ᠤᠯᠤᠰ ᠲᠦᠷᠦ ᠶᠢᠨ ᠵᠥᠪᠯᠡᠯᠭᠡᠨ ᠤ ᠠᠯᠠᠱᠠ ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠤ 15 ᠳ᠋ᠤᠭᠠᠷ ᠲᠣᠭᠠᠲᠤ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠬᠠᠷᠢᠭᠤᠯᠲᠠ
ᠨᠡᠶᠢᠲᠡᠯᠡᠭᠰᠡᠨ ᠴᠠᠭ᠄
2024/7/26
      ᠶᠠᠩ ᠴᠢᠤᠸᠠᠨ ᠶᠤᠸᠠᠨ᠂ ᠼᠤᠤ ᠽᠥᠩ ᠯᠢᠨ ᠭᠡᠰᠢᠭᠦᠨ ᠲᠠᠨ᠎ᠠ᠄       ᠠᠯᠠᠱᠠ ᠶᠢᠨ ᠴᠢᠯᠠᠭᠤᠨ ᠵᠡᠪᠰᠡᠭ ᠤᠨ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠲᠤᠬᠠᠢ ᠰᠠᠨᠠᠯ ᠵᠥᠪᠯᠡᠯᠭᠡ ᠶᠢ ᠨᠢᠭᠡᠨᠲᠡ ᠣᠯᠵᠤ ᠣᠶᠢᠯᠠᠭᠠᠪᠠ᠃ ᠤᠳᠤ ᠳᠠᠷᠠᠭᠠᠬᠢ ᠬᠡᠳᠦᠨ ᠲᠠᠯ᠎ᠠ ᠪᠠᠷ ᠬᠠᠷᠢᠭᠤᠯᠤᠶ᠎ᠠ ᠄       ᠨᠢᠭᠡ᠂ ᠠᠯᠠᠱᠠ ᠵᠡᠭᠦᠨ ᠬᠤᠰᠢᠭᠤᠨ ᠤ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ ᠤᠨ ᠪᠠᠶᠢᠳᠠᠯ ᠤᠨ ᠲᠣᠪᠴᠢ ᠲᠠᠨᠢᠯᠴᠠᠭᠤᠯᠭ᠎ᠠ      ᠠᠯᠠᠱᠠ ᠵᠡᠭᠦᠨ ᠬᠤᠰᠢᠭᠤᠨ ᠳᠤ ᠣᠲᠣ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ ᠨᠡᠶᠢᠲᠡ 409 ᠪᠣᠶ᠂ ᠡᠭᠦᠨ ᠳᠤ ᠪᠥᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 1 ︵  ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ 2︶ ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 17 ︵  ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ 260︶ ᠂ ᠠᠶᠢᠮᠠᠭ ᠤᠨ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 24᠂ ᠬᠤᠰᠢᠭᠤᠨ ᠤ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 9᠂ ᠲᠠᠰ ᠲᠣᠭᠲᠠᠭᠠᠳᠤᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 114 ᠪᠣᠶ︔  ᠲᠥᠷᠥᠯ ᠵᠦᠢᠯ ᠢᠶᠠᠷ ᠨᠢ ᠬᠤᠪᠢᠶᠠᠪᠠᠯ ᠡᠷᠲᠡᠨ ᠤ ᠪᠠᠭᠤᠷᠢ 304᠂ ᠡᠷᠲᠡᠨ ᠤ ᠪᠤᠯᠠᠰᠢ 32᠂ ᠡᠷᠲᠡᠨ ᠤ ᠪᠠᠷᠢᠯᠭ᠎ᠠ 14᠂ ᠴᠢᠯᠠᠭᠤᠨ ᠠᠭᠤᠢ ᠶᠢᠨ ᠰᠦᠮ᠎ᠡ ᠵᠢᠴᠢ ᠴᠢᠯᠠᠭᠤᠨ ᠰᠡᠶᠢᠯᠦᠮᠡᠯ 45᠂ ᠣᠷᠴᠢᠨ ᠣᠳᠣ ᠦᠶ᠎ᠡ ᠶᠢᠨ ᠴᠢᠬᠤᠯᠠ ᠲᠡᠦᠬᠡᠨ ᠳᠤᠷᠠᠰᠬᠠᠯ ᠵᠢᠴᠢ ᠲᠥᠯᠥᠭᠡᠯᠡᠬᠦ ᠴᠢᠨᠠᠷᠲᠠᠢ ᠪᠠᠷᠢᠯᠭ᠎ᠠ 14 ᠪᠠᠶᠢᠵᠤ᠂ ᠰᠢᠨ᠎ᠡ ᠴᠢᠯᠠᠭᠤᠨ ᠵᠡᠪᠰᠡᠭ ᠤᠨ ᠦᠶ᠎ᠡ ᠠᠴᠠ ᠣᠷᠴᠢᠨ ᠣᠳᠣ ᠦᠶ᠎ᠡ ᠬᠦᠷᠲᠡᠯᠡᠬᠢ ᠠᠳᠠᠯᠢ ᠪᠤᠰᠤ ᠲᠡᠦᠬᠡᠨ ᠴᠠᠭ ᠦᠶ᠎ᠡ ᠶᠢᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠤᠷᠴᠠᠢ᠃ ᠡᠭᠦᠨ ᠳᠤ ᠠᠯᠠᠱᠠ ᠶᠢᠨ ᠴᠢᠯᠠᠭᠤᠨ ᠵᠡᠪᠰᠡᠭ ᠰᠤᠷᠭᠠᠯᠲᠠ ᠳᠤ ᠬᠠᠮᠤᠷᠤᠭᠤᠯᠬᠤ ᠪᠠᠭᠤᠷᠢ 1 ᠪᠠᠶᠢᠵᠤ᠂ ᠰᠤᠬᠤᠩᠲᠦ ᠶᠢᠨ ᠪᠠᠭᠤᠷᠢ ᠪᠣᠯᠣᠨ᠎ᠠ᠃      ᠬᠤᠶᠠᠷ᠂ ᠰᠤᠬᠤᠩᠲᠦ ᠶᠢᠨ ᠪᠠᠭᠤᠷᠢ ᠶᠢᠨ ᠬᠠᠮᠠᠭᠠᠯᠠᠯᠲᠠ ᠶᠢᠨ ᠪᠠᠶᠢᠳᠠᠯ ᠤᠨ ᠲᠣᠪᠴᠢ ᠲᠠᠨᠢᠯᠴᠠᠭᠤᠯᠭ᠎ᠠ      ᠲᠡᠦᠬᠡ ᠰᠣᠶᠣᠯ ᠤᠨ ᠳᠤᠷᠠᠰᠬᠠᠯᠲᠤ ᠵᠦᠢᠯᠡᠰ ᠤᠨ ᠴᠡᠭ ᠨᠢ ᠥᠯᠵᠡᠢ ᠰᠤᠮᠤ ᠶᠢᠨ ᠥᠨᠳᠥᠷ ᠮᠣᠳᠣ ᠭᠠᠴᠠᠭ᠎ᠠ ᠶᠢᠨ ᠬᠢᠯᠢ ᠳᠤ ᠪᠤᠢ᠃ ᠪᠠᠭᠤᠷᠢ ᠶᠢᠨ ᠣᠷᠣᠨ ᠨᠢ ᠡᠯᠡᠰᠦᠨ ᠴᠥᠯ ᠤᠨ ᠬᠡᠭᠡᠷ᠎ᠡ ᠲᠠᠯ᠎ᠠ ᠳᠤ ᠣᠷᠣᠰᠢᠵᠤ᠂ ᠬᠠᠪᠲᠠᠭᠠᠢ ᠨᠢ ᠣᠷᠳᠣ ᠳᠥᠷᠪᠡᠯᠵᠢᠨ ᠬᠡᠯᠪᠡᠷᠢ ᠲᠠᠢ ᠪᠠᠶᠢᠵᠤ᠂ ᠭᠠᠵᠠᠷ ᠤᠨ ᠭᠠᠳᠠᠷᠭᠤ ᠶᠢᠨ ᠦᠯᠡᠳᠡᠭᠳᠡᠯ ᠨᠢ ᠵᠡᠭᠦᠨᠰᠢ ᠪᠠᠷᠠᠭᠤᠨᠰᠢ ᠣᠷᠳᠣ ᠨᠢ 400 ᠮᠧᠲᠷ᠂ ᠡᠮᠦᠨᠡᠰᠢ ᠤᠮᠠᠷᠠᠰᠢ ᠥᠷᠭᠡᠨ ᠨᠢ 320 ᠮᠧᠲᠷ ᠤᠨ ᠬᠡᠪᠴᠢᠶᠡᠨ ᠳᠤ ᠲᠠᠷᠬᠠᠵᠤ ᠪᠠᠶᠢᠳᠠᠭ᠃ ᠣᠳᠣ ᠶᠢᠨ ᠪᠠᠭᠤᠷᠢ ᠶᠢᠨ ᠣᠷᠣᠨ ᠤ ᠶᠡᠬᠡᠩᠬᠢ ᠬᠡᠰᠡᠭ ᠨᠢ ᠨᠢᠭᠡᠨᠲᠡ ᠡᠯᠡᠰᠦᠨ ᠳᠣᠪᠣᠴᠠᠭ ᠲᠤ ᠪᠤᠯᠠᠭᠳᠠᠵᠤ᠂ ᠡᠯᠡᠰᠦᠨ ᠳᠣᠪᠣᠴᠠᠭ ᠤᠨ ᠬᠤᠲᠣᠭᠤᠷ ᠭᠠᠵᠠᠷ ᠤᠨ ᠨᠢᠭᠡ ᠬᠡᠰᠡᠭ ᠨᠢ ᠢᠯᠡ ᠭᠠᠷᠴᠤ᠂ ᠭᠠᠵᠠᠷ ᠤᠨ ᠨᠢᠭᠤᠷ ᠳᠡᠭᠡᠷ᠎ᠡ ᠨᠡᠯᠢᠶᠡᠳ ᠣᠯᠠᠨ ᠠᠮᠢᠲᠠᠨ ᠤ ᠠᠷᠤᠭ ᠶᠠᠰᠤ᠂ ᠴᠢᠯᠠᠭᠤᠨ ᠵᠡᠪᠰᠡᠭ᠂ ᠤᠯᠠᠭᠠᠨ ᠸᠠᠭᠠᠷ᠂ ᠦᠨᠡᠰᠦᠨ ᠸᠠᠭᠠᠷ ᠤᠨ ᠬᠡᠮᠬᠡᠳᠡᠭ ᠵᠡᠷᠭᠡ ᠦᠯᠡᠳᠡᠭᠳᠡᠯ ᠲᠠᠢ᠃ ᠪᠦᠬᠦᠯᠢ ᠴᠣᠭᠴᠠ ᠠᠴᠠ ᠨᠢ ᠠᠪᠴᠤ ᠦᠵᠡᠪᠡᠯ ᠲᠤᠰ ᠭᠠᠵᠠᠷ ᠨᠢ ᠡᠷᠲᠡ ᠦᠶ᠎ᠡ ᠳᠤ ᠬᠥᠮᠥᠨ ᠲᠥᠷᠥᠯᠬᠢᠲᠡᠨ ᠤ ᠨᠢᠭᠡᠨ ᠳᠤᠮᠳᠠ ᠵᠡᠷᠭᠡ ᠴᠤᠭᠯᠠᠷᠠᠯ ᠤᠨ ᠭᠠᠵᠠᠷ ᠪᠠᠶᠢᠵᠤ᠂ ᠠᠮᠢᠲᠠᠨ ᠤ ᠠᠷᠤᠭ ᠶᠠᠰᠤ ᠨᠢ ᠲᠦᠯᠡᠭᠳᠡᠭᠰᠡᠨ ᠣᠷᠣᠮ  ᠲᠠᠢ ᠪᠠᠶᠢᠵᠤ᠂ ᠪᠤᠯᠭᠤᠭᠰᠠᠨ ᠢᠳᠡᠭᠡᠨ ᠢ ᠰᠢᠷᠠᠵᠤ ᠬᠢᠭᠰᠡᠨ ᠰᠡᠵᠢᠭ ᠲᠠᠢ ᠪᠠᠶᠢᠵᠠᠢ᠃ ᠪᠦᠬᠦᠯᠢ ᠴᠣᠭᠴᠠ ᠠᠴᠠ ᠨᠢ ᠠᠪᠴᠤ ᠦᠵᠡᠪᠡᠯ᠂ ᠲᠤᠰ ᠭᠠᠵᠠᠷ ᠨᠢ ᠡᠷᠲᠡ ᠦᠶ᠎ᠡ ᠳᠤ ᠬᠥᠮᠥᠨ ᠲᠥᠷᠥᠯᠬᠢᠲᠡᠨ ᠤ ᠨᠢᠭᠡᠨ ᠳᠤᠮᠳᠠ ᠵᠡᠷᠭᠡ ᠴᠤᠭᠯᠠᠷᠠᠯ ᠤᠨ ᠭᠠᠵᠠᠷ ᠪᠠᠶᠢᠵᠠᠢ᠃ ᠠᠩᠬ᠎ᠠ ᠠᠯᠬᠤᠮ ᠤᠨ ᠮᠠᠭᠠᠳᠯᠠᠭᠰᠠᠨ ᠢᠶᠠᠷ ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ ᠪᠣᠯ ᠨᠢᠭᠡᠨ ᠡᠷᠲᠡ ᠦᠶ᠎ᠡ ᠶᠢᠨ ᠰᠠᠭᠤᠷᠢᠰᠢᠯ ᠤᠨ ᠭᠠᠵᠠᠷ ᠪᠣᠯᠣᠨ᠎ᠠ᠂ ᠤᠯᠠᠭᠠᠨ ᠸᠠᠭᠠᠷ ᠤᠨ ᠬᠡᠮᠬᠡᠳᠡᠭ ᠳᠣᠲᠣᠷ᠎ᠠ ᠪᠦᠳᠦᠭᠦᠨ ᠨᠠᠷᠢᠨ ᠳᠡᠭᠡᠰᠦ ᠲᠠᠢ᠂ ᠦᠨᠡᠰᠦᠨ ᠸᠠᠭᠠᠷ ᠤᠨ ᠬᠡᠮᠬᠡᠳᠡᠭ ᠳᠡᠭᠡᠷ᠎ᠡ ᠬᠠᠷ᠎ᠠ ᠬᠡ ᠤᠭᠠᠯᠵᠠ ᠲᠠᠢ᠂ ᠲᠡᠭᠦᠨ ᠤ ᠪᠠᠭᠤᠷᠢ ᠶᠢᠨ ᠪᠣᠳᠠᠲᠠᠢ ᠣᠨ ᠵᠢᠯ ᠢ ᠰᠢᠯᠭᠠᠨ ᠨᠤᠲᠠᠯᠠᠬᠤ ᠴᠢᠬᠤᠯᠠᠲᠠᠢ ᠪᠠᠶᠢᠨ᠎ᠠ᠃ 2012 ᠣᠨ ᠤ 6 ᠳ᠋ᠤᠭᠠᠷ ᠰᠠᠷ᠎ᠠ ᠶᠢᠨ 13 ᠤ ᠡᠳᠦᠷ᠂ ᠠᠯᠠᠱᠠ ᠠᠶᠢᠮᠠᠭ ᠤᠨ ᠵᠠᠬᠢᠷᠭ᠎ᠠ ᠠᠴᠠ ᠰᠤᠬᠤᠩᠲᠦ ᠶᠢᠨ ᠪᠠᠭᠤᠷᠢ ᠶᠢ ᠨᠢᠭᠡᠳᠦᠭᠡᠷ ᠪᠦᠯᠦᠭ ᠤᠨ ᠠᠶᠢᠮᠠᠭ ᠤᠨ ᠲᠠᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ︵  ᠠᠯᠠᠱᠠ ᠵᠠᠬᠢᠷᠭ᠎ᠠ ᠵᠠᠬᠢᠳᠠᠯ ﹇  2012﹈  68 ᠳ᠋ᠤᠭᠠᠷ ᠲᠣᠭᠠᠲᠤ︶  ᠪᠠᠷ ᠨᠡᠶᠢᠲᠡᠯᠡᠪᠡ᠃      ᠭᠤᠷᠪᠠ᠂ ᠰᠤᠬᠤᠩᠲᠦ ᠶᠢᠨ ᠪᠠᠭᠤᠷᠢ ᠵᠢᠴᠢ ᠡᠷᠬᠢᠨ ᠲᠣᠭᠤᠷᠢᠨ ᠤ ᠴᠢᠯᠠᠭᠤᠨ ᠵᠡᠪᠰᠡᠭ ᠡᠳ᠋ᠰᠢᠭᠦᠯᠬᠦ ᠴᠡᠭ ᠤᠨ ᠪᠠᠭᠤᠷᠢ ᠶᠢ ᠬᠠᠮᠠᠭᠠᠯᠠᠭᠰᠠᠨ ᠪᠠᠶᠢᠳᠠᠯ      2019 ᠣᠨ ᠳᠤ᠂ ᠠᠯᠠᠱᠠ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠰᠤᠬᠤᠩᠲᠦ ᠶᠢᠨ ᠪᠠᠭᠤᠷᠢ ᠳᠤ 1 ᠬᠠᠮᠠᠭᠠᠯᠠᠯᠲᠠ ᠶᠢᠨ ᠲᠡᠮᠳᠡᠭ ᠫᠠᠶᠢᠰᠠ ᠪᠣᠰᠬᠠᠵᠠᠢ᠃ 2020 ᠣᠨ ᠤ 12 ᠳ᠋ᠤᠭᠠᠷ ᠰᠠᠷ᠎ᠠ ᠳᠤ᠂ ᠠᠯᠠᠱᠠ ᠠᠶᠢᠮᠠᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠯᠠᠱᠠ ᠠᠶᠢᠮᠠᠭ ᠤᠨ ᠷᠠᠳᠢᠣ᠋ ᠲᠧᠯᠸᠢᠰ ᠤᠨ ᠳᠠᠮᠵᠢᠭᠤᠯᠬᠤ ᠰᠠᠴᠤᠷᠠᠭᠤᠯᠬᠤ ᠲᠥᠪ ᠦᠷᠳᠡᠭᠡ ᠲᠠᠢ ᠬᠤᠯᠪᠤᠭᠠᠯᠠᠨ᠂ ᠠᠯᠠᠱᠠ ᠵᠡᠭᠦᠨ ᠬᠤᠰᠢᠭᠤᠨ ᠤ ᠥᠯᠵᠡᠢ ᠰᠤᠮᠤ ᠶᠢᠨ ᠰᠤᠬᠤᠩᠲᠦ ᠣᠷᠣᠨ ᠤ ᠰᠤᠬᠤᠩᠲᠦ ᠶᠢᠨ ᠪᠠᠭᠤᠷᠢ ᠪᠣᠯᠣᠨ ᠠᠶᠢᠷ ᠴᠣᠨᠵᠢ ᠶᠢᠨ ᠲᠡᠦᠬᠡ ᠶᠢᠨ ᠡᠮᠦᠨᠡᠬᠢ ᠴᠢᠯᠠᠭᠤᠨ ᠵᠡᠪᠰᠡᠭ ᠤᠨ ᠪᠠᠭᠤᠷᠢ ᠳᠤ ᠪᠢᠴᠢᠯ ᠳᠣᠯᠭᠢᠶᠠᠨ ᠤ ᠠᠯᠤᠰ ᠠᠴᠠ ᠳᠠᠮᠵᠢᠭᠤᠯᠬᠤ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠵᠠᠢ᠃ ᠪᠢᠴᠢᠯ ᠳᠣᠯᠭᠢᠶᠠᠨ ᠤ ᠠᠯᠤᠰ ᠵᠠᠢ ᠶᠢᠨ ᠳᠠᠮᠵᠢᠭᠤᠯᠭ᠎ᠠ ᠶᠢ ᠬᠢᠨᠠᠨ ᠡᠵᠡᠮᠳᠡᠬᠦ ᠰᠢᠰᠲ᠋ᠧᠮ ᠨᠢ ᠨᠡᠷᠡᠨ ᠤ ᠡᠨᠧᠷᠭᠢ ᠶᠢᠨ ᠬᠠᠪᠲᠠᠰᠤ ᠪᠠᠷ ᠴᠠᠬᠢᠯᠭᠠᠨ ᠬᠠᠩᠭᠠᠳᠠᠭ᠃ ᠳᠣᠬᠢᠶ᠎ᠠ ᠰᠤᠬᠤᠩᠲᠦ ᠶᠢᠨ ᠲᠤᠬᠠᠢ ᠶᠢᠨ ᠭᠠᠵᠠᠷ ᠤᠨ ᠥᠷᠲᠡᠭᠡ ᠥᠷᠲᠡᠭᠡ ᠪᠠᠷ ᠥᠩᠭᠡᠷᠡᠵᠦ᠂ ᠠᠯᠠᠱᠠ ᠠᠶᠢᠮᠠᠭ ᠤᠨ ᠣᠶᠤᠨᠲᠤ ᠰᠣᠶᠣᠯ ᠤᠨ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ᠂ ᠲᠥᠪ ᠥᠷᠲᠡᠭᠡ ᠶᠢᠨ ᠪᠢᠴᠢᠯ ᠳᠣᠯᠭᠢᠶᠠᠨ ᠤ ᠮᠠᠰᠢᠨ ᠤ ᠥᠷᠥᠭᠡ ᠪᠣᠯᠣᠨ ᠠᠶᠢᠮᠠᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠬᠢᠨᠠᠨ ᠡᠵᠡᠮᠳᠡᠬᠦ ᠲᠣᠮᠣ ᠳᠡᠯᠭᠡᠴᠡ ᠳᠤ ᠳᠠᠮᠵᠢᠭᠤᠯᠵᠤ᠂ ᠲᠤᠰᠬᠠᠢ ᠬᠥᠮᠥᠨ ᠢᠶᠠᠷ ᠵᠢᠵᠢᠭᠦᠷᠯᠡᠭᠦᠯᠦᠨ ᠰᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠡᠪᠳᠡᠭᠰᠡᠨ ᠦᠶᠯᠡ ᠠᠵᠢᠯᠯᠠᠭ᠎ᠠ ᠪᠠᠶᠢᠬᠤ ᠶᠢ ᠣᠯᠵᠤ ᠮᠡᠳᠡᠪᠡᠯ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠪᠡᠯᠡᠳᠬᠡᠯ ᠲᠥᠰᠥᠯ ᠢ ᠳᠠᠷᠤᠶᠢᠬᠠᠨ ᠡᠬᠢᠯᠡᠭᠦᠯᠵᠦ᠂ ᠲᠤᠬᠠᠢ ᠶᠢᠨ ᠭᠠᠵᠠᠷ ᠤᠨ ᠲᠡᠮᠡᠭᠡᠨ ᠪᠥᠬᠦ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠩᠭᠢ ᠶᠢᠨ ᠭᠡᠰᠢᠭᠦᠨ ᠪᠣᠯᠣᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠳᠤ ᠲᠡᠷᠡ ᠳᠠᠷᠤᠢ ᠳᠤᠨᠢ ᠰᠢᠢᠳᠪᠦᠷᠢᠯᠡᠭᠦᠯᠬᠦ ᠪᠠᠷ ᠮᠡᠳᠡᠭᠳᠡᠵᠦ᠂ ᠦᠯᠡᠳᠡᠭᠳᠡᠯ᠂ ᠦᠯᠡᠳᠡᠭᠳᠡᠯ ᠪᠣᠳᠠᠰ ᠤᠨ ᠡᠪᠳᠡᠯᠡᠭᠡ ᠶᠢ ᠠᠯᠢ ᠴᠢᠳᠠᠬᠤ ᠪᠠᠷ ᠪᠠᠭᠠᠰᠬᠠᠨ᠎ᠠ᠃ ᠰᠤᠬᠤᠩᠲᠦ ᠶᠢᠨ ᠪᠠᠭᠤᠷᠢ ᠪᠠ ᠠᠶᠢᠷ ᠴᠣᠨᠵᠢ ᠬᠤᠲᠠ ᠶᠢᠨ ᠪᠠᠯᠠᠷ ᠡᠷᠲᠡᠨ ᠤ ᠴᠢᠯᠠᠭᠤᠨ ᠵᠡᠪᠰᠡᠭ ᠤᠨ ᠪᠠᠭᠤᠷᠢ ᠶᠢ 24 ᠴᠠᠭ ᠢᠶᠠᠷ ᠬᠢᠨᠠᠨ ᠡᠵᠡᠮᠳᠡᠬᠦ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠥᠯᠵᠡᠢ ᠰᠤᠮᠤ ᠶᠢᠨ ᠠᠯᠠᠱᠠ ᠵᠡᠭᠦᠨ ᠬᠤᠰᠢᠭᠤᠨ ᠤ ᠲᠡᠮᠡᠭᠡᠨ ᠪᠦᠬᠦ ︵ᠤᠷᠳᠤ ᠴᠠᠭᠠᠨ ᠬᠡᠷᠡᠮ︶  ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠩᠭᠢ ᠶᠢᠨ ᠭᠡᠰᠢᠭᠦᠳ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠬᠤᠩᠲᠦ ᠶᠢᠨ ᠪᠠᠭᠤᠷᠢ ᠪᠣᠯᠣᠨ ᠠᠶᠢᠷ ᠴᠣᠨᠵᠢ ᠶᠢᠨ ᠲᠡᠦᠬᠡ ᠶᠢᠨ ᠡᠮᠦᠨᠡᠬᠢ ᠴᠢᠯᠠᠭᠤᠨ ᠵᠡᠪᠰᠡᠭ ᠤᠨ ᠪᠠᠭᠤᠷᠢ ᠳᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠬᠢᠬᠦ ᠪᠣᠯᠣᠨ᠎ᠠ᠃      ᠳᠥᠷᠪᠡ᠂ ᠠᠵᠢᠯ ᠢᠶᠠᠨ ᠥᠷᠨᠢᠭᠦᠯᠦᠭᠰᠡᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠰᠤᠳᠤᠯᠬᠤ ᠬᠡᠷᠡᠭᠲᠡᠢ      1.2023 ᠣᠨ ᠤ 6 ᠳ᠋ᠤᠭᠠᠷ ᠰᠠᠷ᠎ᠠ ᠳᠤ᠂ ᠠᠯᠠᠱᠠ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠬᠢᠨ ᠪᠠᠷᠠᠭᠤᠨ ᠬᠤᠶᠢᠲᠤ ᠶᠢᠨ ᠶᠡᠭᠡ ᠰᠤᠷᠭᠠᠭᠤᠯᠢ ᠶᠢᠨ ᠰᠣᠶᠣᠯ ᠤᠨ ᠥᠪ ᠤᠨ ᠳᠡᠭᠡᠳᠦ ᠰᠤᠷᠭᠠᠭᠤᠯᠢ ᠶᠢᠨ ᠫᠷᠣᠹᠧᠰᠰᠣᠷ ᠤᠨ ᠪᠦᠯᠬᠦᠮ ᠤᠨ ᠬᠢᠨ ᠢ ᠤᠷᠢᠵᠤ ᠠᠯᠠᠱᠠ ᠵᠡᠭᠦᠨ ᠬᠤᠰᠢᠭᠤᠨ ᠤ ᠬᠢᠯᠢ ᠳᠣᠲᠣᠷᠠᠬᠢ ᠴᠢᠯᠠᠭᠤᠨ ᠵᠡᠪᠰᠡᠭ ᠤᠨ ᠦᠶ᠎ᠡ ᠶᠢᠨ ᠦᠯᠡᠳᠡᠭᠳᠡᠯ ᠲᠠᠷᠬᠠᠯᠲᠠ ᠵᠢᠴᠢ ᠬᠠᠳᠠᠭᠠᠯᠠᠯᠲᠠ ᠶᠢᠨ ᠪᠠᠶᠢᠳᠠᠯ ᠳᠤ ᠠᠩᠬ᠎ᠠ ᠠᠯᠬᠤᠮ ᠤᠨ ᠰᠢᠨᠵᠢᠯᠡᠨ ᠪᠠᠶᠢᠴᠠᠭᠠᠯᠲᠠ ᠪᠠ ᠰᠤᠳᠤᠯᠭᠠᠨ ᠤ ᠠᠵᠢᠯ ᠬᠢᠪᠡ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠲᠣᠰ ᠭᠠᠵᠠᠷ ᠣᠷᠣᠨ ᠳᠤ ᠳᠡᠯᠡᠬᠡᠢ ᠶᠢᠨ ᠬᠠᠮᠤᠭ ᠤᠨ ᠨᠢᠭᠲᠠ᠂ ᠲᠠᠷᠬᠠᠯᠲᠠ ᠶᠢᠨ ᠲᠠᠯᠠᠪᠠᠶ ᠪᠠᠷ ᠬᠠᠮᠤᠭ ᠤᠨ ᠶᠡᠭᠡ᠂ ᠴᠢᠯᠠᠭᠤᠨ ᠵᠡᠪᠰᠡᠭ ᠤᠨ ᠲᠥᠷᠥᠯ ᠵᠦᠢᠯ ᠢᠶᠠᠷ ᠬᠠᠮᠤᠭ ᠤᠨ ᠣᠯᠠᠨ ᠴᠢᠯᠠᠭᠤᠨ ᠵᠡᠪᠰᠡᠭ ᠦᠢᠯᠡᠳᠬᠦ ᠲᠠᠯᠠᠪᠠᠶ ᠣᠷᠣᠰᠢᠵᠤ ᠪᠠᠶᠢᠨ᠎ᠠ᠂ ᠠᠯᠠᠱᠠ ᠶᠢᠨ ᠴᠢᠯᠠᠭᠤᠨ ᠵᠡᠪᠰᠡᠭ ᠤᠨ ᠰᠣᠶᠣᠯ ᠢ ᠣᠲᠣ ᠠᠴᠠ 3.5 ᠲᠦᠮᠡᠨ ᠵᠢᠯ ᠠᠴᠠ 30 ᠲᠦᠮᠡᠨ ᠵᠢᠯ ᠬᠦᠷᠲᠡᠯ᠎ᠡ ᠮᠥᠷᠳᠡᠵᠦ ᠪᠣᠯᠣᠨ᠎ᠠ᠂ ᠡᠨᠡ ᠪᠣᠯ ᠳᠡᠯᠡᠬᠡᠢ ᠳᠤ ᠬᠤᠪᠣᠷᠬᠠᠨ ᠪᠠᠶᠢᠳᠠᠭ ᠠᠳᠠᠯᠢ ᠨᠢᠭᠡᠨ ᠭᠠᠵᠠᠷ ᠣᠷᠣᠨ ᠤ ᠬᠠᠭᠤᠴᠢᠨ ᠴᠢᠯᠠᠭᠤᠨ ᠵᠡᠪᠰᠡᠭ ᠤᠨ ᠡᠷᠢᠨ ᠤ ᠡᠬᠢᠨ ᠤ ᠦᠶ᠎ᠡ ᠠᠴᠠ ᠰᠢᠨ᠎ᠡ ᠴᠢᠯᠠᠭᠤᠨ ᠵᠡᠪᠰᠡᠭ ᠤᠨ ᠰᠡᠭᠦᠯᠴᠢ ᠶᠢᠨ ᠦᠶ᠎ᠡ ᠪᠣᠯᠲᠠᠯ᠎ᠠ ᠲᠠᠰᠤᠷᠠᠭ᠎ᠠ ᠦᠭᠡᠢ ᠭᠠᠵᠠᠷ ᠣᠷᠣᠨ ᠮᠥᠨ᠂ ᠰᠢᠨᠵᠢᠯᠡᠬᠦ ᠤᠬᠠᠭᠠᠨ ᠤ ᠰᠢᠨᠵᠢᠯᠡᠭᠡᠨ ᠤ ᠦᠨ᠎ᠡ ᠥᠷᠲᠡᠭ ᠨᠢ ᠯᠤᠲᠤ ᠶᠡᠭᠡ ᠶᠤᠮ᠃      2. 2024 ᠣᠨ ᠤ 7 ᠳ᠋ᠤᠭᠠᠷ ᠰᠠᠷ᠎ᠠ ᠳᠤ᠂ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠨᠢᠭᠡᠨᠲᠡ ᠠᠯᠠᠱᠠ ᠵᠡᠭᠦᠨ ᠬᠤᠰᠢᠭᠤᠨ ᠤ ᠪᠠᠯᠠᠷ ᠡᠷᠲᠡᠨ ᠤ ᠴᠢᠯᠠᠭᠤᠨ ᠵᠡᠪᠰᠡᠭ ᠤᠨ ᠰᠣᠶᠣᠯ ᠤᠨ ᠰᠤᠳᠤᠯᠭᠠᠨ ᠤ ᠬᠦᠷᠢᠶᠡᠯᠡᠩ ᠢ ᠪᠠᠶᠢᠭᠤᠯᠬᠤ ᠶᠢ ᠵᠥᠪᠰᠢᠶᠡᠷᠡᠵᠡᠢ᠂ ᠡᠭᠦᠨ ᠤ ᠵᠣᠷᠢᠯᠭ᠎ᠠ ᠨᠢ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠵᠢᠴᠢ ᠨᠢᠭᠡᠴᠢ ᠯᠦᠭᠡ ᠦᠷᠭᠦᠯᠵᠢᠯᠡᠨ ᠠᠯᠠᠱᠠ ᠶᠢᠨ ᠪᠠᠯᠠᠷ ᠡᠷᠲᠡᠨ ᠤ ᠴᠢᠯᠠᠭᠤᠨ ᠵᠡᠪᠰᠡᠭ ᠤᠨ ᠰᠣᠶᠣᠯ ᠤᠨ ᠰᠤᠳᠤᠯᠭᠠᠨ ᠵᠢᠴᠢ ᠬᠠᠮᠠᠭᠠᠯᠠᠯᠲᠠ ᠶᠢᠨ ᠠᠵᠢᠯ ᠢ ᠥᠷᠨᠢᠭᠦᠯᠬᠦ ᠶᠢᠨ ᠬᠠᠮᠲᠤ ᠠᠯᠠᠱᠠ ᠶᠢᠨ ᠰᠣᠶᠣᠯ ᠤᠨ ᠵᠢᠭᠤᠯᠴᠢᠯᠠᠯ ᠢ ᠠᠭᠤᠳᠠᠯᠵᠤ᠂ ᠲᠡᠦᠬᠡ ᠶᠢᠨ ᠭᠠᠵᠠᠷ ᠵᠦᠢ ᠶᠢᠨ ᠨᠡᠷ᠎ᠡ ᠶᠢᠨ ᠬᠠᠭᠤᠳᠠᠰᠤ ᠶᠢ ᠡᠭᠦᠳᠴᠦ᠂ ᠬᠠᠴᠢᠨ ᠴᠢᠯᠠᠭᠤᠨ ᠤ ᠠᠵᠤ ᠦᠢᠯᠡᠰ ᠤᠨ ᠬᠥᠭᠵᠢᠯᠲᠡ ᠪᠣᠯᠣᠨ ᠬᠥᠳᠡᠯᠭᠡᠬᠦ ᠬᠦᠴᠦᠨ ᠢ ᠲᠡᠰ ᠳᠡᠪᠰᠢᠭᠦᠯᠬᠦ ᠵᠣᠷᠢᠯᠭ᠎ᠠ  ᠪᠠᠷ ᠶᠤᠮ᠃      3. ᠴᠠᠭᠠᠰᠢᠳᠠ᠂ ᠠᠯᠠᠱᠠ ᠵᠡᠭᠦᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠪᠣᠯᠣᠨ ᠬᠤᠯᠪᠣᠭᠳᠠᠬᠤ ᠶᠡᠭᠡ ᠳᠡᠭᠡᠳᠦ ᠰᠤᠷᠭᠠᠭᠤᠯᠢ ᠵᠢᠴᠢ ᠨᠢᠭᠡᠴᠢ ᠵᠣᠬᠢᠬᠤ ᠰᠤᠳᠤᠯᠭᠠᠨ ᠤ ᠦᠷ᠎ᠡ ᠪᠦᠲᠦᠭᠡᠯ ᠣᠯᠣᠭᠰᠠᠨ ᠤ ᠳᠠᠷᠠᠭ᠎ᠠ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠠᠯᠠᠱᠠ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠠᠴᠠ ᠬᠤᠯᠪᠣᠭᠳᠠᠬᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠷᠤᠳᠠᠯ ᠴᠤᠭᠯᠠᠭᠤᠯᠬᠤ ᠪᠠᠷ ᠭᠤᠶᠤᠴᠢᠯᠠᠵᠤ᠂ ᠠᠯᠠᠱᠠ ᠶᠢᠨ ᠴᠢᠯᠠᠭᠤᠨ ᠵᠡᠪᠰᠡᠭ ᠤᠨ ᠰᠣᠶᠣᠯ ᠤᠨ ᠮᠦᠽᠧᠢ ᠶᠢ ᠡᠷᠲᠡᠬᠡᠨ ᠪᠠᠶᠢᠭᠤᠯᠬᠤ ᠪᠠᠷ ᠴᠢᠷᠮᠠᠶᠢᠵᠤ᠂ ᠨᠡᠶᠢᠭᠡᠮ ᠨᠡᠶᠢᠲᠡ ᠳᠤ ᠠᠯᠠᠱᠠ ᠶᠢᠨ ᠴᠢᠯᠠᠭᠤᠨ ᠵᠡᠪᠰᠡᠭ ᠤᠨ ᠰᠣᠶᠣᠯ ᠢ ᠨᠠᠩ ᠰᠠᠶᠢᠨ ᠳᠡᠯᠭᠡᠨ ᠦᠵᠡᠭᠦᠯᠬᠦ ᠪᠠ ᠤᠬᠠᠭᠤᠯᠬᠤ ᠪᠠᠷ ᠲᠥᠯᠥᠪᠯᠡᠵᠦ ᠪᠠᠶᠢᠨ᠎ᠠ᠃      ᠲᠠᠪᠤ᠂ ᠠᠯᠠᠱᠠ ᠵᠡᠭᠦᠨ ᠬᠤᠰᠢᠭᠤᠨ ᠤ ᠴᠢᠯᠠᠭᠤᠨ ᠵᠡᠪᠰᠡᠭ ᠤᠨ ᠪᠠᠭᠤᠷᠢ ᠶᠢᠨ ᠬᠠᠮᠠᠭᠠᠯᠠᠯᠲᠠ ᠳᠤ ᠳᠠᠷᠠᠭᠠᠬᠢ ᠬᠡᠳᠦᠨ ᠲᠠᠯ᠎ᠠ ᠪᠠᠷ ᠬᠦᠴᠢᠷᠳᠡᠯ ᠣᠷᠣᠰᠢᠵᠤ ᠪᠠᠶᠢᠨ᠎ᠠ      1. ᠪᠠᠶᠢᠭᠠᠯᠢ ᠶᠢᠨ ᠣᠷᠴᠢᠨ ᠲᠣᠭᠤᠷᠢᠨ ᠤ ᠢᠳᠡᠭᠳᠡᠭᠦᠯᠦᠯ᠄  ᠠᠯᠠᠱᠠ ᠵᠡᠭᠦᠨ ᠬᠤᠰᠢᠭᠤᠨ ᠤ ᠣᠷᠴᠢᠨ ᠨᠥᠬᠦᠴᠡᠯ ᠭᠠᠩ ᠬᠠᠭᠤᠷᠠᠢ᠂ ᠰᠠᠯᠬᠢ ᠰᠢᠭᠤᠷᠭ᠎ᠠ ᠳᠤᠮᠳᠠ ᠵᠡᠷᠭᠡ ᠪᠠᠶᠢᠵᠤ᠂ ᠪᠠᠶᠢᠭᠠᠯᠢ ᠶᠢᠨ ᠥᠭᠢᠷᠡᠰᠢᠯ ᠪᠠ ᠢᠳᠡᠭᠳᠡᠯ ᠤᠨ ᠦᠢᠯᠡᠳᠦᠯ ᠠᠴᠠ ᠪᠣᠯᠵᠤ ᠪᠠᠭᠤᠷᠢ ᠳᠤ ᠨᠡᠯᠢᠶᠡᠳ ᠬᠦᠨᠳᠦ ᠨᠣᠴᠢᠲᠠᠢ ᠡᠪᠳᠡᠯᠡᠭᠡ ᠤᠴᠠᠷᠠᠭᠤᠯᠤᠭᠰᠠᠨ ᠪᠠᠶᠢᠨ᠎ᠠ᠃      2. ᠪᠡᠯᠡ ᠮᠥᠩᠭᠦ ᠳᠤᠲᠠᠭᠳᠠᠬᠤ᠄  ᠪᠠᠭᠤᠷᠢ ᠶᠢ ᠬᠠᠮᠠᠭᠠᠯᠠᠬᠤ ᠳᠤ ᠪᠡᠯᠡ ᠮᠥᠩᠭᠦ ᠣᠷᠣᠭᠤᠯᠬᠤ ᠴᠢᠬᠤᠯᠠ ᠲᠠᠢ᠂ ᠬᠠᠭᠤᠴᠢ ᠰᠤᠳᠤᠯᠤᠯ  ᠤᠨ ᠨᠡᠭᠡᠭᠡᠨ ᠣᠯᠪᠤᠷᠢᠯᠠᠬᠤ᠂ ᠰᠡᠯᠪᠢᠨ ᠵᠠᠰᠠᠬᠤ᠂ ᠬᠢᠨᠠᠨ ᠬᠡᠮᠵᠢᠬᠦ᠂ ᠠᠶᠦᠯᠭᠦᠢ ᠶᠢᠨ ᠰᠡᠷᠭᠡᠶᠢᠯᠡᠯᠲᠡ ᠵᠡᠷᠭᠡ ᠲᠠᠯ᠎ᠠ ᠳᠤ ᠬᠡᠷᠡᠭᠯᠡᠵᠦ᠂ ᠪᠡᠯᠡ ᠮᠥᠩᠭᠦ ᠬᠦᠷᠦᠯᠴᠡᠬᠦ ᠦᠭᠡᠢ ᠠᠰᠠᠭᠤᠳᠠᠯ ᠲᠤᠯᠭᠠᠷᠠᠵᠤ᠂ ᠬᠠᠮᠠᠭᠠᠯᠠᠯᠲᠠ ᠶᠢᠨ ᠠᠵᠢᠯ ᠢ ᠪᠦᠲᠦᠮᠵᠢᠲᠡᠶ ᠥᠷᠨᠢᠭᠦᠯᠬᠦ ᠳᠤ ᠬᠦᠴᠢᠷᠲᠡᠢ ᠪᠣᠯᠭᠠᠨ᠎ᠠ᠃      3. ᠭᠠᠵᠠᠷ ᠵᠦᠢ ᠶᠢᠨ ᠪᠠᠶᠢᠷᠢᠯᠠᠯ ᠪᠤᠶᠢᠳᠠ ᠪᠥᠭᠯᠡᠭᠦᠦ᠄  ᠠᠯᠠᠱᠠ ᠵᠡᠭᠦᠨ ᠬᠤᠰᠢᠭᠤ ᠪᠤᠶᠢᠳᠠ ᠪᠥᠭᠯᠡᠭᠦᠦ ᠭᠠᠵᠠᠷ ᠣᠷᠣᠨ ᠳᠤ ᠪᠠᠶᠢᠷᠢᠯᠠᠵᠤ᠂ ᠵᠠᠮ ᠬᠠᠷᠢᠯᠴᠠᠭ᠎ᠠ ᠳᠥᠭᠦᠮ ᠦᠭᠡᠢ᠂ ᠡᠨᠡ ᠨᠢ ᠬᠠᠮᠠᠭᠠᠯᠠᠯᠲᠠ ᠶᠢᠨ ᠠᠵᠢᠯ ᠤᠨ ᠬᠦᠴᠢᠷᠳᠡᠯ ᠪᠠ ᠥᠪᠡᠷ ᠤᠨ ᠥᠷᠲᠡᠭ ᠢ ᠨᠡᠮᠡᠭᠳᠡᠭᠦᠯᠵᠦ᠂ ᠪᠠᠰᠠ ᠲᠤᠰᠬᠠᠢ ᠮᠡᠷᠭᠡᠵᠢᠯ ᠤᠨ ᠠᠵᠢᠯᠲᠠᠨ ᠪᠠ ᠲᠣᠨᠤᠭ ᠲᠥᠬᠦᠭᠡᠷᠦᠮᠵᠢ ᠶᠢᠨ ᠴᠠᠭ ᠲᠤᠬᠠᠢ ᠳᠤᠨᠢ ᠬᠦᠷᠴᠦ ᠢᠷᠡᠬᠦ ᠶᠢ ᠬᠢᠵᠠᠭᠠᠷᠯᠠᠵᠠᠢ᠃      4.ᠬᠥᠮᠥᠨ ᠤ ᠬᠦᠴᠦ ᠬᠦᠷᠦᠯᠴᠡᠬᠦ ᠦᠭᠡᠢ᠄  ᠬᠠᠭᠤᠴᠢ ᠰᠤᠳᠤᠯᠤᠯ᠂ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠤᠰᠬᠠᠢ ᠴᠢᠳᠠᠪᠤᠷᠢᠲᠠᠨ ᠳᠤᠲᠠᠭᠳᠠᠵᠤ᠂ ᠪᠠᠭᠤᠷᠢ ᠶᠢ ᠪᠦᠬᠦ ᠲᠠᠯ᠎ᠠ ᠪᠠᠷ᠂ ᠡᠷᠴᠢᠮᠲᠡᠢ ᠪᠥᠭᠡᠳ ᠦᠷᠭᠦᠯᠵᠢᠯᠡᠨ ᠰᠤᠳᠤᠯᠵᠤ ᠬᠠᠮᠠᠭᠠᠯᠠᠬᠤ ᠳᠤ ᠪᠡᠷᠬᠡᠲᠡᠢ ᠪᠠᠶᠢᠨ᠎ᠠ᠃      5. ᠠᠷᠠᠳ ᠣᠯᠠᠨ ᠤ ᠬᠠᠮᠠᠭᠠᠯᠠᠯᠲᠠ ᠶᠢᠨ ᠤᠬᠠᠮᠰᠠᠷ ᠪᠠᠭᠤᠷᠠᠢ᠄  ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠪᠠᠭᠤᠷᠢ ᠶᠢᠨ ᠲᠡᠦᠬᠡ ᠶᠢᠨ ᠦᠨ᠎ᠡ ᠥᠷᠲᠡᠭ ᠪᠠ ᠬᠠᠮᠠᠭᠠᠯᠠᠯᠲᠠ ᠶᠢᠨ ᠠᠴᠢ ᠬᠤᠯᠪᠣᠭᠳᠠᠯ ᠤᠨ ᠲᠤᠬᠠᠢ ᠲᠠᠨᠢᠯᠲᠠ ᠳᠤᠲᠠᠮᠠᠭ ᠪᠠᠶᠢᠵᠤ᠂ ᠦᠢᠯᠡᠳᠪᠦᠷᠢᠯᠡᠯ ᠠᠮᠢᠳᠤᠷᠠᠯ ᠤᠨ ᠠᠵᠢᠯᠯᠠᠭ᠎ᠠ ᠠᠴᠠ ᠪᠣᠯᠵᠤ ᠪᠠᠭᠤᠷᠢ ᠳᠤ ᠰᠠᠨᠠᠮᠰᠠᠷ ᠦᠭᠡᠢ ᠡᠪᠳᠡᠯᠡᠭᠡ ᠤᠴᠠᠷᠠᠭᠤᠯᠵᠤ ᠮᠡᠳᠡᠨ᠎ᠡ᠃      6.ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠶᠢᠨ ᠵᠥᠷᠢᠴᠡᠯ᠄  ᠠᠵᠤ ᠠᠬᠤᠢ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠨᠢ ᠪᠠᠭᠤᠷᠢ ᠶᠢᠨ ᠡᠷᠬᠢᠨ ᠲᠣᠭᠤᠷᠢᠨ ᠤ ᠭᠠᠵᠠᠷ ᠰᠢᠷᠣᠢ ᠶᠢ ᠨᠡᠭᠡᠭᠡᠨ ᠠᠰᠢᠭᠯᠠᠬᠤ ᠳᠤ ᠬᠦᠷᠦᠭᠦᠯᠵᠦ᠂ ᠪᠠᠭᠤᠷᠢ ᠶᠢᠨ ᠬᠠᠮᠠᠭᠠᠯᠠᠯᠲᠠ ᠯᠤᠭ᠎ᠠ ᠮᠥᠷᠭᠦᠯᠳᠦᠭᠡᠨ ᠡᠭᠦᠰᠬᠡᠵᠦ ᠮᠡᠳᠡᠨ᠎ᠡ᠃      7. ᠬᠢᠨᠠᠨ ᠬᠡᠮᠵᠢᠬᠦ ᠮᠡᠷᠭᠡᠵᠢᠯ ᠬᠤᠴᠤᠷᠤᠩᠭᠤᠢ᠄  ᠲᠡᠷᠢᠭᠦᠨ ᠤ ᠬᠢᠨᠠᠨ ᠬᠡᠮᠵᠢᠬᠦ ᠲᠥᠬᠦᠭᠡᠷᠦᠮᠵᠢ ᠪᠠ ᠮᠡᠷᠭᠡᠵᠢᠯ ᠤᠨ ᠠᠷᠭ᠎ᠠ ᠪᠠᠷᠢᠯ ᠢᠶᠠᠷ ᠳᠤᠲᠠᠮᠠᠭ ᠪᠠᠶᠢᠵᠤ᠂ ᠪᠠᠭᠤᠷᠢ ᠳᠤ ᠲᠤᠯᠭᠠᠷᠠᠵᠤ ᠪᠠᠶᠢᠭ᠎ᠠ ᠰᠦᠷᠳᠡᠭᠦᠯᠦᠯ ᠢ ᠴᠠᠭ ᠲᠤᠬᠠᠢ ᠳᠤᠨᠢ ᠣᠯᠵᠤ ᠮᠡᠳᠡᠬᠦ ᠪᠠ ᠠᠷᠭᠠᠴᠠᠬᠤ ᠳᠤ ᠬᠦᠴᠢᠷᠲᠡᠢ ᠪᠠᠶᠢᠨ᠎ᠠ᠃      8. ᠬᠠᠤᠯᠢ ᠲᠣᠭᠲᠠᠭᠠᠯ ᠳᠦᠷᠢᠮ ᠲᠡᠭᠦᠯᠳᠡᠷ ᠪᠤᠰᠤ᠄  ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠲᠡᠭᠦᠯᠳᠡᠷ ᠪᠤᠰᠤ ᠪᠠᠶᠢᠵᠤ᠂ ᠪᠠᠭᠤᠷᠢ ᠶᠢᠨ ᠬᠠᠮᠠᠭᠠᠯᠠᠯᠲᠠ ᠶᠢ ᠵᠢᠷᠤᠮᠵᠢᠭᠤᠯᠬᠤ ᠪᠠ ᠬᠢᠵᠠᠭᠠᠷᠯᠠᠬᠤ ᠪᠠᠷ ᠬᠦᠷᠦᠯᠴᠡᠬᠦ ᠦᠭᠡᠢ ᠪᠠᠶᠢᠨ᠎ᠠ᠃            ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ      2024 ᠣᠨ ᠤ 7 ᠳ᠋ᠤᠭᠠᠷ ᠰᠠᠷ᠎ᠠ ᠶᠢᠨ 30       ᠭᠤᠣᠯ ᠤᠳᠤᠷᠢᠳᠤᠯᠭ᠎ᠠ ᠠᠴᠠ ᠭᠠᠷ ᠤᠨ ᠦᠰᠦᠭ ᠵᠢᠷᠤᠵᠤ ᠲᠠᠷᠬᠠᠭᠠᠪᠠ᠄  ᠪᠠᠢ ᠰᠠᠷᠠᠭᠤᠯ      ᠳᠠᠭᠠᠭᠠᠨ ᠰᠢᠢᠳᠬᠡᠭᠴᠢ ᠵᠢᠴᠢ ᠤᠲᠠᠰᠤ᠄  ᠠᠭᠤᠯᠠ 133 ****3344      ᠮᠡᠳᠡᠭᠡᠯᠡᠯ ᠤᠨ ᠡᠬᠢ ᠰᠤᠷᠪᠤᠯᠵᠢ᠄  ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号