﹇ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ﹈ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠦᠶ᠎ᠡ
ᠨᠡᠶᠢᠲᠡᠯᠡᠭᠰᠡᠨ ᠴᠠᠭ᠄
2024/7/26
                       ● ᠳ᠋ᠤᠸᠠᠨ ᠴᠥᠩ              ᠦᠨᠡᠨᠴᠢ ᠢᠲᠡᠭᠡᠮᠵᠢᠲᠡᠢ ᠪᠠᠶᠢᠬᠤ ᠪᠣᠯ ᠨᠢᠭᠡ ᠵᠦᠢᠯ ᠤᠨ ᠴᠢᠬᠤᠯᠠ ᠦᠷᠳᠡᠭ ᠤᠨ ᠣᠶᠢᠯᠠᠭᠠᠭᠳᠠᠬᠤᠨ ᠮᠥᠨ᠂ ᠨᠡᠶᠢᠭᠡᠮ ᠤᠨ ᠪᠣᠯᠪᠠᠰᠤᠨ ᠤ ᠬᠥᠭᠵᠢᠯᠲᠡ ᠶᠢᠨ ᠲᠦᠪᠰᠢᠨ ᠢ ᠬᠡᠮᠵᠢᠬᠦ ᠴᠢᠬᠤᠯᠠ ᠪᠡᠯᠭᠡ ᠲᠡᠮᠳᠡᠭ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠴᠠᠭ ᠦᠶ᠎ᠡ ᠶᠢᠨ ᠪᠦᠷᠢᠶ᠎ᠡ ᠶᠢ ᠬᠠᠩᠭᠢᠨᠠᠭᠤᠯᠪᠠ᠃ ᠥᠪᠥᠷ ᠮᠣᠩᠭᠤᠯ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ ᠲᠡᠮᠡᠴᠡᠯ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠪᠡᠯᠡ ᠣᠷᠣᠭᠤᠯᠵᠤ ᠦᠢᠯᠡᠰ ᠪᠣᠰᠬᠠᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠬᠦ ᠴᠢᠬᠤᠯᠠᠲᠠᠢ᠃              ᠨᠢᠭᠡ ᠳᠤ᠂ ᠢᠲᠡᠭᠡᠮᠵᠢ ᠶᠢᠨ ᠬᠠᠤᠯᠢ ᠴᠠᠭᠠᠵᠠ ᠳᠦᠷᠢᠮ ᠲᠣᠭᠲᠠᠭᠠᠯ ᠪᠠ ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠢᠲᠡᠭᠡᠮᠵᠢ ᠨᠢ ᠨᠡᠶᠢᠭᠡᠮ ᠤᠨ ᠬᠥᠭᠵᠢᠯᠲᠡ ᠪᠠ ᠵᠠᠰᠠᠯᠲᠠ ᠶᠢᠨ ᠳᠤᠮᠳᠠ ᠲᠤᠶᠢᠯ ᠤᠨ ᠵᠠᠩᠭᠢᠯᠠᠭ᠎ᠠ ᠶᠢᠨ ᠦᠢᠯᠡᠳᠦᠯ ᠦᠵᠡᠭᠦᠯᠵᠦ ᠪᠠᠶᠢᠳᠠᠭ᠃ ᠢᠲᠡᠭᠡᠮᠵᠢ ᠶᠢᠨ ᠬᠠᠤᠯᠢ ᠲᠣᠭᠲᠠᠭᠠᠬᠤ ᠪᠣᠯ ᠢᠲᠡᠭᠡᠮᠵᠢ ᠶᠢᠨ ᠡᠮᠬᠢ ᠳᠢᠭᠯᠢᠮ ᠢ ᠵᠢᠷᠤᠮᠵᠢᠭᠤᠯᠬᠤ᠂ ᠡᠵᠡᠩᠨᠡᠯᠲᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠶᠢᠨ ᠰᠠᠭᠤᠷᠢ ᠮᠥᠨ᠂ ᠪᠠᠰᠠ ᠴᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠰᠠᠭᠤᠷᠢ ᠮᠥᠨ᠂ ᠲᠡᠷᠡ ᠨᠢ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠳᠤ ᠲᠤᠶᠢᠯ ᠤᠨ ᠴᠢᠬᠤᠯᠠ ᠪᠠᠶᠢᠳᠠᠭ᠃ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠨ᠂ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠢᠲᠡᠭᠡᠮᠵᠢ ᠶᠢᠨ ᠬᠢᠨᠠᠯᠲᠠ ᠲᠠᠯᠪᠢᠯᠲᠠ᠂ ᠬᠠᠮᠢᠶᠠᠷᠤᠯᠲᠠ ᠪᠣᠯᠣᠨ ᠭᠤᠣᠯᠳᠠᠯᠭ᠎ᠠ ᠲᠠᠢ ᠬᠦᠷᠢᠶᠡᠨ ᠤ ᠬᠠᠤᠯᠢ ᠲᠣᠭᠲᠠᠭᠠᠯ ᠤᠨ ᠳᠦᠷᠢᠮ ᠢ ᠰᠤᠳᠤᠯᠤᠨ ᠲᠣᠭᠲᠠᠭᠠᠨ᠎ᠠ᠃ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠨᠡᠶᠢᠲᠡᠯᠡᠬᠦ ᠪᠠ ᠬᠡᠷᠡᠭᠯᠡᠬᠦ ᠶᠢ ᠬᠠᠤᠯᠢ ᠶᠣᠰᠣᠭᠠᠷ ᠠᠬᠢᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠪᠠ ᠭᠤᠣᠯ ᠴᠣᠭᠴᠠ ᠶᠢᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠣᠶᠢᠯᠠᠭᠠᠬᠤ ᠲᠦᠪᠰᠢᠨ ᠢ ᠳᠡᠭᠡᠭᠰᠢᠯᠡᠭᠦᠯᠵᠦ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ ᠪᠠ ᠬᠠᠤᠯᠢ ᠶᠢ ᠬᠡᠷᠡᠭᠯᠡᠬᠦ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ ᠨᠥᠬᠦᠴᠡᠯ ᠲᠠᠢ ᠭᠠᠵᠠᠷ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠨᠡᠶᠢᠲᠡᠯᠡᠬᠦ ᠶᠢ ᠵᠣᠷᠢᠭᠵᠢᠭᠤᠯᠤᠨ᠎ᠠ᠃ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠶᠠᠰᠤ ᠴᠢᠨᠠᠷ ᠢ ᠰᠢᠯᠭᠠᠨ ᠬᠢᠨᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠢᠲᠡᠭᠡᠮᠵᠢ ᠶᠢᠨ ᠮᠡᠳᠡᠭᠡ ᠵᠠᠩᠭᠢ ᠶᠢᠨ ᠲᠣᠭᠲᠠᠭᠠᠯ ᠳᠤ ᠨᠡᠶᠢᠴᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠠᠵᠢᠯ ᠲᠥᠷᠥᠯ ᠤᠨ ᠢᠲᠡᠭᠡᠮᠵᠢ ᠶᠢᠨ ᠦᠨᠡᠯᠡᠯᠲᠡ ᠪᠠ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠳᠤ ᠨᠠᠶᠢᠳᠠᠪᠤᠷᠢᠵᠢᠭᠤᠯᠵᠤ᠂ ᠬᠡᠷᠡᠭ ᠤᠨ ᠡᠮᠦᠨᠡᠬᠢ᠂ ᠬᠡᠷᠡᠭ ᠤᠨ ᠳᠤᠮᠳᠠᠬᠢ᠂ ᠬᠡᠷᠡᠭ ᠤᠨ ᠳᠠᠷᠠᠭᠠᠬᠢ ᠪᠦᠭᠦ ᠬᠢᠨᠠᠯᠲᠠ ᠬᠠᠮᠢᠶᠠᠷᠤᠯᠲᠠ ᠶᠢᠨ ᠭᠤᠭᠴᠤᠭ᠎ᠠ ᠶᠢ ᠵᠣᠯᠭᠠᠭᠤᠯᠤᠭᠰᠠᠨ ᠰᠢᠨ᠎ᠡ ᠭᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠠᠵᠢᠯ ᠲᠥᠷᠥᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ ᠶᠢ ᠠᠬᠢᠭᠤᠯᠤᠨ᠂ ᠭᠤᠣᠯᠳᠠᠯᠭ᠎ᠠ ᠲᠠᠢ ᠠᠵᠢᠯ ᠲᠥᠷᠥᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠪᠦᠷᠢᠨ ᠬᠠᠮᠤᠷᠬᠤ ᠶᠢ ᠴᠢᠷᠮᠠᠶᠢᠨ ᠪᠡᠶᠡᠯᠡᠭᠦᠯᠦᠨ᠎ᠡ᠃ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠯᠲᠡ ᠶᠢ ᠥᠷᠭᠡᠳᠬᠡᠵᠦ᠂ ᠢᠲᠡᠭᠡᠮᠵᠢ ᠶᠢᠨ ᠲᠡᠮᠳᠡᠭᠯᠡᠯ ᠪᠠ ᠢᠲᠡᠭᠡᠮᠵᠢ ᠶᠢᠨ ᠮᠡᠳᠡᠭᠦᠯᠦᠯᠲᠡ ᠶᠢᠨ ᠬᠡᠷᠡᠭᠯᠡᠯᠲᠡ ᠶᠢᠨ ᠨᠠᠷᠢᠨ ᠬᠠᠭᠤᠳᠠᠰᠤ ᠶᠢ ᠪᠠᠶᠢᠭᠤᠯᠤᠨ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠬᠤᠪᠢᠶᠠᠷᠢᠯᠠᠯᠲᠠ᠂ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠵᠡᠷᠭᠡ ᠵᠦᠢᠯᠡᠰ ᠤᠨ ᠴᠢᠬᠤᠯᠠ ᠯᠠᠪᠯᠠᠯᠲᠠ ᠪᠣᠯᠭᠠᠨ᠎ᠠ᠃ ᠪᠠᠷᠢᠮᠵᠢᠶ᠎ᠠ ᠶᠢᠨ ᠵᠢᠷᠤᠮᠵᠢᠯ ᠢ ᠪᠦᠷᠢᠨᠰᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠭᠠᠷᠴᠠᠭ ᠤᠨ ᠪᠠᠷᠢᠮᠵᠢᠶ᠎ᠠ ᠪᠠ ᠮᠡᠳᠡᠭᠡ ᠵᠠᠩᠭᠢ ᠶᠢᠨ ᠲᠥᠷᠥᠯ ᠬᠤᠪᠢᠶᠠᠬᠤ ᠪᠠᠷᠢᠮᠵᠢᠶ᠎ᠠ ᠶᠢ ᠪᠠᠶᠢᠭᠤᠯᠵᠤ᠂ ᠰᠠᠭᠤᠷᠢ ᠴᠢᠨᠠᠷᠲᠠᠢ ᠣᠯᠠᠨ ᠨᠡᠶᠢᠲᠡ ᠶᠢᠨ ᠢᠲᠡᠭᠡᠮᠵᠢ ᠶᠢᠨ ᠦᠢᠯᠡᠳᠬᠦᠨ ᠤ ᠵᠢᠷᠤᠮᠵᠢᠯ᠂ ᠢᠲᠡᠭᠡᠮᠵᠢ ᠶᠢᠨ ᠣᠨᠳᠣᠣ ᠰᠠᠨᠠᠯ ᠪᠠ ᠢᠲᠡᠭᠡᠮᠵᠢ ᠶᠢ ᠰᠡᠷᠭᠦᠭᠡᠬᠦ ᠲᠡᠰ ᠳᠠᠷᠠᠭᠠᠯᠠᠯ ᠤᠨ ᠦᠢᠯᠡᠴᠢᠯᠡᠭᠡᠨ ᠤ ᠵᠢᠷᠤᠮᠵᠢᠯ ᠢ ᠪᠦᠷᠢᠨᠰᠢᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠪᠠᠷᠢᠮᠵᠢᠶᠠᠵᠢᠯᠲᠠ᠂ ᠵᠢᠷᠦᠮᠵᠢᠯᠲᠡ ᠶᠢᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃              ᠬᠤᠶᠠᠷ ᠲᠤ᠂ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠨ᠎ᠡ᠃ ᠲᠣᠭᠠᠴᠢᠯᠠᠭᠰᠠᠨ ᠴᠢᠳᠠᠪᠬᠢ ᠣᠯᠭᠤᠬᠤ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠷ ᠣᠶᠤᠨᠴᠢ ᠢᠲᠡᠭᠡᠮᠵᠢ ᠶᠢᠨ ᠠᠷᠠᠳ ᠲᠤ ᠳᠦᠭᠦᠮ ᠦᠵᠡᠭᠦᠯᠭᠦ ᠦᠢᠯᠡᠴᠢᠯᠡᠭᠡᠨ ᠤ ᠲᠠᠪᠴᠠᠩ ᠢ ᠰᠢᠨ᠎ᠡ ᠪᠠᠷ ᠪᠠᠶᠢᠭᠤᠯᠵᠤ᠂ ᠠᠵᠤ ᠠᠬᠤᠶᠢᠯᠠᠯ᠂ ᠬᠤᠳᠠᠯᠳᠤᠭᠠᠴᠢᠨ ᠳᠤ ᠢᠲᠡᠭᠡᠮᠵᠢ  ᠶᠢᠨ ᠺᠣᠳ᠋ ᠣᠯᠭᠤᠵᠤ᠂ ᠲᠣᠭᠠᠴᠢᠯᠠᠭᠰᠠᠨ ᠠᠷᠭ᠎ᠠ ᠪᠠᠷᠢᠯ ᠳᠤ ᠲᠦᠰᠢᠭᠯᠡᠨ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠪᠣᠳᠠᠲᠠᠢ ᠪᠠᠷ ᠬᠡᠯᠡᠪᠡᠯ᠂ ᠠᠵᠤ ᠠᠬᠤᠶᠢᠯᠠᠯ᠂ ᠬᠤᠳᠠᠯᠳᠤᠭᠠᠴᠢᠨ ᠤ ᠡᠳᠦᠷ ᠲᠤᠲᠤᠮ ᠤᠨ ᠡᠵᠡᠩᠨᠡᠯᠲᠡ ᠶᠢᠨ ᠪᠠᠶᠢᠳᠠᠯ᠂ ᠵᠠᠭᠠᠯᠳᠤᠯᠭ᠎ᠠ ᠶᠢᠨ ᠪᠠᠶᠢᠳᠠᠯ᠂ ᠭᠠᠶᠢᠯᠢ ᠲᠤᠰᠢᠶᠠᠭᠰᠠᠨ ᠪᠠᠶᠢᠳᠠᠯ ᠵᠡᠷᠭᠡ ᠮᠡᠳᠡᠭᠡ ᠵᠠᠩᠭᠢ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠬᠦᠷᠢᠶᠡᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠴᠤᠭᠯᠠᠭᠤᠯᠤᠨ ᠬᠤᠷᠢᠶᠠᠩᠭᠤᠶᠢᠯᠠᠵᠤ᠂ ᠠᠷᠠᠳ ᠲᠤ ᠲᠥᠭᠦᠮ ᠦᠵᠡᠭᠦᠯᠭᠦ ᠣᠶᠤᠨᠴᠢ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠲᠠᠪᠴᠠᠩ ᠨᠢ ᠲᠣᠮᠣ ᠳ᠋ᠠᠶᠢᠲ᠋ᠠ ᠶᠢᠨ ᠮᠡᠷᠭᠡᠵᠢᠯ ᠢ ᠠᠰᠢᠭᠯᠠᠨ᠂ ᠠᠵᠤ ᠠᠬᠤᠶᠢᠯᠠᠯ᠂ ᠬᠤᠳᠠᠯᠳᠤᠭᠠᠴᠢᠨ ᠤ ᠢᠲᠡᠭᠡᠮᠵᠢ ᠶᠢᠨ ᠪᠠᠶᠢᠳᠠᠯ ᠢ ᠠᠳᠠᠯᠢ ᠪᠤᠰᠤ ᠲᠠᠰ ᠬᠤᠪᠢᠶᠠᠵᠤ ᠂ ᠲᠡᠭᠦᠨ ᠳᠤ ᠲᠤᠰᠬᠠᠢ ᠬᠠᠷᠢᠶᠠᠯᠠᠭᠳᠠᠬᠤ ᠢᠲᠡᠭᠡᠮᠵᠢ ᠶᠢᠨ ᠺᠣᠳ᠋ ᠪᠤᠶ ᠪᠤᠯᠭᠠᠵᠤ ᠥᠭᠭᠦᠨ᠎ᠡ᠃ ︽ᠢᠲᠡᠭᠡᠮᠵᠢ ᠶᠢᠨ ᠺᠣᠳ᠋︾᠂ ︽ᠢᠲᠡᠭᠡᠮᠵᠢ ᠶᠢᠨ ᠭᠠᠵᠠᠷ ᠤᠨ ᠵᠢᠷᠤᠭ︾ ᠤᠨ ᠬᠠᠮ ᠠᠷᠭ᠎ᠠ ᠬᠡᠮᠵᠢᠶ᠎ᠡ ᠶᠢ ᠬᠡᠷᠡᠭᠯᠡᠵᠦ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠶᠢ ᠠᠵᠤ ᠠᠬᠤᠶᠢᠯᠠᠯ᠂ ᠬᠤᠳᠠᠯᠳᠤᠭᠠᠨ ᠤ ᠡᠷᠦᠭᠡ ᠶᠢᠨ ᠤᠬᠠᠮᠰᠠᠷᠲᠤ ᠠᠵᠢᠯᠯᠠᠭ᠎ᠠ ᠪᠤᠯᠭᠠᠬᠤ ᠬᠡᠷᠡᠭᠲᠡᠢ᠃ ᠦᠨᠡᠨᠴᠢ ᠢᠲᠡᠭᠡᠮᠵᠢᠲᠡᠢ ᠨᠡᠶᠢᠲᠡᠯᠢᠭ ᠵᠢᠱᠢᠶ᠎ᠡ ᠪᠠᠷ ︽ᠢᠲᠡᠭᠡᠮᠵᠢᠲᠡᠢ ᠥᠪᠥᠷ ᠮᠣᠩᠭᠤᠯ︾ ᠢ ᠬᠠᠮᠲᠤ ᠪᠠᠷ ᠪᠠᠶᠢᠭᠤᠯᠬᠤ ᠶᠢ ᠬᠥᠲᠥᠯᠥᠨ ᠳᠠᠭᠠᠭᠤᠯᠵᠤ᠂ ᠨᠡᠶᠢᠲᠡᠯᠢᠭ ᠵᠢᠱᠢᠶ᠎ᠡ ᠪᠠᠷ ᠠᠵᠢᠯ ᠲᠥᠷᠥᠯ ᠤᠨ ᠢᠲᠡᠭᠡᠮᠵᠢ ᠶᠢᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠬᠥᠭᠵᠢᠭᠡᠨ᠂ ᠨᠡᠶᠢᠭᠡᠮ ᠤᠨ ᠡᠬᠢ ᠪᠠᠶᠠᠯᠢᠭ ᠢ ᠬᠥᠲᠥᠯᠥᠨ ᠵᠢᠯᠤᠭᠤᠳᠴᠤ ᠪᠠᠶᠢᠭᠠᠳ ᠦᠨᠡᠨᠴᠢ ᠢᠲᠡᠭᠡᠮᠵᠢᠲᠡᠢ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠰᠢᠯᠢᠳᠡᠭ ᠰᠠᠶᠢᠨ ᠡᠵᠡᠩᠨᠡᠯᠲᠡ ᠶᠢᠨ ᠣᠷᠴᠢᠨ ᠨᠥᠬᠦᠴᠡᠯ ᠢ ᠪᠤᠶ ᠪᠣᠯᠭᠠᠨ᠂ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠶ ᠪᠤᠯᠭᠠᠵᠤ ︽ᠢᠲᠡᠭᠡᠮᠵᠢᠲᠡᠢ ᠥᠪᠥᠷ ᠮᠣᠩᠭᠤᠯ︾ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃              ᠭᠤᠷᠪᠠ ᠳᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠡᠷᠡᠭ ᠤᠨ ᠡᠮᠦᠨᠡᠬᠢ ᠭᠤᠭᠴᠤᠭ᠎ᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢᠨ ᠰᠢᠨ᠎ᠡ ᠶᠢ ᠡᠭᠦᠳᠦᠨ᠎ᠡ᠃ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠦᠷᠢᠨᠰᠢᠭᠦᠯᠵᠦ᠂ ᠭᠡᠷᠡᠴᠢᠯᠡᠬᠦ ᠵᠦᠢᠯᠡᠰ ᠢ ᠮᠡᠳᠡᠭᠳᠡᠬᠦ᠂ ᠬᠢᠨᠠᠨ ᠵᠥᠪᠰᠢᠶᠡᠷᠡᠵᠦ ᠣᠷᠣᠯᠠᠭᠤᠯᠬᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ᠂ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠬᠦ᠂ ᠢᠲᠡᠭᠡᠮᠵᠢ ᠶᠢ ᠰᠡᠷᠭᠦᠭᠡᠬᠦ ᠵᠡᠷᠭᠡ ᠲᠥᠷᠥᠯ ᠭᠡᠯᠪᠡᠷᠢ ᠶᠢᠨ ᠢᠲᠡᠭᠡᠮᠵᠢ ᠶᠢᠨ ᠠᠮᠠᠯᠠᠯᠲᠠ ᠶᠢ ᠥᠷᠨᠢᠭᠦᠯᠦᠨ᠎ᠡ᠃ ︽ᠨᠢᠭᠡ ᠪᠦᠯᠦᠭ ᠨᠢ ᠪᠣᠯᠪᠠᠰᠤᠷᠠᠩᠭᠤᠢ ᠪᠣᠯᠤᠭᠰᠠᠨ ᠪᠠᠶᠢᠪᠠᠯ ᠨᠢᠭᠡ ᠪᠦᠯᠦᠭ ᠢ ᠨᠡᠶᠢᠲᠡᠯᠡᠵᠦ᠂ ᠨᠢᠭᠡ ᠪᠦᠯᠦᠭ ᠢ ᠬᠡᠷᠡᠭᠵᠢᠭᠦᠯᠬᠦ︾ ᠵᠠᠷᠴᠢᠮ ᠶᠣᠰᠣᠭᠠᠷ᠂ ᠢᠲᠡᠭᠡᠮᠵᠢ ᠶᠢᠨ ᠠᠮᠠᠯᠠᠯᠲᠠ ᠶᠢᠨ ᠳᠦᠷᠢᠮ ᠳᠤ ᠬᠡᠷᠡᠭᠯᠡᠵᠦ ᠪᠤᠯᠬᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠥᠳᠡᠯᠦᠩᠭᠦᠢ ᠪᠠᠷ ᠡᠮᠬᠢᠯᠡᠨ ᠳᠢᠭᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠲᠦᠭᠦᠮ ᠳᠥᠲᠡ ᠬᠢᠨᠠᠨ ᠵᠥᠪᠰᠢᠶᠡᠷᠡᠬᠦ ᠦᠢᠯᠡᠴᠢᠯᠡᠭᠡ ᠬᠠᠩᠭᠠᠵᠤ᠂ ᠠᠮᠠᠯᠠᠯᠲᠠ ᠵᠢᠴᠢ ᠭᠦᠢᠴᠡᠳᠬᠡᠭᠰᠡᠨ ᠪᠠᠶᠢᠳᠠᠯ ᠢ ᠨᠢ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠤᠨ᠂ ᠬᠤᠳᠠᠯ ᠬᠠᠭᠤᠷᠮᠠᠭ ᠠᠮᠠᠯᠠᠯᠲᠠ ᠬᠢᠭᠰᠡᠨ᠂ ᠠᠮᠠᠯᠠᠯᠲᠠ ᠪᠠᠨ ᠥᠯᠥ ᠭᠦᠢᠴᠡᠳᠬᠡᠭᠰᠡᠨ ᠡᠵᠡᠩᠨᠡᠯᠲᠡ ᠶᠢᠨ ᠭᠤᠣᠯ ᠴᠣᠭᠴᠠ ᠳᠤ ᠬᠠᠤᠯᠢ ᠶᠣᠰᠣᠭᠠᠷ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ ᠠᠵᠢᠯ ᠶᠠᠪᠤᠳᠠᠯ ᠤᠨ ᠳᠤᠮᠳᠠᠬᠢ ᠵᠠᠩᠭᠢᠯᠠᠭ᠎ᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠴᠢᠩᠭᠠᠳᠬᠠᠬᠤ ᠮᠡᠳᠡᠭᠡ ᠵᠠᠩᠭᠢ ᠶᠢᠨ ᠭᠤᠣᠯ ᠴᠣᠭᠴᠠ ᠶᠢᠨ ᠢᠲᠡᠭᠡᠮᠵᠢ ᠶᠢᠨ ᠲᠡᠮᠳᠡᠭᠯᠡᠯ ᠪᠠ ᠡᠯ᠎ᠡ ᠲᠥᠷᠥᠯ ᠤᠨ ᠢᠲᠡᠭᠡᠮᠵᠢ ᠶᠢᠨ ᠦᠨᠡᠯᠡᠯᠲᠡ ᠶᠢᠨ ᠮᠡᠳᠡᠭᠦᠯᠦᠯᠲᠡ ᠶᠢ ᠭᠦᠢᠴᠡᠳ ᠬᠡᠷᠡᠭᠯᠡᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠪᠠᠶᠢᠳᠠᠯ ᠢ ᠣᠨᠣᠪᠴᠢᠲᠠᠶ ᠦᠨᠡᠯᠡᠨ ᠮᠠᠭᠠᠳᠯᠠᠵᠤ᠂ ᠡᠬᠢ ᠪᠠᠶᠠᠯᠢᠭ ᠢ ᠲᠣᠬᠢᠷᠠᠭᠤᠯᠤᠨ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠢᠲᠡᠭᠡᠮᠵᠢ ᠶᠢᠨ ᠲᠦᠭᠰᠢᠭᠦᠷᠢ ᠪᠠᠷ ᠤᠳᠤᠷᠢᠳᠤᠮᠵᠢ ᠪᠣᠯᠭᠠᠨ ᠬᠢᠨᠠᠯᠲᠠ ᠬᠠᠮᠢᠶᠠᠷᠤᠯᠲᠠ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠠᠬᠢᠭᠤᠯᠤᠨ᠂ ᠬᠢᠨᠠᠯᠲᠠ ᠬᠠᠮᠢᠶᠠᠷᠤᠯᠲᠠ ᠶᠢᠨ ᠨᠠᠷᠢᠯᠢᠭ ᠣᠨᠣᠪᠴᠢᠲᠤ ᠴᠢᠨᠠᠷ ᠪᠠ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ ᠬᠡᠷᠡᠭ ᠤᠨ ᠳᠠᠷᠠᠭᠠᠬᠢ ᠵᠠᠩᠭᠢᠯᠠᠭ᠎ᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠬᠦᠨᠳᠦ ᠨᠣᠴᠢᠲᠠᠢ ᠢᠲᠡᠭᠡᠮᠵᠢ ᠪᠠᠨ ᠠᠯᠳᠠᠭᠰᠠᠨ ᠭᠤᠣᠯ ᠴᠣᠭᠴᠠ ᠶᠢᠨ ᠨᠡᠷᠡᠰ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠪᠣᠯᠭᠤᠮᠵᠢᠲᠠᠢ ᠮᠠᠭᠠᠳᠯᠠᠨ ᠲᠣᠭᠲᠠᠭᠠᠬᠤ᠂ ᠮᠡᠳᠡᠭᠳᠡᠵᠦ ᠰᠠᠨᠠᠭᠤᠯᠬᠤ᠂ ᠬᠠᠪᠰᠤᠷᠤᠨ ᠲᠡᠳᠬᠦᠵᠦ ᠴᠡᠭᠴᠡᠯᠡᠨ ᠰᠠᠶᠢᠵᠢᠷᠠᠭᠤᠯᠬᠤ᠂ ᠬᠥᠲᠥᠯᠥᠨ ᠵᠢᠯᠤᠭᠤᠳᠴᠤ ᠭᠠᠷᠭᠠᠬᠤ ᠵᠡᠷᠭᠡ ᠠᠵᠢᠯ ᠢ ᠰᠠᠶᠢᠲᠤᠷ ᠬᠢᠨ᠎ᠡ᠃              ᠳᠥᠷᠪᠡ ᠳᠤ᠂ ᠢᠲᠡᠭᠡᠮᠵᠢ ᠶᠢᠨ ᠦᠢᠯᠡᠴᠢᠯᠡᠭᠡᠨ ᠤ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠶᠢ ᠪᠠᠬᠢᠵᠢᠭᠦᠯᠵᠦ᠂ ᠡᠯ᠎ᠡ ᠲᠥᠷᠥᠯ ᠤᠨ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠪᠦᠭᠦ ᠬᠡᠮᠵᠢᠶ᠎ᠡ ᠪᠠᠷ ᠴᠤᠭᠯᠠᠭᠤᠯᠵᠤ᠂ ᠪᠠᠶᠢᠭᠠᠯᠢ ᠶᠢᠨ ᠬᠥᠮᠥᠨ᠂ ᠬᠠᠤᠯᠢ ᠶᠢᠨ ᠡᠷᠬᠡᠲᠡᠨ ᠪᠠ ᠬᠠᠤᠯᠢ ᠶᠢᠨ ᠡᠷᠬᠡᠲᠡᠨ ᠪᠤᠰᠤ ᠵᠣᠬᠢᠶᠠᠨ ᠪᠠᠶᠢᠭᠤᠯᠤᠯᠲᠠ ᠵᠡᠷᠭᠡ ᠡᠯ᠎ᠡ ᠲᠥᠷᠥᠯ ᠤᠨ ᠮᠡᠳᠡᠭᠡ ᠵᠠᠩᠭᠢ ᠶᠢᠨ ᠭᠤᠣᠯ ᠴᠣᠭᠴᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠪᠦᠭᠦ ᠬᠡᠮᠵᠢᠶ᠎ᠡ ᠪᠠᠷ ᠴᠤᠭᠯᠠᠭᠤᠯᠬᠤ ᠶᠢ ᠪᠡᠶᠡᠯᠡᠭᠦᠯᠬᠦ ᠭᠡᠷᠡᠭᠲᠡᠢ;ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠬᠡᠪᠴᠢᠶ᠎ᠡ ᠶᠢ ᠥᠷᠭᠡᠳᠬᠡᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠳᠡᠩᠰᠡᠯᠡᠨ ᠲᠡᠮᠳᠡᠭᠯᠡᠬᠦ᠂ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠡᠮᠬᠢᠯᠡᠨ ᠨᠡᠶᠢᠳᠬᠡᠵᠦ᠂ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠪᠠ ᠴᠠᠭᠲᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ;ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠯᠲᠡ ᠶᠢ ᠴᠢᠩᠭᠠᠳᠬᠠᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠯᠲᠡ ᠶᠢᠨ ᠠᠬᠤᠢ ᠪᠠᠶᠢᠳᠠᠯ ᠢ ᠲᠠᠰᠤᠷᠠᠯᠲᠠ ᠦᠭᠡᠢ ᠥᠷᠭᠡᠳᠬᠡᠵᠦ᠂ ᠢᠲᠡᠭᠡᠮᠵᠢ ᠶᠢᠨ ᠮᠡᠳᠡᠭᠡ ᠵᠠᠩᠭᠢ ᠶᠢᠨ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠨᠡᠶᠢᠭᠡᠮ ᠢ ᠬᠠᠮᠤᠷᠤᠭᠰᠠᠨ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠬᠡᠷᠡᠭᠯᠡᠭᠡᠨ ᠤ ᠰᠢᠰᠲ᠋ᠧᠮ ᠢ ᠪᠠᠶᠢᠭᠤᠯᠤᠨ᠎ᠠ᠃ ᠢᠲᠡᠭᠡᠮᠵᠢ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠢᠲᠡᠭᠡᠮᠵᠢ ᠶᠢᠨ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠪᠦᠭᠦ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠶᠡᠷᠦᠩᠬᠡᠶᠢᠯᠡᠭᠰᠡᠨ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠩᠭᠢᠯᠠᠭ᠎ᠠ ᠶᠢᠨ ᠴᠡᠭ ᠢ ᠭᠦᠢᠴᠡᠳ ᠰᠠᠶᠢᠲᠤᠷ ᠬᠡᠷᠡᠭᠯᠡᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠢᠲᠡᠭᠡᠮᠵᠢ ᠶᠢᠨ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠯᠤᠭ᠎ᠠ ᠶᠢᠨ ᠬᠠᠷᠢᠯᠴᠠᠨ ᠬᠤᠯᠪᠣᠭᠠᠯᠠᠵᠤ ᠬᠥᠷᠥᠩᠭᠡ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠲᠠᠩᠰᠠ ᠡᠪᠬᠡᠮᠡᠯ ᠢ ᠪᠦᠷᠢᠨᠰᠢᠭᠦᠯᠦᠨ᠂ ᠢᠲᠡᠭᠡᠮᠵᠢ ᠶᠢᠨ ᠤᠬᠠᠮᠰᠠᠷ ᠪᠣᠯᠣᠨ ᠭᠡᠷ᠎ᠡ ᠶᠢᠨ ᠵᠣᠷᠢᠭ ᠰᠠᠨᠠᠭ᠎ᠠ ᠪᠠᠷ ᠵᠠᠬ᠎ᠠ ᠳᠡᠯᠭᠡᠭᠦᠷ ᠤᠨ ᠢᠲᠡᠭᠡᠮᠵᠢ ᠶᠢᠨ ᠬᠢᠵᠠᠭᠠᠷᠯᠠᠯ ᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠢᠯᠭᠠᠨ ᠲᠠᠨᠢᠬᠤ᠂ ᠬᠢᠨᠠᠨ ᠬᠡᠮᠵᠢᠬᠦ᠂ ᠬᠠᠮᠢᠶᠠᠷᠬᠤ᠂ ᠰᠢᠢᠳᠪᠦᠷᠢᠯᠡᠬᠦ ᠵᠡᠷᠭᠡ ᠭᠤᠭᠴᠤᠭ᠎ᠠ ᠳᠠᠬᠢ ᠢᠲᠡᠭᠡᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ︽ᠡᠷᠲᠡ ᠢᠯᠡᠷᠡᠭᠦᠯᠬᠦ᠂ ᠡᠷᠲᠡ ᠰᠡᠷᠡᠮᠵᠢᠯᠡᠭᠦᠯᠭᠦ᠂ ᠡᠷᠲᠡ ᠰᠢᠢᠳᠪᠦᠷᠢᠯᠡᠬᠦ︾ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ; ᠲᠤᠰᠬᠠᠢ ᠮᠡᠷᠭᠡᠵᠢᠯ ᠤᠨ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠪᠣᠶᠢᠵᠢᠭᠤᠯᠵᠤ᠂ ᠣᠯᠠᠨ ᠨᠡᠶᠢᠲᠡ ᠶᠢᠨ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠪᠠ ᠵᠠᠬ᠎ᠠ ᠳᠡᠯᠭᠡᠭᠦᠷᠴᠢᠯᠡᠭᠰᠡᠨ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠷᠢᠯᠴᠠᠨ ᠨᠥᠬᠦᠪᠦᠷᠢᠯᠡᠬᠦ᠂ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠦᠢᠯᠡᠴᠢᠯᠡᠭᠡᠨ ᠬᠢᠭᠡᠳ ᠥᠷᠲᠡᠭ ᠨᠡᠮᠡᠭᠳᠡᠯ ᠤᠨ ᠦᠢᠯᠡᠴᠢᠯᠡᠭᠡᠨ ᠤ ᠬᠠᠷᠢᠯᠴᠠᠨ ᠨᠥᠬᠦᠴᠡᠯᠳᠦᠭᠰᠡᠨ ᠢᠲᠡᠭᠡᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃                            ︵ᠵᠣᠬᠢᠶᠠᠭᠴᠢ᠄ ᠥᠪᠥᠷ ᠮᠣᠩᠭᠤᠯ ᠤᠨ ᠡᠳ᠋ ᠤᠨ ᠵᠠᠰᠠᠭ ᠤᠨ ᠶᠡᠭᠡ ᠰᠤᠷᠭᠠᠭᠤᠯᠢ ᠶᠢᠨ ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ ᠳᠡᠳ᠋ ᠫᠷᠤᠹᠧᠰᠰᠤᠷ︶                               
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号