲᠥᠭᠦᠷᠢᠭ ᠢᠶᠠᠷ ᠱᠠᠩᠨᠠᠵᠤ᠂ ᠬᠠᠮᠤᠭ ᠤᠨ | ᠥᠨᠳᠥᠷ ᠲᠡᠭᠡᠨ 100 ᠲᠦᠮᠡᠨ ᠲᠥᠭᠦᠷᠢᠭ ᠢᠶᠠᠷ ᠱᠠᠩᠨᠠᠨ᠎ᠠ᠃ | | ᠠᠷᠪᠠᠨ ᠨᠢᠭᠡᠳᠦᠭᠡᠷ ᠵᠦᠢᠯ ᠠᠯᠠᠱᠠ ᠵᠡᠭᠦᠨ ᠬᠤᠰᠢᠭᠤᠨ ᠳᠤ ᠪᠦᠷᠢᠳᠬᠡᠯ ᠲᠠᠢ ᠠᠮᠢ ᠠᠬᠤᠢ ᠶᠢᠨ | ᠡᠯᠡᠰᠦᠨ ᠤ ᠠᠵᠤ ᠦᠢᠯᠡᠰ ᠤᠨ ᠠᠵᠤ ᠠᠬᠤᠶᠢᠯᠠᠯ ᠨᠢ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠤᠨ ᠦᠨᠡᠮᠰᠢᠯ ᠢ ᠣᠯᠣᠭᠰᠠᠨ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ | ᠦᠨᠡᠮᠰᠢᠯ ᠢ ᠠᠩᠬ᠎ᠠ ᠤᠳᠠᠭ᠎ᠠ ᠵᠥᠪᠰᠢᠶᠡᠷᠡᠭᠰᠡᠨ ᠠᠵᠤ ᠠᠬᠤᠶᠢᠯᠠᠯ ᠪᠦᠬᠦᠨ ᠳᠤ 40 ᠲᠦᠮᠡᠨ ᠲᠥᠭᠦᠷᠢᠭ ᠤᠨ | ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠶᠢ ᠨᠢᠭᠡ ᠤᠳᠠᠭ᠎ᠠ ᠶᠢᠨ ᠴᠢᠨᠠᠷᠲᠠᠢ ᠪᠠᠷ ᠱᠠᠩᠨᠠᠨ᠎ᠠ︔ ᠰᠢᠨ᠎ᠡ ᠪᠠᠷ | ᠨᠤᠲᠠᠯᠠᠨ ᠲᠣᠭᠲᠠᠭᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠨᠢᠭᠡ ᠤᠳᠠᠭ᠎ᠠ ᠳᠤ 5 ᠲᠦᠮᠡᠨ | ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠣᠯᠭᠤᠨ᠎ᠠ ᠡᠭᠦᠨ ᠤ ᠬᠠᠮᠲᠤ᠂ ᠬᠤᠰᠢᠭᠤᠨ | ᠵᠠᠰᠠᠭ ᠤᠨ ᠣᠷᠳᠣᠨ ᠤ ᠬᠤᠯᠪᠣᠭᠳᠠᠬᠤ ᠬᠤᠯᠪᠣᠭᠳᠠᠬᠤ ᠰᠠᠯᠠᠭ᠎ᠠ ᠮᠥᠴᠢᠷ ᠠᠴᠠ ᠠᠵᠤ ᠠᠬᠤᠶᠢᠯᠠᠯ ᠢ ᠢᠳᠡᠪᠬᠢᠲᠡᠢ | ᠬᠠᠪᠰᠤᠷᠤᠨ ᠳᠡᠭᠡᠳᠦ ᠱᠠᠲᠤᠨ ᠤ ᠲᠤᠰᠬᠠᠢ ᠪᠡᠯᠡ ᠮᠥᠩᠭᠦ ᠪᠠ ᠪᠠᠩᠬᠢ ᠶᠢᠨ ᠵᠢᠭᠡᠯᠡᠯᠭᠡ ᠶᠢ ᠣᠯᠵᠤ᠂ ᠠᠵᠤ | ᠠᠬᠤᠶᠢᠯᠠᠯ ᠤᠨ ᠬᠥᠭᠵᠢᠯᠲᠡ ᠶᠢ ᠲᠡᠳᠬᠦᠨ ᠳᠡᠮᠵᠢᠨ᠎ᠡ᠃ | | ᠠᠷᠪᠠᠨ ᠬᠤᠶᠠᠳᠤᠭᠠᠷ ᠵᠦᠢᠯ ᠳᠠᠷᠠᠭᠠᠬᠢ ᠬᠡᠳᠦᠨ ᠲᠠᠯ᠎ᠠ ᠪᠠᠷ ᠨᠡᠷᠡᠶᠢᠳᠦᠯ ᠢ ᠰᠢᠨ᠎ᠡ ᠪᠠᠷ ᠣᠯᠣᠭᠰᠠᠨ ᠠᠵᠤ | ᠠᠬᠤᠶᠢᠯᠠᠯ ᠳᠤ ᠳᠣᠣᠷᠠᠬᠢ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠄ | | ︵ᠨᠢᠭᠡ︶ ᠠᠩᠬ᠎ᠠ ᠤᠳᠠᠭ᠎ᠠ ︽ᠳᠤᠮᠳᠠᠳᠤ ᠤᠯᠤᠰ ᠤᠨ ᠨᠠᠷᠠᠲᠤ ᠲᠠᠸᠠᠷ ᠤᠨ ᠲᠡᠮᠳᠡᠭ︾ ᠢ ᠣᠯᠣᠭᠰᠠᠨ | ᠮᠥᠷᠲᠡᠭᠡᠨ ᠲᠤᠬᠠᠢ ᠶᠢᠨ ᠵᠢᠯ ᠳᠤ ᠳᠡᠭᠡᠭᠰᠢ ᠲᠤᠰᠢᠶᠠᠭᠰᠠᠨ ᠭᠠᠶᠢᠯᠢ ᠶᠢᠨ ᠮᠥᠩᠭᠦ ᠨᠢ 1000 ᠲᠦᠮᠡᠨ | ᠲᠥᠭᠦᠷᠢᠭ ᠠᠴᠠ ᠳᠡᠭᠡᠭᠰᠢ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 100 ᠲᠦᠮᠡᠨ | ᠲᠥᠭᠦᠷᠢᠭ ᠤᠨ ᠱᠠᠩᠨᠠᠯ ᠣᠯᠭᠤᠵᠤ᠂ ᠳᠡᠭᠡᠭᠰᠢ ᠲᠤᠰᠢᠶᠠᠭᠰᠠᠨ ᠭᠠᠶᠢᠯᠢ ᠶᠢᠨ ᠮᠥᠩᠭᠦ ᠨᠢ 1000 ᠲᠦᠮᠡᠨ | ᠲᠥᠭᠦᠷᠢᠭ ᠲᠤ ᠬᠦᠷᠬᠦ ᠦᠭᠡᠢ ᠠᠵᠤ ᠠᠬᠤᠶᠢᠯᠠᠯ ᠳᠤ ᠲᠤᠬᠠᠢ ᠶᠢᠨ ᠵᠢᠯ ᠤᠨ ᠪᠣᠳᠠᠲᠠᠢ ᠲᠤᠰᠢᠶᠠᠭᠰᠠᠨ ᠭᠠᠶᠢᠯᠢ ᠶᠢᠨ | ᠮᠥᠩᠭᠦ ᠶᠢᠨ 10% ᠪᠠᠷ ᠨᠢᠭᠡ ᠤᠳᠠᠭ᠎ᠠ ᠶᠢᠨ ᠴᠢᠨᠠᠷᠲᠠᠢ ᠪᠠᠷ ᠱᠠᠩᠨᠠᠯ ᠣᠯᠭᠤᠨ᠎ᠠ᠃ | | ︵ᠬᠤᠶᠠᠷ︶ ᠤᠯᠤᠰ ᠤᠨ ᠭᠠᠵᠠᠷ ᠵᠦᠢ ᠶᠢᠨ ᠲᠡᠮᠳᠡᠭ ᠲᠠᠢ ᠦᠢᠯᠡᠳᠬᠦᠨ᠂ ᠭᠡᠷᠡᠴᠢᠯᠡᠯ ︵ᠬᠠᠮᠲᠤ ᠨᠡᠶᠢᠲᠡ︶ | ᠤᠨ ᠲᠠᠸᠠᠷ ᠤᠨ ᠲᠡᠮᠳᠡᠭ ᠢ ᠠᠩᠬ᠎ᠠ ᠤᠳᠠᠭ᠎ᠠ ᠣᠯᠣᠭᠰᠠᠨ ᠠᠵᠤ ᠠᠬᠤᠶᠢᠯᠠᠯ ᠪᠠ ᠨᠢᠭᠡᠴᠢ ᠳᠤ ᠨᠢᠭᠡ ᠤᠳᠠᠭ᠎ᠠ ᠶᠢᠨ | ᠴᠢᠨᠠᠷᠲᠠᠢ ᠪᠠᠷ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | | ︵ᠭᠤᠷᠪᠠ︶ ᠤᠯᠤᠰ ᠤᠨ ᠡᠭᠦᠳᠦᠯᠲᠡ ᠶᠢᠨ ᠲᠤᠰᠬᠠᠢ ᠠᠰᠢᠭ᠂ ᠬᠡᠷᠡᠭᠯᠡᠭᠡᠨ ᠤ ᠰᠢᠨ᠎ᠡ ᠬᠡᠯᠪᠡᠷᠢ ᠶᠢᠨ | ᠲᠤᠰᠬᠠᠢ ᠠᠰᠢᠭ ᠪᠠ ᠭᠠᠳᠠᠷ ᠳᠦᠷᠰᠦ ᠶᠢᠨ ᠵᠢᠷᠤᠭ ᠲᠥᠯᠥᠪᠯᠡᠭᠡ ᠶᠢᠨ ᠲᠤᠰᠬᠠᠢ ᠠᠰᠢᠭ ᠢ ᠠᠩᠬ᠎ᠠ ᠤᠳᠠᠭ᠎ᠠ | ᠭᠥᠷᠳᠡᠬᠦ ᠶᠢᠨ ᠬᠠᠮᠲᠤ ᠬᠡᠷᠡᠭᠯᠡᠵᠦ ᠳᠡᠯᠭᠡᠷᠡᠭᠦᠯᠬᠦ ᠶᠢ ᠬᠡᠷᠡᠭᠵᠢᠭᠦᠯᠦᠭᠰᠡᠨ ᠮᠥᠷᠲᠡᠭᠡᠨ ᠳᠡᠭᠡᠭᠰᠢ ᠲᠤᠰᠢᠶᠠᠭᠰᠠᠨ | ᠭᠠᠶᠢᠯᠢ ᠶᠢᠨ ᠮᠥᠩᠭᠦ ᠨᠢ 1000 ᠲᠦᠮᠡᠨ ᠲᠥᠭᠦᠷᠢᠭ ᠠᠴᠠ ᠳᠡᠭᠡᠭᠰᠢ ᠪᠠᠶᠢᠬᠤ ᠠᠵᠤ ᠠᠬᠤᠶᠢᠯᠠᠯ ᠳᠤ ᠨᠢᠭᠡ | ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠢᠶᠠᠷ ᠱᠠᠩᠨᠠᠵᠤ᠂ ᠳᠡᠭᠡᠭᠰᠢ ᠲᠤᠰᠢᠶᠠᠭᠰᠠᠨ ᠭᠠᠶᠢᠯᠢ ᠶᠢᠨ | ᠮᠥᠩᠭᠦ ᠨᠢ 1000 ᠲᠦᠮᠡᠨ ᠲᠥᠭᠦᠷᠢᠭ ᠲᠤ ᠬᠦᠷᠬᠦ ᠦᠭᠡᠢ ᠠᠵᠤ ᠠᠬᠤᠶᠢᠯᠠᠯ ᠳᠤ ᠪᠣᠳᠠᠲᠠᠢ ᠲᠤᠰᠢᠶᠠᠭᠰᠠᠨ | ᠭᠠᠶᠢᠯᠢ ᠶᠢᠨ ᠮᠥᠩᠭᠦ ᠶᠢᠨ 5% ᠪᠠᠷ ᠨᠢᠭᠡ ᠤᠳᠠᠭ᠎ᠠ ᠶᠢᠨ ᠴᠢᠨᠠᠷᠲᠠᠢ ᠪᠠᠷ ᠱᠠᠩᠨᠠᠨ᠎ᠠ᠃ | | ᠠᠷᠪᠠᠨ ᠭᠤᠷᠪᠠᠳᠤᠭᠠᠷ ᠵᠦᠢᠯ ᠠᠵᠤ ᠠᠬᠤᠶᠢᠯᠠᠯ ᠤᠨ ᠤᠯᠤᠰ ᠤᠨ ᠪᠠᠷᠢᠮᠵᠢᠶ᠎ᠠ ᠪᠠ ᠠᠵᠢᠯ ᠲᠥᠷᠥᠯ ᠤᠨ | ᠪᠠᠷᠢᠮᠵᠢᠶ᠎ᠠ ᠲᠣᠭᠲᠠᠭᠠᠬᠤ ᠳᠤ ᠣᠷᠣᠯᠴᠠᠬᠤ ᠶᠢ ᠵᠣᠷᠢᠭᠵᠢᠭᠤᠯᠵᠤ᠂ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ | ᠪᠠᠷᠢᠮᠵᠢᠶ᠎ᠠ ᠶᠢ ᠲᠤᠭᠤᠷᠪᠢᠬᠤ ᠳᠤ ᠣᠷᠣᠯᠴᠠᠭᠰᠠᠨ ᠠᠵᠤ ᠠᠬᠤᠶᠢᠯᠠᠯ ᠳᠤ ᠪᠠᠷᠢᠮᠵᠢᠶ᠎ᠠ ᠶᠢ ᠨᠡᠶᠢᠲᠡᠯᠡᠭᠰᠡᠨ ᠤ ᠳᠠᠷᠠᠭ᠎ᠠ | ᠨᠢᠭᠡ ᠤᠳᠠᠭ᠎ᠠ ᠶᠢᠨ ᠴᠢᠨᠠᠷᠲᠠᠢ ᠪᠠᠷ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ ᠤᠨ ᠱᠠᠩᠨᠠᠯ | ᠣᠯᠭᠤᠨ᠎ᠠ᠃ | | ᠠᠷᠪᠠᠨ ᠳᠥᠷᠪᠡᠳᠦᠭᠡᠷ ᠵᠦᠢᠯ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠬᠤ ᠶᠠᠪᠤᠴᠠ ᠳᠤ ᠲᠤᠰᠢᠶᠠᠭᠰᠠᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠵᠢ | ᠪᠦᠷᠢᠳᠦᠭᠦᠯᠬᠦ ᠵᠠᠷᠤᠳᠠᠯ ᠢ ᠬᠤᠯᠪᠣᠭᠳᠠᠬᠤ ᠲᠣᠭᠲᠠᠭᠠᠯ ᠶᠣᠰᠣᠭᠠᠷ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠵᠦ | ᠪᠣᠯᠣᠨ᠎ᠠ᠂ ᠭᠡᠬᠦ ᠳᠡᠭᠡᠨ ᠡᠷᠬᠡᠪᠰᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ | ᠳᠠᠭᠤᠰᠴᠤ ᠲᠤᠰᠢᠶᠠᠨ ᠬᠡᠷᠡᠭᠯᠡᠭᠦᠯᠬᠦ ᠠᠴᠠ ᠡᠮᠦᠨ᠎ᠡ ᠪᠦᠬᠦᠨ ᠢ ᠲᠤᠰᠢᠶᠠᠵᠤ ᠳᠠᠭᠤᠰᠬᠠᠬᠤ ᠬᠡᠷᠡᠭᠲᠡᠢ᠃ | | ᠠᠷᠪᠠᠨ ᠲᠠᠪᠤᠳᠤᠭᠠᠷ ᠵᠦᠢᠯ ᠨᠡᠶᠢᠭᠡᠮᠯᠢᠭ ᠬᠤᠳᠠᠯᠳᠤᠭᠠᠨ ᠤ ᠡᠪᠯᠡᠯ ᠵᠡᠷᠭᠡ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠩ ᠭᠠᠭᠴᠠ ᠲᠥᠷᠥᠯ ᠵᠦᠢᠯ ᠤᠨ ᠪᠡᠯᠡ | ᠣᠷᠣᠭᠤᠯᠤᠯᠲᠠ ᠶᠢᠨ ᠶᠡᠷᠦᠩᠬᠡᠢ ᠲᠤᠭ᠎ᠠ ᠨᠢ 5000 ᠲᠦᠮᠡᠨ ᠲᠥᠭᠦᠷᠢᠭ᠂ 8000 ᠲᠦᠮᠡᠨ ᠲᠥᠭᠦᠷᠢᠭ᠂ | 10000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠳᠤ ᠲᠥᠷᠥᠯ ᠵᠦᠢᠯ ᠢ ᠨᠠᠶᠢᠳᠠᠪᠤᠷᠢᠵᠢᠭᠤᠯᠤᠨ | ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ 10 ᠲᠦᠮᠡᠨ ᠲᠥᠭᠦᠷᠢᠭ᠂ 30 ᠲᠦᠮᠡᠨ ᠲᠥᠭᠦᠷᠢᠭ᠂ | 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | | ᠠᠷᠪᠠᠨ ᠵᠢᠷᠭᠤᠳᠤᠭᠠᠷ ᠵᠦᠢᠯ ᠲᠣᠰ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ᠂ | ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠥᠪᠡᠷᠲᠡᠭᠡᠨ ᠵᠠᠰᠠᠬᠤ ᠣᠷᠣᠨ ᠤ ᠲᠥᠷᠥ ᠶᠢᠨ | ᠪᠣᠳᠣᠯᠭ᠎ᠠ ᠶᠢᠨ ᠲᠣᠬᠢᠷᠠᠭᠤᠯᠤᠯᠲᠠ ᠠᠴᠠ ᠪᠣᠯᠵᠤ ᠨᠢᠭᠡᠳᠦᠯ ᠦᠭᠡᠢ ᠪᠣᠯᠤᠭᠰᠠᠨ ᠪᠠᠶᠢᠪᠠᠯ᠂ ᠤᠯᠤᠰ ᠤᠨ ᠬᠠᠤᠯᠢ | ᠴᠠᠭᠠᠵᠠ ᠬᠠᠤᠯᠢ ᠲᠣᠭᠲᠠᠭᠠᠯ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢᠶᠠᠷ | ᠪᠠᠷᠢᠮᠵᠢᠶ᠎ᠠ ᠪᠣᠯᠭᠠᠨ᠎ᠠ᠃ | | ᠠᠷᠪᠠᠨ ᠳᠣᠯᠣᠳᠤᠭᠠᠷ ᠵᠦᠢᠯ ᠶᠠᠮᠠᠷᠪᠠ ᠨᠢᠭᠡᠴᠢ ᠪᠣᠯᠣᠨ ᠬᠤᠪᠢ ᠬᠥᠮᠥᠨ ᠭᠡᠳ ᠬᠤᠳᠠᠯ ᠬᠡᠯᠡᠵᠦ | ᠬᠠᠭᠤᠷᠮᠠᠭ ᠢᠶᠠᠷ ᠵᠣᠬᠢᠶᠠᠵᠤ᠂ ᠭᠡᠷᠡᠴᠢ ᠪᠠᠷᠢᠮᠲᠠ ᠶᠢ ᠬᠠᠭᠤᠷᠮᠠᠭᠯᠠᠨ ᠵᠣᠬᠢᠶᠠᠵᠤ᠂ ᠱᠠᠩᠨᠠᠯ᠂ ᠲᠡᠳᠬᠦᠮᠵᠢ ᠶᠢᠨ ᠪᠡᠯᠡ | ᠮᠥᠩᠭᠦ ᠬᠢᠭᠡᠳ ᠵᠢᠭᠡᠯᠡᠯᠭᠡ ᠶᠢᠨ ᠳᠠᠮ ᠬᠦᠦ ᠶᠢ ᠮᠡᠬᠡᠯᠡᠨ ᠠᠪᠴᠤ ᠪᠣᠯᠬᠤ ᠦᠭᠡᠢ᠃ ᠲᠣᠭᠲᠠᠭᠠᠯ ᠠᠴᠠ | ᠵᠥᠷᠢᠴᠡᠭᠰᠡᠨ ᠪᠠᠶᠢᠪᠠᠯ᠂ ᠮᠡᠬᠡᠯᠡᠨ ᠣᠯᠣᠭᠰᠠᠨ ᠱᠠᠩᠨᠠᠨ ᠬᠥᠬᠢᠭᠦᠯᠬᠦ᠂ ᠲᠡᠳᠬᠦᠨ ᠳᠡᠮᠵᠢᠬᠦ ᠪᠡᠯᠡ ᠮᠥᠩᠭᠦ ᠶᠢ ᠡᠳ᠋ ᠤᠨ | ᠵᠠᠰᠠᠭ ᠲᠤ ᠪᠥᠬᠦ ᠲᠤᠭ᠎ᠠ ᠪᠠᠷ ᠨᠢ ᠬᠤᠷᠢᠶᠠᠨ ᠠᠪᠬᠤ ᠠᠴᠠ ᠭᠠᠳᠠᠨ᠎ᠠ᠂ ᠲᠡᠭᠦᠨ ᠤ ᠬᠤᠶᠢᠰᠢᠳᠠ ᠶᠢᠨ ᠭᠤᠷᠪᠠᠨ | ᠵᠢᠯ ᠤᠨ ᠱᠠᠩᠨᠠᠨ ᠬᠥᠬᠢᠭᠦᠯᠬᠦ ᠬᠢᠷᠢ ᠬᠡᠮ ᠢ ᠬᠦᠴᠦᠨ ᠦᠭᠡᠢ ᠪᠣᠯᠭᠠᠬᠤ ᠶᠢᠨ ᠬᠠᠮᠲᠤ᠂ ︽ᠡᠳ᠋ ᠤᠨ ᠵᠠᠰᠠᠭ ᠤᠨ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠬᠡᠨ ᠲᠣᠷᠭᠠᠬᠤ ᠳᠦᠷᠢᠮ︾ ᠵᠡᠷᠭᠡ ᠲᠣᠭᠲᠠᠭᠠᠯ ᠶᠣᠰᠣᠭᠠᠷ | ᠬᠤᠯᠪᠣᠭᠳᠠᠬᠤ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃ | | ᠠᠷᠪᠠᠨ ᠨᠠᠢᠮᠠᠳᠤᠭᠠᠷ ᠵᠦᠢᠯ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠭᠥᠷᠳᠡᠬᠦ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ | ᠨᠢᠭᠡᠳᠦᠯᠲᠡᠢ ᠲᠥᠯᠥᠪᠯᠡᠨ ᠰᠤᠳᠤᠯᠵᠤ ᠲᠣᠭᠲᠠᠭᠠᠬᠤ ᠬᠡᠷᠡᠭᠲᠡᠢ᠃ ᠠᠯᠠᠱᠠ ᠵᠡᠭᠦᠨ ᠬᠤᠰᠢᠭᠤᠨ ᠤ ᠠᠮᠢ ᠠᠬᠤᠢ ᠶᠢᠨ | ᠡᠯᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠤᠰᠬᠠᠢ ᠲᠥᠷᠥᠯ ᠢᠶᠠᠷ ᠲᠦᠯᠬᠢᠨ ᠠᠬᠢᠭᠤᠯᠬᠤ | ᠤᠳᠤᠷᠢᠳᠬᠤ ᠳᠤᠭᠤᠶᠢᠯᠠᠩ ᠠᠴᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠠᠯᠠᠱᠠ ᠶᠢᠨ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠳᠤ ᠪᠠᠶᠢᠷᠢᠯᠠᠭᠤᠯᠤᠨ᠎ᠠ᠃ ᠠᠯᠠᠱᠠ ᠵᠡᠭᠦᠨ | ᠬᠤᠰᠢᠭᠤᠨ ᠤ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠤᠰᠬᠠᠢ | ᠵᠦᠢᠯ ᠢᠶᠠᠷ ᠲᠦᠯᠬᠢᠨ ᠠᠬᠢᠭᠤᠯᠬᠤ ᠤᠳᠤᠷᠢᠳᠬᠤ ᠳᠤᠭᠤᠶᠢᠯᠠᠩ ᠨᠢ ᠠᠵᠤ ᠠᠬᠤᠶᠢᠯᠠᠯ ᠢ ᠦᠨᠡᠯᠡᠬᠦ᠂ ᠮᠠᠭᠠᠳᠯᠠᠨ | ᠲᠣᠭᠲᠠᠭᠠᠬᠤ ᠪᠠ ᠰᠢᠯᠭᠠᠨ ᠬᠢᠨᠠᠬᠤ ᠶᠢ ᠬᠠᠷᠢᠭᠤᠴᠠᠬᠤ ᠶᠢᠨ ᠬᠠᠮᠲᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠰᠠᠨᠠᠯ ᠢᠶᠠᠨ ᠳᠤᠷᠠᠳᠤᠨ᠎ᠠ᠃ | | ᠠᠷᠪᠠ ᠶᠢᠰᠦᠳᠦᠭᠡᠷ ᠵᠦᠢᠯ ᠲᠤᠰ ᠲᠦᠷᠦ ᠶᠢᠨ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ | ᠮᠥᠷᠳᠡᠨ᠎ᠡ᠂ ᠬᠦᠴᠦᠨ ᠲᠠᠢ ᠬᠤᠭᠤᠴᠠᠭ᠎ᠠ ᠨᠢ ᠬᠤᠶᠠᠷ ᠵᠢᠯ ᠪᠣᠯᠣᠨ᠎ᠠ᠃ | | | | ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ︽ᠠᠯᠠᠱᠠ ᠵᠡᠭᠦᠨ ᠬᠤᠰᠢᠭᠤᠨ ᠤ ᠠᠮᠢ ᠠᠬᠤᠢ ᠶᠢᠨ ᠡᠯᠡᠰᠦᠨ ᠤ | ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ︵ | ᠲᠤᠷᠰᠢᠨ ᠬᠡᠷᠡᠭᠵᠢᠭᠦᠯᠬᠦ︶︾ ᠶᠢᠨ ᠲᠠᠶᠢᠯᠤᠮᠵᠢ | | | | ᠮᠡᠳᠡᠭᠡᠯᠡᠯ ᠤᠨ ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠶ | ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ | | |