ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄  ︽ᠬᠢᠲᠠᠳ ᠡᠮᠨᠡᠯᠭᠡ ᠶᠢᠨ ᠡᠮᠴᠢᠯᠡᠭᠡᠨ ᠤ ᠭᠠᠵᠠᠷ ᠤᠨ ᠳᠠᠩᠰᠠᠯᠠᠭᠤᠯᠤᠭᠰᠠᠨ ᠦᠨᠡᠮᠯᠡᠯ︾  ᠢ ᠬᠦᠴᠦᠨ ᠦᠭᠡᠢ ᠪᠣᠯᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2024/7/26
                             ᠰᠠᠨ ᡁᠢ ᠲᠠᠩ ᠬᠢᠲᠠᠳ ᠡᠮᠨᠡᠯᠭᠡ ᠶᠢᠨ ᠡᠮᠴᠢᠯᠡᠭᠡᠨ ᠤ ᠭᠠᠵᠠᠷ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠰᠢᠨ ᠰᠢᠨ ᠭᠡᠷ ᠣᠷᠣᠨ ᠤ 1 ᠳ᠋ᠦ᠋ᠭᠡᠷ ᠠᠰᠠᠷ ᠤᠨ 8 ᠳ᠋ᠤᠭᠠᠷ ᠨᠣᠮᠧᠷᠲᠤ ᠬᠤᠳᠠᠯᠳᠤᠭᠠᠨ ᠤ ᠫᠦᠰᠡᠨ ᠳᠤ ᠪᠠᠶᠢᠷᠢᠯᠠᠵᠤ ᠪᠣᠶ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠸᠠᠩ ᠰᠢᠨ᠂ ᠭᠤᠣᠯ ᠬᠠᠷᠢᠭᠤᠴᠠᠯᠭᠠᠲᠠᠨ ᠴᠧᠨ ᠸᠧᠢ᠂ ᠳᠠᠩᠰᠠᠯᠠᠭᠤᠯᠤᠭᠰᠠᠨ ᠨᠣᠮᠧᠷ ᠨᠢ PDY60254715292117D2182᠂ ᠣᠨᠣᠰᠢᠯᠠᠨ ᠡᠮᠨᠡᠬᠦ ᠬᠡᠪᠴᠢᠶ᠎ᠡ  ᠨᠢ ᠬᠢᠲᠠᠳ ᠡᠮᠨᠡᠯᠭᠡ ᠶᠢᠨ ᠰᠠᠯᠠᠭ᠎ᠠ ᠪᠣᠯᠣᠨ᠎ᠠ᠃            ᠤᠴᠢᠷ ᠨᠢ ᠲᠠᠨ ᠤ ᠪᠠᠶᠢᠭᠤᠯᠤᠮᠵᠢ 2023 ᠣᠨ ᠤ 7 ᠳ᠋ᠤᠭᠠᠷ ᠰᠠᠷ᠎ᠠ ᠠᠴᠠ 2024 ᠣᠨ ᠤ 7 ᠳ᠋ᠤᠭᠠᠷ ᠰᠠᠷ᠎ᠠ ᠪᠣᠯᠲᠠᠯ᠎ᠠ ᠡᠵᠡᠩᠨᠡᠯᠲᠡ ᠬᠢᠭᠰᠡᠨ ᠦᠭᠡᠢ ᠮᠥᠷᠲᠡᠭᠡᠨ ᠲᠠᠯᠠᠪᠤᠷ ᠭᠠᠵᠠᠷ ᠨᠢᠭᠡᠨᠲᠡ ᠪᠠᠶᠢᠬᠤ ᠦᠭᠡᠢ ᠪᠣᠯᠵᠠᠢ᠃ ︽ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ︾  ᠤᠨ ᠬᠤᠷᠢᠨ ᠨᠢᠭᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ︽ᠬᠢᠲᠠᠳ ᠡᠮᠨᠡᠯᠭᠡ ᠶᠢᠨ ᠡᠮᠴᠢᠯᠡᠭᠡᠨ ᠤ ᠭᠠᠵᠠᠷ ᠤᠨ ᠳᠠᠩᠰᠠᠯᠠᠭᠤᠯᠤᠭᠰᠠᠨ ᠦᠨᠡᠮᠯᠡᠯ︾  ᠢ ᠬᠦᠴᠦᠨ ᠦᠭᠡᠢ ᠪᠣᠯᠭᠠᠨ᠎ᠠ᠂ ᠡᠳᠦᠭᠡ ᠬᠦᠴᠦᠨ ᠦᠭᠡᠢ ᠪᠣᠯᠭᠠᠭᠰᠠᠨ ᠪᠠᠶᠢᠳᠠᠯ ᠢ ᠵᠠᠷᠯᠠᠨ ᠨᠡᠶᠢᠲᠡᠯᠡᠶ᠎ᠡ᠃ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ ᠶᠠᠮᠠᠷᠪᠠ ᠨᠢᠭᠡᠴᠢ ᠪᠤᠶᠤ ᠬᠤᠪᠢ ᠬᠥᠮᠥᠨ ᠬᠦᠴᠦᠨ ᠦᠭᠡᠢ ᠪᠣᠯᠭᠠᠭᠳᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠨᠡᠷ᠎ᠡ ᠪᠠᠷ ᠠᠵᠢᠯ ᠡᠷᠭᠢᠯᠡᠬᠦ ᠣᠨᠣᠰᠢᠯᠠᠨ ᠡᠮᠨᠡᠬᠦ ᠠᠵᠢᠯᠯᠠᠭ᠎ᠠ ᠥᠷᠨᠢᠭᠦᠯᠵᠦ ᠪᠣᠯᠬᠤ ᠦᠭᠡᠢ᠂ ᠵᠥᠷᠢᠴᠡᠭᠰᠡᠳ ᠠᠴᠠ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠬᠦᠯᠢᠶᠡᠯᠭᠡᠨ᠎ᠡ᠃            ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ            2024 ᠣᠨ ᠤ 7 ᠳ᠋ᠤᠭᠠᠷ ᠰᠠᠷ᠎ᠠ ᠶᠢᠨ 8
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号