ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠯᠠᠱᠠ ᠵᠡᠭᠦᠨ ᠬᠤᠰᠢᠭᠤᠨ ᠤ 2024 ᠣᠨ ᠤ ᠬᠤᠶᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠤᠬᠠᠢ ᠮᠡᠳᠡᠭᠡᠯᠡᠯ
ᠨᠡᠶᠢᠲᠡᠯᠡᠭᠰᠡᠨ ᠴᠠᠭ᠄
2024/7/26
               ᠨᠢᠭᠡ᠂ ᠪᠥᠬᠦ ᠬᠤᠰᠢᠭᠤᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠶᠢᠳᠠᠯ      2024 ᠣᠨ ᠤ ᠬᠤᠶᠠᠳᠤᠭᠠᠷ ᠤᠯᠠᠷᠢᠯ ᠳᠤ᠂ ᠪᠥᠬᠦ ᠬᠤᠰᠢᠭᠤᠨ ᠤ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠬᠦᠷᠢᠶᠡᠨ ᠳᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠤᠭᠰᠠᠨ ᠦᠭᠡᠢ᠃      ᠬᠤᠶᠠᠷ᠂ ᠠᠶᠦᠯᠭᠦᠢ ᠦᠢᠯᠡᠳᠪᠦᠷᠢᠯᠡᠯ ᠤᠨ ᠪᠠᠶᠢᠳᠠᠯ ᠤᠨ ᠵᠠᠳᠠᠯᠤᠯᠲᠠ      ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠭᠡᠪᠡᠴᠦ ᠪᠥᠬᠦ ᠤᠯᠤᠰ᠂ ᠪᠥᠬᠦ ᠣᠷᠣᠨ ᠵᠡᠷᠭᠡ ᠭᠠᠵᠠᠷ ᠲᠤ ᠣᠯᠠᠨ ᠤᠳᠠᠭ᠎ᠠ ᠠᠳᠡᠯ ᠭᠠᠷᠤᠭᠰᠠᠨ ᠪᠠ ᠠᠯᠠᠱᠠ ᠵᠡᠭᠦᠨ ᠬᠤᠰᠢᠭᠤᠨ ᠤ 2019 ᠣᠨ ᠠᠴᠠ 2023 ᠣᠨ ᠪᠣᠯᠲᠠᠯᠠᠬᠢ ᠠᠳᠡᠯ ᠭᠠᠷᠤᠭᠰᠠᠨ ᠴᠠᠭ ᠬᠤᠭᠤᠴᠠᠭ᠎ᠠ ᠠᠴᠠ ᠦᠵᠡᠪᠡᠯ᠂ ᠠᠯᠠᠱᠠ ᠵᠡᠭᠦᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠪᠠᠰᠠ ᠪᠠᠭᠤᠷᠠᠢ ᠲᠠᠯ᠎ᠠ ᠪᠠ ᠳᠤᠲᠠᠭᠳᠠᠯ ᠲᠠᠢ ᠲᠠᠯ᠎ᠠ ᠣᠷᠣᠰᠢᠵᠤ ᠪᠠᠶᠢᠨ᠎ᠠ᠂ ᠡᠨᠡ ᠨᠢ ᠳᠣᠣᠷᠠᠬᠢ ᠬᠡᠳᠦᠨ ᠲᠠᠯ᠎ᠠ ᠪᠠᠷ ᠪᠣᠳᠠᠲᠠᠢ ᠢᠯᠡᠷᠡᠵᠦ ᠪᠠᠶᠢᠨ᠎ᠠ᠄        ︵  ᠨᠢᠭᠡ︶  ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠦᠷᠢᠶᠡᠨ ᠤ ᠭᠤᠣᠯ ᠲᠦᠭᠰᠢᠭᠦᠷᠢ᠃ ᠡᠨᠧᠷᠭᠢ᠂ ᠠᠮᠤ ᠪᠤᠳᠠᠭ᠎ᠠ᠂ ᠦᠢᠯᠡᠳᠪᠦᠷᠢᠯᠡᠯ ᠤᠨ ᠲᠦᠭᠦᠬᠡᠢ ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ ᠡᠳ᠋ ᠪᠠᠷᠠᠭ᠎ᠠ ᠵᠢᠴᠢ ᠬᠠᠪᠤᠷ ᠤᠨ ᠲᠠᠷᠢᠶᠠᠯᠠᠭ᠎ᠠ ᠶᠢᠨ ᠡᠳ᠋ ᠪᠠᠷᠠᠭ᠎ᠠ ᠶᠢᠨ ᠲᠡᠭᠡᠭᠡᠪᠦᠷᠢ ᠶᠢᠨ ᠡᠭᠦᠷᠭᠡ ᠨᠦᠰᠡᠷ ᠬᠦᠨᠳᠦ ᠪᠠᠶᠢᠵᠤ᠂ ᠵᠠᠮ ᠲᠡᠭᠡᠭᠡᠪᠦᠷᠢ ᠶᠢᠨ ᠠᠵᠢᠯᠯᠠᠭᠠᠨ ᠤ ᠪᠠᠶᠢᠳᠠᠯ ᠥᠨᠳᠥᠷ ᠪᠠᠶᠢᠨ᠎ᠠ᠃ ᠠᠯᠠᠱᠠ ᠵᠡᠭᠦᠨ ᠬᠤᠰᠢᠭᠤᠨ ᠤ ᠬᠠᠷᠢᠶ᠎ᠠ ᠣᠷᠣᠨ ᠤ ᠳᠣᠲᠣᠷᠠᠬᠢ ᠵᠠᠮ ᠢᠶᠠᠷ ᠬᠢᠯᠢ ᠥᠩᠭᠡᠷᠡᠬᠦ ᠲᠡᠷᠭᠡ ᠬᠥᠰᠬᠡ ᠶᠢᠨ ᠨᠢᠭᠲᠠᠴᠠ ᠶᠡᠭᠡ᠂ ᠠᠮᠤᠷ ᠲᠦᠪᠰᠢᠨ ᠤ ᠲᠦᠭᠰᠢᠭᠦᠷᠢ ᠶᠡᠭᠡ︔  ᠡᠭᠦᠨ ᠤ ᠳᠡᠭᠡᠷ᠎ᠡ ᠵᠠᠮ ᠢᠶᠠᠷ ᠥᠩᠭᠡᠷᠡᠬᠦ ᠠᠶᠤᠯᠲᠠᠢ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ᠂ ᠳᠡᠭᠡᠳᠦ ᠬᠤᠷᠳᠤᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠠᠶᠤᠯᠲᠠᠢ ᠬᠢᠮᠢ ᠶᠢᠨ ᠲᠡᠷᠭᠡ ᠨᠦᠭᠦᠳ ᠣᠷᠳᠣ ᠬᠤᠭᠤᠴᠠᠭ᠎ᠠ ᠪᠠᠷ ᠪᠥᠭᠡᠮᠨᠡᠷᠡᠨ ᠵᠣᠭᠰᠣᠬᠤ ᠬᠡᠷᠡᠭᠲᠡᠢ᠃ ᠬᠡᠰᠡᠭ ᠲᠡᠭᠡᠭᠡᠪᠦᠷᠢ ᠶᠢᠨ ᠠᠵᠤ ᠠᠬᠤᠶᠢᠯᠠᠯ ᠤᠳ ᠦᠷ᠎ᠡ ᠠᠰᠢᠭ ᠢ ᠬᠥᠭᠡᠭᠡᠴᠡᠯᠳᠦᠬᠦ ᠵᠣᠷᠢᠯᠭ᠎ᠠ ᠪᠠᠷ᠂ ᠠᠷᠪᠢᠨ ᠲᠠᠲᠠᠵᠤ ᠲᠦᠷᠭᠡᠨ ᠭᠦᠶᠦᠬᠦ᠂ ᠭᠤᠷᠪᠠ ᠶᠢ ᠬᠡᠲᠦᠷᠡᠭᠦᠯᠬᠦ ᠂ ᠵᠢᠯᠣᠭᠤᠴᠢ ᠶᠢᠨ ᠶᠠᠳᠠᠷᠠᠭ᠎ᠠ ᠲᠠᠢ ᠪᠠᠷ ᠵᠢᠯᠤᠭᠤᠳᠬᠤ᠂ ᠲᠡᠷᠭᠡ ᠬᠥᠰᠬᠡ ᠪᠠᠨ ᠵᠠᠰᠠᠵᠤ ᠰᠡᠯᠪᠢᠭᠰᠡᠨ ᠦᠭᠡᠢ ᠪᠠᠲᠤᠯᠠᠭ᠎ᠠ ᠠᠯᠳᠠᠭᠰᠠᠨ ᠵᠡᠷᠭᠡ ᠦᠵᠡᠭᠳᠡᠯ ᠢᠯᠡᠳᠲᠡ ᠨᠡᠮᠡᠭᠳᠡᠵᠦ ᠪᠠᠶᠢᠬᠤ ᠶᠢᠨ ᠳᠡᠭᠡᠷ᠎ᠡ ᠣᠨᠴᠠ ᠵᠠᠷᠢᠮ ᠴᠠᠭ ᠬᠤᠭᠤᠴᠠᠭᠠᠨ ᠳᠤ ᠲᠡᠷᠭᠡ ᠬᠥᠰᠬᠡ ᠶᠢᠨ ᠶᠠᠪᠤᠬᠤ ᠶᠢ ᠨᠥᠯᠥᠭᠡᠯᠡᠬᠦ ᠣᠬᠤᠷᠬᠠᠨ ᠴᠠᠭ ᠤᠨ ᠣᠨᠴᠠᠭᠠᠶ ᠴᠠᠭ ᠠᠭᠤᠷ ᠢᠯᠡᠷᠡᠵᠦ᠂ ᠵᠠᠮ ᠲᠡᠭᠡᠭᠡᠪᠦᠷᠢ ᠶᠢᠨ ᠠᠮᠤᠷ ᠲᠦᠪᠰᠢᠨ ᠡᠵᠡᠩᠨᠡᠯᠲᠡ ᠶᠢᠨ ᠠᠶᠤᠯ ᠲᠦᠭᠰᠢᠭᠦᠷᠢ ᠶᠢᠨ ᠲᠠᠯᠳᠠ ᠭᠡᠮ ᠨᠡᠮᠡᠭᠳᠡᠵᠦ᠂ ᠠᠷᠪᠠᠨ ᠬᠤᠶᠠᠷ ᠲᠦᠷᠦᠯ ᠤᠨ ᠲᠡᠷᠭᠡ ᠬᠥᠰᠬᠡ ᠳᠤ ᠬᠤᠯᠪᠣᠭᠳᠠᠬᠤ ᠵᠠᠮ ᠬᠠᠷᠢᠯᠴᠠᠭᠠᠨ ᠤ ᠲᠡᠭᠡᠭᠡᠪᠦᠷᠢ ᠶᠢᠨ ᠡ᠊ᠨᠳᠡᠯ ᠭᠠᠷᠬᠤ ᠪᠣᠯᠣᠯᠴᠠᠭ᠎ᠠ ᠨᠡᠯᠢᠶᠡᠳ ᠥᠨᠳᠥᠷ ᠪᠠᠶᠢᠨ᠎ᠠ᠃ {ᠤᠴᠢᠷ ᠠᠴᠠ ᠵᠠᠮ ᠲᠡᠭᠡᠭᠡᠪᠦᠷᠢ ᠶᠢᠨ ᠠᠮᠤᠷ ᠲᠦᠪᠰᠢᠨ ᠡᠵᠡᠩᠨᠡᠯᠲᠡ ᠶᠢᠨ ᠠᠶᠤᠯ ᠲᠦᠭᠰᠢᠭᠦᠷᠢ ᠶᠢᠨ ᠲᠠᠯᠳᠠ ᠭᠡᠮ ᠨᠡᠮᠡᠭᠳᠡᠵᠦ᠂ ᠠᠷᠪᠠᠨ ᠬᠤᠶᠠᠷ ᠲᠦᠷᠦᠯ ᠤᠨ ᠲᠡᠷᠭᠡ ᠬᠥᠰᠬᠡ ᠳᠤ ᠬᠤᠯᠪᠣᠭᠳᠠᠬᠤ ᠵᠠᠮ ᠬᠠᠷᠢᠯᠴᠠᠭᠠᠨ ᠤ ᠲᠡᠭᠡᠭᠡᠪᠦᠷᠢ ᠶᠢᠨ ᠡ᠊ᠨᠳᠡᠯ ᠭᠠᠷᠬᠤ ᠪᠣᠯᠣᠯᠴᠠᠭ᠎ᠠ ᠨᠡᠯᠢᠶᠡᠳ ᠥᠨᠳᠥᠷ ᠪᠠᠶᠢᠨ᠎ᠠ᠃ ᠶᠡᠭᠡ ᠰᠠᠯᠬᠢ ᠡᠯᠡᠰᠦ ᠬᠡᠶᠢᠰᠬᠦ ᠵᠡᠷᠭᠡ ᠣᠨᠴᠠᠭᠠᠶ ᠴᠠᠭ ᠠᠭᠤᠷ᠂ ᠵᠠᠰᠠᠮᠠᠯ ᠵᠠᠮ ᠤᠨ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠪᠡᠯᠡᠳᠬᠡᠮᠵᠢ ᠶᠢ ᠠᠷᠠᠴᠢᠯᠠᠨ ᠬᠠᠮᠠᠭᠠᠯᠠᠵᠤ ᠰᠡᠯᠪᠢᠨ ᠵᠠᠰᠠᠬᠤ ᠠᠵᠢᠯ ᠢ ᠪᠣᠳᠠᠲᠠᠶᠢᠵᠢᠭᠤᠯᠤᠭᠰᠠᠨ ᠦᠭᠡᠢ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠤ᠂ ᠵᠠᠮ ᠲᠠᠰᠤᠯᠳᠠᠵᠤ ᠮᠡᠳᠡᠬᠦ ᠪᠥᠭᠡᠳ ᠣᠷᠳᠣ ᠬᠤᠭᠤᠴᠠᠭ᠎ᠠ ᠪᠠᠷ ᠲᠡᠷᠭᠡ ᠳᠠᠷᠤᠬᠤ ᠵᠡᠷᠭᠡ ᠠᠮᠤᠷ ᠲᠦᠪᠰᠢᠨ ᠤ ᠠᠶᠤᠯ ᠲᠦᠭᠰᠢᠭᠦᠷᠢ ᠣᠷᠣᠰᠢᠵᠤ ᠮᠡᠳᠡᠨ᠎ᠡ᠃ ᠲᠠᠷᠠᠭᠠᠴᠢ ᠶᠢᠨ ᠠᠯᠬᠤᠮ ᠤᠨ ᠨᠠᠮᠤᠷ ᠤᠨ ᠬᠤᠷᠢᠶᠠᠯᠲᠠ ᠶᠢᠨ ᠱᠠᠲᠤᠨ ᠳᠤ᠂ ᠬᠥᠳᠡᠭᠡ ᠲᠣᠰᠬᠤᠨ ᠤ ᠵᠠᠮ ᠤᠨ ᠲᠡᠷᠭᠡᠨ ᠤ ᠲᠤᠭ᠎ᠠ ᠲᠦᠷᠭᠡᠨ ᠨᠡᠮᠡᠭᠳᠡᠵᠦ᠂ ᠲᠠᠷᠢᠶᠠᠯᠠᠩ ᠳᠤ ᠬᠡᠷᠡᠭᠯᠡᠬᠦ ᠲᠡᠷᠭᠡ ᠶᠢᠨ ᠬᠠᠤᠯᠢ ᠶᠢ ᠵᠥᠷᠢᠴᠡᠨ ᠬᠥᠮᠥᠨ ᠠᠴᠢᠬᠤ᠂ ᠬᠥᠳᠡᠭᠡ ᠲᠣᠰᠬᠤᠨ ᠤ ᠮᠢᠶᠠᠨᠪᠣᠣ ᠲᠡᠷᠭᠡ ᠶᠢᠨ ᠬᠥᠮᠥᠨ ᠤ ᠲᠤᠭ᠎ᠠ ᠠᠴᠠ ᠬᠡᠲᠦᠷᠡᠬᠦ ᠵᠡᠷᠭᠡ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠣᠯᠠᠰᠢᠷᠠᠵᠤ᠂ ᠲᠠᠷᠢᠶᠠᠯᠠᠩ ᠳᠤ ᠬᠡᠷᠡᠭᠯᠡᠬᠦ ᠲᠡᠷᠭᠡ ᠪᠠ ᠬᠥᠳᠡᠭᠡ ᠲᠣᠰᠬᠤᠨ ᠤ ᠵᠠᠮ ᠳᠤ ᠠᠳᠡᠯ ᠭᠠᠷᠬᠤ ᠪᠣᠯᠣᠮᠵᠢ ᠨᠡᠮᠡᠭᠳᠡᠵᠦ᠂ ᠣᠯᠠᠨ ᠬᠥᠮᠥᠨ ᠦᠬᠦᠵᠦ ᠣᠯᠠᠨ ᠬᠥᠮᠥᠨ ᠰᠢᠷᠬᠠᠲᠤᠬᠤ ᠠᠳᠡᠯ ᠭᠠᠷᠬᠤ ᠳᠤ ᠲᠤᠶᠢᠯ ᠤᠨ ᠠᠮᠠᠷᠬᠠᠨ ᠪᠣᠯᠣᠨ᠎ᠠ᠃       ︵  ᠬᠤᠶᠠᠷ︶  ᠪᠠᠷᠢᠯᠭ᠎ᠠ ᠶᠢᠨ ᠠᠵᠢᠯ ᠬᠢᠬᠦ ᠪᠠ ᠣᠷᠣᠨ ᠰᠠᠭᠤᠴᠠ ᠪᠠ ᠪᠠᠷᠢᠯᠭ᠎ᠠ ᠶᠢᠨ ᠬᠦᠷᠢᠶ᠎ᠡ ᠴᠠᠷᠠᠭ᠎ᠠ ᠶᠢᠨ ᠭᠤᠣᠯ ᠠᠶᠤᠯ ᠲᠦᠭᠰᠢᠭᠦᠷᠢ᠃ ᠳᠣᠣᠷ᠎ᠠ ᠬᠠᠭᠠᠰ ᠵᠢᠯ ᠳᠤ᠂ ᠪᠥᠬᠦ ᠬᠤᠰᠢᠭᠤᠨ ᠤ ᠪᠠᠷᠢᠯᠭ᠎ᠠ ᠶᠢᠨ ᠠᠵᠢᠯ ᠤᠨ ᠣᠷᠭᠢᠯ ᠤᠨ ᠬᠤᠭᠤᠴᠠᠭᠠᠨ ᠳᠤ ᠣᠷᠣᠵᠤ᠂ ᠠᠵᠢᠯ ᠡᠷᠬᠢᠯᠡᠭᠰᠡᠳ ᠤᠨ ᠰᠢᠯᠵᠢᠯᠲᠡ ᠬᠡᠴᠡᠭᠦᠳᠡᠬᠦ᠂ ᠠᠮᠤᠷ ᠲᠦᠪᠰᠢᠨ ᠤ ᠤᠬᠠᠮᠰᠠᠷ ᠰᠤᠯᠠᠷᠠᠬᠤ᠂ ᠠᠵᠤ ᠠᠬᠤᠶᠢᠯᠠᠯ ᠤᠨ ᠠᠮᠤᠷ ᠲᠦᠪᠰᠢᠨ ᠤ ᠣᠷᠣᠭᠤᠯᠤᠯᠲᠠ ᠬᠦᠷᠦᠯᠴᠡᠬᠦ ᠦᠭᠡᠢ᠂ ᠲᠥᠷᠥᠯ ᠵᠦᠢᠯ ᠤᠨ ᠠᠮᠤᠷ ᠲᠦᠪᠰᠢᠨ ᠤ ᠳᠦᠷᠢᠮ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ︽ᠭᠤᠷᠪᠠ ᠶᠢ ᠵᠥᠷᠢᠴᠡᠬᠦ︾  ᠦᠵᠡᠭᠳᠡᠯ ᠲᠣᠯᠣᠭᠠᠢ ᠥᠨᠳᠡᠶᠢᠵᠦ᠂ ᠬᠢᠨᠠᠨ ᠬᠠᠮᠢᠶᠠᠷᠤᠯᠲᠠ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠨᠢ ᠴᠢᠩᠭ᠎ᠠ ᠪᠢᠰᠢ᠂ ᠴᠢᠨᠠᠭᠰᠢᠯᠠᠪᠠᠯ ᠰᠣᠬᠤᠷ ᠪᠠᠯᠠᠢ ᠪᠠᠷ ᠠᠵᠢᠯ ᠤᠨ ᠬᠤᠭᠤᠴᠠᠭ᠎ᠠ ᠶᠢ ᠵᠠᠪᠳᠤᠨ᠂ ᠠᠵᠢᠯ ᠤᠨ ᠠᠬᠢᠴᠠ ᠶᠢ ᠵᠠᠪᠳᠤᠨ ᠭᠡᠨᠡᠨ ᠢᠶᠠᠷ ᠪᠠᠷᠢᠯᠭ᠎ᠠ ᠪᠠᠷᠢᠬᠤ ᠵᠡᠷᠭᠡ ᠠᠰᠠᠭᠤᠳᠠᠯ ᠭᠠᠷᠴᠤ᠂ ᠠᠳᠡᠯ ᠭᠠᠷᠬᠤ ᠪᠣᠯᠣᠮᠵᠢ ᠶᠢ ᠨᠡᠮᠡᠭᠳᠡᠭᠦᠯᠬᠦ ᠪᠣᠯᠣᠨ᠎ᠠ᠃ ᠬᠤᠲᠠ ᠶᠢᠨ ᠠᠮᠤᠷ ᠲᠦᠪᠰᠢᠨ ᠤ ᠠᠵᠢᠯᠯᠠᠭᠠᠨ ᠤ ᠪᠠᠲᠤᠯᠠᠭ᠎ᠠ ᠶᠢᠨ ᠲᠠᠯ᠎ᠠ ᠪᠠᠷ᠂ ᠥᠨᠳᠥᠷ ᠳᠤᠯᠠᠭᠠᠨ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠤ᠂ ᠬᠤᠲᠠ ᠳᠤ ᠭᠡᠷᠡᠯᠲᠦᠭᠦᠯᠬᠦ᠂ ᠥᠨᠳᠥᠷ ᠣᠭᠲᠠᠷᠭᠤᠢ ᠳᠤ ᠠᠵᠢᠯᠯᠠᠬᠤ ᠂ ᠬᠤᠭᠤᠯᠠᠢ ᠶᠢ ᠪᠠᠶᠢᠴᠠᠭᠠᠨ ᠵᠠᠰᠠᠬᠤ᠂ ᠨᠣᠭᠤᠭᠠᠷᠠᠭᠤᠯᠵᠤ ᠤᠰᠤᠯᠠᠬᠤ᠂ ᠪᠣᠬᠢᠷ ᠰᠢᠪᠠᠷ ᠢ ᠴᠡᠪᠡᠷᠯᠡᠬᠦ᠂ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠨᠡᠮᠡᠭᠳᠡᠭᠦᠯᠦᠨ᠎ᠡ᠃ ᠬᠥᠳᠡᠭᠡ ᠲᠣᠰᠬᠤᠨ ᠤ ᠥᠪᠡᠰᠦᠪᠡᠨ ᠭᠡᠷ ᠪᠠᠷᠢᠬᠤ ᠵᠢᠴᠢ ᠪᠠᠷᠢᠯᠭ᠎ᠠ ᠶᠢᠨ ᠲᠣᠨᠣᠭᠯᠠᠯ᠂ ᠵᠠᠰᠠᠯ ᠴᠢᠮᠡᠭᠯᠡᠯ ᠵᠡᠷᠭᠡ ᠲᠠᠯ᠎ᠠ ᠪᠠᠷ ᠬᠢ ᠠᠶᠤᠯᠭᠦᠢ ᠶᠢᠨ ᠠᠶᠤᠯ ᠲᠦᠭᠰᠢᠭᠦᠷᠢ ᠡᠳᠦᠢ ᠲᠡᠳᠦᠢ ᠨᠡᠮᠡᠭᠳᠡᠪᠡ᠃ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠣᠨᠴᠠ ᠲᠥᠷᠥᠯ ᠤᠨ ᠠᠵᠢᠯ ︵  ᠴᠠᠬᠢᠯᠭᠠᠨ ᠤ ᠠᠵᠢᠯᠴᠢᠨ᠂ ᠭᠠᠩᠨᠠᠭᠤᠷᠴᠢᠨ᠂ ᠥᠨᠳᠥᠷ ᠭᠠᠵᠠᠷ ᠲᠤ ᠠᠵᠢᠯᠯᠠᠬᠤ᠂ ᠰᠤᠪᠤᠷᠭᠠᠨ ᠳᠡᠭᠦᠵᠢᠩ ᠵᠡᠷᠭᠡ︶  ᠤᠨ ᠬᠥᠮᠥᠰ ᠲᠤ ᠦᠨᠡᠮᠯᠡᠯ ᠦᠭᠡᠢ ᠪᠠᠷ ᠠᠵᠢᠯᠯᠠᠬᠤ᠂ ᠦᠨᠡᠮᠯᠡᠯ ᠦᠭᠡᠢ ᠪᠠᠷ ᠠᠵᠢᠯ ᠤᠨ ᠪᠠᠶᠢᠷᠢ ᠳᠤ ᠭᠠᠷᠬᠤ ᠪᠠᠶᠢᠳᠠᠯ ᠣᠷᠣᠰᠢᠵᠤ᠂ ᠳᠤᠮᠳᠠ ᠵᠡᠷᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠃       ︵  ᠭᠤᠷᠪᠠ︶  ᠠᠶᠤᠯᠲᠠᠢ ᠬᠢᠮᠢ ᠶᠢᠨ ᠪᠣᠳᠠᠰ ᠤᠨ ᠬᠦᠷᠢᠶ᠎ᠡ ᠴᠠᠷᠠᠭ᠎ᠠ ᠶᠢᠨ ᠭᠤᠣᠯ ᠲᠦᠭᠰᠢᠭᠦᠷᠢ᠄  ᠣᠶᠢᠷ᠎ᠠ ᠶᠢᠨ ᠬᠤᠭᠤᠴᠠᠭᠠᠨ ᠳᠤ ᠥᠨᠳᠥᠷ ᠳᠤᠯᠠᠭᠠᠨ᠂ ᠡᠯᠡᠰᠦ ᠲᠣᠭᠤᠰᠣ᠂ ᠶᠡᠭᠡ ᠰᠠᠯᠬᠢ ᠵᠡᠷᠭᠡ ᠲᠤᠶᠢᠯ ᠤᠨ ᠶᠡᠭᠡ ᠴᠠᠭ ᠠᠭᠤᠷ ᠠᠴᠠ ᠪᠣᠯᠵᠤ ᠠᠶᠤᠯᠲᠠᠢ ᠬᠢᠮᠢ ᠶᠢᠨ ᠪᠣᠳᠠᠰ ᠢ ᠬᠠᠳᠠᠭᠠᠯᠠᠬᠤ ᠰᠠᠪᠠ᠂ ᠳᠠᠮᠵᠢᠭᠤᠯᠤᠨ ᠬᠦᠷᠭᠡᠬᠦ᠂ ᠬᠤᠭᠤᠯᠠᠢ᠂ ᠨᠡᠭᠡᠯᠡᠭᠡᠢ ᠵᠡᠷᠭᠡ ᠶᠢ ᠪᠥᠭᠯᠡᠬᠦ᠂ ᠬᠥᠯᠳᠡᠭᠡᠵᠦ ᠬᠠᠭᠠᠷᠠᠭᠤᠯᠬᠤ ᠪᠣᠯᠣᠮᠵᠢ ᠲᠠᠢ ᠪᠠᠶᠢᠵᠤ᠂ ᠭᠠᠯ ᠤᠨ ᠠᠶᠤᠯ ᠂ ᠳᠡᠯᠪᠡᠷᠡᠯᠲᠡ᠂ ᠬᠤᠣᠷᠳᠠᠭᠳᠠᠯ᠂ ᠬᠠᠯᠠᠭᠠᠭᠰᠠᠨ ᠰᠢᠷᠬ᠎ᠠ᠂ ᠴᠠᠬᠢᠯᠭᠠᠨ ᠳᠤ ᠴᠣᠬᠢᠭᠳᠠᠬᠤ ᠵᠡᠷᠭᠡ ᠠᠮᠤᠷ ᠲᠦᠪᠰᠢᠨ ᠤ ᠠᠳᠡᠯ ᠠᠮᠠᠷᠬᠠᠨ ᠭᠠᠷᠤᠨ᠎ᠠ᠃ ᠠᠯᠺᠣᠣᠯ ᠢᠶᠠᠷ ᠰᠠᠭᠤᠷᠢ ᠪᠣᠯᠭᠠᠭᠰᠠᠨ ᠲᠦᠯᠡᠰᠢ ᠶᠢ ᠲᠡᠭᠡᠭᠡᠪᠦᠷᠢᠯᠡᠵᠦ ᠲᠣᠬᠢᠷᠠᠭᠤᠯᠤᠨ ᠬᠦᠷᠭᠡᠬᠦ ᠭᠤᠭᠴᠤᠭ᠎ᠠ ᠶᠢᠨ ᠬᠠᠮᠢᠶᠠᠷᠤᠯᠲᠠ ᠡᠮᠬᠢ ᠵᠠᠮᠪᠠᠷᠠᠭ᠎ᠠ ᠦᠭᠡᠢ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠬᠡᠷᠡᠭᠯᠡᠵᠦ ᠪᠠᠶᠢᠭ᠎ᠠ ᠠᠯᠺᠣᠣᠯ ᠢᠶᠠᠷ ᠰᠠᠭᠤᠷᠢ ᠪᠣᠯᠭᠠᠭᠰᠠᠨ ᠲᠦᠯᠡᠰᠢ ᠶᠢᠨ ᠲᠥᠬᠦᠭᠡᠷᠦᠮᠵᠢ ᠪᠠ ᠲᠠᠯᠠᠪᠤᠷ ᠭᠠᠵᠠᠷ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠬᠤ ᠠᠰᠠᠭᠤᠳᠠᠯ ᠳᠤ ᠳᠤᠮᠳᠠ ᠵᠡᠷᠭᠡ ᠲᠦᠭᠰᠢᠭᠦᠷᠢ ᠶᠢᠨ ᠳᠠᠯᠳᠠ ᠬᠡᠮ ᠣᠷᠣᠰᠢᠵᠤ ᠪᠠᠶᠢᠨ᠎ᠠ᠃ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠠᠪᠬᠤᠷᠭ᠎ᠠ ᠶᠢᠨ ᠬᠢᠨᠠᠨ ᠬᠠᠮᠢᠶᠠᠷᠬᠤ ᠬᠦᠴᠦᠨ ᠬᠦᠷᠦᠯᠴᠡᠬᠦ ᠦᠭᠡᠢ ᠪᠠᠶᠢᠵᠤ᠂ ᠠᠶᠤᠯᠲᠠᠢ ᠬᠢᠮᠢ ᠶᠢᠨ ᠪᠣᠳᠠᠰ ᠢ ᠡᠵᠡᠩᠨᠡᠬᠦ ᠨᠢᠭᠡᠴᠢ ᠨᠢ ᠲᠡᠭᠦᠨ ᠤ ᠨᠣᠴᠣᠮᠠᠲᠠᠭᠠᠢ ᠳᠡᠯᠪᠡᠷᠡᠮᠡᠲᠡᠭᠡᠢ ᠠᠵᠢᠯ ᠲᠦᠷᠦᠯ ᠤᠨ ᠣᠨᠴᠠᠯᠢᠭ ᠰᠢᠨᠵᠢ᠂ ᠡᠭᠦᠨ ᠤ ᠳᠡᠭᠡᠷ᠎ᠡ ᠵᠠᠷᠢᠮ ᠲᠥᠬᠦᠭᠡᠷᠦᠮᠵᠢ ᠲᠥᠬᠦᠭᠡᠷᠦᠮᠵᠢ ᠨᠢ ᠲᠡᠭᠦᠯᠳᠡᠷ ᠪᠤᠰᠤ ᠪᠠ ᠠᠵᠢᠯᠯᠠᠵᠤ ᠪᠠᠶᠢᠭ᠎ᠠ ᠬᠥᠮᠥᠰ ᠤᠨ ᠠᠮᠤᠷ ᠲᠦᠪᠰᠢᠨ ᠤ ᠬᠡᠪ ᠴᠢᠨᠠᠷ ᠵᠡᠷᠭᠡ ᠬᠦᠴᠦᠨ ᠵᠦᠢᠯ ᠠᠴᠠ ᠪᠣᠯᠵᠤ ᠂ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠭᠠᠷᠬᠤ ᠠᠶᠤᠯ ᠲᠦᠭᠰᠢᠭᠦᠷᠢ ᠣᠷᠣᠰᠢᠵᠤ ᠪᠠᠶᠢᠨ᠎ᠠ᠃       ︵  ᠳᠥᠷᠪᠡ︶  ᠰᠢᠲᠠᠮᠠᠬᠠᠢ ᠬᠡᠢ ᠶᠢᠨ ᠬᠦᠷᠢᠶᠡᠨ ᠳᠠᠬᠢ ᠭᠤᠣᠯ ᠲᠦᠭᠰᠢᠭᠦᠷᠢ᠄  ᠰᠥᠨᠢ ᠶᠢᠨ ᠢᠳᠡᠭᠡᠨ ᠤᠮᠳᠠᠭᠠᠨ ᠤ ᠬᠡᠷᠡᠭᠯᠡᠭᠡ ᠬᠥᠭᠵᠢᠶᠡᠨᠲᠡᠢ ᠪᠣᠯᠬᠤ ᠶᠢ ᠳᠠᠭᠠᠯᠳᠤᠨ᠂ ᠬᠡᠷᠡᠭᠯᠡᠬᠦ ᠬᠡᠢ ᠶᠢᠨ ᠬᠡᠮᠵᠢᠶ᠎ᠡ ᠶᠡᠭᠡ ᠬᠡᠮᠵᠢᠶ᠎ᠡ ᠪᠠᠷ ᠨᠡᠮᠡᠭᠳᠡᠵᠦ᠂ ᠵᠢᠵᠢᠭ ᠢᠳᠡᠭᠡᠨ ᠤᠮᠳᠠᠭᠠᠨ ᠤ ᠲᠠᠯᠠᠪᠤᠷ ᠤᠨ ᠣᠯᠠᠩᠬᠢ ᠨᠢ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢ ᠬᠡᠷᠡᠭᠯᠡᠵᠦ᠂ ᠲᠥᠬᠦᠭᠡᠷᠦᠮᠵᠢ ᠶᠢᠨ ᠬᠤᠭᠤᠯᠠᠢ ᠱᠤᠭᠤᠮ ᠢ ᠴᠠᠭ ᠲᠤᠬᠠᠢ ᠳᠤᠨᠢ ᠪᠠᠶᠢᠴᠠᠭᠠᠨ ᠵᠠᠰᠠᠭᠰᠠᠨ ᠦᠭᠡᠢ᠂ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠪᠠᠭᠠᠵᠢ ᠵᠢᠴᠢ ᠬᠤᠯᠪᠣᠯᠳᠤᠯ ᠣᠨᠢᠰᠤ ᠶᠢ ᠲᠠᠰᠤᠯᠬᠤ ᠲᠣᠨᠣᠭᠯᠠᠯ ᠤᠨ ᠤᠭᠰᠠᠷᠠᠯᠲᠠ ᠵᠢᠷᠤᠮᠵᠢᠯ ᠦᠭᠡᠢ᠂ ᠥᠮᠴᠢᠲᠡᠨ ᠤ ᠠᠮᠤᠷ ᠲᠦᠪᠰᠢᠨ ᠤ ᠦᠵᠡᠯ ᠤᠬᠠᠮᠰᠠᠷ ᠢᠶᠠᠷ ᠪᠠᠭᠤᠷᠠᠢ᠂ ᠬᠡᠷᠡᠭᠯᠡᠬᠦ ᠬᠡᠢ ᠶᠢᠨ ᠠᠮᠤᠷ ᠲᠦᠪᠰᠢᠨ ᠤ ᠳᠠᠯᠳᠠ ᠬᠡᠮ ᠲᠣᠪᠣᠶᠢᠮ᠎ᠠ ᠪᠠᠶᠢᠨ᠎ᠠ᠃ ᠵᠣᠨ ᠤ ᠤᠯᠠᠷᠢᠯ ᠤᠨ ᠳᠤᠯᠠᠭᠠᠨ ᠤ ᠬᠡᠮᠵᠢᠶ᠎ᠡ ᠥᠨᠳᠥᠷ ᠪᠣᠯᠬᠤᠷ ᠭᠤᠮ ᠬᠤᠭᠤᠯᠠᠢ ᠮᠠᠰᠢ ᠠᠮᠠᠷᠬᠠᠨ ᠬᠠᠭᠤᠴᠢᠷᠠᠵᠤ ᠬᠠᠭᠠᠷᠠᠳᠠᠭ᠂ ᠰᠢᠲᠠᠮᠠᠬᠠᠢ ᠬᠡᠢ ᠶᠢᠨ ᠬᠡᠷᠡᠭᠯᠡᠭᠴᠢ ᠶᠢᠨ ᠦᠵᠦᠭᠦᠷ ᠲᠤ ᠰᠠᠭᠤᠭᠠᠯᠢ ᠠᠷᠠᠳ ᠤᠨ ᠬᠤᠪᠢ ᠬᠥᠮᠥᠨ ᠤ ᠬᠡᠷᠡᠭᠯᠡᠭᠰᠡᠨ ᠨᠢ ᠵᠣᠬᠢᠰ ᠦᠭᠡᠢ ᠠᠴᠠ ᠪᠣᠯᠵᠤ᠂ ᠠᠮᠤᠷ ᠲᠦᠪᠰᠢᠨ ᠢᠶᠠᠷ ᠠᠵᠢᠯᠯᠠᠬᠤ ᠳᠦᠷᠢᠮ ᠢ ᠵᠥᠷᠢᠴᠡᠵᠦ᠂ ᠴᠣᠴᠢᠮᠠᠭ ᠳᠡᠯᠪᠡᠷᠡᠯᠲᠡ ᠡᠭᠦᠰᠬᠡᠬᠦ ᠵᠡᠷᠭᠡ ᠣᠯᠠᠨ ᠨᠡᠶᠢᠲᠡ ᠶᠢᠨ ᠠᠮᠤᠷ ᠲᠦᠪᠰᠢᠨ ᠢ ᠨᠥᠯᠥᠭᠡᠯᠡᠬᠦ ᠠᠰᠠᠭᠤᠳᠠᠯ ᠤᠨ ᠳᠠᠯᠳᠠ ᠬᠡᠮ ᠮᠥᠨ ᠬᠦ ᠣᠷᠣᠰᠢᠭᠰᠠᠭᠠᠷ ᠪᠠᠶᠢᠨ᠎ᠠ᠃ ᠡᠭᠦᠨ ᠠᠴᠠ ᠭᠠᠳᠠᠨ᠎ᠠ᠂ ᠥᠨᠳᠥᠷ ᠳᠤᠯᠠᠭᠠᠨ ᠨᠢ ᠪᠠᠰᠠ ᠭᠤᠮ ᠬᠤᠭᠤᠯᠠᠢ ᠶᠢ ᠠᠮᠠᠷᠬᠠᠨ ᠬᠠᠯᠠᠨ ᠲᠡᠯᠡᠵᠦ ᠭᠤᠮ ᠬᠤᠭᠤᠯᠠᠢ ᠶᠢ ᠰᠤᠯᠠᠷᠠᠭᠤᠯᠤᠨ ᠤᠨᠠᠭᠠᠵᠤ᠂ ᠰᠢᠲᠠᠮᠠᠬᠠᠢ ᠬᠡᠢ ᠯᠡᠪᠡᠷᠡᠭᠦᠯᠵᠦ᠂ ᠰᠢᠲᠠᠮᠠᠬᠠᠢ ᠬᠡᠢ ᠶᠢᠨ ᠠᠳᠡᠯ ᠡᠭᠦᠰᠬᠡᠳᠡᠭ᠃ ᠰᠢᠩᠭᠡᠨᠵᠢᠮᠡᠯ ᠬᠡᠢ ᠳᠤ ᠬᠠᠯᠠᠪᠠᠯ ᠠᠮᠠᠷᠬᠠᠨ ᠬᠡᠶᠢᠵᠢᠬᠦ᠂ ᠠᠮᠠᠷᠬᠠᠨ ᠲᠡᠯᠡᠭᠳᠡᠬᠦ ᠹᠢᠽᠢᠺ ᠤᠨ ᠣᠨᠴᠠᠯᠢᠭ ᠲᠠᠢ᠂ ᠵᠤᠨ ᠤ ᠤᠯᠠᠷᠢᠯ ᠳᠤ ᠬᠡᠷᠪᠡ ᠬᠡᠢ ᠶᠢᠨ ᠯᠣᠩᠬᠤ ᠶᠢ ᠨᠡᠷᠡᠨ ᠤ ᠳᠣᠣᠷ᠎ᠠ ᠲᠠᠯᠪᠢᠭᠠᠳ ᠤᠷᠳᠦ ᠬᠤᠭᠤᠴᠠᠭ᠎ᠠ ᠪᠠᠷ ᠨᠡᠷᠡᠨ ᠳᠤ ᠰᠢᠷᠠᠪᠠᠯ᠂ ᠬᠡᠢ ᠶᠢᠨ ᠯᠣᠩᠬᠤᠨ ᠤ ᠳᠣᠲᠣᠭᠠᠳᠤ ᠶᠢᠨ ᠳᠠᠷᠤᠯᠲᠠ ᠶᠢ ᠰᠢᠷᠦᠭᠦᠨ ᠢᠶᠠᠷ ᠳᠡᠭᠡᠭᠰᠢᠯᠡᠭᠦᠯᠵᠦ᠂ ᠬᠡᠢ ᠶᠢᠨ ᠯᠣᠩᠬᠤ ᠶᠢ ᠭᠡᠳᠦ ᠳᠤᠯᠠᠭᠠᠨ᠂ ᠭᠡᠳᠦ ᠳᠠᠷᠤᠯᠲᠠ ᠠᠴᠠ ᠪᠣᠯᠵᠤ ᠲᠡᠯᠡᠵᠦ ᠬᠠᠭᠠᠷᠠᠨ᠂ ᠴᠢᠨᠠᠭᠰᠢᠯᠠᠪᠠᠯ ᠳᠡᠯᠪᠡᠷᠡᠭᠡᠳ ᠠᠳᠡᠯ ᠭᠠᠷᠴᠤ ᠮᠡᠳᠡᠨ᠎ᠡ᠃       ︵  ᠲᠠᠪᠤ︶  ᠲᠡᠮᠦᠷᠯᠢᠭ ᠬᠠᠶᠢᠯᠤᠭᠤᠯᠬᠤ ᠵᠡᠷᠭᠡ ᠠᠵᠤ ᠦᠢᠯᠡᠳᠪᠦᠷᠢ ᠠᠷᠠᠯᠵᠢᠶ᠎ᠠ ᠶᠢᠨ ᠬᠦᠷᠢᠶᠡᠨ ᠳᠠᠬᠢ ᠭᠤᠣᠯ ᠠᠶᠤᠯ ᠲᠦᠭᠰᠢᠭᠦᠷᠢ᠄  ᠨᠢᠭᠡ ᠳᠤ᠂ ᠪᠥᠬᠦ ᠬᠤᠰᠢᠭᠤᠨ ᠤ ᠲᠡᠮᠦᠷᠯᠢᠭ ᠬᠠᠶᠢᠯᠤᠭᠤᠯᠬᠤ ᠵᠡᠷᠭᠡ ᠠᠵᠤ ᠦᠢᠯᠡᠳᠪᠦᠷᠢ ᠠᠷᠠᠯᠵᠢᠶ᠎ᠠ ᠶᠢᠨ ᠠᠵᠤ ᠠᠬᠤᠶᠢᠯᠠᠯ ᠤᠨ ᠴᠡᠭ ᠣᠯᠠᠨ ᠬᠡᠪᠴᠢᠶ᠎ᠡ ᠥᠷᠭᠡᠨ᠂ ᠠᠵᠢᠯᠲᠠᠨ ᠤ ᠰᠢᠯᠵᠢᠯᠲᠡ ᠶᠢᠨ ᠴᠢᠨᠠᠷ ᠶᠡᠭᠡ᠂ ᠠᠵᠢᠯᠲᠠᠨ ᠤ ᠠᠮᠤᠷ ᠲᠦᠪᠰᠢᠨ ᠤ ᠬᠡᠪ ᠪᠣᠯᠪᠠᠰᠤᠷᠠᠯ ᠠᠳᠠᠯᠢ ᠦᠭᠡᠢ᠂ ᠬᠢᠨᠠᠨ ᠬᠠᠮᠢᠶᠠᠷᠬᠤ ᠡᠭᠦᠷᠭᠡ ᠬᠦᠨᠳᠦ ᠠᠰᠠᠭᠤᠳᠠᠯ ᠮᠥᠨ ᠬᠦ ᠣᠷᠣᠰᠢᠵᠤ ᠪᠠᠶᠢᠨ᠎ᠠ᠃ ᠬᠤᠶᠠᠷ ᠲᠤ ᠨᠤᠨᠳᠠᠭ ᠲᠣᠭᠤᠰᠣ ᠳᠡᠯᠪᠡᠷᠡᠯᠲᠡ ᠳᠤ ᠬᠤᠯᠪᠣᠭᠳᠠᠬᠤ᠂ ᠪᠠᠷᠢᠯᠭ᠎ᠠ ᠶᠢᠨ ᠮᠠᠲ᠋ᠧᠷᠢᠶᠠᠯ ᠡᠳ᠋ᠰᠢᠭᠦᠯᠬᠦ ᠵᠡᠷᠭᠡ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠳ ᠵᠣᠨ ᠤ ᠤᠯᠠᠷᠢᠯ ᠳᠤ ᠥᠨᠳᠥᠷ ᠪᠠᠶᠢᠷᠢᠨ ᠳᠤ ᠠᠵᠢᠯᠯᠠᠵᠤ᠂ ᠴᠢᠳᠠᠪᠤᠷᠢ ᠠᠴᠠ ᠳᠠᠪᠠᠭᠰᠠᠨ᠂ ᠬᠡᠪᠴᠢᠶ᠎ᠡ ᠠᠴᠠ ᠳᠠᠪᠠᠭᠰᠠᠨ᠂ ᠬᠡᠮᠵᠢᠶ᠎ᠡ ᠠᠴᠠ ᠬᠡᠲᠦᠷᠡᠭᠰᠡᠨ ᠦᠢᠯᠡᠳᠪᠦᠷᠢᠯᠡᠬᠦ ᠵᠡᠷᠭᠡ ᠬᠠᠤᠯᠢ ᠪᠤᠰᠤ ᠦᠶᠯᠡ ᠠᠵᠢᠯᠯᠠᠭ᠎ᠠ ᠶᠢ ᠲᠤᠶᠢᠯ ᠤᠨ ᠠᠮᠠᠷᠬᠠᠨ ᠪᠦᠷᠢᠯᠳᠦᠭᠦᠯᠦᠨ᠎ᠡ᠃ ᠭᠤᠷᠪᠠ ᠳᠤ ᠬᠢᠵᠠᠭᠠᠷ ᠲᠠᠢ ᠣᠷᠣᠨ ᠵᠠᠢ᠂ ᠭᠠᠯ ᠨᠣᠴᠣᠭᠠᠬᠤ᠂ ᠲᠦᠷ ᠴᠠᠭ ᠴᠠᠬᠢᠯᠭᠠᠨ ᠬᠡᠷᠡᠭᠯᠡᠬᠦ᠂ ᠥᠨᠳᠥᠷ ᠭᠠᠵᠠᠷ ᠵᠡᠷᠭᠡ ᠳᠤ ᠠᠶᠤᠯᠲᠠᠢ ᠠᠵᠢᠯ ᠬᠢᠵᠦ ᠪᠠᠶᠢᠭ᠎ᠠ ᠬᠥᠮᠥᠰ ᠤᠨ ᠠᠮᠤᠷ ᠲᠦᠪᠰᠢᠨ ᠤ ᠬᠡᠪ ᠴᠢᠨᠠᠷ ᠥᠨᠳᠥᠷ ᠪᠢᠰᠢ᠂ ᠠᠶᠤᠯᠲᠠᠢ ᠠᠵᠢᠯ ᠬᠢᠬᠦ ᠶᠢ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠬᠦ ᠦᠭᠡᠢ᠂ ᠲᠤᠬᠠᠢ ᠶᠢᠨ ᠲᠠᠯᠠᠪᠤᠷ ᠤᠨ ᠠᠮᠤᠷ ᠲᠦᠪᠰᠢᠨ ᠤ ᠨᠤᠲᠠᠯᠠᠯᠲᠠ ᠶᠢᠨ ᠬᠢᠨᠠᠨ ᠬᠠᠮᠠᠭᠠᠯᠠᠯᠲᠠ ᠬᠦᠷᠦᠯᠴᠡᠬᠦ ᠦᠭᠡᠢ᠂ ᠳᠠᠭᠠᠭᠠᠴᠢᠯᠠᠯᠲᠠ ᠪᠠᠷ ᠬᠠᠮᠢᠶᠠᠷᠤᠯᠲᠠ ᠶᠢ ᠣᠷᠣᠯᠠᠭᠤᠯᠬᠤ᠂ ᠳᠠᠭᠠᠭᠠᠴᠢᠯᠠᠬᠤ ᠠᠴᠠ ᠪᠢᠰᠢ ᠬᠠᠮᠢᠶᠠᠷᠬᠤ ᠦᠭᠡᠢ ᠵᠡᠷᠭᠡ ᠠᠰᠠᠭᠤᠳᠠᠯ ᠲᠣᠯᠣᠭᠠᠢ ᠥᠨᠳᠡᠶᠢᠵᠦ ᠮᠡᠳᠡᠨ᠎ᠡ᠂ ᠠᠮᠤᠷ ᠲᠦᠪᠰᠢᠨ ᠤ ᠳᠠᠯᠳᠠ ᠬᠡᠮ ᠲᠣᠪᠣᠶᠢᠮ᠎ᠠ ᠪᠠᠶᠢᠵᠤ᠂ ᠬᠤᠣᠷᠳᠠᠭᠳᠠᠬᠤ᠂ ᠠᠮᠢᠰᠬᠤᠯ ᠪᠦᠲᠡᠬᠦ᠂ ᠭᠠᠯ ᠤᠨ ᠠᠶᠤᠯ ᠭᠠᠷᠬᠤ᠂ ᠴᠠᠬᠢᠯᠭᠠᠨ ᠳᠤ ᠴᠣᠬᠢᠭᠳᠠᠬᠤ᠂ ᠥᠨᠳᠥᠷ ᠭᠠᠵᠠᠷ ᠤᠨᠠᠬᠤ ᠵᠡᠷᠭᠡ ᠠᠳᠡᠯ ᠭᠠᠷᠬᠤ ᠳᠤ ᠲᠤᠶᠢᠯ ᠤᠨ ᠠᠮᠠᠷᠬᠠᠨ ᠬᠦᠷᠦᠭᠦᠯᠦᠨ᠎ᠡ᠃       ︵  ᠵᠢᠷᠭᠤᠭ᠎ᠠ︶  ᠰᠣᠶᠣᠯ ᠤᠨ ᠵᠢᠭᠤᠯᠴᠢᠯᠠᠯ ᠤᠨ ᠬᠦᠷᠢᠶᠡᠨ ᠳᠠᠬᠢ ᠭᠤᠣᠯ ᠠᠶᠤᠯ ᠲᠦᠭᠰᠢᠭᠦᠷᠢ᠄  ᠨᠢᠭᠡ ᠳᠤ ᠵᠢᠭᠤᠯᠴᠢᠯᠠᠯ ᠤᠨ ᠬᠥᠭᠵᠢᠯᠲᠡᠢ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠣᠯᠠᠨ ᠲᠦᠮᠡᠨ ᠤ ᠶᠠᠪᠤᠵᠤ ᠰᠠᠭᠤᠬᠤ ᠬᠡᠮᠵᠢᠶ᠎ᠡ ᠶᠡᠭᠡ ᠪᠠᠷ ᠨᠡᠮᠡᠭᠳᠡᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠠᠶᠠᠨᠴᠢᠳ ᠤᠨ ᠣᠷᠭᠢᠯ ᠦᠶ᠎ᠡ ᠲᠠᠢ ᠪᠣᠯᠵᠤ᠂ ᠵᠢᠭᠤᠯᠴᠢᠳ ᠤᠨ ᠲᠦᠭᠵᠢᠷᠡᠬᠦ᠂ ᠴᠤᠭᠯᠠᠷᠠᠬᠤ ᠶᠠᠪᠤᠳᠠᠯ ᠠᠮᠠᠷᠬᠠᠨ ᠡᠭᠦᠰᠴᠦ᠂ ᠭᠢᠰᠬᠢᠯᠳᠦᠬᠦ ᠬᠡᠷᠡᠭ ᠲᠤᠶᠢᠯ ᠤᠨ ᠠᠮᠠᠷᠬᠠᠨ ᠭᠠᠷᠴᠤ᠂ ᠬᠡᠭᠡᠷ᠎ᠡ ᠬᠤᠭᠤᠯᠠᠯᠠᠬᠤ᠂ ᠬᠡᠭᠡᠷ᠎ᠡ ᠪᠠᠭᠤᠳᠠᠯᠯᠠᠬᠤ ᠵᠡᠷᠭᠡ ᠭᠡᠷ ᠤᠨ ᠭᠠᠳᠠᠨᠠᠬᠢ ᠵᠠᠷᠢᠮ ᠠᠵᠢᠯᠯᠠᠭ᠎ᠠ ᠳᠤ ᠭᠠᠯ ᠤᠨ ᠠᠶᠤᠯ᠂ ᠬᠥᠮᠥᠨ ᠤ ᠪᠡᠶ᠎ᠡ ᠮᠠᠬᠠᠪᠤᠳ ᠢ ᠭᠡᠮᠲᠦᠭᠡᠬᠦ ᠵᠡᠷᠭᠡ ᠠᠶᠤᠯ ᠲᠦᠭᠰᠢᠭᠦᠷᠢ ᠣᠷᠣᠰᠢᠵᠤ ᠪᠠᠶᠢᠨ᠎ᠠ᠃ ᠬᠤᠶᠠᠷ ᠲᠤ ᠦᠵᠡᠮᠵᠢ ᠶᠢᠨ ᠣᠷᠣᠨ᠂ ᠦᠵᠡᠮᠵᠢ ᠶᠢᠨ ᠣᠷᠣᠨ ᠢ ᠪᠠᠶᠢᠴᠠᠭᠠᠨ ᠵᠠᠰᠠᠬᠤ ᠪᠠ ᠰᠡᠯᠪᠢᠨ ᠵᠠᠰᠠᠬᠤ ᠠᠵᠢᠯ ᠢ ᠪᠣᠳᠠᠲᠠᠶᠢᠵᠢᠭᠤᠯᠤᠭᠰᠠᠨ ᠦᠭᠡᠢ᠂ ᠵᠣᠬᠢᠬᠤ ᠬᠡᠮᠵᠢᠶᠡᠨ ᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ︔  ᠲᠠᠷᠢᠶᠠᠴᠢᠨ ᠠᠶᠢᠯ ᠤᠨ ᠵᠢᠭᠤᠯᠴᠢᠯᠠᠯ ᠤᠨ ᠰᠦᠯᠵᠢᠶᠡᠨ ᠤ ᠤᠯᠠᠭᠠᠨ ᠬᠥᠭᠦᠷᠭᠡ᠂ ᠰᠢᠯ ᠬᠥᠭᠦᠷᠭᠡᠨ ᠵᠠᠮ ᠵᠡᠷᠭᠡ ᠬᠦᠷᠢᠶᠡᠯᠡᠯ ᠲᠠᠢ ᠰᠦᠯᠵᠢᠶᠡᠨ ᠤ ᠤᠯᠠᠭᠠᠨ ᠺᠠᠷᠲ ᠠᠪᠤᠭᠰᠠᠨ ᠦᠵᠡᠮᠵᠢ ᠶᠢᠨ ᠣᠷᠣᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠨᠢ ᠪᠠᠷᠢᠮᠵᠢᠶ᠎ᠠ ᠳᠤ ᠬᠦᠷᠦᠭᠰᠡᠨ ᠦᠭᠡᠢ᠂ ᠵᠣᠬᠢᠬᠤ ᠬᠡᠮᠵᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠣᠷᠣᠰᠢᠵᠤ ᠪᠠᠶᠢᠨ᠎ᠠ᠃ ᠭᠤᠷᠪᠠ ᠳᠤ ᠤᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠤᠯᠠᠨ᠂ ᠠᠮᠤᠷ ᠲᠦᠪᠰᠢᠨ ᠤ ᠪᠠᠲᠤᠯᠠᠭ᠎ᠠ ᠶᠢᠨ ᠪᠡᠯᠡᠳᠬᠡᠯ ᠲᠥᠰᠥᠯ ᠢ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠪᠤᠰᠤ᠂ ᠵᠢᠷᠤᠮᠵᠢᠯ ᠦᠭᠡᠢ ᠵᠡᠷᠭᠡ ᠦᠵᠡᠭᠳᠡᠯ ᠠᠮᠠᠷᠬᠠᠨ ᠭᠠᠷᠴᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠠᠪᠤᠭᠰᠠᠨ ᠦᠭᠡᠢ ᠠᠴᠠ ᠪᠣᠯᠵᠤ ᠡ᠊ᠨᠳᠡᠯ ᠭᠠᠷᠬᠤ ᠳᠤ ᠲᠤᠶᠢᠯ ᠤᠨ ᠠᠮᠠᠷᠬᠠᠨ ᠪᠠᠶᠢᠳᠠᠭ᠃ ᠳᠥᠷᠪᠡ ᠳᠤ ᠵᠢᠭᠤᠯᠴᠢᠯᠠᠯ ᠤᠨ ᠭᠠᠵᠠᠷ ᠬᠠᠤᠯᠢ ᠶᠣᠰᠣᠨ ᠤ ᠬᠢᠷᠢ ᠬᠡᠮ ᠦᠭᠡᠢ ᠲᠡᠷᠭᠡ ᠪᠤᠶᠤ ᠵᠢᠯᠣᠭᠤᠴᠢ ᠶᠢ ᠲᠣᠭᠲᠠᠭᠠᠯ ᠠᠴᠠ ᠵᠥᠷᠢᠴᠡᠨ ᠲᠦᠷᠢᠶᠡᠰᠦᠯᠡᠨ ᠬᠡᠷᠡᠭᠯᠡᠵᠦ᠂ ᠲᠡᠷᠭᠡ ᠲᠦᠷᠢᠶᠡᠰᠦᠯᠡᠬᠦ ᠵᠢᠷᠤᠮᠵᠢᠭᠰᠠᠨ ᠭᠡᠷ᠎ᠡ ᠲᠣᠭᠲᠠᠬᠤ ᠦᠭᠡᠢ᠂ ᠵᠢᠭᠤᠯᠴᠢᠯᠠᠯ ᠤᠨ ᠠᠶᠠᠯᠠᠯ ᠤᠨ ᠲᠥᠯᠥᠪᠯᠡᠭᠡ ᠵᠣᠬᠢᠰ ᠦᠭᠡᠢ ᠪᠣᠯ ᠴᠥᠮ ᠵᠢᠭᠤᠯᠴᠢᠯᠠᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠳᠤ ᠳᠠᠯᠳᠠ ᠬᠡᠮ ᠠᠪᠴᠢᠷᠠᠬᠤ ᠪᠣᠯᠣᠨ᠎ᠠ᠃       ︵  ᠲᠤᠯᠤᠭ᠎ᠠ︶  ᠭᠠᠯ ᠲᠦᠢᠮᠡᠷ ᠢ ᠤᠨᠲᠠᠷᠠᠭᠠᠬᠤ ᠬᠦᠷᠢᠶᠡᠨ ᠤ ᠭᠤᠣᠯ ᠲᠦᠭᠰᠢᠭᠦᠷᠢ᠄  ᠥᠨᠳᠥᠷ ᠳᠠᠪᠬᠤᠷᠭᠠᠲᠤ ᠪᠠᠷᠢᠯᠭ᠎ᠠ᠂ ᠭᠠᠵᠠᠷ ᠳᠣᠣᠷᠠᠬᠢ ᠪᠠᠷᠢᠯᠭ᠎ᠠ ᠶᠢᠨ ᠰᠠᠭᠤᠷᠢ ᠲᠤᠭ᠎ᠠ ᠨᠢ ᠲᠣᠳᠣᠷᠬᠠᠢ ᠦᠭᠡᠢ ᠲᠠᠯᠳᠠ ᠭᠡᠮ ᠨᠡᠯᠢᠶᠡᠳ ᠤᠯᠠᠨ ᠪᠠᠶᠢᠵᠤ᠂ ᠬᠡᠰᠡᠭ ᠬᠤᠷᠢᠶᠠᠯᠠᠯ ᠨᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠲᠦᠢᠮᠡᠷ ᠢ ᠤᠨᠲᠠᠷᠠᠭᠠᠬᠤ ᠠᠵᠢᠯ ᠳᠠᠭᠤᠰᠤᠭᠰᠠᠨ ᠢ ᠳᠠᠩᠰᠠᠯᠠᠭᠤᠯᠬᠤ ᠭᠠᠷᠳᠠᠮ ᠢ ᠣᠯᠣᠭᠠᠳᠤᠢ ᠪᠠᠶᠢᠳᠠᠯ ᠳᠤ ᠳᠠᠷᠤᠢ ᠠᠰᠢᠭᠯᠠᠯᠲᠠ ᠳᠤ ᠣᠷᠣᠭᠤᠯᠵᠤ᠂ ᠭᠠᠯ  ᠤᠨ ᠠᠶᠤᠯ ᠭᠠᠷᠪᠠᠯ᠂ ᠤᠯᠠᠨ ᠬᠥᠮᠥᠨ ᠦᠬᠦᠵᠦ ᠤᠯᠠᠨ ᠬᠥᠮᠥᠨ ᠰᠢᠷᠬᠠᠲᠤᠬᠤ ᠶᠠᠪᠤᠳᠠᠯ ᠢ ᠲᠤᠶᠢᠯ ᠤᠨ ᠠᠮᠠᠷᠬᠠᠨ ᠡᠭᠦᠰᠬᠡᠨ᠎ᠡ᠃ ᠬᠤᠳᠠ ᠳᠠᠬᠢ ᠲᠣᠰᠬᠤᠨ᠂ ᠥᠪᠡᠷ ᠢᠶᠠᠨ ᠭᠡᠷ ᠪᠠᠷᠢᠬᠤ᠂ ᠬᠠᠭᠤᠴᠢᠨ ᠪᠠᠷᠠᠭ᠎ᠠ ᠶᠢᠨ ᠵᠠᠬ᠎ᠠ ᠳᠡᠯᠭᠡᠭᠦᠷ᠂ ᠳᠠᠬᠢᠯᠲᠠ ᠡᠬᠢ ᠪᠠᠶᠠᠯᠢᠭ  ᠤᠨ ᠵᠠᠬ᠎ᠠ ᠳᠡᠯᠭᠡᠭᠦᠷ  ᠤᠨ ᠭᠠᠯ ᠲᠦᠢᠮᠡᠷ ᠢ ᠤᠨᠲᠠᠷᠠᠭᠠᠬᠤ ᠨᠡᠪᠳᠡᠷᠡᠯ ᠵᠠᠮ ᠰᠠᠭᠠᠳ ᠦᠭᠡᠢ᠂ ᠭᠠᠯ ᠲᠦᠢᠮᠡᠷ ᠤᠨ ᠠᠶᠤᠯ ᠢ ᠰᠡᠷᠭᠡᠶᠢᠯᠡᠬᠦ ᠵᠠᠢ ᠬᠦᠷᠦᠯᠴᠡᠬᠦ ᠦᠭᠡᠢ᠂ ᠭᠠᠯ ᠲᠦᠢᠮᠡᠷ ᠢ ᠤᠨᠲᠠᠷᠠᠭᠠᠬᠤ ᠤᠰᠤᠨ ᠰᠤᠷᠪᠤᠯᠵᠢ ᠳᠤᠲᠠᠭᠳᠠᠵᠤ ᠪᠠᠶᠢᠬᠤ ᠵᠡᠷᠭᠡ ᠠᠰᠠᠭᠤᠳᠠᠯ ᠲᠣᠪᠣᠶᠢᠮ᠎ᠠ ᠪᠠᠶᠢᠵᠤ᠂ ᠭᠠᠯ  ᠤᠨ ᠠᠶᠤᠯ  ᠤᠨ ᠲᠦᠭᠰᠢᠭᠦᠷᠢᠲᠦ ᠴᠢᠨᠠᠷ ᠳᠤᠮᠳᠠ ᠵᠡᠷᠭᠡ ᠪᠠᠶᠢᠨ᠎ᠠ᠃ ᠰᠤᠷᠭᠠᠭᠤᠯᠢ ᠶᠢᠨ ᠭᠠᠳᠠᠨᠠᠬᠢ ᠰᠤᠷᠭᠠᠯᠲᠠ ᠶᠢᠨ ᠪᠠᠶᠢᠭᠤᠯᠤᠮᠵᠢ᠂ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠠᠮᠤᠷ ᠲᠦᠪᠰᠢᠨ ᠢᠶᠠᠷ ᠲᠠᠷᠬᠠᠭᠠᠬᠤ ᠨᠥᠬᠦᠴᠡᠯ ᠪᠠᠷᠢᠮᠵᠢᠶ᠎ᠠ ᠳᠤ ᠬᠦᠷᠬᠦ ᠦᠭᠡᠢ᠃ ᠮᠠᠯᠵᠢᠬᠤ ᠲᠠᠷᠢᠶᠠᠯᠠᠬᠤ ᠣᠷᠣᠨ ᠤ ᠭᠠᠯ ᠲᠦᠢᠮᠡᠷ ᠢ ᠤᠨᠲᠠᠷᠠᠭᠠᠬᠤ ᠠᠮᠤᠷ ᠲᠦᠪᠰᠢᠨ ᠤ ᠰᠠᠭᠤᠷᠢ ᠪᠦᠲᠦᠭᠡᠨ ᠪᠠᠶᠢᠭᠤᠯᠤᠯᠲᠠ ᠬᠠᠷᠢᠴᠠᠩᠭᠤᠢ ᠪᠠᠷ ᠬᠤᠴᠣᠷᠴᠤ᠂ ᠦᠨᠳᠦᠰᠦᠨ ᠱᠠᠲᠤᠨ ᠤ ᠰᠡᠭᠦᠯᠴᠢ ᠶᠢᠨ ᠬᠡᠰᠡᠭ ᠤᠨ ᠭᠠᠯ ᠲᠦᠢᠮᠡᠷ ᠢ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠦᠨᠳᠦᠰᠦᠨ ᠵᠦᠢᠯ ᠢ ᠪᠠᠲᠤᠯᠠᠬᠤ ᠦᠭᠡᠢ᠂ ᠲᠠᠷᠢᠶᠠᠴᠢᠨ ᠲᠦᠮᠡᠨ ᠤ ᠭᠠᠯ ᠲᠦᠢᠮᠡᠷ ᠢ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠶᠡᠷᠦᠩᠬᠡᠢ ᠳᠡᠭᠡᠨ ᠥᠨᠳᠥᠷ ᠪᠢᠰᠢ ᠂ ᠲᠣᠭᠲᠠᠭᠠᠯ ᠠᠴᠠ ᠵᠥᠷᠢᠴᠡᠨ ᠭᠠᠯ ᠴᠠᠬᠢᠯᠭᠠᠨ ᠬᠡᠷᠡᠭᠯᠡᠬᠦ ᠵᠡᠷᠭᠡ ᠠᠰᠠᠭᠤᠳᠠᠯ ᠲᠣᠪᠣᠶᠢᠮ᠎ᠠ ᠪᠠᠶᠢᠨ᠎ᠠ᠃ ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠵᠡᠷᠭᠡ ᠬᠥᠮᠥᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠲᠤ ᠵᠠᠮ ᠱᠤᠭᠤᠮ᠂ ᠲᠥᠬᠦᠭᠡᠷᠦᠮᠵᠢ ᠬᠠᠭᠤᠴᠢᠷᠠᠵᠤ᠂ ᠣᠯᠠᠨ ᠬᠥᠮᠥᠨ ᠦᠬᠦᠵᠦ ᠣᠯᠠᠨ ᠬᠥᠮᠥᠨ ᠰᠢᠷᠬᠠᠲᠤᠬᠤ ᠭᠠᠯ ᠤᠨ ᠭᠠᠮᠰᠢᠭ ᠤᠨ ᠠᠳᠡᠯ ᠠᠮᠠᠷᠬᠠᠨ ᠭᠠᠷᠴᠤ ᠮᠡᠳᠡᠨ᠎ᠡ᠃ ᠡᠭᠦᠨ ᠠᠴᠠ ᠭᠠᠳᠠᠨ᠎ᠠ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠵᠡᠷᠭᠡ ᠬᠥᠮᠥᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠲᠤ ᠲᠡᠮᠦᠷ ᠬᠡᠷᠡᠰᠬᠡ ᠲᠣᠬᠢᠷᠠᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠪᠠ ᠭᠠᠯ ᠲᠦᠢᠮᠡᠷ ᠢ ᠤᠨᠲᠠᠷᠠᠭᠠᠬᠤ ᠠᠮᠤᠷ ᠲᠦᠪᠰᠢᠨ ᠤ ᠵᠥᠷᠢᠴᠡᠯ ᠲᠣᠪᠣᠶᠢᠮ᠎ᠠ ᠪᠠᠶᠢᠨ᠎ᠠ᠃       ︵  ᠨᠠᠢᠮᠠ︶  ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠢ ᠰᠡᠷᠭᠡᠶᠢᠯᠡᠨ ᠤᠨᠲᠠᠷᠠᠭᠠᠬᠤ ᠭᠤᠣᠯ ᠲᠦᠭᠰᠢᠭᠦᠷᠢ᠄  ᠠᠭᠠᠷ ᠤᠨ ᠳᠤᠯᠠᠭᠠᠨ ᠪᠠ ᠶᠡᠭᠡ ᠰᠠᠯᠬᠢᠨ ᠤ ᠴᠠᠭ ᠠᠭᠤᠷ ᠤᠨ ᠨᠥᠯᠥᠭᠡ ᠠᠴᠠ ᠪᠣᠯᠵᠤ᠂ ᠭᠠᠯ ᠤᠨ ᠠᠶᠤᠯ ᠤᠨ ᠲᠠᠰ ᠦᠳᠲᠡᠷ ᠲᠦᠷᠭᠡᠨ ᠳᠡᠭᠡᠭᠰᠢᠯᠡᠵᠦ᠂ ᠭᠠᠯ ᠤᠨ ᠠᠶᠤᠯ ᠤᠨ ᠪᠠᠶᠢᠳᠠᠯ ᠤᠷᠢᠳᠴᠢᠯᠠᠨ ᠡᠭᠦᠰᠬᠦ ᠪᠣᠯᠣᠮᠵᠢ ᠮᠠᠰᠢ ᠶᠡᠭᠡ ᠪᠠᠶᠢᠳᠠᠭ᠃ ᠭᠡᠷ ᠤᠨ ᠭᠠᠳᠠᠨ᠎ᠠ ᠰᠢᠷᠠᠯᠠᠬᠤ᠂ ᠬᠡᠭᠡᠷ᠎ᠡ ᠬᠤᠭᠤᠯᠠᠯᠠᠬᠤ ᠵᠡᠷᠭᠡ ᠠᠵᠢᠯᠯᠠᠭ᠎ᠠ ᠨᠢ ᠭᠠᠯ ᠤᠨ ᠠᠶᠤᠯ ᠢ ᠲᠤᠶᠢᠯ ᠤᠨ ᠠᠮᠠᠷᠬᠠᠨ ᠡᠭᠦᠰᠬᠡᠳᠡᠭ᠃       ︵  ᠶᠢᠰᠦ︶  ᠪᠠᠶᠢᠭᠠᠯᠢ ᠶᠢᠨ ᠭᠠᠢ ᠭᠠᠮᠰᠢᠭ ᠤᠨ ᠭᠤᠣᠯ ᠲᠦᠭᠰᠢᠭᠦᠷᠢ᠄  ᠣᠶᠢᠷ᠎ᠠ ᠶᠢᠨ ᠬᠤᠭᠤᠴᠠᠭᠠᠨ ᠳᠤ ᠶᠡᠭᠡ ᠰᠠᠯᠬᠢ ᠰᠢᠭᠤᠷᠭᠠᠨ ᠤ ᠣᠷᠴᠢᠨ ᠨᠥᠬᠦᠴᠡᠯ ᠭᠠᠷᠴᠤ᠂ ᠵᠠᠮ ᠬᠠᠷᠢᠯᠴᠠᠭᠠᠨ ᠤ ᠠᠳᠡᠯ ᠠᠮᠠᠷᠬᠠᠨ ᠡᠭᠦᠰᠬᠦ᠂ ᠥᠨᠳᠥᠷ ᠳᠠᠪᠬᠤᠷᠭ᠎ᠠ ᠶᠢᠨ ᠭᠠᠳᠠᠷ ᠡᠯᠭᠦᠭᠡ ᠡᠳ᠋ ᠪᠣᠳᠠᠰ ᠠᠮᠠᠷᠬᠠᠨ ᠤᠨᠠᠵᠤ ᠢᠷᠡᠬᠦ ᠪᠠ ᠭᠠᠯ ᠤᠨ ᠠᠶᠤᠯ ᠵᠡᠷᠭᠡ᠃ ᠬᠡᠰᠡᠭ ᠬᠥᠭᠦᠷᠭᠡ᠂ ᠭᠤᠯᠳᠤᠩ ᠢ ᠪᠥᠭᠯᠡᠭᠰᠡᠨ ᠬᠤᠭ ᠨᠣᠪᠰᠢ ᠬᠠᠶᠠᠭᠳᠠᠮᠠᠯ ᠪᠣᠳᠠᠰ ᠢ ᠴᠠᠭ ᠲᠤᠬᠠᠢ ᠳᠤᠨᠢ ᠴᠡᠪᠡᠷᠯᠡᠵᠦ ᠳᠡᠶᠢᠯᠬᠦ ᠦᠭᠡᠢ ᠠᠴᠠ ᠪᠣᠯᠵᠤ ᠤᠰᠤᠨ ᠵᠠᠮ ᠢ ᠰᠠᠭᠠᠳ ᠦᠭᠡᠢ ᠨᠡᠪᠲᠡᠷᠡᠭᠦᠯᠪᠡ᠃ ᠤᠳᠤ ᠪᠠᠶᠢᠭ᠎ᠠ ᠦᠶᠡᠷ ᠤᠰᠤᠨ ᠤ ᠭᠠᠮᠰᠢᠭ ᠠᠴᠠ ᠰᠡᠷᠭᠡᠶᠢᠯᠡᠨ ᠭᠠᠩ ᠲᠠᠢ ᠲᠡᠮᠡᠴᠡᠬᠦ ᠰᠠᠭᠤᠷᠢ ᠲᠥᠬᠦᠭᠡᠷᠦᠮᠵᠢ ᠶᠢᠨ ᠡᠰᠡᠷᠭᠦᠴᠡᠨ ᠬᠤᠷᠢᠭᠯᠠᠬᠤ ᠴᠢᠳᠠᠪᠤᠷᠢ ᠨᠡᠯᠢᠶᠡᠳ ᠪᠠᠭᠤᠷᠠᠢ ᠪᠠᠶᠢᠵᠤ᠂ ᠳᠤᠮᠳᠠ ᠵᠡᠷᠭᠡ ᠠᠴᠠ ᠳᠡᠭᠡᠭᠰᠢ ᠭᠠᠮᠰᠢᠭ ᠤᠨ ᠪᠠᠶᠢᠳᠠᠯ ᠳᠤ ᠲᠣᠬᠢᠶᠠᠯᠳᠤᠪᠠᠯ᠂ ᠶᠡᠷᠦᠨᠢ ᠳᠤᠮᠳᠠ ᠵᠡᠷᠭᠡ ᠬᠤᠬᠢᠷᠠᠯ ᠤᠴᠠᠷᠠᠭᠤᠯᠳᠠᠭ᠃      ᠭᠤᠷᠪᠠ᠂ ᠠᠷᠭᠠᠴᠠᠬᠤ ᠠᠷᠭ᠎ᠠ ᠬᠡᠮᠵᠢᠶ᠎ᠡ ᠶᠢᠨ ᠰᠠᠨᠠᠭᠤᠯᠭ᠎ᠠ      ᠴᠠᠭᠠᠰᠢᠳᠠ᠂ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠡᠷᠴᠢᠮᠲᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠤᠬᠠᠢ ᠴᠢᠬᠤᠯᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄        ︵  ᠨᠢᠭᠡ︶  ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠦᠷᠢᠶᠡᠨ ᠤ ᠰᠡᠷᠭᠡᠶᠢᠯᠡᠬᠦ ᠠᠷᠭ᠎ᠠ ᠬᠡᠮᠵᠢᠶ᠎ᠡ᠄  ᠨᠢᠭᠡ ᠳᠤ᠂ ᠲᠡᠭᠡᠭᠡᠪᠦᠷᠢ ᠶᠢᠨ ᠤᠷᠬᠢᠯ ᠤᠨ ᠬᠤᠭᠤᠴᠠᠭᠠᠨ ᠳᠤ ᠵᠠᠳᠠᠯᠤᠯᠲᠠ ᠬᠢᠵᠦ ᠤᠷᠢᠳᠴᠢᠯᠠᠨ ᠮᠠᠭᠠᠳᠯᠠᠬᠤ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠠᠶᠠᠨᠴᠢᠳ ᠤᠨ ᠴᠤᠪᠤᠷᠠᠯ ᠢ ᠣᠬᠤᠷᠬᠠᠨ ᠬᠤᠭᠤᠴᠠᠭᠠᠨ ᠳᠤ ᠲᠥᠪᠯᠡᠷᠡᠭᠦᠯᠦᠨ ᠨᠡᠮᠡᠭᠳᠡᠭᠦᠯᠬᠦ ᠦᠵᠡᠭᠳᠡᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠠᠶᠢᠲᠤᠷ ᠵᠢᠭᠠᠨ ᠵᠢᠯᠤᠭᠤᠳᠴᠤ᠂ ᠲᠡᠷᠭᠡ ᠬᠥᠰᠬᠡ ᠶᠢᠨ ᠶᠡᠭᠡ ᠬᠡᠪᠴᠢᠶ᠎ᠡ ᠪᠠᠷ ᠲᠦᠭᠵᠢᠷᠡᠬᠦ᠂ ᠴᠤᠭᠯᠠᠷᠠᠬᠤ ᠶᠢ ᠪᠠᠭᠠᠰᠬᠠᠵᠤ᠂ ᠬᠥᠭᠦᠷᠭᠡ ᠂ ᠦᠢᠯᠡᠴᠢᠯᠡᠭᠡᠨ ᠤ ᠲᠣᠭᠤᠷᠢᠭ᠂ ᠰᠦᠢᠳᠬᠡᠯ ᠬᠤᠷᠢᠶᠠᠬᠤ ᠦᠷᠳᠡᠭᠡ᠂ ᠦᠵᠡᠮᠵᠢ ᠶᠢᠨ ᠣᠷᠣᠨ ᠤ ᠣᠷᠣᠵᠤ ᠭᠠᠷᠬᠤ ᠭᠠᠵᠠᠷ᠂ ᠬᠤᠳᠠ ᠶᠢᠨ ᠣᠷᠣᠵᠤ ᠭᠠᠷᠬᠤ ᠭᠠᠵᠠᠷ ᠵᠡᠷᠭᠡ ᠲᠡᠷᠭᠡ ᠬᠥᠰᠬᠡ ᠲᠥᠪᠯᠡᠷᠡᠭᠰᠡᠨ ᠣᠷᠣᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠬᠤᠶᠠᠷ ᠲᠤ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠢᠭᠤᠯᠴᠢᠯᠠᠯ ᠤᠨ ᠲᠡᠷᠭᠡ ᠳᠠᠭᠠᠭᠠᠴᠢᠯᠠᠭᠰᠠᠨ ᠦᠨᠡᠮᠯᠡᠯ ᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠤᠯᠠᠷᠢᠯ ᠤᠨ ᠴᠢᠨᠠᠷᠲᠠᠢ ᠵᠠᠮ ᠬᠠᠷᠢᠯᠴᠠᠭᠠᠨ ᠤ ᠠᠶᠠᠯᠠᠯ ᠤᠨ ᠴᠡᠭ ᠲᠠᠢ ᠤᠶᠠᠯᠳᠤᠭᠤᠯᠤᠨ᠂ ᠠᠳᠡᠯ ᠳᠤ ᠢᠯᠡᠷᠡᠭᠰᠡᠨ ᠠᠶᠤᠯ ᠲᠦᠭᠰᠢᠭᠦᠷᠢ ᠶᠢᠨ ᠳᠠᠯᠳᠠ ᠬᠡᠮ ᠪᠠ ᠬᠥᠳᠡᠭᠡ ᠲᠣᠰᠬᠤᠨ ᠤ ᠭᠠᠵᠠᠷ ᠣᠷᠣᠨ ᠤ ᠠᠶᠠᠯᠠᠯ ᠤᠨ ᠪᠠᠶᠢᠳᠠᠯ ᠣᠯᠠᠨ᠂ ︽ᠬᠤᠶᠠᠷ ᠠᠴᠠ ᠵᠥᠷᠢᠴᠡᠭᠰᠡᠨ︾  ᠬᠡᠷᠡᠭ ᠭᠠᠷᠭᠠᠬᠤ ᠠᠶᠤᠯ ᠲᠦᠭᠰᠢᠭᠦᠷᠢ ᠲᠣᠪᠣᠶᠢᠮ᠎ᠠ ᠪᠠᠶᠢᠬᠤ ᠵᠡᠷᠭᠡ ᠪᠠᠶᠢᠳᠠᠯ  ᠲᠠᠢ ᠤᠶᠠᠯᠳᠤᠭᠤᠯᠤᠨ᠂ ᠠᠮᠠᠷᠬᠠᠨ ᠬᠡᠷᠡᠭ ᠭᠠᠷᠭᠠᠵᠤ ᠭᠠᠢ ᠭᠠᠮᠰᠢᠭ ᠭᠠᠷᠭᠠᠬᠤ ᠭᠤᠣᠯᠳᠠᠯᠭ᠎ᠠ ᠲᠠᠢ ᠴᠠᠭ᠂ ᠵᠠᠮ᠂ ᠲᠡᠷᠭᠡ ᠬᠥᠰᠬᠡ ᠶᠢ ᠴᠢᠩᠭ᠎ᠠ ᠠᠵᠢᠭᠯᠠᠵᠤ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠬᠦ ᠶᠢ ᠥᠷᠨᠢᠭᠦᠯᠦᠨ᠂ ᠠᠮᠠᠷᠬᠠᠨ ᠬᠡᠷᠡᠭ ᠭᠠᠷᠭᠠᠵᠤ ᠭᠠᠢ ᠭᠠᠮᠰᠢᠭ ᠭᠠᠷᠭᠠᠬᠤ ᠵᠠᠮ ᠬᠠᠷᠢᠯᠴᠠᠭᠠᠨ ᠤ ᠬᠠᠤᠯᠢ ᠠᠴᠠ ᠬᠦᠨᠳᠦ ᠨᠣᠴᠢᠲᠠᠢ ᠵᠥᠷᠢᠴᠡᠭᠰᠡᠨ᠂ ᠲᠣᠭᠲᠠᠭᠠᠯ ᠠᠴᠠ ᠵᠥᠷᠢᠴᠡᠨ ᠲᠦᠰᠢᠵᠦ ᠡᠵᠡᠩᠨᠡᠬᠦ ᠵᠡᠷᠭᠡ ᠦᠶᠯᠡ ᠠᠵᠢᠯᠯᠠᠭ᠎ᠠ ᠳᠤ ᠨᠠᠷᠢᠯᠢᠭ ᠣᠨᠣᠴᠠᠲᠠᠢ ᠪᠠᠷ ᠴᠣᠬᠢᠯᠲᠠ ᠥᠭᠴᠦ᠂ ᠪᠣᠯᠵᠣᠨ ᠶᠠᠷᠢᠯᠴᠠᠬᠤ᠂ ᠮᠡᠳᠡᠭᠡᠯᠡᠬᠦ᠂ ᠢᠯᠡᠴᠢᠯᠡᠬᠦ᠂ ᠵᠠᠮ ᠳᠡᠭᠡᠷ᠎ᠡ ᠲᠣᠭᠤᠷᠢᠨ ᠪᠠᠶᠢᠴᠠᠭᠠᠬᠤ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠬᠤᠷᠳᠤᠴᠠ ᠠᠴᠠ ᠬᠡᠲᠦᠷᠡᠭᠦᠯᠬᠦ᠂ ᠳᠠᠭᠠᠭᠠᠴᠠ ᠠᠴᠠ ᠬᠡᠲᠦᠷᠡᠭᠦᠯᠬᠦ᠂ ᠶᠠᠳᠠᠷᠠᠭᠤ ᠪᠠᠷ ᠵᠢᠯᠤᠭᠤᠳᠬᠤ᠂ ᠬᠠᠤᠯᠢ ᠠᠴᠠ ᠵᠥᠷᠢᠴᠡᠨ ᠠᠶᠠᠨᠴᠢᠳ ᠢ ᠲᠡᠭᠡᠭᠡᠪᠦᠷᠢᠯᠡᠬᠦ᠂ ᠬᠠᠤᠯᠢ ᠪᠤᠰᠤ ᠪᠠᠷ ᠡᠵᠡᠩᠨᠡᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠣᠯᠭᠤᠨ᠎ᠠ᠃ ᠭᠤᠷᠪᠠ ᠳᠤ ᠮᠠᠭᠤ ᠴᠠᠭ ᠠᠭᠤᠷ ᠪᠠ ᠠᠶᠠᠨᠴᠢᠳ ᠤᠨ ᠤᠷᠤᠰᠬᠠᠯ ᠤᠨ ᠶᠡᠭᠡ ᠬᠡᠪᠴᠢᠶᠡᠨ ᠤ ᠨᠡᠮᠡᠭᠳᠡᠯ ᠤᠨ ᠲᠡᠭᠡᠭᠡᠪᠦᠷᠢ ᠶᠢᠨ ᠠᠮᠤᠷ ᠲᠦᠪᠰᠢᠨ ᠳᠤ ᠤᠴᠠᠷᠠᠭᠤᠯᠬᠤ ᠠᠶᠤᠯ ᠲᠦᠭᠰᠢᠭᠦᠷᠢ ᠶᠢᠨ ᠥᠷᠢᠰᠦᠯᠳᠦᠭᠡᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠳᠠᠯᠢ ᠪᠤᠰᠤ ᠬᠠᠮᠲᠤᠯᠢᠭ᠂ ᠠᠳᠠᠯᠢ ᠪᠤᠰᠤ ᠴᠠᠭ ᠬᠤᠭᠤᠴᠠᠭ᠎ᠠ᠂ ᠠᠳᠠᠯᠢ ᠪᠤᠰᠤ ᠣᠷᠣᠨ ᠪᠦᠰᠡ ᠶᠢᠨ ᠠᠶᠠᠨᠴᠢᠳ ᠤᠨ ᠤᠷᠤᠰᠬᠠᠯ ᠤᠨ ᠬᠥᠭᠵᠢᠯᠲᠡ ᠶᠢᠨ ᠬᠠᠨᠳᠤᠰᠢ ᠶᠢ ᠬᠥᠳᠡᠯᠦᠩᠭᠦᠢ ᠪᠠᠷ ᠰᠤᠳᠤᠯᠤᠨ ᠮᠠᠭᠠᠳᠯᠠᠵᠤ᠂ ᠭᠤᠣᠯ ᠱᠤᠭᠤᠮ ᠤᠨ ᠵᠠᠮ ᠤᠨ ᠲᠣᠣᠷ ᠤᠨ ᠠᠵᠢᠯᠯᠠᠭᠠᠨ ᠤ ᠬᠢᠨᠠᠨ ᠬᠡᠮᠵᠢᠯᠲᠡ ᠶᠢ ᠴᠢᠩᠭᠠᠳᠬᠠᠨ᠂ ᠭᠤᠣᠯᠳᠠᠯᠭ᠎ᠠ ᠲᠠᠢ ᠵᠠᠮ ᠤᠨ ᠬᠡᠰᠡᠭ ᠤᠨ ᠵᠠᠮ ᠬᠠᠷᠢᠯᠴᠠᠭᠠᠨ ᠤ ᠤᠷᠤᠰᠬᠠᠯ ᠤᠨ ᠬᠡᠮᠵᠢᠶ᠎ᠡ ᠶᠢ ᠨᠢᠭᠲᠠ ᠠᠩᠬᠠᠷᠬᠤ ᠬᠡᠷᠡᠭᠲᠡᠢ᠃ ᠳᠥᠷᠪᠡ ᠳᠤ᠂ ᠵᠠᠮ ᠤᠨ ᠠᠮᠤᠷ ᠲᠦᠪᠰᠢᠨ ᠤ ᠬᠡᠮ ᠰᠣᠭᠤᠭ ᠢ ᠪᠦᠬᠦ ᠲᠠᠯ᠎ᠠ ᠪᠠᠷ ᠨᠠᠷᠢᠪᠴᠢᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠣᠨᠴᠠᠭᠠᠶᠢᠯᠠᠨ ᠵᠠᠰᠠᠮᠠᠯ ᠵᠠᠮ ᠤᠨ ᠠᠮᠤᠷ ᠲᠦᠪᠰᠢᠨ ᠤ ᠲᠥᠬᠦᠭᠡᠷᠦᠮᠵᠢ ᠪᠣᠯᠣᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠠᠳᠬᠤᠵᠤ᠂ ᠲᠡᠮᠦᠷ ᠵᠠᠮ ᠤᠨ ᠠᠭᠤᠯᠵᠠᠷ᠂ ᠲᠣᠰᠬᠤᠨ ᠢ ᠨᠡᠪᠲᠡᠯᠦᠨ ᠪᠠᠯᠭᠠᠰᠤ ᠪᠠᠷ ᠥᠩᠭᠡᠷᠡᠬᠦ ᠭᠤᠣᠯ ᠵᠠᠰᠠᠮᠠᠯ ᠵᠠᠮ ᠤᠨ ᠠᠮᠤᠷ ᠲᠦᠪᠰᠢᠨ ᠤ ᠬᠡᠮ ᠰᠣᠭᠤᠭ ᠢ ᠨᠠᠷᠢᠪᠴᠢᠯᠠᠨ ᠪᠠᠶᠢᠴᠠᠭᠠᠵᠤ ᠵᠠᠰᠠᠬᠤ ᠠᠵᠢᠯ ᠢ ᠭᠦᠨᠵᠡᠭᠡᠶᠢᠷᠡᠭᠦᠯᠬᠦ ᠬᠡᠷᠡᠭᠲᠡᠢ᠃ ᠲᠠᠪᠤ ᠳᠤ ᠬᠥᠳᠡᠭᠡ ᠲᠣᠰᠬᠤᠨ ᠤ ᠵᠠᠮ᠂ ᠲᠠᠷᠢᠶᠠᠯᠠᠩ ᠳᠤ ᠬᠡᠷᠡᠭᠯᠡᠬᠦ ᠲᠡᠷᠭᠡ ᠶᠢᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠵᠠᠰᠠᠨ ᠴᠡᠭᠴᠡᠯᠡᠬᠦ ᠠᠵᠢᠯ ᠢ ᠴᠢᠩᠭᠠᠳᠬᠠᠵᠤ᠂ ᠲᠠᠷᠢᠶᠠᠯᠠᠩ ᠳᠤ ᠬᠤᠯᠪᠣᠭᠳᠠᠭᠰᠠᠨ ᠲᠡᠷᠭᠡ ᠬᠡᠷᠡᠭᠯᠡᠬᠦ ᠵᠠᠮ ᠬᠠᠷᠢᠯᠴᠠᠭᠠᠨ ᠤ ᠠᠳᠡᠯ ᠢ ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠵᠦ᠂ ᠠᠮᠤᠷ ᠲᠦᠪᠰᠢᠨ᠂ ᠡᠮᠬᠢ ᠵᠢᠷᠤᠮ ᠲᠠᠢ᠂ ᠰᠠᠭᠠᠳ ᠦᠭᠡᠢ ᠨᠡᠪᠲᠡᠷᠡᠬᠦ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠵᠤ᠂ ᠬᠥᠳᠡᠭᠡ ᠲᠣᠰᠬᠤᠨ ᠤ ᠭᠠᠵᠠᠷ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠬᠠᠨᠳᠤᠯᠭᠠᠲᠤ ᠴᠢᠨᠠᠷᠲᠠᠢ ᠪᠠᠷ ᠴᠢᠩᠭᠠᠳᠬᠠᠨ᠎ᠠ᠃       ︵  ᠬᠤᠶᠠᠷ︶  ᠪᠠᠷᠢᠯᠭ᠎ᠠ ᠪᠠᠷᠢᠬᠤ ᠪᠠ ᠣᠷᠣᠨ ᠰᠠᠭᠤᠴᠠ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠰᠡᠷᠭᠡᠶᠢᠯᠡᠬᠦ ᠠᠷᠭ᠎ᠠ ᠬᠡᠮᠵᠢᠶ᠎ᠡ᠄  ᠠᠮᠤᠷ ᠲᠦᠪᠰᠢᠨ ᠤ ᠬᠢᠨᠠᠨ ᠵᠢᠯᠤᠭᠤᠳᠴᠤ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠠᠵᠢᠯ ᠡᠬᠢᠯᠡᠭᠦᠯᠬᠦ᠂ ᠪᠠᠶᠢᠭᠤᠯᠬᠤ ᠶᠢ ᠵᠣᠭᠰᠤᠭᠠᠬᠤ ᠲᠥᠷᠥᠯ ᠵᠦᠢᠯ ᠤᠨ ᠠᠵᠢᠯ ᠢᠶᠠᠨ ᠰᠡᠷᠭᠦᠭᠡᠬᠦ᠂ ᠭᠦᠨ ᠰᠠᠭᠤᠷᠢ ᠶᠢᠨ ᠨᠦᠬᠡ᠂ ᠥᠨᠳᠥᠷ ᠲᠤᠯᠭᠠᠭᠤᠷᠢᠲᠤ ᠵᠠᠭᠪᠤᠷ᠂ ᠡᠷᠭᠦᠭᠦᠯ ᠮᠠᠰᠢᠨ ᠵᠡᠷᠭᠡ ᠶᠢ ᠴᠢᠩᠭ᠎ᠠ ᠠᠩᠬᠠᠷᠴᠤ᠂ ᠠᠳᠡᠯ ᠣᠯᠠᠨ ᠭᠠᠷᠳᠠᠭ ᠪᠠᠷᠢᠯᠭ᠎ᠠ ᠶᠢᠨ ᠠᠵᠤ ᠠᠬᠤᠶᠢᠯᠠᠯ ᠤᠨ ᠲᠥᠷᠥᠯ ᠵᠦᠢᠯ ᠤᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃ ᠥᠪᠡᠷᠲᠡᠭᠡᠨ ᠪᠠᠷᠢᠭᠰᠠᠨ ᠭᠡᠷ ᠪᠠᠶᠢᠰᠢᠩ ᠢ ᠨᠠᠷᠢᠪᠴᠢᠯᠠᠨ ᠪᠠᠶᠢᠴᠠᠭᠠᠵᠤ ᠵᠠᠰᠠᠨ ᠴᠡᠭᠴᠡᠯᠡᠬᠦ ᠠᠵᠢᠯ ᠢ ᠦᠷᠭᠦᠯᠵᠢᠯᠡᠨ ᠥᠷᠨᠢᠭᠦᠯᠵᠦ᠂ ᠡᠮᠦᠨᠡᠬᠢ ᠬᠤᠭᠤᠴᠠᠭᠠᠨ ᠤ ᠨᠠᠷᠢᠪᠴᠢᠯᠠᠨ ᠪᠠᠶᠢᠴᠠᠭᠠᠵᠤ ᠵᠠᠰᠠᠨ ᠴᠡᠭᠴᠡᠯᠡᠬᠦ ᠦᠷ᠎ᠡ ᠪᠦᠲᠦᠮᠵᠢ ᠶᠢ ᠪᠠᠬᠢᠵᠢᠭᠦᠯᠵᠦ᠂ ᠠᠰᠠᠭᠤᠳᠠᠯ ᠳᠠᠬᠢᠨ ᠡᠭᠦᠰᠬᠦ ᠶᠢ ᠰᠡᠷᠭᠡᠶᠢᠯᠡᠨ᠂ ᠬᠠᠭᠤᠴᠢᠨ ᠬᠠᠭᠤᠴᠢᠨ ᠬᠤᠷᠢᠶᠠᠯᠠᠯ᠂ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠵᠡᠷᠭᠡ ᠠᠵᠢᠯ ᠲᠠᠢ ᠤᠶᠠᠯᠳᠤᠭᠤᠯᠤᠨ ᠲᠥᠷᠥᠯ ᠬᠤᠪᠢᠶᠠᠨ ᠰᠢᠢᠳᠪᠦᠷᠢᠯᠡᠵᠦ᠂ ᠠᠮᠤᠷ ᠲᠦᠪᠰᠢᠨ ᠤ ᠳᠠᠯᠳᠠ ᠬᠡᠮ ᠢ ᠲᠤᠶᠢᠯᠪᠤᠷᠢᠲᠠᠢ ᠠᠷᠢᠯᠭᠠᠨ᠎ᠠ᠃ ᠪᠠᠷᠢᠯᠭ᠎ᠠ ᠪᠠᠷᠢᠬᠤ ᠵᠥᠪᠰᠢᠶᠡᠷᠡᠯ ᠣᠯᠣᠭᠰᠠᠨ ᠦᠭᠡᠢ ᠪᠠ ᠬᠤᠯᠪᠣᠭᠳᠠᠬᠤ ᠭᠠᠷᠳᠠᠮ ᠨᠢ ᠪᠦᠷᠢᠨ ᠪᠤᠰᠤ ᠪᠥᠭᠡᠳ ᠳᠤᠷ᠎ᠠ ᠮᠡᠳᠡᠨ ᠪᠠᠷᠢᠯᠭ᠎ᠠ ᠪᠠᠷᠢᠬᠤ᠂ ᠰᠢᠯᠵᠢᠭᠦᠯᠦᠨ ᠳᠠᠭᠠᠭᠠᠴᠢᠯᠠᠭᠤᠯᠬᠤ ᠶᠢ ᠲᠦᠰᠢᠭᠯᠡᠬᠦ᠂ ᠬᠠᠤᠯᠢ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠬᠤ᠂ ᠵᠢᠭᠡᠯᠡᠭᠦᠯᠬᠦ ᠬᠢᠷᠢ ᠬᠡᠮ ᠨᠢ ᠪᠠᠷᠢᠯᠭ᠎ᠠ ᠪᠠᠷᠢᠬᠤ ᠨᠥᠬᠦᠴᠡᠯ ᠢ ᠪᠦᠷᠢᠳᠦᠭᠦᠯᠦᠭᠰᠡᠨ ᠦᠭᠡᠢ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠣᠯᠭᠤᠬᠤ ᠬᠡᠷᠡᠭᠲᠡᠢ᠃ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠨᠠᠷᠢᠪᠴᠢᠯᠠᠨ ᠪᠠᠶᠢᠴᠠᠭᠠᠵᠤ ᠵᠠᠰᠠᠨ ᠴᠡᠭᠴᠡᠯᠡᠬᠦ ᠠᠵᠢᠯᠯᠠᠭ᠎ᠠ ᠶᠢ ᠡᠷᠴᠢᠮᠲᠡᠢ ᠠᠬᠢᠭᠤᠯᠵᠤ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠨ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠬᠠᠨᠳᠤᠭᠤᠯᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠢ ᠨᠠᠷᠢᠪᠴᠢᠯᠠᠨ ᠪᠠᠶᠢᠴᠠᠭᠠᠵᠤ ᠵᠠᠰᠠᠨ ᠴᠡᠭᠴᠡᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠠᠵᠢᠯᠲᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠶᠦᠯᠭᠦᠢ ᠦᠢᠯᠡᠳᠪᠦᠷᠢᠯᠡᠯ ᠤᠨ ᠰᠤᠷᠭᠠᠯᠲᠠ ᠬᠥᠮᠦᠵᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠵᠦ᠂ ᠨᠢᠭᠡᠳᠦᠭᠡᠷ ᠹᠷᠣᠨᠲ ᠤᠨ ᠪᠠᠷᠢᠯᠭ᠎ᠠ ᠶᠢᠨ ᠠᠵᠢᠯᠲᠠᠨ ᠤ ᠠᠶᠦᠯᠭᠦᠢ ᠦᠢᠯᠡᠳᠪᠦᠷᠢᠯᠡᠯ ᠢ ᠰᠠᠶᠢᠲᠤᠷ ᠭᠦᠢᠴᠡᠳᠬᠡᠬᠦ ᠰᠠᠨᠠᠭᠠᠴᠢᠯᠠᠭᠠᠲᠤ ᠴᠢᠨᠠᠷ ᠢ ᠪᠠᠳᠠᠷᠠᠭᠤᠯᠤᠨ᠂ ᠠᠵᠤ ᠠᠬᠤᠶᠢᠯᠠᠯ ᠤᠨ ᠮᠥᠨ ᠬᠢᠵᠠᠭᠠᠷ ᠲᠠᠢ ᠣᠷᠣᠨ ᠵᠠᠢ ᠳᠤ ᠣᠷᠣᠵᠤ ᠠᠵᠢᠯᠯᠠᠪᠠᠯ᠂ ᠡᠷᠬᠡᠪᠰᠢ ᠠᠵᠢᠯ ᠢ ᠬᠢᠨᠠᠨ ᠵᠥᠪᠰᠢᠶᠡᠷᠡᠬᠦ ᠳᠦᠷᠢᠮ ᠢ ᠬᠡᠷᠡᠭᠵᠢᠭᠦᠯᠵᠦ᠂ ︽ᠤᠷᠢᠳ ᠢᠶᠠᠷ ᠰᠠᠯᠬᠢ ᠨᠠᠪᠲᠠᠷᠡᠭᠦᠯᠵᠦ᠂ ᠳᠠᠷᠠᠭ᠎ᠠ ᠨᠢ ᠪᠠᠶᠢᠴᠠᠭᠠᠨ ᠰᠢᠯᠭᠠᠵᠤ᠂ ᠳᠠᠷᠠᠭ᠎ᠠ ᠨᠢ ᠠᠵᠢᠯᠯᠠᠬᠤ︾  ᠵᠠᠷᠴᠢᠮ ᠢ ᠴᠢᠩᠭ᠎ᠠ ᠬᠡᠷᠡᠭᠵᠢᠭᠦᠯᠵᠦ᠂ ᠬᠢᠵᠠᠭᠠᠷ ᠲᠠᠢ ᠣᠷᠣᠨ ᠵᠠᠢ ᠶᠢᠨ ᠣᠷᠣᠬᠤ ᠡᠭᠦᠳᠡᠨ ᠳᠤ ᠢᠯᠡ ᠲᠣᠳᠣ ᠰᠡᠷᠡᠮᠵᠢ ᠶᠢᠨ ᠲᠡᠮᠳᠡᠭ ᠲᠠᠯᠪᠢᠬᠤ ᠬᠡᠷᠡᠭᠲᠡᠢ︔  ᠣᠨᠴᠠ ᠲᠥᠷᠥᠯ ᠤᠨ ᠠᠵᠢᠯ ᠬᠢᠵᠦ ᠪᠠᠶᠢᠭ᠎ᠠ ᠬᠥᠮᠥᠰ ᠡᠷᠬᠡᠪᠰᠢ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠬᠡᠷᠡᠭᠲᠡᠢ᠃       ︵ᠭᠤᠷᠪᠠ︶  ᠠᠶᠤᠯᠲᠠᠢ ᠬᠢᠮᠢ ᠶᠢᠨ ᠪᠣᠳᠠᠰ ᠤᠨ ᠬᠦᠷᠢᠶᠡᠨ ᠳᠠᠬᠢ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ᠄  ᠠᠵᠤ ᠠᠬᠤᠶᠢᠯᠠᠯ ᠢ ᠱᠠᠭᠠᠷᠳᠠᠨ ᠪᠠᠶᠠᠷ ᠤᠨ ᠡᠳᠦᠷ ᠤᠨ ᠬᠤᠭᠤᠴᠠᠭᠠᠨ ᠳᠤ᠂ ᠶᠡᠭᠡ ᠰᠠᠯᠬᠢ ᠰᠢᠭᠤᠷᠭᠠᠨ ᠤ ᠣᠷᠴᠢᠨ ᠨᠥᠬᠦᠴᠡᠯ ᠵᠡᠷᠭᠡ ᠣᠨᠴᠠᠭᠠᠶ ᠴᠠᠭ ᠦᠶ᠎ᠡ ᠶᠢᠨ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠭᠠᠮᠰᠢᠭᠲᠤ ᠴᠠᠭ ᠠᠭᠤᠷ ᠤᠨ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠲᠥᠬᠦᠭᠡᠷᠦᠮᠵᠢ᠂ ᠬᠥᠮᠥᠷᠭᠡ᠂ ᠴᠠᠭᠯᠢᠭ᠂ ᠬᠢᠨᠠᠨ ᠡᠵᠡᠮᠳᠡᠬᠦ᠂ ᠠᠵᠢᠯᠲᠠᠨ ᠵᠡᠷᠭᠡ ᠲᠠᠯ᠎ᠠ ᠳᠤ ᠤᠴᠠᠷᠠᠭᠤᠯᠵᠤ ᠮᠡᠳᠡᠬᠦ ᠠᠰᠢᠭ ᠦᠭᠡᠢ ᠨᠥᠯᠥᠭᠡ ᠶᠢ ᠤᠷᠢᠳᠴᠢᠯᠠᠨ ᠵᠠᠳᠠᠯᠵᠤ ᠰᠤᠳᠤᠯᠤᠨ ᠮᠠᠭᠠᠳᠯᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠦᠨᠳᠦ ᠬᠡᠴᠡᠭᠦᠦ ᠠᠶᠤᠯ ᠤᠨ ᠡᠬᠢ ᠰᠤᠷᠪᠤᠯᠵᠢ ᠶᠢ ᠲᠣᠭᠤᠷᠢᠨ ᠪᠠᠶᠢᠴᠠᠭᠠᠬᠤ ᠬᠠᠮᠢᠶᠠᠷᠤᠯᠲᠠ ᠶᠢ ᠴᠢᠩᠭᠠᠳᠬᠠᠵᠤ᠂ ᠤᠳᠤᠷᠢᠳᠤᠯᠭ᠎ᠠ ᠶᠢᠨ ᠡᠭᠡᠯᠵᠢ ᠳᠠᠭᠠᠭᠤᠯᠤᠨ ᠵᠢᠵᠢᠭᠦᠷᠯᠡᠨ ᠰᠠᠬᠢᠬᠤ ᠶᠢ ᠴᠢᠩᠭᠠᠳᠬᠠᠨ᠂ ᠭᠠᠯ ᠨᠣᠴᠣᠭᠠᠬᠤ᠂ ᠬᠢᠵᠠᠭᠠᠷᠯᠠᠭᠳᠠᠬᠤ ᠣᠷᠣᠨ ᠵᠠᠢ ᠳᠤ ᠣᠷᠣᠬᠤ ᠵᠡᠷᠭᠡ ᠣᠨᠴᠣᠭᠤᠢ ᠠᠵᠢᠯ ᠤᠨ ᠬᠠᠮᠢᠶᠠᠷᠤᠯᠲᠠ ᠶᠢ ᠴᠢᠩᠳᠠᠯᠠᠨ᠎ᠠ᠃ ᠠᠯᠺᠣᠣᠯ ᠢᠶᠠᠷ ᠰᠠᠭᠤᠷᠢ ᠪᠣᠯᠭᠠᠭᠰᠠᠨ ᠲᠦᠯᠡᠰᠢ ᠶᠢ ᠬᠡᠷᠡᠭᠯᠡᠬᠦ ᠪᠠ ᠲᠣᠬᠢᠷᠠᠭᠤᠯᠤᠨ ᠬᠦᠷᠭᠡᠬᠦ ᠵᠠᠩᠭᠢᠯᠠᠭ᠎ᠠ ᠶᠢ ᠤᠯᠠᠮ ᠵᠢᠷᠤᠮᠵᠢᠭᠤᠯᠵᠤ᠂ ᠠᠵᠢᠯ ᠲᠦᠷᠦᠯ ᠤᠨ ᠵᠢᠷᠤᠮᠵᠢᠯ ᠢ ᠪᠦᠷᠢᠯᠳᠦᠭᠦᠯᠦᠨ᠎ᠡ᠃ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠶᠤᠯᠲᠠᠢ ᠬᠢᠮᠢ ᠶᠢᠨ ᠪᠣᠳᠠᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠢᠩᠭ᠎ᠠ ᠬᠢᠨᠠᠨ ᠵᠥᠪᠰᠢᠶᠡᠷᠡᠵᠦ᠂ ᠤᠷᠠᠯᠠᠯ ᠤᠨ ᠢᠷᠡᠯᠲᠡ ᠲᠣᠳᠣᠷᠬᠠᠢ ᠦᠭᠡᠢ ᠂ ᠮᠡᠷᠭᠡᠵᠢᠯ ᠤᠨ ᠨᠠᠶᠢᠳᠠᠪᠤᠷᠢᠲᠤ ᠴᠢᠨᠠᠷ ᠢᠶᠠᠷ ᠴᠢᠩᠭ᠎ᠠ ᠪᠤᠰᠤ ᠲᠥᠷᠥᠯ ᠵᠦᠢᠯ ᠢ ᠴᠥᠮ ᠵᠥᠪᠰᠢᠶᠡᠷᠡᠨ ᠣᠷᠣᠭᠤᠯᠬᠤ ᠦᠭᠡᠢ ᠪᠠᠶᠢᠵᠤ᠂ ᠠᠶᠤᠯᠲᠠᠢ ᠬᠢᠮᠢ ᠶᠢᠨ ᠲᠥᠷᠥᠯ ᠵᠦᠢᠯ ᠤᠨ ᠠᠮᠤᠷ ᠲᠦᠪᠰᠢᠨ ᠤ ᠵᠢᠷᠤᠭ ᠲᠥᠯᠥᠪᠯᠡᠭᠡ ᠶᠢᠨ ᠣᠨᠣᠰᠢᠯᠠᠭᠰᠠᠨ ᠦᠷ᠎ᠡ ᠪᠦᠲᠦᠮᠵᠢ ᠶᠢ ᠦᠨᠡᠯᠡᠨ ᠵᠢᠱᠢᠬᠦ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠤᠨ᠎ᠠ᠃ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠰᠠᠭᠤᠷᠢ ᠪᠡᠯᠡᠳᠬᠡᠮᠵᠢ ᠶᠢᠨ ᠣᠷᠣᠭᠤᠯᠤᠯᠲᠠ ᠵᠢᠴᠢ ᠠᠵᠢᠯᠲᠠᠨ ᠤ ᠬᠥᠮᠦᠵᠢᠯ ᠰᠤᠷᠭᠠᠯᠲᠠ ᠶᠢᠨ ᠡᠷᠴᠢᠮ ᠢ ᠴᠢᠩᠭᠠᠷᠠᠭᠤᠯᠵᠤ᠂ ᠠᠰᠠᠭᠤᠳᠠᠯ ᠤᠨ ᠳᠠᠯᠳᠠ ᠬᠡᠮ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠤᠨ᠎ᠠ᠃ ᠠᠶᠤᠯᠭᠦᠢ ᠶᠢᠨ ᠤᠬᠠᠭᠤᠯᠭ᠎ᠠ ᠶᠢᠨ ︽ᠲᠠᠪᠤ ᠶᠢ ᠣᠷᠣᠭᠤᠯᠬᠤ︾  ᠠᠵᠢᠯ ᠢ ᠤᠯᠠᠮ ᠰᠠᠶᠢᠲᠤᠷ ᠬᠢᠵᠦ᠂ ᠠᠶᠤᠯᠭᠦᠢ ᠶᠢᠨ ᠤᠬᠠᠭᠤᠯᠭ᠎ᠠ ᠶᠢᠨ ︽ᠲᠠᠪᠤ ᠶᠢ ᠣᠷᠣᠭᠤᠯᠬᠤ︾  ᠠᠵᠢᠯ ᠢ ᠠᠶᠤᠯᠲᠠᠢ ᠬᠢᠮᠢ ᠶᠢᠨ ᠬᠦᠷᠢᠶᠡᠨ ᠳᠤ ᠪᠦᠬᠦ ᠲᠠᠯ᠎ᠠ ᠪᠠᠷ ᠥᠷᠨᠢᠭᠦᠯᠬᠦ ᠶᠢᠨ ᠬᠠᠮᠲᠤ ᠪᠦᠲᠦᠮᠵᠢᠲᠡᠶ ᠪᠠᠷ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠪᠤᠢ ᠪᠦᠬᠦᠢ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ᠂ ᠵᠠᠩᠭᠢᠯᠠᠭ᠎ᠠ ᠶᠢᠨ ᠭᠤᠭᠴᠤᠭ᠎ᠠ᠂ ᠵᠠᠩᠭᠢᠯᠠᠭ᠎ᠠ ᠶᠢᠨ ᠠᠵᠢᠯ ᠤᠨ ᠪᠠᠶᠢᠷᠢ᠂ ᠪᠤᠢ ᠪᠦᠬᠦᠢ ᠠᠵᠢᠯ ᠡᠷᠬᠢᠯᠡᠭᠰᠡᠳ ᠢ ᠴᠥᠮ ᠬᠠᠮᠤᠷᠬᠤ ᠶᠢ ᠡᠷᠡᠰ ᠪᠡᠶᠡᠯᠡᠭᠦᠯᠬᠦ ᠬᠡᠷᠡᠭᠲᠡᠢ᠃       ︵  ᠳᠥᠷᠪᠡ︶  ᠰᠢᠲᠠᠮᠠᠬᠠᠢ ᠬᠡᠢ ᠶᠢᠨ ᠬᠦᠷᠢᠶ᠎ᠡ ᠴᠠᠷᠠᠭ᠎ᠠ ᠶᠢᠨ ᠰᠡᠷᠭᠡᠶᠢᠯᠡᠬᠦ ᠠᠷᠭ᠎ᠠ ᠬᠡᠮᠵᠢᠶ᠎ᠡ᠄  ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠠᠵᠤ ᠦᠢᠯᠡᠳᠪᠦᠷᠢ ᠪᠠ ᠮᠡᠳᠡᠭᠡ ᠵᠠᠩᠭᠢ᠂ ᠬᠤᠲᠠ ᠶᠢᠨ ᠬᠢᠨᠠᠯᠲᠠ᠂ ᠳᠣᠲᠣᠭᠠᠳᠤ ᠶᠢ ᠬᠠᠮᠠᠭᠠᠯᠠᠬᠤ᠂ ᠭᠠᠯ ᠲᠦᠢᠮᠡᠷ ᠢ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ᠂ ᠢᠳᠡᠭᠡᠨ ᠤᠮᠳᠠᠭᠠᠨ ᠤ ᠲᠠᠯᠠᠪᠤᠷ ᠭᠠᠵᠠᠷ᠂ ᠰᠥᠨᠢ ᠶᠢᠨ ᠵᠠᠬ᠎ᠠ ᠳᠡᠯᠭᠡᠭᠦᠷ ᠰᠥᠨᠢ ᠶᠢᠨ ᠬᠤᠭᠤᠯᠠᠨ ᠭᠡᠷ᠂ ᠠᠵᠢᠯ ᠦᠢᠯᠡᠰ ᠤᠨ ᠨᠢᠭᠡᠴᠢ᠂ ᠠᠵᠤ ᠠᠬᠤᠶᠢᠯᠠᠯ᠂ ᠰᠤᠷᠭᠠᠭᠤᠯᠢ ᠶᠢᠨ ᠬᠤᠭᠤᠯᠠᠨ ᠭᠡᠷ ᠢᠶᠠᠷ ᠭᠤᠣᠯᠳᠠᠯᠭ᠎ᠠ ᠪᠣᠯᠭᠠᠨ᠂ ᠬᠥᠮᠥᠨ ᠣᠯᠠᠨ ᠴᠤᠭᠯᠠᠷᠠᠳᠠᠭ ᠲᠠᠯᠠᠪᠤᠷ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠢᠶᠠᠷ ᠬᠡᠷᠡᠭᠯᠡᠵᠦ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠨᠠᠷᠢᠪᠴᠢᠯᠠᠨ ᠪᠠᠶᠢᠴᠠᠭᠠᠵᠤ᠂ ᠬᠤᠭᠤᠯᠠᠢ ᠶᠢᠨ ᠢᠳᠡᠭᠳᠡᠯ᠂ ᠬᠡᠢ ᠭᠤᠭᠤᠵᠢᠬᠤ ᠵᠢᠴᠢ ᠲᠣᠭᠲᠠᠭᠠᠯ ᠠᠴᠠ ᠵᠥᠷᠢᠴᠡᠨ ᠯᠣᠩᠬᠤᠨ ᠳᠤ ᠰᠠᠪᠠᠯᠠᠭᠰᠠᠨ ᠰᠢᠩᠭᠡᠵᠢᠮᠠᠯ ᠬᠡᠢ ᠶᠢ ᠬᠠᠳᠠᠭᠠᠯᠠᠵᠤ ᠬᠡᠷᠡᠭᠯᠡᠬᠦ ᠵᠡᠷᠭᠡ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ ᠠᠷᠢᠯᠭᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠬᠠᠩᠭᠠᠯᠭ᠎ᠠ ᠶᠢᠨ ᠪᠡᠯᠡᠳᠬᠡᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠳᠤ ᠬᠢᠨᠠᠯᠲᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠰᠢᠲᠠᠮᠠᠬᠠᠢ ᠬᠡᠢ ᠶᠢᠨ ᠬᠦᠷᠢᠶᠡᠨ ᠳᠠᠬᠢ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠴᠦ᠂ ᠬᠤᠯᠪᠣᠭᠳᠠᠬᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠢ᠃ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠤᠳ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠢ ᠶᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠢᠶᠠᠷ ᠬᠡᠢ ᠬᠡᠷᠡᠭᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢᠶᠠᠷ ᠬᠡᠢ ᠬᠡᠷᠡᠭᠯᠡᠬᠦ ᠠᠵᠢᠯᠯᠠᠭᠠᠨ ᠤ ᠳᠦᠷᠢᠮ ᠵᠡᠷᠭᠡ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠠᠮᠤᠷ ᠲᠦᠪᠰᠢᠨ ᠢᠶᠠᠷ ᠬᠡᠢ ᠬᠡᠷᠡᠭᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠡᠶᠢᠲᠦ ᠯᠣᠩᠬᠤ ᠶᠢ ᠳᠦᠭᠦᠷᠭᠡᠨ ᠰᠠᠪᠠᠯᠠᠬᠤ ᠵᠥᠪᠰᠢᠶᠡᠷᠡᠯ ᠢ ᠬᠠᠤᠯᠢ ᠶᠣᠰᠣᠭᠠᠷ ᠬᠡᠷᠡᠭᠵᠢᠭᠦᠯᠵᠦ᠂ ᠳᠦᠭᠦᠷᠭᠡᠨ ᠰᠠᠪᠠᠯᠠᠭᠠᠳ ᠳᠠᠩᠰᠠᠯᠠᠭᠤᠯᠤᠭᠰᠠᠨ ᠦᠭᠡᠢ ᠬᠡᠶᠢᠲᠦ ᠯᠣᠩᠬᠤ᠂ ᠬᠤᠭᠤᠴᠠᠭ᠎ᠠ ᠠᠴᠠ ᠬᠡᠲᠦᠷᠡᠲᠡᠯ᠎ᠡ ᠪᠠᠶᠢᠴᠠᠭᠠᠭᠰᠠᠨ ᠦᠭᠡᠢ ᠬᠡᠶᠢᠲᠦ ᠯᠣᠩᠬᠤ ᠬᠡᠷᠡᠭᠯᠡᠬᠦ᠂ ᠬᠡᠶᠢᠲᠦ ᠯᠣᠩᠬᠤ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ᠂ ᠬᠡᠶᠢᠲᠦ ᠯᠣᠩᠬᠤ ᠶᠢ ᠰᠢᠨᠡᠳᠬᠡᠬᠦ᠂ ᠬᠠᠶᠠᠭᠳᠠᠮᠠᠯ ᠬᠡᠢ ᠶᠢᠨ ᠯᠣᠩᠬᠤ ᠪᠠ ᠮᠡᠳᠡᠭᠡ ᠵᠠᠩᠭᠢ ᠶᠢᠨ ᠲᠡᠮᠳᠡᠭ ᠦᠭᠡᠢ ᠬᠡᠶᠢᠲᠦ ᠯᠣᠩᠬᠤ ᠬᠡᠷᠡᠭᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠷᠢ ᠲᠡᠩᠴᠡᠬᠦ ᠦᠭᠡᠢ ᠦᠢᠯᠡᠳᠬᠦᠨ ᠤ ᠨᠡᠷᠡᠰ ᠢ ᠴᠠᠭ ᠲᠤᠬᠠᠢ ᠳᠤᠨᠢ ᠨᠡᠶᠢᠲᠡᠯᠡᠬᠦ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠠᠶᠤᠯᠲᠠᠢ ᠡᠳ᠋ ᠪᠠᠷᠠᠭ᠎ᠠ ᠶᠢ ᠵᠠᠮ ᠲᠡᠭᠡᠭᠡᠪᠦᠷᠢ ᠶᠢᠨ ᠠᠵᠤ ᠠᠬᠤᠶᠢᠯᠠᠯ ᠪᠣᠯᠣᠨ ᠲᠡᠷᠭᠡ ᠬᠥᠰᠬᠡ ᠶᠢ ᠨᠠᠷᠢᠪᠴᠢᠯᠠᠨ ᠪᠠᠶᠢᠴᠠᠭᠠᠵᠤ ᠵᠠᠰᠠᠨ ᠴᠡᠭᠴᠡᠯᠡᠬᠦ ᠪᠠᠨ ᠴᠢᠩᠭᠠᠳᠬᠠᠵᠤ᠂ ᠠᠶᠤᠯᠲᠠᠢ ᠡᠳ᠋ ᠪᠠᠷᠠᠭ᠎ᠠ ᠶᠢ ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠲᠠᠢ ᠪᠠᠶᠢᠬᠤ ᠪᠠᠶᠢᠳᠠᠯ ᠢ ᠴᠢᠩᠭ᠎ᠠ ᠪᠠᠶᠢᠴᠠᠭᠠᠬᠤ ᠬᠡᠷᠡᠭᠲᠡᠢ᠃       ︵  ᠲᠠᠪᠤ︶  ᠲᠡᠮᠦᠷᠯᠢᠭ ᠬᠠᠶᠢᠯᠤᠭᠤᠯᠬᠤ ᠵᠡᠷᠭᠡ ᠠᠵᠤ ᠦᠢᠯᠡᠳᠪᠦᠷᠢ ᠠᠷᠠᠯᠵᠢᠶ᠎ᠠ ᠶᠢᠨ ᠬᠦᠷᠢᠶᠡᠨ ᠳᠠᠬᠢ ᠰᠡᠷᠭᠡᠶᠢᠯᠡᠬᠦ ᠠᠷᠭ᠎ᠠ ᠬᠡᠮᠵᠢᠶ᠎ᠡ᠄  ᠮᠠᠰᠢᠨ᠂ ᠬᠥᠩᠭᠡᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢᠶᠠᠷ ᠭᠤᠣᠯᠳᠠᠯᠭ᠎ᠠ ᠪᠣᠯᠭᠠᠵᠤ᠂ ᠵᠢᠯᠣᠭᠤᠳᠤᠯᠭ᠎ᠠ ᠦᠢᠯᠡᠴᠢᠯᠡᠭᠡ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠬᠦᠨᠳᠦ ᠬᠡᠴᠡᠭᠦᠦ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠠᠵᠤ ᠠᠬᠤᠶᠢᠯᠠᠯ ᠳᠤ ︽ᠨᠢᠭᠡ ᠬᠡᠷᠡᠭ ᠲᠤ ᠳᠠᠪᠬᠤᠷ ᠲᠣᠷᠭᠠᠬᠤ︾  ᠠᠵᠢᠯᠯᠠᠭ᠎ᠠ ᠥᠷᠨᠢᠭᠦᠯᠦᠨ᠎ᠡ᠃ ᠦᠢᠯᠡᠳᠪᠦᠷᠢᠯᠡᠯ ᠢᠶᠠᠨ ᠵᠣᠭᠰᠤᠭᠠᠬᠤ᠂ ᠲᠣᠭᠤᠰᠣ ᠲᠠᠢ ᠬᠤᠯᠪᠣᠭᠳᠠᠭᠰᠠᠨ 10 ᠬᠥᠮᠥᠨ ᠠᠴᠠ ᠳᠣᠷᠣᠭᠰᠢᠬᠢ ᠲᠣᠭᠤᠰᠣ ᠲᠠᠢ ᠳᠡᠯᠪᠡᠷᠡᠯᠲᠡ ᠲᠠᠢ ᠬᠤᠯᠪᠣᠭᠳᠠᠭᠰᠠᠨ ᠠᠵᠤ ᠠᠬᠤᠶᠢᠯᠠᠯ ᠵᠡᠷᠭᠡ ᠶᠢ ᠬᠠᠮᠲᠤ ᠳᠤᠨᠢ ᠴᠡᠪᠡᠷᠯᠡᠨ ᠠᠷᠢᠯᠭᠠᠬᠤ ᠬᠡᠪᠴᠢᠶᠡᠨ ᠳᠤ ᠣᠷᠣᠭᠤᠯᠵᠤ᠂ ᠠᠵᠤ ᠠᠬᠤᠶᠢᠯᠠᠯ ᠤᠨ ᠲᠥᠬᠦᠭᠡᠷᠦᠮᠵᠢ ᠶᠢ ᠲᠡᠰ ᠳᠡᠪᠰᠢᠭᠦᠯᠦᠨ ᠥᠭᠡᠷᠡᠴᠢᠯᠡᠬᠦ᠂ ᠠᠦ᠋ᠲ᠋ᠣᠴᠢᠯᠠᠨ ᠡᠵᠡᠮᠳᠡᠬᠦ᠂ ᠬᠤᠯᠪᠣᠯᠳᠤᠭᠤᠯᠤᠨ ᠣᠨᠢᠰᠤᠯᠠᠬᠤ᠂ ᠮᠧᠬᠠᠨᠢᠭ ᠢᠶᠠᠷ ᠰᠡᠷᠭᠡᠶᠢᠯᠡᠨ ᠬᠠᠮᠠᠭᠠᠯᠠᠬᠤ ᠪᠠ ᠡᠨᠧᠷᠭᠢ ᠶᠢ ᠲᠤᠰᠠᠭᠠᠷᠯᠠᠬᠤ ᠵᠡᠷᠭᠡ ᠠᠷᠭ᠎ᠠ ᠪᠠᠷᠢᠯ ᠢ ᠬᠡᠷᠡᠭᠯᠡᠬᠦ ᠶᠢ ᠠᠬᠢᠭᠤᠯᠵᠤ᠂ ᠪᠣᠯᠵᠣᠰᠢ ᠦᠭᠡᠢ ᠨᠥᠬᠦᠴᠡᠯ ᠪᠠᠶᠢᠳᠠᠯ ᠢ ᠦᠨᠳᠦᠰᠦᠨ ᠠᠴᠠ ᠨᠢ ᠠᠷᠢᠯᠭᠠᠵᠤ᠂ ᠠᠵᠤ ᠠᠬᠤᠶᠢᠯᠠᠯ ᠤᠨ ᠮᠥᠨ ᠴᠢᠨᠠᠷ ᠤᠨ ᠠᠶᠤᠯᠭᠦᠢ ᠦᠢᠯᠡᠳᠪᠦᠷᠢᠯᠡᠯ ᠤᠨ ᠲᠦᠪᠰᠢᠨ ᠢ ᠳᠡᠭᠡᠭᠰᠢᠯᠡᠭᠦᠯᠦᠨ᠎ᠡ᠃ ᠬᠢᠵᠠᠭᠠᠷᠲᠠᠢ ᠣᠷᠣᠨ ᠵᠠᠢ ᠳᠤ ᠠᠵᠢᠯᠯᠠᠬᠤ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠬᠢᠵᠠᠭᠠᠷᠲᠠᠢ ᠣᠷᠣᠨ ᠵᠠᠢ ᠳᠤ ᠠᠵᠢᠯᠯᠠᠬᠤ ᠶᠢᠨ ︽ᠠᠷᠪᠠ ᠶᠢ ᠥᠯᠥ ᠵᠥᠪᠰᠢᠶᠡᠷᠡᠬᠦ︾  ᠪᠠ ᠬᠢᠵᠠᠭᠠᠷᠲᠠᠢ ᠣᠷᠣᠨ ᠵᠠᠢ ᠳᠤ ᠠᠵᠢᠯᠯᠠᠬᠤ ᠶᠢᠨ ᠠᠪᠤᠷᠠᠨ ᠲᠤᠰᠠᠯᠠᠬᠤ ᠶᠢᠨ ︽ᠠᠷᠪᠠ ᠶᠢ ᠡᠷᠬᠡᠪᠰᠢ︾  ᠶᠢ ᠴᠢᠩᠭ᠎ᠠ ᠨᠠᠶᠢᠳᠠᠪᠤᠷᠢᠵᠢᠭᠤᠯᠤᠨ᠂ ᠪᠠᠶᠢᠴᠠᠭᠠᠵᠤ ᠰᠡᠯᠪᠢᠨ ᠵᠠᠰᠠᠬᠤ ᠠᠵᠢᠯ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ︽ᠪᠠᠶᠢᠴᠠᠭᠠᠵᠤ ᠰᠡᠯᠪᠢᠨ ᠵᠠᠰᠠᠬᠤ ᠲᠤᠯᠤᠭᠠᠨ ᠵᠤᠷᠪᠤᠰ︾  ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠮᠡᠷᠭᠡᠵᠢᠯ ᠤᠨ ᠦᠨᠳᠦᠰᠦᠨ ᠵᠦᠢᠯ ᠢ ᠲᠤᠰᠢᠶᠠᠬᠤ ᠪᠠ ᠲᠤᠬᠠᠢ ᠶᠢᠨ ᠲᠠᠯᠠᠪᠤᠷ ᠤᠨ ᠠᠮᠤᠷ ᠲᠦᠪᠰᠢᠨ ᠤ ᠬᠢᠨᠠᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ︔  ᠭᠠᠯ ᠨᠣᠴᠣᠭᠠᠬᠤ᠂ ᠲᠦᠷ ᠴᠠᠭ ᠴᠠᠬᠢᠯᠭᠠᠨ ᠬᠡᠷᠡᠭᠯᠡᠬᠦ ᠵᠡᠷᠭᠡ ᠠᠶᠤᠯ ᠲᠠᠢ ᠠᠵᠢᠯ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠵᠤ᠂ ᠠᠶᠤᠯ ᠲᠠᠢ ᠠᠵᠢᠯ ᠢ ᠬᠢᠨᠠᠨ ᠵᠥᠪᠰᠢᠶᠡᠷᠡᠬᠦ ᠪᠠ ᠠᠵᠢᠯᠯᠠᠭᠰᠠᠳ ᠤᠨ ᠠᠮᠤᠷ ᠲᠦᠪᠰᠢᠨ ᠤ ᠬᠥᠮᠦᠵᠢᠯ ᠰᠤᠷᠭᠠᠯᠲᠠ ᠶᠢ ᠴᠢᠩᠳᠠᠯᠠᠨ᠎ᠠ᠃ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨ ᠦᠢᠯᠡᠳᠪᠦᠷᠢᠯᠡᠯ ᠤᠨ ᠠᠵᠤ ᠠᠬᠤᠶᠢᠯᠠᠯ ᠳᠤ ᠪᠦᠬᠦᠨ ᠢ ᠬᠠᠮᠤᠷᠤᠨ᠂ ᠥᠨᠴᠥᠭ ᠪᠤᠯᠤᠩ ᠦᠭᠡᠢ ᠪᠣᠯᠵᠣᠰᠢ ᠦᠭᠡᠢ ᠨᠥᠬᠦᠴᠡᠯ ᠪᠠᠶᠢᠳᠠᠯ ᠢ ᠨᠠᠷᠢᠪᠴᠢᠯᠠᠨ ᠪᠠᠶᠢᠴᠠᠭᠠᠵᠤ᠂ ᠰᠢᠲᠠᠮᠠᠬᠠᠢ ᠬᠡᠢ ᠬᠡᠷᠡᠭᠯᠡᠬᠦ᠂ ᠭᠠᠯ ᠨᠣᠴᠣᠭᠠᠬᠤ᠂ ᠲᠦᠷ ᠴᠠᠭ ᠴᠠᠬᠢᠯᠭᠠᠨ ᠬᠡᠷᠡᠭᠯᠡᠬᠦ᠂ ᠥᠨᠳᠥᠷ ᠲᠤ ᠠᠪᠠᠷᠢᠨ ᠠᠵᠢᠯᠯᠠᠬᠤ᠂ ᠬᠢᠵᠠᠭᠠᠷ ᠲᠠᠢ ᠣᠷᠣᠨ ᠵᠠᠢ ᠵᠡᠷᠭᠡ ᠠᠶᠤᠯᠲᠠᠢ ᠠᠵᠢᠯ᠂ ᠪᠠᠶᠢᠴᠠᠭᠠᠵᠤ ᠰᠡᠯᠪᠢᠨ ᠵᠠᠰᠠᠬᠤ ᠠᠵᠢᠯ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠳᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠨᠠᠷᠢᠨ ᠨᠢᠮᠪᠠᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠭᠠᠯ ᠨᠣᠴᠣᠭᠠᠬᠤ᠂ ᠲᠦᠷ ᠴᠠᠭ ᠴᠠᠬᠢᠯᠭᠠᠨ ᠬᠡᠷᠡᠭᠯᠡᠬᠦ ᠵᠡᠷᠭᠡ ᠠᠶᠤᠯᠲᠠᠢ ᠠᠵᠢᠯ ᠬᠢᠭᠰᠡᠳ ᠤᠨ ᠠᠮᠤᠷ ᠲᠦᠪᠰᠢᠨ ᠤ ᠬᠥᠮᠦᠵᠢᠯ ᠰᠤᠷᠭᠠᠯᠲᠠ ᠶᠢ ᠴᠢᠩᠭᠠᠳᠬᠠᠵᠤ᠂ ᠣᠨᠴᠠ ᠲᠥᠷᠥᠯ ᠤᠨ ᠠᠵᠢᠯ ᠬᠢᠭᠰᠡᠳ ᠤᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠴᠤ ᠬᠢᠨᠠᠨ ᠪᠠᠶᠢᠴᠠᠭᠠᠬᠤ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃       ︵  ᠵᠢᠷᠭᠤᠭ᠎ᠠ︶  ᠰᠣᠶᠣᠯ ᠵᠢᠭᠤᠯᠴᠢᠯᠠᠯ ᠤᠨ ᠬᠦᠷᠢᠶᠡᠨ ᠳᠠᠬᠢ ᠰᠡᠷᠭᠡᠶᠢᠯᠡᠬᠦ ᠠᠷᠭ᠎ᠠ ᠬᠡᠮᠵᠢᠶ᠎ᠡ᠄  ᠵᠢᠭᠤᠯᠴᠢᠯᠠᠯ ᠤᠨ ᠦᠵᠡᠮᠵᠢ ᠶᠢᠨ ᠣᠷᠣᠨ᠂ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ ᠡᠷᠭᠢᠯᠡᠬᠦ ᠨᠢᠭᠡᠴᠢ ᠶᠢ ᠰᠢᠮᠳᠠᠭᠤᠯᠵᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠪᠡᠯᠡᠳᠬᠡᠯ ᠲᠥᠰᠥᠯ ᠲᠣᠭᠲᠠᠭᠠᠬᠤ᠂ ᠲᠣᠮᠣ ᠬᠡᠯᠪᠡᠷᠢ ᠶᠢᠨ ᠠᠵᠢᠯᠯᠠᠭ᠎ᠠ ᠶᠢ ᠳᠡᠩᠰᠡᠯᠡᠨ ᠲᠡᠮᠳᠡᠭᠯᠡᠬᠦ ᠵᠡᠷᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠬᠠᠢ ᠶᠢᠨ ᠲᠠᠯᠠᠪᠤᠷ ᠤᠨ ᠬᠠᠮᠢᠶᠠᠷᠤᠯᠲᠠ ᠪᠠ ᠠᠵᠢᠯᠯᠠᠭ᠎ᠠ ᠶᠢᠨ ᠲᠣᠭᠤᠷᠢᠨ ᠪᠠᠶᠢᠴᠠᠭᠠᠬᠤ ᠵᠡᠷᠭᠡ ᠠᠮᠤᠷ ᠲᠦᠪᠰᠢᠨ ᠤ ᠰᠡᠷᠭᠡᠶᠢᠯᠡᠬᠦ ᠠᠵᠢᠯ ᠢ ᠴᠢᠩᠭᠠᠳᠬᠠᠨ᠎ᠠ᠃ ᠲᠣᠮᠣ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠢ ᠤᠷᠤᠯᠳᠤᠭᠠᠨ ᠤ ᠠᠵᠢᠯᠯᠠᠭ᠎ᠠ᠂ ᠤᠰᠤᠨ ᠳᠡᠭᠡᠷᠡᠬᠢ᠂ ᠳᠡᠭᠡᠳᠦ ᠬᠤᠷᠳᠤᠴᠠ ᠶᠢᠨ᠂ ᠥᠨᠳᠥᠷ ᠳᠡᠭᠡᠷᠡᠬᠢ᠂ ᠪᠠᠷᠲᠠᠭ᠎ᠠ ᠰᠢᠨᠵᠢᠯᠡᠬᠦ ᠵᠡᠷᠭᠡ ᠲᠦᠭᠰᠢᠭᠦᠷᠢ ᠶᠡᠬᠡᠲᠡᠢ ᠵᠢᠭᠤᠯᠴᠢᠯᠠᠯ ᠤᠨ ᠲᠥᠷᠥᠯ ᠵᠦᠢᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠴᠢᠭᠯᠡᠭᠦᠯᠦᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠦᠵᠡᠯ ᠰᠠᠨᠠᠭ᠎ᠠ ᠲᠠᠨᠢᠯᠲᠠ᠂ ᠳᠦᠷᠢᠮ ᠤᠨ ᠬᠡᠷᠡᠭᠵᠢᠭᠦᠯᠦᠯᠲᠡ᠂ ᠪᠠᠷᠢᠮᠵᠢᠶ᠎ᠠ ᠶᠢᠨ ᠪᠦᠲᠦᠴᠡ᠂ ᠬᠠᠮᠢᠶᠠᠷᠤᠯᠲᠠ ᠶᠢᠨ ᠬᠡᠯᠬᠢᠶ᠎ᠡ᠂ ᠪᠠᠲᠤᠯᠠᠭ᠎ᠠ ᠶᠢᠨ ᠴᠢᠳᠠᠪᠤᠷᠢ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠪᠥᠬᠦ ᠲᠠᠯ᠎ᠠ ᠪᠠᠷ ᠨᠠᠷᠢᠪᠴᠢᠯᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠵᠢᠭᠤᠯᠴᠢᠯᠠᠯ ᠤᠨ ᠭᠠᠵᠠᠷ ᠤᠨ ᠬᠠᠤᠯᠢ ᠶᠣᠰᠣᠨ ᠤ ᠬᠢᠷᠢ ᠬᠡᠮ ᠲᠠᠢ ᠲᠡᠷᠭᠡ ᠬᠥᠰᠬᠡ ᠲᠦᠷᠢᠶᠡᠰᠦᠯᠡᠬᠦ ᠶᠢ ᠰᠢᠮᠳᠠᠭᠤᠯᠬᠤ ᠶᠢᠨ ᠬᠠᠮᠲᠤ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ ᠲᠠᠢ ᠢᠳᠡᠪᠬᠢᠲᠡᠢ ᠬᠠᠮᠵᠢᠯᠴᠠᠨ ᠰᠠᠨᠠᠭᠤᠯᠵᠤ ᠰᠡᠷᠡᠮᠵᠢᠯᠡᠭᠦᠯᠬᠦ ᠪᠠ ᠠᠮᠤᠷ ᠲᠦᠪᠰᠢᠨ ᠤ ᠰᠡᠷᠭᠡᠶᠢᠯᠡᠯᠲᠡ ᠶᠢ ᠰᠠᠶᠢᠲᠤᠷ ᠬᠢᠵᠦ᠂ ᠵᠢᠭᠤᠯᠴᠢᠯᠠᠯ ᠤᠨ ᠭᠠᠵᠠᠷ ᠤᠨ ᠬᠠᠷᠢᠭᠤᠴᠠᠯᠭ᠎ᠠ ᠶᠢᠨ ᠳᠠᠭᠠᠳᠬᠠᠯ ᠪᠠ ᠬᠤᠯᠪᠣᠭᠳᠠᠬᠤ ᠬᠠᠷᠢᠭᠤᠴᠠᠯᠭ᠎ᠠ ᠶᠢᠨ ᠳᠠᠭᠠᠳᠬᠠᠯ ᠤᠨ ᠦᠢᠯᠡᠳᠬᠦᠨ ᠢ ᠴᠠᠭ ᠲᠤᠬᠠᠢ ᠳᠤᠨᠢ ᠳᠠᠭᠠᠳᠬᠠᠭᠤᠯᠬᠤ ᠪᠠ ᠦᠷᠭᠦᠯᠵᠢᠯᠡᠨ ᠳᠠᠭᠠᠳᠬᠠᠭᠤᠯᠵᠤ᠂ ᠠᠮᠤᠷ ᠲᠦᠪᠰᠢᠨ ᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠴᠠᠭ ᠠᠭᠤᠷ ᠤᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠭᠡᠨᠡᠳᠲᠡ ᠶᠢᠨ ᠭᠠᠮᠰᠢᠭᠲᠤ ᠴᠠᠭ ᠠᠭᠤᠷ ᠵᠡᠷᠭᠡ ᠲᠣᠭᠲᠠᠭᠠᠯᠲᠤ ᠪᠤᠰᠤ ᠬᠦᠴᠦᠨ ᠵᠦᠢᠯ ᠢ ᠴᠠᠭ ᠲᠤᠬᠠᠢ ᠳᠤᠨᠢ ᠡᠵᠡᠮᠰᠢᠨ᠂ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠵᠢᠭᠤᠯᠴᠢᠯᠠᠯ ᠤᠨ ᠲᠦᠭᠰᠢᠭᠦᠷᠢ ᠶᠢᠨ ᠰᠡᠷᠡᠮᠵᠢᠯᠡᠭᠦᠯᠦᠯ ᠤᠨ ᠰᠠᠨᠠᠭᠤᠯᠤᠮᠵᠢ ᠶᠢ ᠬᠠᠮᠤᠭ ᠤᠨ ᠲᠡᠷᠢᠭᠦᠨ ᠳᠤ ᠨᠡᠶᠢᠲᠡᠯᠡᠵᠦ᠂ ᠪᠠᠴᠢᠮ ᠪᠠᠶᠢᠳᠠᠯ ᠢ ᠲᠦᠷᠭᠡᠨ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠵᠢᠭᠤᠯᠴᠢᠯᠠᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃       ︵  ᠲᠤᠯᠤᠭ᠎ᠠ︶  ᠭᠠᠯ ᠲᠦᠢᠮᠡᠷ ᠢ ᠤᠨᠲᠠᠷᠠᠭᠠᠬᠤ ᠬᠦᠷᠢᠶᠡᠨ ᠤ ᠰᠡᠷᠭᠡᠶᠢᠯᠡᠬᠦ ᠠᠷᠭ᠎ᠠ ᠬᠡᠮᠵᠢᠶ᠎ᠡ᠄  ︽ᠶᠢᠰᠦᠨ ᠪᠠᠭ᠎ᠠ ᠲᠠᠯᠠᠪᠤᠷ︾ ᠂ ︽ᠵᠡᠭᠡᠯᠢ ᠳᠠᠭᠠᠤ ᠬᠤᠳᠠᠯᠳᠤᠭ᠎ᠠ ᠫᠦᠰᠡ︾ ᠂ ︽ᠬᠥᠮᠥᠨ ᠤᠯᠠᠨ ᠴᠤᠭᠯᠠᠷᠠᠳᠠᠭ ᠲᠠᠯᠠᠪᠤᠷ︾  ᠵᠡᠷᠭᠡ ᠭᠠᠯ ᠲᠦᠢᠮᠡᠷ ᠢ ᠤᠨᠲᠠᠷᠠᠭᠠᠬᠤ ᠲᠤᠰᠬᠠᠢ ᠵᠦᠢᠯ ᠤᠨ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠭᠠᠯ ᠲᠦᠢᠮᠡᠷ ᠢ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠦᠨᠳᠦ ᠬᠡᠴᠡᠭᠦᠦ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠭᠠᠯ ᠲᠦᠢᠮᠡᠷ ᠢ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠤᠯᠢ ᠠᠴᠠ ᠵᠥᠷᠢᠴᠡᠭᠰᠡᠨ ᠡᠯ᠎ᠡ ᠲᠥᠷᠥᠯ  ᠤᠨ ᠥᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠣᠭᠴᠠ᠂ ᠥᠨᠳᠥᠷ ᠪᠠᠷᠢᠯᠭ᠎ᠠ᠂ ᠴᠢᠯᠠᠭᠤᠨ ᠲᠣᠰᠣ ᠬᠢᠮᠢ ᠶᠢᠨ ᠰᠢᠲᠠᠮᠠᠬᠠᠢ ᠬᠡᠢ᠂ ᠣᠯᠠᠨ ᠨᠡᠶᠢᠲᠡ ᠶᠢᠨ ᠴᠤᠭᠯᠠᠷᠠᠯ᠂ ᠬᠠᠭᠤᠴᠢᠨ ᠬᠤᠷᠢᠶᠠᠯᠠᠯ᠂ ᠥᠪᠡᠰᠦᠪᠡᠨ ᠪᠠᠷᠢᠭᠰᠠᠨ ᠭᠡᠷ ᠪᠠᠶᠢᠰᠢᠩ᠂ ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠨᠢᠭᠡᠴᠢ ᠲᠠᠯᠠᠪᠤᠷ ᠢ ᠴᠢᠩᠭ᠎ᠠ ᠠᠵᠢᠭᠯᠠᠵᠤ᠂ ᠬᠠᠷᠢᠭᠤᠴᠠᠯᠭ᠎ᠠ ᠬᠡᠯᠡᠯᠴᠡᠵᠦ ᠲᠣᠷᠭᠠᠬᠤ᠂ ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠬᠦ᠂ ᠢᠯᠡᠴᠢᠯᠡᠵᠦ ᠰᠡᠷᠡᠮᠵᠢᠯᠡᠭᠦᠯᠬᠦ᠂ ᠦᠢᠯᠡᠴᠢᠯᠡᠵᠦ ᠵᠢᠯᠤᠭᠤᠳᠬᠤ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠭᠠᠯ ᠲᠦᠢᠮᠡᠷ ᠢ ᠤᠨᠲᠠᠷᠠᠭᠠᠬᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠥᠪᠡᠷ ᠢᠶᠠᠨ ᠭᠡᠷ ᠪᠠᠶᠢᠰᠢᠩ ᠪᠠᠷᠢᠬᠤ᠂ ᠰᠠᠭᠤᠭᠠᠯᠢ ᠠᠷᠠᠳ ᠤᠨ ᠲᠣᠭᠤᠷᠢᠭ ᠪᠠ ︽ᠣᠯᠠᠨ ᠵᠦᠢᠯ ᠢ ᠨᠡᠶᠢᠯᠡᠭᠦᠯᠦᠨ ᠨᠢᠭᠡ ᠪᠣᠯᠭᠠᠬᠤ︾ ᠂ ︽ᠡᠮᠦᠨ᠎ᠡ ᠨᠢ ᠳᠡᠯᠭᠡᠭᠦᠷ ᠬᠤᠶᠢᠨ᠎ᠠ ᠨᠢ ᠦᠢᠯᠡᠳᠪᠦᠷᠢ ᠪᠠᠶᠢᠭᠤᠯᠬᠤ︾ ᠂ ᠣᠯᠠᠨ ᠨᠡᠶᠢᠲᠡ ᠪᠠᠷ ᠢᠶᠠᠨ ᠭᠡᠷ ᠪᠠᠶᠢᠰᠢᠩ ᠲᠦᠷᠢᠶᠡᠰᠦᠯᠡᠬᠦ ᠵᠡᠷᠭᠡ ᠲᠠᠯᠠᠪᠤᠷ ᠭᠠᠵᠠᠷ ᠲᠤ ᠴᠢᠭᠯᠡᠭᠦᠯᠦᠨ᠂ ᠲᠣᠰᠬᠤᠨ ︵  ᠰᠠᠭᠤᠭᠠᠯᠢ ᠠᠷᠠᠳ︶  ᠤ ᠵᠥᠪᠯᠡᠯ᠂ ᠦᠨᠳᠦᠰᠦᠨ ᠱᠠᠲᠤᠨ ᠤ ᠲᠣᠣᠷ ᠰᠦᠯᠵᠢᠶ᠎ᠡ᠂ ᠠᠳᠠᠯ ᠠᠬᠤᠢ ᠶᠢᠨ ᠠᠮᠤᠷ ᠢ ᠬᠠᠮᠠᠭᠠᠯᠠᠬᠤ ᠵᠡᠷᠭᠡ ᠶᠢ ᠳᠠᠶᠢᠴᠢᠯᠠᠨ᠂ ᠲᠣᠭᠲᠠᠭᠠᠯ  ᠠᠴᠠ ᠵᠥᠷᠢᠴᠡᠨ ᠭᠠᠯ ᠴᠠᠬᠢᠯᠭᠠᠨ ᠬᠡᠢ ᠬᠡᠷᠡᠭᠯᠡᠬᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠠᠰᠠᠷ ᠲᠤ ᠣᠷᠣᠭᠤᠯᠵᠤ ᠡᠷᠦᠬᠡ ᠳᠤ ᠣᠷᠣᠭᠤᠯᠬᠤ ᠵᠡᠷᠭᠡ ᠮᠠᠭᠤ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠤᠨ ᠵᠠᠰᠠᠬᠤ ᠬᠡᠷᠡᠭᠲᠡᠢ ᠃ ᠠᠳᠠᠯᠢ ᠪᠤᠰᠤ ᠴᠠᠭ ᠬᠤᠭᠤᠴᠠᠭ᠎ᠠ᠂ ᠠᠳᠠᠯᠢ ᠪᠤᠰᠤ ᠬᠦᠷᠢᠶ᠎ᠡ᠂ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠬᠥᠮᠥᠰ  ᠤᠨ ᠭᠠᠯ ᠲᠦᠢᠮᠡᠷ ᠢ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠂ ᠰᠦᠯᠵᠢᠶ᠎ᠡ ᠪᠠᠷ ᠰᠢᠭᠤᠳ ᠨᠡᠪᠲᠡᠷᠡᠭᠦᠯᠬᠦ᠂ ᠰᠡᠷᠡᠮᠵᠢᠯᠡᠭᠦᠯᠬᠦ ᠬᠥᠮᠦᠵᠢᠯ᠂ ᠤᠬᠠᠭᠤᠯᠭ᠎ᠠ ᠶᠢᠨ ᠬᠠᠭᠤᠳᠠᠰᠤ ᠵᠡᠷᠭᠡ ᠤᠯᠠᠨ ᠵᠦᠢᠯ ᠤᠨ ᠠᠷᠭ᠎ᠠ ᠪᠠᠷᠢᠯ ᠢ ᠠᠪᠴᠤ ᠪᠠᠶᠢᠭᠠᠳ ᠭᠠᠯ ᠲᠦᠢᠮᠡᠷ ᠢ ᠤᠨᠲᠠᠷᠠᠭᠠᠵᠤ ᠠᠶᠤᠯ ᠠᠴᠠ ᠬᠠᠮᠠᠭᠠᠯᠠᠬᠤ ᠤᠬᠠᠭᠤᠯᠭ᠎ᠠ ᠶᠢᠨ ᠡᠷᠴᠢᠮ ᠢ ᠴᠢᠩᠭᠠᠳᠬᠠᠬᠤ ᠬᠡᠷᠡᠭᠲᠡᠢ᠃       ︵  ᠨᠠᠢᠮᠠ︶  ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠢ ᠰᠡᠷᠭᠡᠶᠢᠯᠡᠨ ᠤᠨᠲᠠᠷᠠᠭᠠᠬᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ᠄  ᠵᠠᠩᠭᠢᠯᠠᠭ᠎ᠠ ᠶᠢᠨ ᠴᠠᠭ ᠬᠤᠭᠤᠴᠠᠭ᠎ᠠ ᠪᠠ ᠬᠡᠭᠡᠷ᠎ᠡ ᠭᠠᠳᠠᠨ᠎ᠠ ᠰᠢᠷᠠᠵᠤ ᠰᠢᠷᠠᠬᠤ᠂ ᠬᠡᠭᠡᠷ᠎ᠡ ᠬᠤᠭᠤᠯᠠᠯᠠᠬᠤ ᠵᠡᠷᠭᠡ ᠦᠶᠯᠡ ᠠᠵᠢᠯᠯᠠᠭ᠎ᠠ ᠶᠢ ᠴᠢᠩᠭ᠎ᠠ ᠠᠩᠬᠠᠷᠴᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠪᠥᠬᠦ ᠲᠠᠯ᠎ᠠ ᠪᠠᠷ ᠬᠠᠮᠢᠶᠠᠷᠤᠨ ᠡᠵᠡᠮᠳᠡᠨ᠎ᠡ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠢ ᠰᠢᠮᠳᠠᠭᠤᠯᠤᠨ ᠪᠠᠶᠢᠴᠠᠭᠠᠬᠤ ᠶᠢ ᠴᠠᠭ ᠲᠤᠬᠠᠢ ᠳᠤᠨᠢ ᠥᠷᠨᠢᠭᠦᠯᠵᠦ᠂ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ ᠳᠤᠨᠢ ᠮᠡᠳᠡᠭᠡᠯᠡᠬᠦ᠂ ᠪᠣᠯᠵᠣᠨ ᠶᠠᠷᠢᠯᠴᠠᠬᠤ᠂ ᠭᠤᠣᠯᠳᠠᠯᠭ᠎ᠠ ᠲᠠᠢ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠵᠠᠯᠬᠠᠭᠠᠨ ᠴᠡᠭᠡᠷᠯᠡᠭᠦᠯᠬᠦ ᠬᠡᠷᠡᠭᠲᠡᠢ᠃ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠪᠣᠯᠣᠨ ᠰᠢᠨ᠎ᠡ ᠵᠠᠭᠤᠴᠢᠯᠠᠭᠤᠷ ᠵᠡᠷᠭᠡ ᠠᠷᠭ᠎ᠠ ᠪᠠᠷᠢᠯ ᠢ ᠠᠰᠢᠭᠯᠠᠨ᠂ ᠨᠡᠶᠢᠭᠡᠮ ᠲᠣᠭᠤᠷᠢᠭ᠂ ᠭᠡᠷ ᠪᠦᠯᠢ᠂ ᠰᠤᠷᠭᠠᠭᠤᠯᠢ᠂ ᠠᠵᠤ ᠠᠬᠤᠶᠢᠯᠠᠯ᠂ ᠰᠢᠭᠤᠶᠢᠲᠤ ᠣᠷᠣᠨ᠂ ᠬᠥᠳᠡᠭᠡ ᠲᠣᠰᠬᠤᠨ᠂ ᠲᠠᠷᠢᠶᠠᠴᠢᠨ ᠡᠷᠦᠬᠡ ᠳᠤ ︽ᠳᠣᠯᠤᠭ᠎ᠠ ᠶᠢ ᠣᠷᠣᠭᠤᠯᠬᠤ︾  ᠭᠠᠯ ᠲᠦᠢᠮᠡᠷ ᠤᠨ ᠠᠶᠤᠯ ᠢ ᠰᠡᠷᠭᠡᠶᠢᠯᠡᠬᠦ ᠤᠬᠠᠭᠤᠯᠭ᠎ᠠ ᠶᠢᠨ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠬᠦ ᠬᠡᠷᠡᠭᠲᠡᠢ᠃       ︵  ᠶᠢᠰᠦ︶  ᠪᠠᠶᠢᠭᠠᠯᠢ ᠶᠢᠨ ᠭᠠᠢ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ᠄  ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠴᠠᠭ ᠠᠭᠤᠷ ᠤᠨ ᠭᠠᠢ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠠᠮᠤᠭ ᠤᠨ ᠲᠡᠷᠢᠭᠦᠨ ᠳᠤ ᠨᠡᠶᠢᠲᠡᠯᠡᠬᠦ ᠶᠢ ᠦᠨᠡᠨᠬᠦ ᠪᠠᠲᠤᠯᠠᠵᠤ᠂ ᠪᠡᠯᠡᠳᠭᠡᠮᠵᠢᠳᠤ ᠲᠠᠷᠢᠶᠠᠯᠠᠩ ᠤᠨ ᠪᠠᠬᠢᠵᠢᠭᠦᠯᠵᠦ ᠳᠤᠯᠠᠭᠠᠨ ᠢ ᠬᠠᠮᠠᠭᠠᠯᠠᠬᠤ ᠠᠵᠢᠯ᠂ ᠭᠠᠳᠠᠭᠰᠢ ᠭᠠᠷᠤᠭᠰᠠᠳ ᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠪᠣᠯᠣᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠢ ᠰᠡᠷᠭᠡᠶᠢᠯᠡᠬᠦ ᠠᠵᠢᠯ ᠢ ᠤᠷᠢᠳᠴᠢᠯᠠᠨ ᠰᠠᠶᠢᠲᠤᠷ ᠭᠦᠢᠴᠡᠳᠬᠡᠬᠦ ᠬᠡᠷᠡᠭᠲᠡᠢ᠃ ᠵᠢᠵᠢᠭᠦᠷᠯᠡᠨ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠭᠠᠮᠰᠢᠭ  ᠤᠨ ᠪᠠᠶᠢᠳᠠᠯ ᠭᠠᠷᠪᠠᠯ ᠭᠠᠮᠰᠢᠭ  ᠤᠨ ᠪᠠᠶᠢᠳᠠᠯ ᠢ ᠴᠠᠭ ᠲᠤᠬᠠᠢ ᠳᠤᠨᠢ ᠣᠨᠣᠪᠴᠢᠲᠠᠶ ᠮᠡᠳᠡᠭᠦᠯᠵᠦ᠂ ᠮᠡᠳᠡᠭᠡ ᠵᠠᠩᠭᠢ ᠶᠢᠨ ᠣᠨᠣᠪᠴᠢᠲᠤ ᠴᠢᠨᠠᠷ ᠪᠣᠯᠣᠨ ᠴᠠᠭ ᠲᠤᠬᠠᠶᠢᠴᠢ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃ ᠦᠶᠡᠷ  ᠤᠨ ᠬᠤᠭᠤᠴᠠᠭ᠎ᠠ ᠠᠴᠠ ᠡᠮᠦᠨ᠎ᠡ᠂ ᠭᠤᠣᠯ  ᠤᠨ ᠵᠠᠮ ᠢ ᠴᠠᠭ ᠲᠤᠬᠠᠢ ᠳᠤᠨᠢ ᠴᠡᠪᠡᠷᠯᠡᠵᠦ᠂ ᠬᠥᠭᠦᠷᠭᠡ ᠶᠢᠨ ᠭᠤᠯᠳᠤᠩ ᠢᠶᠠᠷ ᠬᠤᠭ ᠨᠣᠪᠰᠢ ᠶᠢ ᠪᠥᠭᠯᠡᠵᠦ᠂ ᠤᠰᠤᠨ ᠵᠠᠮ  ᠤᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠪᠡᠯᠡᠳᠬᠡᠯ ᠢ ᠴᠢᠩᠭᠠᠳᠬᠠᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号