| | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠬᠴᠢ ᠯᠢᠦ ᠬᠤᠨᠭ᠌ ᠵᠠᠩ | ︽ᠥᠩᠭᠡᠷᠡᠭᠰᠡᠨ ᠳᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠬᠦᠷᠴᠦ ᠭᠠᠷ ᠭᠦᠢᠴᠡᠳᠬᠡᠯ | ᠬᠢᠬᠦ ᠳᠤ ᠬᠠᠭᠠᠰ ᠡᠳᠦᠷ ᠬᠡᠷᠡᠭᠰᠡᠨ᠎ᠡ᠂ ᠣᠲᠣ︿ᠢ ᠰᠢᠶᠣᠣ ᠵᠧᠩ﹀ ᠶᠡᠷᠦᠩᠬᠡᠶᠢᠯᠡᠭᠰᠡᠨ ᠴᠣᠩᠬᠤᠪᠴᠢ ᠶᠢᠨ | ᠲᠤᠰᠠᠯᠠᠭᠴᠢ ᠪᠠᠷ ᠠᠷᠪᠠᠭᠠᠳ ᠮᠢᠨᠦ᠋ᠲ ᠲᠤ ᠳᠠᠷᠤᠢ ᠭᠦᠢᠴᠡᠳᠬᠡᠴᠢᠬᠡᠨᠡ︾ ᠭᠡᠵᠦ ᠠᠯᠠᠱᠠ ᠶᠢᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠮᠠᠯᠴᠢᠨ ᠨᠡᠶᠢᠭᠡᠮ ᠲᠣᠭᠤᠷᠢᠭ ᠤᠨ ᠬᠤᠳᠠᠯᠳᠤᠭᠠᠴᠢᠨ | ᠲᠤᠤ ᠯᠧᠢ ᠬᠡᠯᠡᠨ᠎ᠡ᠃ | | ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ | ᠣᠶᠢᠯᠠᠭᠠᠭᠰᠠᠨ ᠢᠶᠠᠷ᠂ ᠰᠢᠨ᠎ᠡ ᠪᠠᠷ ᠠᠰᠢᠭᠯᠠᠯᠲᠠ ᠳᠤ ᠣᠷᠣᠭᠤᠯᠤᠭᠰᠠᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ | ᠢ ᠰᠢᠶᠣᠣ ᠵᠧᠩ︾ ᠶᠡᠷᠦᠩᠬᠡᠶᠢᠯᠡᠭᠰᠡᠨ ᠴᠣᠩᠬᠤᠪᠴᠢ ᠶᠢᠨ ᠲᠤᠰᠠᠯᠠᠭᠴᠢ ᠦᠢᠯᠡᠳᠪᠦᠷᠢ ᠬᠤᠳᠠᠯᠳᠤᠭᠠᠨ ᠤ | ᠡᠵᠡᠩᠨᠡᠯᠲᠡ ᠶᠢᠨ ᠦᠨᠡᠮᠯᠡᠯ ᠢ ᠳᠠᠩᠰᠠᠯᠠᠬᠤ᠂ ᠬᠤᠪᠢᠷᠠᠭᠤᠯᠬᠤ᠂ ᠬᠦᠴᠦᠨ ᠦᠭᠡᠢ ᠪᠤᠯᠭᠠᠬᠤ᠂ ᠵᠢᠵᠢᠭ ᠢᠳᠡᠭᠡᠨ | ᠤᠮᠳᠠᠭᠠᠨ ᠤ ᠡᠵᠡᠩᠨᠡᠯᠲᠡ ᠶᠢᠨ ᠵᠥᠪᠰᠢᠶᠡᠷᠡᠯ᠂ ᠪᠡᠶ᠎ᠡ ᠶᠢᠨ ᠦᠨᠡᠮᠯᠡᠯ ᠢ ᠭᠦᠢᠴᠡᠳᠬᠡᠬᠦ ᠵᠡᠷᠭᠡ 78 ᠵᠦᠢᠯ ᠤᠨ | ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠪᠡᠶᠡᠯᠡᠭᠦᠯᠵᠦ ᠪᠤᠯᠬᠤ ᠮᠥᠷᠲᠡᠭᠡᠨ ᠨᠡᠭᠡᠭᠡᠯᠲᠡ ᠶᠢᠨ ᠣᠷᠣᠨ ᠤ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠲᠠᠢ ᠸᠢᠳᠢᠤ᠋ ᠪᠠᠷ | ᠬᠤᠯᠪᠣᠵᠤ᠂ ᠣᠯᠠᠨ ᠲᠦᠮᠡᠨ ᠪᠠ ᠠᠵᠤ ᠠᠬᠤᠶᠢᠯᠠᠯ ᠤᠨ 1236 ᠵᠦᠢᠯ ᠤᠨ ᠬᠡᠷᠡᠭ ᠶᠠᠪᠤᠳᠠᠯ ᠢ ᠠᠯᠤᠰ ᠠᠴᠠ | ᠭᠦᠢᠴᠡᠳᠬᠡᠵᠦ ᠪᠣᠯᠣᠨ᠎ᠠ᠃ | ︽ᠣᠲᠣ ᠨᠡᠭᠡᠭᠡᠯᠲᠡ ᠶᠢᠨ ᠣᠷᠣᠨ ᠤ ᠦᠨᠡᠨᠴᠢ ᠢᠲᠡᠭᠡᠮᠵᠢ ᠶᠢᠨ ᠦᠢᠯᠡᠴᠢᠯᠡᠭᠡ ᠨᠢ ᠦᠨᠡᠬᠡᠷ | ᠳᠣᠲᠣᠨᠣ ᠨᠠᠷᠢᠯᠢᠭ ᠪᠣᠯᠵᠠᠢ᠂ ᠥᠩᠭᠡᠷᠡᠭᠰᠡᠨ ᠤ︿ᠵᠣᠭᠰᠣᠩᠭᠤᠢ ᠮᠠᠶ᠋ᠢᠭ﹀ ᠤᠨ ᠴᠣᠩᠬᠤᠪᠴᠢ ᠦᠢᠯᠡᠴᠢᠯᠡᠭᠡ ᠶᠢ ︿ | ᠰᠢᠯᠵᠢᠮᠡᠯ ᠮᠠᠶ᠋ᠢᠭ﹀ ᠤᠨ ᠭᠡᠷ ᠲᠤᠨᠢ ᠬᠦᠷᠭᠡᠬᠦ ᠦᠢᠯᠡᠴᠢᠯᠡᠭᠡ ᠪᠣᠯᠭᠠᠨ ᠬᠤᠪᠢᠷᠠᠭᠤᠯᠵᠤ᠂ ︿ᠬᠠᠪᠰᠤᠷᠤᠨ | ᠭᠦᠢᠴᠡᠳᠬᠡᠬᠦ ᠣᠷᠣᠯᠠᠨ ᠭᠦᠢᠴᠡᠳᠬᠡᠬᠦ﹀ ᠪᠠ ︿ᠦᠨᠡᠮᠯᠡᠯ ᠬᠢᠵᠦ ᠭᠡᠷ ᠲᠤᠨᠢ ᠬᠦᠷᠭᠡᠬᠦ﹀ ᠦᠢᠯᠡᠴᠢᠯᠡᠭᠡ ᠶᠢ ᠦᠨᠡᠨ | ᠬᠦ ᠪᠠᠶᠢᠩᠭᠤᠵᠢᠭᠤᠯᠪᠠ︾ ᠭᠡᠵᠦ ᠥᠪᠥᠷ ᠮᠣᠩᠭᠤᠯ ᠤᠨ ᠺᠧ ᠷᠦᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ | ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠨ ᠱᠧᠩ ᠴᠢ ᠰᠤᠷᠪᠤᠯᠵᠢᠯᠠᠬᠴᠢ ᠳᠤ ᠬᠡᠯᠡᠪᠡ᠃ | ᠦᠨᠡᠨᠴᠢ ᠢᠲᠡᠭᠡᠮᠵᠢ ᠪᠣᠯ ᠬᠤᠪᠢ ᠬᠥᠮᠥᠨ ᠤ ᠣᠷᠣᠰᠢᠨ ᠲᠣᠭᠲᠠᠨᠢᠬᠤ ᠶᠢᠨ ᠦᠨᠳᠦᠰᠦ ᠪᠤᠯᠬᠤ ᠪᠠᠷ | ᠪᠠᠷᠠᠬᠤ ᠦᠭᠡᠢ ᠪᠠᠰᠠ ᠴᠤ ᠨᠡᠶᠢᠭᠡᠮ ᠤᠨ ᠰᠠᠶᠢᠨ ᠰᠠᠶᠢᠬᠠᠨ ᠬᠥᠭᠵᠢᠯᠲᠡ ᠶᠢᠨ ᠰᠠᠭᠤᠷᠢ ᠮᠥᠨ᠃ ᠠᠯᠠᠱᠠ ᠶᠢᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠦᠨᠡᠨᠴᠢ ᠢᠲᠡᠭᠡᠮᠵᠢ ᠶᠢᠨ ᠦᠨ᠎ᠡ | ᠦᠷᠳᠡᠭ ᠢ ᠭᠦᠨᠵᠡᠭᠡᠢ ᠣᠶᠢᠯᠠᠭᠠᠬᠤ ᠶᠢᠨ ᠬᠠᠮᠲᠤ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠬᠥᠳᠡᠯᠭᠡᠬᠦ | ᠬᠦᠴᠦᠨ ᠪᠣᠯᠭᠠᠵᠠᠢ᠃ ᠨᠡᠭᠡᠭᠡᠯᠲᠡ ᠶᠢᠨ ᠣᠷᠣᠨ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠴᠢᠨᠠᠷ ᠰᠠᠶᠢᠲᠠᠢ ᠬᠥᠭᠵᠢᠯᠲᠡ ᠶᠢᠨ | ᠲᠡᠷᠢᠭᠦᠨ ᠢᠨᠵᠧᠨᠧᠷᠢᠩ ᠪᠣᠯᠭᠠᠨ ᠠᠳᠬᠤᠵᠤ᠂ ᠨᠡᠩ ᠴᠤ ᠬᠥᠭᠵᠢᠯᠲᠡ ᠶᠢ ᠬᠥᠲᠥᠯᠥᠨ ᠳᠠᠭᠠᠭᠤᠯᠬᠤ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠭᠤᠣᠯᠳᠠᠯᠭ᠎ᠠ ᠪᠣᠯᠭᠠᠨ | ᠠᠬᠢᠭᠤᠯᠵᠤ᠂ ︽ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ︾᠂ ︽ᠠᠰᠠᠷᠠᠭᠴᠢ | ᠮᠠᠶ᠋ᠢᠭ ᠤᠨ ᠦᠢᠯᠡᠴᠢᠯᠡᠭᠡ ᠬᠠᠩᠭᠠᠬᠤ︾᠂ ︽ᠳᠤᠲᠠᠭᠳᠠᠯ ᠢ ᠨᠢ ᠪᠠᠭᠲᠠᠭᠠᠨ ᠰᠢᠢᠳᠪᠦᠷᠢᠯᠡᠬᠦ︾ ᠵᠡᠷᠭᠡ ᠠᠷᠭ᠎ᠠ | ᠬᠡᠮᠵᠢᠶ᠎ᠡ ᠶᠢ ᠬᠡᠷᠡᠭᠵᠢᠭᠦᠯᠵᠦ ᠠᠵᠤ ᠠᠬᠤᠶᠢᠯᠠᠯ ᠤᠨ ᠬᠥᠭᠵᠢᠯᠲᠡ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ | ᠬᠦᠴᠦᠨ ᠪᠦᠬᠦᠢ ᠪᠠᠲᠤᠯᠠᠭ᠎ᠠ ᠬᠠᠩᠭᠠᠵᠠᠢ᠃ | ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ 2024 | ᠣᠨ ᠤ ᠡᠬᠢ ᠪᠠᠷ ᠬᠤᠷᠠᠯᠳᠤᠭᠤᠯᠤᠭᠰᠠᠨ ︽ᠦᠨᠡᠨᠴᠢ ᠢᠲᠡᠭᠡᠮᠵᠢ ᠲᠠᠢ ᠪᠠᠷ ᠭᠠᠶᠢᠯᠢ ᠲᠤᠰᠢᠶᠠᠵᠤ ᠲᠦᠮᠡᠨ | ᠡᠷᠦᠭᠡ ᠳᠤ ᠠᠰᠢᠭ ᠬᠦᠷᠲᠡᠭᠡᠬᠦ︾ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ 134 ᠵᠢᠱᠢᠶᠡᠴᠢ ᠭᠠᠶᠢᠯᠢ | ᠲᠤᠰᠢᠶᠠᠭᠴᠢ ᠶᠢ ᠬᠥᠬᠢᠭᠦᠯᠦᠨ ᠰᠠᠶᠢᠰᠢᠶᠠᠵᠤ᠂ ᠨᠡᠶᠢᠭᠡᠮ ᠳᠠᠶᠠᠭᠠᠷ ᠤᠨ ᠦᠨᠡᠨᠴᠢ ᠢᠲᠡᠭᠡᠮᠵᠢ ᠲᠠᠢ ᠪᠠᠷ ᠭᠠᠶᠢᠯᠢ | ᠲᠤᠰᠢᠶᠠᠬᠤ ᠤᠬᠠᠮᠰᠠᠷ ᠢ ᠴᠢᠨᠠᠭᠰᠢᠳᠠ ᠳᠡᠭᠡᠭᠰᠢᠯᠡᠭᠦᠯᠪᠡ᠃ ︽2023 ᠣᠨ ᠳᠤ ᠮᠠᠨ ᠤ ᠺᠤᠮᠫᠠᠨᠢ ᠥᠷᠲᠡᠭ | ᠨᠡᠮᠡᠭᠳᠡᠯ ᠤᠨ ᠭᠠᠶᠢᠯᠢ ᠶᠢ ᠪᠤᠴᠠᠭᠠᠭᠰᠠᠨ 9350.87 ᠲᠦᠮᠡᠨ ᠲᠥᠭᠦᠷᠢᠭ ᠢᠶᠠᠷ ᠺᠤᠮᠫᠠᠨᠢ ᠶᠢᠨ 600 ᠰᠢᠬᠠᠮ | ᠠᠵᠢᠯᠲᠠᠨ ᠠᠵᠢᠯᠴᠢᠨ ᠤ ᠴᠠᠯᠢᠩ ᠥᠷᠢᠲᠦᠬᠦ ᠵᠢᠴᠢ ᠨᠡᠶᠢᠭᠡᠮ ᠤᠨ ᠳᠠᠭᠠᠳᠬᠠᠯ ᠪᠠ ᠡᠮ ᠡᠮᠨᠡᠯᠭᠡ ᠶᠢᠨ | ᠳᠠᠭᠠᠳᠬᠠᠯ ᠤᠨ ᠥᠷᠢᠲᠦᠵᠦ ᠪᠠᠶᠢᠭ᠎ᠠ ᠠᠰᠠᠭᠤᠳᠠᠯ ᠢ ᠨᠢᠭᠡ ᠯᠡ ᠤᠳᠠᠭ᠎ᠠ ᠳᠡᠭᠡᠷ᠎ᠡ ᠰᠢᠢᠳᠪᠦᠷᠢᠯᠡᠪᠡ᠂ ᠡᠨᠡ ᠨᠢ | ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠰᠢᠪᠲᠤᠯᠤᠯᠲᠠ ᠪᠤᠯᠬᠤ ᠪᠠᠷ ᠪᠠᠷᠠᠬᠤ ᠦᠭᠡᠢ᠂ | ᠨᠠᠩ ᠴᠤ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ ᠪᠣᠳᠠᠲᠠᠢ ᠢᠯᠡᠷᠡᠯ ᠪᠤᠯᠬᠤ ᠶᠤᠮ︾ | ᠭᠡᠵᠦ ᠥᠪᠥᠷ ᠮᠣᠩᠭᠤᠯ ᠤᠨ ᠹᠧᠩ ᠸᠧᠢ ᠴᠠᠬᠢᠭᠤᠷ ᠤᠨ ᠦᠢᠯᠡᠰ ᠤᠨ ᠬᠢᠵᠠᠭᠠᠷᠲᠤ ᠺᠤᠮᠫᠠᠨᠢ ᠶᠢᠨ ᠬᠠᠷᠢᠭᠤᠴᠠᠯᠭᠠᠲᠠᠨ | ᠵᠤᠤ ᠴᠦᠨ ᠮᠧᠢ ᠬᠡᠯᠡᠪᠡ᠃ | ᠡᠨᠡ ᠵᠢᠯ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠣᠷᠣᠨ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠵᠦ᠂ | ᠠᠶᠢᠮᠠᠭ ᠤᠨ ᠲᠡᠰ ᠤᠨ 40 ᠭᠤᠣᠯᠳᠠᠯᠭ᠎ᠠ ᠲᠠᠢ ᠲᠥᠷᠥᠯ ᠵᠦᠢᠯ ᠢ ᠴᠢᠩᠭ᠎ᠠ ᠠᠳᠬᠤᠨ᠂ ᠪᠦᠭᠦ ᠵᠢᠯ ᠤᠨ ᠪᠡᠯᠡ | ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 54% ᠳᠤ ᠬᠦᠷᠭᠡᠬᠦ ᠪᠠᠷ ᠴᠢᠷᠮᠠᠶᠢᠵᠤ᠂ ᠹᠯᠣᠷ ᠤᠨ | ᠰᠤᠷᠪᠤᠯᠵᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠹᠯᠣᠷ ᠠᠭᠤᠯᠤᠭᠰᠠᠨ ᠳᠡᠭᠡᠳᠦ ᠰᠢᠨ᠎ᠡ ᠮᠡᠷᠭᠡᠵᠢᠯ ᠤᠨ | ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠱᠠᠩᠬᠠᠢ ᠥᠪᠥᠷ ᠮᠣᠩᠭᠤᠯ ᠤᠨ ᠡᠨᠧᠷᠭᠢ ᠶᠢᠨ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ᠂ ᠯᠢᠩ ᠱᠸᠡᠭ ᠲᠠᠷᠢᠮᠠᠯ ᠤᠨ 20 ᠲᠦᠮᠡᠨ ᠲᠣᠨ ᠥᠨᠳᠡᠭᠡᠨ | ᠰᠢᠪᠲᠦᠷᠲᠦ ᠬᠦᠴᠢᠯ ᠵᠢᠴᠢ ᠢᠵᠢ ᠪᠦᠷᠢᠳᠦᠭᠦᠯᠦᠭᠰᠡᠨ ᠶᠡᠷᠦᠩᠬᠡᠢ ᠪᠡᠯᠡ ᠣᠷᠣᠭᠤᠯᠤᠯᠲᠠ ᠨᠢ ᠵᠠᠭᠤᠨ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ 3 ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ | ᠂ ᠪᠧᠨ ᠰᠢᠩ ᠪᠠᠯ ᠴᠢᠯᠠᠭᠤᠨ ᠠᠯᠺᠧᠨ᠂ ᠨᠠᠷᠢᠯᠢᠭ ᠡᠪᠡᠰᠦᠨ ᠠᠮᠮᠤᠨᠢ ᠹᠤᠰᠹᠢᠨ᠂ ᠤᠯᠤᠰ ᠤᠨ ᠡᠨᠧᠷᠭᠢ ᠶᠢᠨ 60 | ᠲᠦᠮᠡᠨ ᠺᠢᠯᠣᠸᠠᠲ ᠤᠨ ᠰᠠᠯᠬᠢ ᠭᠡᠷᠡᠯ ᠤᠨ ᠤᠰᠤᠲᠥ᠋ᠷᠥᠭᠴᠢᠲᠤ ᠰᠢᠪᠲᠦᠷ᠂ ᠮᠧᠩ ᠨᠧᠩ ᠬᠠᠨ ᠬᠠᠢ ᠶᠢᠨ 100 | ᠲᠦᠮᠡᠨ ᠺᠢᠯᠣᠸᠠᠲ ᠤᠨ ᠭᠡᠷᠡᠯᠴᠢ ᠴᠡᠨᠡᠭ ᠵᠡᠷᠭᠡ 13 ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠬᠤ ᠪᠤᠶᠤ ᠲᠤᠷᠰᠢᠨ ᠦᠢᠯᠡᠳᠪᠦᠷᠢᠯᠡᠬᠦ ᠨᠥᠬᠦᠴᠡᠯ ᠢ ᠪᠦᠷᠢᠯᠳᠦᠭᠦᠯᠦᠨ᠎ᠡ᠃ | ︽ᠡᠨᠡ ᠵᠢᠯ ᠪᠢᠳᠠ ᠠᠷᠠᠯᠵᠢᠶᠠᠴᠢᠨ ᠤᠷᠢᠬᠤ ᠶᠢ ᠶᠡᠬᠡᠪᠡᠷ ᠠᠳᠬᠤᠬᠤ᠂ ᠲᠥᠷᠥᠯ ᠵᠦᠢᠯ ᠢ ᠶᠡᠬᠡᠪᠡᠷ | ᠠᠳᠬᠤᠬᠤ᠂ ᠬᠥᠭᠵᠢᠯᠲᠡ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠤᠢ ᠪᠤᠯᠭᠠᠵᠤ᠂ ᠭᠤᠣᠯᠯᠠᠬᠤ | ᠠᠵᠤ ᠦᠢᠯᠡᠰ ᠢ ᠲᠦᠷᠭᠡᠳᠬᠡᠨ ᠪᠤᠵᠠᠭᠠᠶᠢᠷᠠᠭᠤᠯᠬᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠰᠢᠨ᠎ᠡ ᠶᠢ | ᠡᠭᠦᠳᠦᠭᠰᠡᠨ ᠰᠢᠪᠲᠤᠯᠤᠯᠲᠠ ᠲᠠᠢ ᠪᠤᠯᠬᠤ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠯᠠᠭᠤᠯᠬᠤ ᠳᠤ ᠠᠩᠬᠠᠷᠤᠯ | ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠬᠤ | ᠠᠷᠭ᠎ᠠ ᠮᠠᠶ᠋ᠢᠭ ᠢ ᠪᠠᠶᠠᠯᠢᠭᠵᠢᠭᠤᠯᠤᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠶᠢ ᠴᠢᠩᠭᠠᠳᠬᠠᠵᠤ᠂ ᠨᠠᠩ | ᠣᠯᠠᠨ ᠲᠥᠷᠥᠯ ᠵᠦᠢᠯ ᠤᠨ ᠪᠣᠳᠠᠲᠤ ᠦᠢᠯᠡᠳᠪᠦᠷᠢᠯᠡᠯ ᠤᠨ ᠬᠦᠴᠦᠨ ᠪᠤᠯᠬᠤ ᠶᠢ ᠲᠦᠷᠭᠡᠳᠬᠡᠵᠦ᠂ ᠪᠦᠭᠦ | ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠦᠭᠦ ᠣᠷᠣᠨ ᠤ ᠰᠢᠨ᠎ᠡ ᠵᠠᠮ | ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ︿ᠵᠢᠱᠢᠶ᠎ᠡ ᠦᠵᠡᠭᠦᠯᠭᠦ ᠣᠷᠣᠨ﹀ ᠤ | ᠬᠤᠪᠢ ᠨᠡᠮᠡᠷᠢ ᠪᠠᠨ ᠦᠵᠡᠭᠦᠯᠦᠨ᠎ᠡ︾ ᠭᠡᠵᠦ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠣᠷᠣᠨ᠂ ᠤᠯᠠᠭᠠᠨᠪᠤᠬ᠎ᠠ ᠵᠢᠱᠢᠶ᠎ᠡ ᠦᠵᠡᠭᠦᠯᠭᠦ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ | ᠱᠦᠵᠢ ᠯᠢᠦ ᠰᠢᠶᠠᠨ ᠳ᠋ᠧ ᠢᠯᠡᠳᠬᠡᠪᠡ᠃ | |