ᠤᠯᠤᠰ ᠲᠦᠷᠦ ᠶᠢᠨ ᠵᠥᠪᠯᠡᠯᠭᠡᠨ ᠤ ᠠᠯᠠᠱᠠ ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠤ 39 ᠳ᠋ᠦ᠋ᠭᠡᠷ ᠲᠣᠭᠠᠲᠤ ᠰᠠᠨᠠᠯ ᠵᠥᠪᠯᠡᠯᠭᠡ ᠶᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠬᠠᠷᠢᠭᠤᠯᠲᠠ
ᠨᠡᠶᠢᠲᠡᠯᠡᠭᠰᠡᠨ ᠴᠠᠭ᠄
2024/7/26
                 ᠭᠡᠰᠢᠭᠦᠨ ᠯᠢ ᠴᠢᠦ ᠶᠠᠨ ᠲᠠᠨ᠎ᠠ᠄             ᠲᠠᠨ ᠤ ᠤᠯᠤᠰ ᠲᠦᠷᠦ ᠶᠢᠨ ᠵᠥᠪᠯᠡᠯᠭᠡᠨ ᠤ ᠠᠯᠠᠱᠠ ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠤᠳᠠᠭ᠎ᠠ ᠶᠢᠨ ᠬᠤᠷᠠᠯ ᠳᠡᠭᠡᠷ᠎ᠡ ᠳᠤᠷᠠᠳᠤᠭᠰᠠᠨ ︽ᠣᠶᠤᠨᠲᠤ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠭᠤᠯᠭ᠎ᠠ︾ ᠶᠢᠨ ᠰᠠᠨᠠᠯ ᠳᠤᠷᠠᠳᠤᠯᠭ᠎ᠠ ᠶᠢ ᠣᠯᠵᠤ ᠣᠶᠢᠯᠠᠭᠠᠪᠠ᠃ ᠤᠳᠤ ᠳᠠᠷᠠᠭᠠᠬᠢ ᠬᠡᠳᠦᠨ ᠲᠠᠯ᠎ᠠ ᠪᠠᠷ ᠬᠠᠷᠢᠭᠤᠯᠤᠶ᠎ᠠ᠄             ᠨᠢᠭᠡ᠂ ᠣᠶᠤᠨᠴᠢ ᠵᠢᠭᠤᠯᠴᠢᠯᠠᠯ ᠤᠨ ᠬᠥᠭᠵᠢᠯᠲᠡ ᠶᠢᠨ ᠪᠠᠶᠢᠳᠠᠯ            ᠠᠯᠠᠱᠠ ᠵᠡᠭᠦᠨ ᠬᠤᠰᠢᠭᠤᠨ ᠤ ᠣᠶᠤᠨᠴᠢ ᠵᠢᠭᠤᠯᠴᠢᠯᠠᠯ ᠤᠨ ᠬᠥᠭᠵᠢᠯᠲᠡ ᠬᠠᠷᠠᠬᠠᠨ ᠡᠬᠢᠯᠡᠯᠲᠡ ᠶᠢᠨ ᠱᠠᠲᠤᠨ ᠳᠠᠭᠠᠨ ᠪᠠᠶᠢᠵᠤ᠂ ᠭᠤᠣᠯᠳᠠᠭᠤ ᠣᠶᠤᠨᠴᠢ ᠬᠢᠨᠠᠨ ᠡᠵᠡᠮᠳᠡᠯ᠂ ᠣᠶᠤᠨᠴᠢ ᠦᠢᠯᠡᠴᠢᠯᠡᠭᠡ ᠪᠠᠷ ᠭᠤᠣᠯ ᠪᠣᠯᠭᠠᠵᠤ ᠪᠤᠢ᠃ 2017 ᠣᠨ ᠳᠤ ᠠᠯᠠᠱᠠ ᠵᠡᠭᠦᠨ ᠬᠤᠰᠢᠭᠤ ᠣᠶᠤᠨᠲᠤ ᠲᠠᠪᠴᠠᠩ ᠤᠨ ᠪᠠᠶᠢᠭᠤᠯᠤᠯᠲᠠ ᠶᠢᠨ ᠲᠠᠯ᠎ᠠ ᠪᠠᠷ ᠵᠠᠩᠭᠢᠯᠠᠭ᠎ᠠ ᠶᠢᠨ ᠴᠢᠨᠠᠷᠲᠠᠢ ᠲᠠᠪᠰᠢᠯᠳᠠ ᠲᠠᠢ ᠪᠣᠯᠪᠠ᠂ ᠨᠢᠭᠡ ᠳᠤ᠂ ᠠᠶᠢᠮᠠᠭ ᠤᠨ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ ᠤᠨ ᠳᠠᠭᠠᠭᠤᠯᠭ᠎ᠠ ᠳᠣᠣᠷ᠎ᠠ ᠠᠯᠠᠱᠠ ᠠᠶᠢᠮᠠᠭ ᠤᠨ ᠵᠢᠭᠤᠯᠴᠢᠯᠠᠯ ᠤᠨ ᠦᠢᠯᠡᠰ ᠢ ᠬᠢᠨᠠᠨ ᠬᠡᠮᠵᠢᠬᠦ ᠪᠠ ᠪᠠᠴᠢᠮ ᠪᠠᠶᠢᠳᠠᠯ ᠢ ᠲᠦᠷᠭᠡᠨ ᠠᠷᠭᠠᠴᠠᠬᠤ ᠵᠢᠯᠤᠭᠤᠳᠬᠤ ᠲᠠᠪᠴᠠᠩ ᠢ ᠪᠠᠶᠢᠭᠤᠯᠪᠠ︔  ᠬᠤᠶᠠᠷ ᠲᠤ᠂ ᠱᠠᠰᠢᠨ ᠢ ᠪᠠᠳᠠᠷᠠᠭᠤᠯᠤᠭᠴᠢ ᠬᠡᠶᠢᠳ᠂ ᠪᠤᠶᠠᠨ ᠢ ᠦᠨᠳᠦᠰᠦᠯᠡᠭᠴᠢ ᠬᠡᠶᠢᠳ᠂ ᠬᠤᠯᠠᠳᠠᠬᠢᠨ ᠢ ᠲᠣᠭᠲᠠᠭᠠᠭᠴᠢ ᠬᠤᠷᠢᠶ᠎ᠠ᠂ ᠬᠤᠨᠳᠣ ᠨᠠᠭᠤᠷ᠂ ᠬᠠᠯᠲᠠᠷ ᠨᠠᠭᠤᠷ ᠵᠡᠷᠭᠡ 5 ᠲᠣᠮᠣ ᠦᠵᠡᠮᠵᠢ ᠶᠢᠨ ᠣᠷᠣᠨ ᠳᠤ ᠦᠵᠡᠮᠵᠢ ᠶᠢᠨ ᠣᠷᠣᠨ ᠤ ᠸᠢᠳᠢᠣ᠋ ᠬᠢᠨᠠᠯᠲᠠ ᠶᠢᠨ ᠳᠠᠮᠵᠢᠭᠤᠯᠬᠤ ᠰᠢᠰᠲ᠋ᠧᠮ ᠢ ᠤᠭᠰᠠᠷᠠᠪᠠ︔  ᠭᠤᠷᠪᠠ ᠳᠤ ᠠᠵᠤ ᠦᠢᠯᠡᠰ ᠤᠨ ᠬᠢᠨᠠᠨ ᠬᠡᠮᠵᠢᠬᠦ ᠲᠥᠪ ᠬᠢᠭᠡᠳ ᠡᠯ᠎ᠡ ᠲᠣᠮᠣ ᠦᠵᠡᠮᠵᠢ ᠶᠢᠨ ᠣᠷᠣᠨ ᠤ ᠲᠤᠭ᠎ᠠ ᠪᠠᠷᠢᠮᠲᠠ ᠶᠢ ᠵᠣᠯᠭᠠᠭᠤᠯᠬᠤ ᠴᠥᠷᠬᠡᠯᠡᠬᠦ ᠠᠵᠢᠯ ᠤᠨ ᠲᠣᠭᠲᠠᠴᠠ ᠶᠢ ᠠᠩᠬ᠎ᠠ ᠠᠯᠬᠤᠮ ᠪᠠᠶᠢᠭᠤᠯᠪᠠ᠃ 2018 ᠣᠨ ᠳᠤ ᠦᠢᠯᠡᠴᠢᠯᠡᠭᠡ ᠶᠢ ᠨᠡᠩ ᠳᠥᠭᠦᠮ ᠳᠥᠲᠡ᠂ ᠨᠡᠩ ᠥᠨᠳᠥᠷ ᠪᠦᠲᠦᠮᠵᠢᠲᠡᠶ ᠪᠣᠯᠭᠠᠬᠤ ᠵᠣᠷᠢᠯᠭ᠎ᠠ ᠪᠠᠷ᠂ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠬᠢᠨ ᠲᠤᠬᠠᠢ ᠶᠢᠨ ᠦᠶ᠎ᠡ ᠳᠤ ᠬᠠᠮᠤᠭ ᠤᠨ ᠬᠥᠭᠵᠢᠶᠡᠨ ᠲᠠᠢ ᠪᠢᠴᠢᠯ ᠵᠠᠬᠢᠳᠠᠯ ᠤᠨ ᠵᠢᠵᠢᠭ ᠫᠷᠣᠭ᠍ᠷᠠᠮ ᠢ ᠠᠰᠢᠭᠯᠠᠨ ︽ᠣᠶᠤᠨ ᠢᠶᠠᠷ ᠠᠯᠠᠱᠠ ᠵᠡᠭᠦᠨ ᠬᠤᠰᠢᠭᠤᠨ ᠳᠤ ᠵᠢᠭᠤᠯᠴᠢᠯᠠᠬᠤ︾  ᠪᠢᠴᠢᠯ ᠠᠯᠪᠠᠨ ᠤ ᠰᠦᠯᠵᠢᠶ᠎ᠡ ᠶᠢ ᠨᠡᠭᠡᠭᠡᠨ ᠬᠥᠭᠵᠢᠭᠦᠯᠵᠦ᠂ ᠵᠢᠭᠤᠯᠴᠢᠳ ᠲᠤ ︽ᠢᠳᠡᠬᠦ᠂ ᠰᠠᠭᠤᠬᠤ᠂ ᠶᠠᠪᠤᠬᠤ᠂ ᠵᠤᠭᠠᠴᠠᠬᠤ᠂ ᠵᠤᠭ᠎ᠠ ᠴᠡᠩᠭᠡᠯ᠂ ᠬᠤᠳᠠᠯᠳᠤᠨ ᠠᠪᠬᠤ︾  ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠲᠡᠷᠡᠴᠢᠯᠡᠨ ᠠᠯᠠᠱᠠ ᠵᠡᠭᠦᠨ ᠬᠤᠰᠢᠭᠤᠨ ᠤ ᠵᠢᠭᠤᠯᠴᠢᠳ ᠤᠨ ᠲᠥᠪᠯᠡᠷᠡᠨ ᠴᠤᠭᠯᠠᠷᠠᠭᠰᠠᠨ ᠣᠷᠣᠨ ︵  ᠲᠡᠷᠭᠡᠨ ᠥᠷᠲᠡᠭᠡ᠂ ᠵᠣᠴᠢᠳ ᠤᠨ ᠪᠠᠭᠤᠳᠠᠯ︶  ᠳᠤ ︽ᠣᠶᠤᠨ ᠤ ᠵᠢᠭᠤᠯᠴᠢᠯᠠᠯ ᠠᠯᠠᠱᠠ ᠵᠡᠭᠦᠨ ᠬᠤᠰᠢᠭᠤ︾  ᠶᠢ ᠨᠢᠭᠡ ᠴᠣᠭᠴᠠ ᠪᠣᠯᠭᠠᠨ ᠲᠣᠬᠢᠷᠠᠭᠤᠯᠵᠤ᠂ ᠵᠢᠭᠤᠯᠴᠢᠳ ᠤᠨ ᠲᠤᠬᠠᠢ ᠶᠢᠨ ᠭᠠᠵᠠᠷ ᠤᠨ ᠰᠣᠶᠣᠯ᠂ ᠦᠵᠡᠮᠵᠢ ᠶᠢ ᠤᠷᠢᠳᠴᠢᠯᠠᠨ ᠣᠶᠢᠯᠠᠭᠠᠬᠤ ᠳᠤ ᠵᠦᠭᠯᠡᠭᠦᠷ ᠬᠠᠩᠭᠠᠵᠤ᠂ ᠡᠭᠦᠨ ᠤ ᠬᠠᠮᠲᠤ ᠠᠷᠪᠠᠨ ᠭᠤᠷᠪᠠᠳᠤᠭᠠᠷ ᠬᠤᠭᠤᠴᠠᠭᠠᠨ ᠤ ᠪᠠᠭᠠᠲᠤᠷᠴᠤᠳ ᠤᠨ ᠴᠤᠭᠯᠠᠭᠠᠨ ᠤ ᠲᠤᠬᠠᠢ ᠶᠢᠨ ᠲᠠᠯᠠᠪᠠᠢ ᠳᠤ ︽ᠠᠯᠠᠱᠠ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠲᠣᠮᠣ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠠᠪᠴᠠᠩ︾  ᠢ ᠪᠠᠶᠢᠭᠤᠯᠵᠤ᠂ ᠡᠨᠡ ᠵᠢᠯ ᠤᠨ ᠪᠠᠭᠠᠲᠤᠷᠴᠤᠳ ᠤᠨ ᠴᠤᠭᠯᠠᠭᠠᠨ ᠤ ᠵᠢᠭᠤᠯᠴᠢᠳ ᠤᠨ ᠢᠷᠡᠯᠲᠡ ᠶᠢᠨ ᠭᠠᠵᠠᠷ ᠤᠨ ᠲᠠᠷᠬᠠᠯᠲᠠ᠂ ᠬᠦᠢᠰᠦ᠂ ᠳᠤᠷ᠎ᠠ ᠪᠠᠬ᠎ᠠ ᠵᠡᠷᠭᠡ ᠣᠨᠴᠠᠯᠢᠭ ᠢ ᠭᠦᠢᠴᠡᠳ ᠵᠠᠳᠠᠯᠵᠤ᠂ 2019 ᠣᠨ ᠳᠤ ᠤᠨᠢᠨ ᠳᠡᠭᠡᠷ᠎ᠡ ᠨᠢ ᠡᠵᠡᠩᠨᠡᠨ ᠪᠣᠷᠣᠯᠠᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ 2021 ᠣᠨ ᠳᠤ ︽ᠣᠶᠤᠨ ᠤ ᠵᠢᠭᠤᠯᠴᠢᠯᠠᠯ ᠠᠯᠠᠱᠠ ᠵᠡᠭᠦᠨ ᠬᠤᠰᠢᠭᠤᠨ ᠳᠤ︾  ᠪᠢᠴᠢᠯ ᠠᠯᠪᠠᠨ ᠤ ᠰᠦᠯᠵᠢᠶ᠎ᠡ ᠨᠢ ᠤᠬᠠᠭᠤᠯᠤᠨ ᠪᠣᠷᠣᠯᠠᠭᠤᠯᠬᠤ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠨᠡᠯᠢᠶᠡᠳ ᠰᠠᠶᠢᠨ ᠨᠡᠶᠢᠭᠡᠮ ᠤᠨ ᠦᠷ᠎ᠡ ᠠᠰᠢᠭ ᠣᠯᠣᠭᠰᠠᠨ ᠪᠠᠶᠢᠨ᠎ᠠ ᠃ 2022 ᠣᠨ ᠠᠴᠠ ᠣᠲᠣ ᠪᠣᠯᠲᠠᠯ᠎ᠠ᠂ ᠠᠯᠠᠱᠠ ᠵᠡᠭᠦᠨ ᠬᠤᠰᠢᠭᠤ ᠠᠯᠠᠱᠠ ᠠᠶᠢᠮᠠᠭ ᠤᠨ ᠰᠣᠶᠣᠯ ᠪᠠ ᠷᠠᠳᠢᠣ᠋ ᠲᠧᠯᠸᠢᠰ ᠤᠨ ᠲᠣᠪᠴᠢᠶ᠎ᠠ ᠶᠢᠨ ᠲᠠᠪᠴᠠᠩ ᠳᠤ ᠲᠦᠰᠢᠭᠯᠡᠨ ᠣᠶᠤᠨᠴᠢ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠭᠠᠷ ᠢᠷᠡᠵᠡᠶ᠃            ᠬᠤᠶᠠᠷ᠂ ᠣᠶᠤᠨᠴᠢ ᠵᠢᠭᠤᠯᠴᠢᠯᠠᠯ ᠤᠨ ᠣᠳᠣᠬᠢ ᠪᠠᠶᠢᠳᠠᠯ            2020 ᠣᠨ ᠠᠴᠠ ᠨᠠᠰᠢ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶᠠᠨ ᠤ ᠵᠠᠬᠢᠷᠭ᠎ᠠ ᠶᠢᠨ ᠰᠣᠶᠣᠯ ᠵᠢᠭᠤᠯᠴᠢᠯᠠᠯ ᠤᠨ ᠮᠡᠳᠡᠭᠡ ᠵᠠᠩᠭᠢᠵᠢᠯᠲᠠ ᠶᠢᠨ ᠠᠵᠢᠯ ᠢ ᠤᠯᠠᠮ ᠰᠠᠶᠢᠲᠤᠷ ᠭᠦᠢᠴᠡᠳᠬᠡᠬᠦ ᠲᠤᠬᠠᠢ ᠬᠤᠯᠪᠣᠭᠳᠠᠯ ᠪᠦᠬᠦᠢ ᠵᠢᠭᠠᠪᠤᠷᠢ ᠶᠢᠨ ᠵᠣᠷᠢᠭ ᠰᠠᠨᠠᠭ᠎ᠠ  ᠶᠢ ᠢᠳᠡᠪᠬᠢᠲᠡᠢ ᠲᠤᠤᠱᠯᠠᠭᠤᠯᠬᠤ ᠵᠣᠷᠢᠯᠭ᠎ᠠ ᠪᠠᠷ᠂ ︽ᠤᠶᠠᠯᠳᠤᠭᠤᠯᠬᠤ ᠳᠤ ᠲᠣᠬᠢᠷᠠᠪᠠᠯ ᠤᠶᠠᠯᠳᠤᠭᠤᠯᠬᠤ᠂ ᠤᠶᠠᠯᠳᠤᠭᠤᠯᠵᠤ ᠳᠡᠶᠢᠯᠬᠦ ᠶᠢ ᠨᠢ ᠪᠦᠬᠦᠨ ᠢ ᠤᠶᠠᠯᠳᠤᠭᠤᠯᠬᠤ᠂ ᠰᠣᠶᠣᠯ ᠤᠨ ᠱᠤᠭᠤᠮᠠᠯ ᠢᠶᠠᠷ ᠵᠤᠭᠠᠴᠠᠭᠤᠯᠬᠤ᠂ ᠵᠢᠭᠤᠯᠴᠢᠯᠠᠯ ᠢᠶᠠᠷ ᠰᠣᠶᠣᠯ ᠢ ᠲᠤᠪᠤᠶᠢᠯᠭᠠᠬᠤ︾ ᠣᠶᠢᠯᠠᠭᠠᠭᠳᠠᠬᠤᠨ ᠶᠣᠰᠣᠭᠠᠷ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠢᠨ ᠠᠯᠠᠱᠠ ᠠᠶᠢᠮᠠᠭ ᠤᠨ ᠣᠶᠤᠨᠲᠤ ᠰᠣᠶᠣᠯ ᠤᠨ ᠵᠢᠭᠤᠯᠴᠢᠯᠠᠯ ᠤᠨ ︽ᠨᠢᠭᠡ ᠮᠠᠰᠢᠨ ᠢᠶᠠᠷ ᠵᠤᠭᠠᠴᠠᠬᠤ︾ ᠲᠠᠪᠴᠠᠩ ᠢᠶᠠᠷ ᠭᠤᠣᠯ ᠪᠣᠯᠭᠠᠭᠰᠠᠨ ᠣᠶᠤᠨᠲᠤ ᠰᠣᠶᠣᠯ ᠤᠨ ᠵᠢᠭᠤᠯᠴᠢᠯᠠᠯ ‍ᠤᠨ‌‍ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠳᠠᠷᠠᠭᠠᠴᠢ ᠶᠢᠨ ᠲᠦᠷᠦᠯ ᠵᠦᠢᠯ ᠢ ᠠᠬᠢᠭᠤᠯᠬᠤ ᠳᠤ ᠰᠠᠭᠤᠷᠢ ᠲᠠᠯᠪᠢᠵᠤ ᠥᠭᠴᠡᠢ᠃ ᠣᠳᠣᠬᠠᠨ ᠳᠤ᠂ ᠭᠤᠷᠪᠠᠨ ᠬᠤᠰᠢᠭᠤ ᠬᠤᠶᠠᠷ ᠲᠣᠭᠤᠷᠢᠭ ᠤᠨ ᠬᠡᠪᠴᠢᠶᠡᠨ ᠳᠤ ᠪᠥᠬᠦ ᠠᠶᠢᠮᠠᠭ ᠤᠨ ᠣᠶᠤᠨᠲᠤ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠪᠠ ︽ᠨᠢᠭᠡ ᠮᠠᠰᠢᠨ ᠢᠶᠠᠷ ᠠᠯᠠᠱᠠ ᠳᠤ ᠵᠢᠭᠤᠯᠴᠢᠯᠠᠬᠤ︾  ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠠᠵᠢᠯ ᠢ ᠨᠢᠭᠡᠳᠦᠯᠲᠡᠢ ᠲᠥᠯᠥᠪᠯᠡᠨ ᠥᠷᠨᠢᠭᠦᠯᠵᠦ᠂ ᠮᠠᠨ ᠤ ᠲᠣᠪᠴᠢᠶ᠎ᠠ ᠡᠨᠡ ᠬᠦ ᠠᠵᠢᠯ ᠢ ᠢᠳᠡᠪᠬᠢᠲᠡᠢ ᠳᠠᠭᠠᠵᠤ᠂ ᠠᠯᠠᠱᠠ ᠵᠡᠭᠦᠨ ᠬᠤᠰᠢᠭᠤᠨ ᠤ ᠢᠳᠡᠬᠦ᠂ ᠰᠠᠭᠤᠬᠤ᠂ ᠶᠠᠪᠤᠬᠤ᠂ ᠵᠢᠭᠤᠯᠴᠢᠯᠠᠬᠤ᠂ ᠬᠤᠳᠠᠯᠳᠤᠨ ᠠᠪᠬᠤ᠂ ᠵᠤᠭ᠎ᠠ ᠴᠡᠩᠭᠡᠯ ᠤᠨ ᠬᠤᠯᠪᠣᠭᠳᠠᠬᠤ ᠴᠢᠬᠤᠯᠠ ᠬᠦᠴᠦᠨ ᠵᠦᠢᠯ ᠤᠨ ᠮᠠᠲ᠋ᠧᠷᠢᠶᠠᠯ ᠢ ᠮᠡᠳᠡᠭᠦᠯᠦᠭᠰᠡᠭᠡᠷ ᠢᠷᠡᠵᠡᠶ᠃            ᠭᠤᠷᠪᠠ᠂ ᠲᠠᠷᠠᠭᠠᠴᠢ ᠶᠢᠨ ᠠᠯᠬᠤᠮ  ᠤᠨ ᠬᠥᠭᠵᠢᠯᠲᠡ ᠶᠢᠨ ᠴᠢᠭᠯᠡᠯ            2024 ᠣᠨ ᠳᠤ᠂ ᠠᠯᠠᠱᠠ ᠵᠡᠭᠦᠨ ᠬᠤᠰᠢᠭᠤᠨ ᠤ ᠬᠢᠨ ︽ᠠᠷᠪᠠᠨ ᠲᠠᠪᠤᠳᠤᠭᠠᠷ ᠲᠠᠪᠤᠨ ᠵᠢᠯ︾   ᠤᠨ ᠭᠤᠣᠯᠳᠠᠯᠭ᠎ᠠ ᠲᠠᠢ ᠲᠦᠷᠦᠯ ᠵᠦᠢᠯ ᠤᠨ ᠲᠥᠯᠦᠪᠵᠢᠭᠦᠯᠭᠡ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠬᠦᠷᠢᠶᠡᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠬᠤ ᠲᠦᠷᠦᠯ ᠵᠦᠢᠯ ᠳᠤ ᠣᠶᠤᠨᠲᠤ ᠵᠢᠭᠤᠯᠴᠢᠯᠠᠯ ᠤᠨ ᠲᠦᠷᠦᠯ ᠵᠦᠢᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠰᠢᠨᠡᠴᠢᠯᠡᠯᠲᠡ ᠶᠢ ᠭᠤᠶᠤᠴᠢᠯᠠᠨ ᠮᠡᠳᠡᠭᠦᠯᠵᠡᠢ᠃ ᠡᠭᠦᠨ ᠤ ᠵᠡᠷᠭᠡᠪᠡᠷ᠂ ᠠᠯᠠᠱᠠ ᠵᠡᠭᠦᠨ ᠬᠤᠰᠢᠭᠤᠨ ᠤ ᠬᠢᠨ ᠡᠯ᠎ᠡ ᠲᠦᠷᠦᠯ ᠤᠨ ᠰᠣᠶᠣᠯ ᠵᠢᠭᠤᠯᠴᠢᠯᠠᠯ ᠤᠨ ᠢᠵᠢ ᠪᠦᠷᠢᠳᠦᠭᠰᠡᠨ ᠪᠡᠯᠡ ᠮᠥᠩᠭᠦ ᠶᠢ ᠴᠢᠷᠮᠠᠶᠢᠨ ᠣᠯᠵᠤ᠂ ᠣᠶᠤᠨᠲᠤ ᠵᠢᠭᠤᠯᠴᠢᠯᠠᠯ ᠤᠨ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ︽ᠣᠶᠤᠨᠲᠤ ᠵᠢᠭᠤᠯᠴᠢᠯᠠᠯ︾   ᠤᠨ ᠲᠤᠭ᠎ᠠ ᠪᠠᠷᠢᠮᠲᠠ ᠪᠣᠯᠣᠨ ᠮᠡᠳᠡᠭᠡ ᠵᠠᠩᠭᠢ ᠴᠤᠭᠯᠠᠭᠤᠯᠬᠤ ᠰᠢᠰᠲ᠋ᠧᠮ ᠢ ᠪᠠᠶᠢᠭᠤᠯᠵᠤ᠂ ᠲᠤᠭ᠎ᠠ ᠪᠠᠷᠢᠮᠲᠠ ᠶᠢ ᠰᠤᠳᠤᠯᠤᠨ ᠰᠢᠨᠵᠢᠯᠡᠬᠦ᠂ ᠲᠤᠭ᠎ᠠ ᠪᠠᠷᠢᠮᠲᠠ ᠶᠢ ᠵᠠᠳᠠᠯᠬᠤ ᠮᠡᠷᠭᠡᠵᠢᠯ ᠢ ᠠᠰᠢᠭᠯᠠᠵᠤ᠂ ᠰᠢᠨᠵᠢᠯᠡᠬᠦ ᠤᠬᠠᠭᠠᠨᠴᠢᠯᠠᠭᠰᠠᠨ᠂ ᠣᠶᠤᠨᠴᠢᠯᠠᠭᠰᠠᠨ᠂ ᠬᠥᠮᠥᠨᠴᠢᠯᠡᠭᠰᠡᠨ ᠲᠤᠭ᠎ᠠ ᠪᠠᠷᠢᠮᠲᠠ ᠶᠢ ᠵᠠᠳᠠᠯᠬᠤ ᠰᠢᠰᠲ᠋ᠧᠮ ᠢ ᠪᠠᠶᠢᠭᠤᠯᠵᠤ ᠂ ᠲᠤᠭ᠎ᠠ ᠪᠠᠷᠢᠮᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡ ᠪᠣᠯᠣᠨ ᠬᠡᠷᠡᠭᠯᠡᠭᠡᠨ ᠤ ᠴᠢᠳᠠᠪᠬᠢ ᠶᠢ ᠪᠠᠳᠠᠷᠠᠭᠤᠯᠵᠤ᠂ ᠵᠢᠭᠤᠯᠴᠢᠯᠠᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃            ᠰᠣᠶᠣᠯ ᠵᠢᠭᠤᠯᠴᠢᠯᠠᠯ ᠤᠨ ᠠᠵᠢᠯ ᠢ ᠬᠠᠯᠠᠮᠵᠢᠯᠠᠨ ᠳᠡᠮᠵᠢᠭᠰᠡᠨ ᠳᠤ ᠴᠢᠨᠢ ᠪᠠᠶᠠᠷᠯᠠᠯ᠎ᠠ᠃                                          2024 ᠣᠨ ᠤ 7 ᠳ᠋ᠤᠭᠠᠷ ᠰᠠᠷ᠎ᠠ ᠶᠢᠨ 16 ᠤ ᠡᠳᠦᠷ                        ᠳᠠᠭᠠᠭᠠᠨ ᠰᠢᠢᠳᠬᠡᠭᠰᠡᠨ ᠬᠠᠷᠢᠭᠤᠴᠠᠯᠭᠠᠲᠠᠨ᠄  ᠪᠠᠢ ᠰᠠᠷᠠᠭᠤᠯ            ᠳᠠᠭᠠᠭᠠᠨ ᠰᠢᠢᠳᠬᠡᠭᠴᠢ ᠵᠢᠴᠢ ᠬᠠᠷᠢᠯᠴᠠᠬᠤ ᠤᠲᠠᠰᠤ᠄  ᠶᠤᠸᠠᠨ ᠰᠢᠶᠣᠣ ᠭᠦᠸᠧ 139****6009                        ᠮᠡᠳᠡᠭᠡᠯᠡᠯ ᠤᠨ ᠡᠬᠢ ᠰᠤᠷᠪᠤᠯᠵᠢ᠄  ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号