| ᠠᠯᠠᠱᠠ ᠶᠢᠨ ᠲᠡᠦᠬᠡ ᠰᠣᠶᠣᠯ ᠤᠨ ᠦᠯᠡᠳᠡᠭᠳᠡᠯ ᠢ ᠬᠠᠶᠢᠬᠤᠢ- | ᠣᠷᠳᠣ ᠴᠠᠭᠠᠨ ᠬᠡᠷᠡᠮ | ᠠᠯᠠᠱᠠ ᠠᠶᠢᠮᠠᠭ ᠤᠨ ᠬᠢᠯᠢ ᠳᠤ ᠪᠠᠶᠢᠭ᠎ᠠ ᠣᠷᠳᠣ ᠴᠠᠭᠠᠨ ᠬᠡᠷᠡᠮ ᠨᠢ ᠮᠠᠨ ᠤ ᠤᠯᠤᠰ ᠤᠨ ᠤᠮᠠᠷᠠᠲᠤ | ᠬᠢᠯᠢ ᠶᠢᠨ ᠣᠷᠳᠣ ᠴᠠᠭᠠᠨ ᠬᠡᠷᠡᠮ ᠤᠨ ᠨᠢᠭᠡ ᠬᠡᠰᠡᠭ ᠪᠣᠯᠤᠭᠰᠠᠨ ᠤ ᠬᠤᠪᠢ ᠳᠤ᠂ ᠭᠠᠵᠠᠷ ᠣᠷᠣᠨ ᠤ ᠣᠨᠴᠠᠯᠢᠭ | ᠢᠯᠡ ᠲᠣᠳᠣ᠂ ᠬᠢᠯᠢ ᠬᠢᠵᠠᠭᠠᠷ ᠤᠨ ᠰᠣᠶᠣᠯ᠂ ᠲᠣᠷᠭᠠᠨ ᠵᠠᠮ ᠤᠨ ᠰᠣᠶᠣᠯ ᠪᠠ ᠦᠨᠳᠦᠰᠦᠲᠡᠨ ᠤ ᠰᠣᠶᠣᠯ ᠵᠡᠷᠭᠡ | ᠡᠯᠪᠡᠭ ᠪᠠᠶᠠᠯᠢᠭ ᠠᠭᠤᠯᠤᠭᠳᠠᠬᠤᠨ ᠲᠠᠢ ᠬᠤᠯᠪᠣᠭᠳᠠᠨ᠂ ᠮᠠᠨ ᠤ ᠤᠯᠤᠰ ᠤᠨ ᠨᠢᠭᠡᠳᠦᠭᠰᠡᠨ ᠣᠯᠠᠨ | ᠦᠨᠳᠦᠰᠦᠲᠡᠨ ᠲᠠᠢ ᠤᠯᠤᠰ ᠤᠨ ᠪᠦᠷᠢᠯᠳᠦᠯ᠂ ᠳᠣᠷᠣᠨᠠᠳᠠᠬᠢᠨ ᠥᠷᠥᠨᠡᠳᠠᠬᠢᠨ ᠤ ᠪᠣᠯᠪᠠᠰᠤᠨ ᠤ ᠰᠣᠯᠢᠯᠴᠠᠭ᠎ᠠ | ᠲᠣᠯᠢᠯᠠᠯ ᠳᠤ ᠴᠢᠬᠤᠯᠠ ᠲᠡᠦᠬᠡᠨ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠠᠯᠠᠱᠠ ᠶᠢᠨ ᠥᠨᠳᠦᠷᠯᠢᠭ ᠤᠨ | ᠤᠷᠳᠤ ᠴᠠᠭᠠᠨ ᠬᠡᠷᠡᠮ ᠤᠨ ᠰᠣᠶᠣᠯ ᠨᠢ ᠮᠥᠨᠴᠦ ᠪᠢᠳᠡᠨ ᠤ ᠰᠢᠨ᠎ᠡ ᠴᠠᠭ ᠦᠶ᠎ᠡ ᠶᠢᠨ ᠨᠥᠬᠦᠴᠡᠯ ᠳᠣᠣᠷ᠎ᠠ ᠰᠢᠯᠢᠳᠡᠭ | ᠲᠡᠦᠬᠡ ᠰᠣᠶᠣᠯ ᠤᠨ ᠤᠯᠠᠮᠵᠢᠯᠠᠯ ᠢ ᠪᠠᠳᠠᠷᠠᠭᠤᠯᠬᠤ᠂ ᠤᠮᠠᠷᠠᠲᠤ ᠶᠢᠨ ᠰᠣᠶᠣᠯ ᠢ ᠪᠠᠶᠢᠭᠤᠯᠬᠤ᠂ ᠪᠡᠶ᠎ᠡ ᠳᠡᠭᠡᠨ | ᠢᠲᠡᠭᠡᠯ ᠲᠠᠢ᠂ ᠥᠪᠡᠷ ᠢ ᠪᠠᠨ ᠬᠦᠴᠦᠷᠬᠡᠭᠵᠢᠭᠦᠯᠬᠦ᠂ ᠲᠥᠪ ᠭᠤᠣᠯᠴᠢ ᠪᠠᠷ ᠰᠢᠨ᠎ᠡ ᠶᠢ ᠡᠭᠦᠳᠬᠦ᠂ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠲᠦᠰᠢᠭ ᠪᠣᠯᠣᠨ᠎ᠠ᠃ | ᠠᠯᠠᠱᠠ ᠮᠠᠨ ᠤ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ᠪᠠᠶᠢᠴᠠᠭᠠᠨ ᠢᠯᠡᠷᠡᠭᠦᠯᠦᠭᠰᠡᠨ | ᠤᠷᠳᠤ ᠴᠠᠭᠠᠨ ᠬᠡᠷᠡᠮ ᠵᠢᠴᠢ ᠬᠤᠯᠪᠣᠭᠳᠠᠯ ᠪᠦᠬᠦᠢ ᠦᠯᠡᠳᠡᠭᠳᠡᠯ ᠤᠨ ᠴᠠᠭ ᠦᠶ᠎ᠡ ᠶᠢᠨ ᠠᠯᠤᠰᠯᠠᠯ ᠨᠡᠯᠢᠶᠡᠳ ᠶᠡᠭᠡ᠂ | ᠴᠢᠨ ᠤᠯᠤᠰ ᠤᠨ ᠤᠷᠳᠤ ᠴᠠᠭᠠᠨ ᠬᠡᠷᠡᠮ᠂ ᠬᠠᠨ ᠤᠯᠤᠰ ᠤᠨ ᠤᠷᠳᠤ ᠴᠠᠭᠠᠨ ᠬᠡᠷᠡᠮ᠂ ᠪᠠᠷᠠᠭᠤᠨ ᠰᠢᠶᠠ | ᠤᠯᠤᠰ ᠤᠨ ᠤᠷᠳᠤ ᠴᠠᠭᠠᠨ ᠬᠡᠷᠡᠮ᠂ ᠮᠢᠩ ᠤᠯᠤᠰ ᠤᠨ ᠤᠷᠳᠤ ᠴᠠᠭᠠᠨ ᠬᠡᠷᠡᠮ ᠵᠢᠴᠢ ᠪᠤᠰᠤᠳ ᠲᠡᠦᠬᠡᠨ ᠴᠠᠭ | ᠦᠶ᠎ᠡ ᠶᠢᠨ ᠴᠡᠷᠢᠭ ᠤᠨ ᠶᠠᠪᠤᠳᠠᠯ ᠤᠨ ᠡᠷᠲᠡᠨ ᠤ ᠬᠤᠳᠠ ᠪᠤᠢ;ᠲᠠᠷᠬᠠᠯᠲᠠ ᠶᠢᠨ ᠬᠡᠪᠴᠢᠶ᠎ᠡ ᠨᠢ ᠨᠡᠯᠢᠶᠡᠳ ᠥᠷᠭᠡᠨ | ᠪᠠᠶᠢᠵᠤ᠂ 27 ᠲᠦᠮᠡᠨ ᠬᠠᠪᠲᠠᠭᠠᠢ ᠳᠥᠷᠪᠡᠯᠵᠢᠨ ᠺᠢᠯᠣᠮᠧᠲᠷ ᠨᠤᠲᠤᠭ ᠳᠡᠪᠢᠰᠬᠡᠷ ᠳᠡᠭᠡᠷ᠎ᠡ ᠬᠥᠨᠳᠡᠯᠡᠨ ᠭᠤᠯᠳᠤ | ᠰᠦᠯᠵᠢᠯᠳᠦᠭᠰᠡᠨ ᠲᠣᠣᠷᠯᠢᠭ ᠲᠠᠷᠬᠠᠯᠲᠠ ᠶᠢᠨ ᠪᠦᠲᠦᠴᠡ ᠶᠢ ᠪᠦᠷᠢᠯᠳᠦᠭᠦᠯᠵᠡᠢ᠃ ᠭᠡᠯᠪᠡᠷᠢ ᠨᠢ ᠡᠯᠪᠡᠭ ᠪᠠᠶᠠᠯᠢᠭ | ᠣᠯᠠᠨ ᠶᠠᠩᠵᠤ ᠶᠢᠨ ᠪᠠᠶᠢᠳᠠᠭ᠃ ᠡᠭᠦᠨ ᠳᠤ ᠬᠡᠷᠡᠮ᠂ ᠬᠠᠯᠬᠠᠪᠴᠢ ᠠᠭᠤᠯᠠ᠂ ᠬᠠᠯᠬᠠᠪᠴᠢ ᠡᠯᠡᠰᠦ᠂ ᠵᠣᠷᠭᠤᠮᠠᠯ | ᠠᠭᠤᠯᠠ ᠶᠢᠨ ᠬᠡᠷᠡᠮ᠂ ᠮᠣᠷᠢ ᠬᠠᠰᠢᠬᠤ ᠬᠡᠷᠡᠮ᠂ ᠮᠠᠯᠲᠠᠮᠠᠯ ᠰᠤᠪᠠᠭ᠂ ᠡᠯᠡᠰᠦᠨ ᠳᠠᠷᠢᠶ᠎ᠠ᠂ ᠬᠠᠯᠬᠠᠪᠴᠢ ᠲᠠᠶᠢᠰᠠ᠂ | ᠴᠣᠨᠵᠢ᠂ ᠬᠤᠲᠠ᠂ ᠴᠢᠯᠠᠭᠤᠨ ᠰᠡᠶᠢᠯᠦᠮᠡᠯ᠂ ᠣᠷᠣᠨ ᠰᠠᠭᠤᠴᠠ ᠶᠢᠨ ᠭᠠᠵᠠᠷ ᠵᠡᠷᠭᠡ ᠪᠤᠶ᠃ ᠲᠤᠭ᠎ᠠ ᠬᠡᠮᠵᠢᠶ᠎ᠡ ᠨᠢ | ᠨᠡᠯᠢᠶᠡᠳ ᠶᠡᠭᠡ ᠪᠠᠶᠢᠵᠤ᠂ ᠪᠦᠭᠦ ᠠᠶᠢᠮᠠᠭ ᠤᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ | ᠵᠦᠢᠯᠡᠰ ᠤᠨ ᠶᠡᠷᠦᠩᠬᠡᠢ ᠬᠡᠮᠵᠢᠶᠡᠨ ᠤ 67% ᠶᠢ ᠡᠵᠡᠯᠡᠵᠦ ᠪᠠᠶᠢᠨ᠎ᠠ᠃ ᠠᠳᠡ ᠲᠠᠷᠢᠶᠠᠯᠠᠩ ᠮᠠᠯ ᠠᠵᠤ ᠠᠬᠤᠢ | ᠬᠠᠷᠢᠯᠴᠠᠨ ᠠᠭᠤᠰᠤᠯᠴᠠᠵᠤ᠂ ᠳᠤᠮᠳᠠᠳᠤ ᠶᠢᠨ ᠪᠣᠯᠪᠠᠰᠤᠨ ᠤ ᠰᠢᠰᠲ᠋ᠧᠮ ᠤᠨ ᠳᠣᠲᠣᠷ᠎ᠠ ᠳᠣᠲᠣᠭᠰᠢ ᠪᠠᠨ ᠤᠯᠠᠨ | ᠡᠰᠢᠴᠢᠯᠡᠨ ᠠᠭᠤᠰᠤᠯᠴᠠᠵᠤ᠂ ᠭᠠᠳᠠᠭᠰᠢ ᠨᠡᠭᠡᠭᠡᠯᠲᠡ ᠬᠢᠵᠦ ᠬᠠᠷᠢᠯᠴᠠᠨ ᠲᠣᠯᠢ ᠪᠤᠯᠭᠠᠬᠰᠠᠨ ᠲᠣᠨᠣᠯᠵᠢᠨ | ᠭᠡᠯᠪᠡᠷᠢ ᠶᠢᠨ ᠨᠡᠪᠲᠡᠷᠡᠯ ᠵᠠᠮ ᠤᠨ ᠣᠷᠣᠨ ᠪᠦᠰᠡ ᠳᠤ ᠣᠷᠣᠰᠢᠵᠤ ᠪᠤᠢ᠃ ᠥᠪᠡᠷᠮᠢᠴᠡ ᠣᠨᠴᠠᠯᠢᠭ ᠪᠦᠬᠦᠢ ᠭᠠᠵᠠᠷ | ᠵᠦᠢ ᠬᠥᠮᠥᠨ ᠰᠣᠶᠣᠯ ᠤᠨ ᠣᠷᠴᠢᠨ ᠲᠣᠭᠤᠷᠢᠨ ᠨᠢ ᠤᠷᠳᠤ ᠴᠠᠭᠠᠨ ᠬᠡᠷᠡᠮ ᠤᠨ ᠭᠦᠨ ᠵᠤᠵᠠᠭᠠᠨ ᠰᠣᠶᠣᠯ ᠢ | ᠪᠣᠶᠢᠵᠢᠭᠤᠯᠵᠤ᠂ ᠠᠯᠠᠱᠠ ᠶᠢ ᠮᠠᠨ ᠤ ᠤᠯᠤᠰ ᠤᠨ ᠤᠷᠳᠤ ᠴᠠᠭᠠᠨ ᠬᠡᠷᠡᠮ ᠤᠨ ᠰᠣᠶᠣᠯ ᠤᠨ ᠡᠬᠢ ᠪᠠᠶᠠᠯᠢᠭ ᠡᠯᠪᠡᠭ | ᠭᠠᠵᠠᠷ ᠪᠤᠯᠭᠠᠬᠰᠠᠨ ᠪᠠᠶᠢᠨ᠎ᠠ᠃ | ᠠᠯᠠᠱᠠ ᠶᠢᠨ ᠥᠨᠳᠦᠷᠯᠢᠭ ᠤᠨ ᠣᠷᠳᠣ ᠴᠠᠭᠠᠨ ᠬᠡᠷᠡᠮ ᠤᠨ ᠦᠯᠡᠳᠡᠭᠳᠡᠯ ᠨᠢ ᠢᠯᠡ ᠲᠣᠳᠣ ᠴᠠᠭ | ᠦᠶ᠎ᠡ ᠶᠢᠨ ᠣᠨᠴᠠᠯᠢᠭ ᠲᠠᠢ ᠶᠤᠮ᠃ ᠠᠳᠠᠯᠢ ᠪᠤᠰᠤ ᠵᠠᠰᠠᠭ ᠤᠨ ᠡᠷᠬᠡ ᠪᠤᠶᠤ ᠠᠳᠠᠯᠢ ᠨᠢᠭᠡᠨ ᠵᠠᠰᠠᠭ ᠤᠨ ᠡᠷᠬᠡ ᠶᠢᠨ | ᠠᠳᠠᠯᠢ ᠪᠤᠰᠤ ᠴᠠᠭ ᠦᠶ᠎ᠡ ᠶᠢᠨ ᠴᠡᠷᠢᠭ ᠤᠨ ᠶᠠᠪᠤᠳᠠᠯ ᠪᠠ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ᠂ | ᠠᠵᠤ ᠠᠬᠤᠢ ᠰᠣᠶᠣᠯ᠂ ᠦᠨᠳᠦᠰᠦᠲᠡᠨ ᠤ ᠲᠦᠷᠦ ᠶᠢᠨ ᠪᠣᠳᠣᠯᠭ᠎ᠠ ᠵᠡᠷᠭᠡ ᠨᠢ ᠡ᠊ᠨᠳᠡᠭᠢ ᠴᠡᠷᠢᠭ ᠤᠨ ᠶᠠᠪᠤᠳᠠᠯ ᠤᠨ | ᠰᠡᠷᠭᠡᠶᠢᠯᠡᠯᠲᠡ ᠶᠢᠨ ᠰᠢᠰᠲ᠋ᠧᠮ ᠤᠨ ᠲᠤᠭ᠎ᠠ ᠬᠡᠮᠵᠢᠶ᠎ᠡ᠂ ᠪᠦᠲᠦᠴᠡ᠂ ᠲᠠᠷᠬᠠᠯᠲᠠ᠂ ᠴᠢᠳᠠᠮᠵᠢ ᠵᠡᠷᠭᠡ ᠲᠠᠯ᠎ᠠ ᠪᠠᠷ | ᠱᠠᠲᠤ ᠦᠶ᠎ᠡ ᠶᠢᠨ ᠴᠢᠨᠠᠷᠲᠠᠢ ᠣᠨᠴᠠᠯᠢᠭ ᠰᠢᠨᠵᠢ ᠲᠠᠢ ᠪᠠᠶᠢᠬᠤ ᠶᠢ ᠲᠣᠭᠲᠠᠭᠠᠵᠤ ᠪᠠᠶᠢᠳᠠᠭ᠃ ᠠᠯᠠᠱᠠ ᠶᠢᠨ | ᠥᠨᠳᠦᠷᠯᠢᠭ ᠤᠨ ᠣᠷᠳᠣ ᠴᠠᠭᠠᠨ ᠬᠡᠷᠡᠮ ᠤᠨ ᠦᠯᠡᠳᠡᠭᠳᠡᠯ ᠳᠤ ᠬᠡᠷᠡᠮ ᠬᠠᠨ᠎ᠠ ᠶᠢᠨ ᠭᠡᠯᠪᠠᠷᠢ ᠨᠢ ᠴᠥᠭᠡᠨ᠂ ᠴᠣᠨᠵᠢ | ᠬᠤᠲᠠ ᠬᠠᠯᠬᠠᠪᠴᠢ ᠵᠡᠷᠭᠡ ᠨᠢ ᠬᠠᠷᠢᠴᠠᠩᠭᠤᠢ ᠪᠠᠷ ᠨᠡᠯᠢᠶᠡᠳ ᠣᠯᠠᠨ ᠪᠠᠶᠢᠳᠠᠭ;ᠡᠯᠡᠰᠦ ᠮᠠᠩᠬ᠎ᠠ ᠶᠢ ᠠᠰᠢᠭᠯᠠᠭᠰᠠᠨ | ᠪᠠᠷᠲᠠᠭᠠᠲᠤ ᠪᠡᠶ᠎ᠡ᠂ ᠣᠷᠣᠨ ᠰᠠᠭᠤᠴᠠ ᠶᠢᠨ ᠭᠠᠵᠠᠷ ᠪᠠ ᠬᠠᠨ ᠤᠯᠤᠰ ᠤᠨ ᠦᠶ᠎ᠡ ᠶᠢᠨ ᠣᠷᠳᠣ ᠴᠠᠭᠠᠨ ᠬᠡᠷᠡᠮ ᠤᠨ | ᠦᠯᠡᠳᠡᠭᠳᠡᠯ ᠬᠠᠮᠤᠭ ᠣᠯᠠᠨ᠂ ᠪᠠᠷᠠᠭᠤᠨ ᠰᠢᠶᠠ ᠤᠯᠤᠰ ᠤᠨ ᠪᠦᠷᠢᠨ ᠪᠦᠲᠦᠨ ᠤᠮᠠᠷᠠᠲᠤ ᠶᠢᠨ ᠣᠷᠳᠣ ᠴᠠᠭᠠᠨ | ᠬᠡᠷᠡᠮ ᠤᠨ ᠰᠢᠰᠲ᠋ᠧᠮ ᠢ ᠬᠠᠳᠠᠭᠠᠯᠠᠵᠤ ᠪᠠᠶᠢᠭ᠎ᠠ ᠨᠢ ᠮᠠᠨ ᠤ ᠤᠯᠤᠰ ᠤᠨ ᠣᠷᠳᠣ ᠴᠠᠭᠠᠨ ᠬᠡᠷᠡᠮ ᠤᠨ ᠰᠣᠶᠣᠯ ᠤᠨ | ᠣᠯᠠᠨ ᠶᠠᠩᠵᠤᠲᠤ ᠴᠢᠨᠠᠷ ᠪᠠ ᠡᠯᠪᠡᠭ ᠪᠠᠶᠠᠯᠢᠭ ᠴᠢᠨᠠᠷ ᠢ ᠬᠠᠷᠠᠭᠤᠯᠤᠭᠰᠠᠨ ᠪᠠᠶᠢᠨ᠎ᠠ᠃ | ᠠᠯᠠᠱᠠ ᠶᠢᠨ ᠤᠷᠳᠤ ᠴᠠᠭᠠᠨ ᠬᠡᠷᠡᠮ ᠤᠨ ᠦᠯᠡᠳᠡᠭᠳᠡᠯ ᠨᠢ ᠥᠩᠭᠡᠷᠡᠭᠰᠡᠨ ᠤ ᠦᠶ᠎ᠡ ᠶᠢᠨ ᠲᠥᠪ ᠤᠨ | ᠶᠡᠭᠡ ᠨᠢᠭᠡᠳᠦᠯ ᠤᠨ ᠵᠠᠰᠠᠭ ᠪᠤᠶᠤ ᠬᠡᠰᠡᠭᠯᠡᠨ ᠡᠵᠡᠯᠡᠭᠰᠡᠨ ᠵᠠᠰᠠᠭ ᠨᠢ ᠥᠪᠡᠷᠮᠢᠴᠡ ᠣᠨᠴᠠᠯᠢᠭ ᠪᠦᠬᠦᠢ ᠡᠯᠡᠰᠦᠨ ᠴᠦᠯ | ᠨᠣᠭᠤᠭᠠᠨ ᠪᠦᠷᠢᠳᠦ ᠶᠢᠨ ᠠᠮᠢ ᠠᠬᠤᠢ ᠶᠢᠨ ᠰᠢᠰᠲ᠋ᠧᠮ ᠢᠶᠠᠷ ᠲᠦᠰᠢᠭ ᠪᠤᠯᠭᠠᠵᠤ᠂ ᠪᠠᠲᠤ ᠪᠠᠬᠢ ᠴᠡᠷᠢᠭ ᠤᠨ | ᠶᠠᠪᠤᠳᠠᠯ ᠤᠨ ᠰᠡᠷᠭᠡᠶᠢᠯᠡᠯᠲᠡ ᠶᠢᠨ ᠰᠢᠰᠲ᠋ᠧᠮ᠂ ᠵᠠᠮ ᠬᠠᠷᠢᠯᠴᠠᠭ᠎ᠠ ᠰᠢᠤᠳᠠᠨ ᠤᠯᠠᠭ᠎ᠠ ᠦᠷᠳᠡᠭᠡ ᠶᠢᠨ ᠰᠢᠰᠲ᠋ᠧᠮ ᠢ | ᠪᠠᠶᠢᠭᠤᠯᠵᠤ᠂ ᠡᠭᠦᠨ ᠤ ᠳᠡᠭᠡᠷ᠎ᠡ ᠠᠭᠤᠵᠢᠭᠤ ᠨᠠᠶᠢᠷᠠᠮᠳᠠᠭᠤ ᠦᠨᠳᠦᠰᠦᠲᠡᠨ ᠤ ᠠᠭᠤᠰᠤᠯᠴᠠᠯ ᠤᠨ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠵᠦ᠂ ᠬᠢᠯᠢ ᠬᠢᠵᠠᠭᠠᠷ ᠤᠨ ᠵᠠᠰᠠᠯᠲᠠ ᠶᠢᠨ ᠭᠠᠷᠮᠠᠭᠠᠢ ᠪᠦᠲᠦᠮᠵᠢᠲᠡᠶ ᠪᠠᠶᠢᠷᠢᠰᠢᠯ ᠢ ᠪᠤᠢ | ᠪᠤᠯᠭᠠᠵᠤ᠂ ᠳᠤᠮᠳᠠᠳᠤ ᠶᠢᠨ ᠰᠣᠶᠣᠯ ᠤᠨ ᠤᠯᠤᠰ ᠪᠠᠶᠠᠨ ᠠᠷᠠᠳ ᠬᠦᠴᠦᠷᠬᠡᠭ᠂ ᠳᠡᠯᠡᠬᠡᠢ ᠳ᠋ᠠᠬᠢᠨ ᠢᠶᠠᠷ ᠢᠶᠠᠨ ᠡᠩᠬᠡ | ᠲᠠᠶᠢᠪᠤᠩ ᠪᠠᠶᠢᠬᠤ ᠤᠯᠤᠰ ᠭᠡᠷ ᠤᠨ ᠢᠲᠡᠭᠡᠯ ᠪᠢᠰᠢᠷᠡᠯ ᠢ ᠢᠮᠠᠭᠲᠠ ᠬᠠᠮᠠᠭᠠᠯᠠᠭᠰᠠᠭᠠᠷ ᠢᠷᠡᠭᠰᠡᠨ ᠢ ᠬᠠᠷᠠᠭᠤᠯᠵᠠᠢ᠃ | ᠳᠠᠷᠠ ᠨᠢ ᠡᠷᠲᠡᠨ ᠠᠴᠠ ᠠᠪᠤᠭᠠᠳ ᠠᠳᠠᠯᠢ ᠪᠤᠰᠤ ᠬᠥᠮᠥᠰ ᠤᠨ ᠬᠤᠭᠤᠷᠣᠨᠳᠣᠭᠢ ᠰᠣᠶᠣᠯ ᠤᠨ ᠰᠣᠯᠢᠯᠴᠠᠭᠠᠨ ᠤ | ᠴᠢᠬᠤᠯᠠ ᠵᠠᠮ ᠪᠣᠯᠵᠤ᠂ ᠪᠣᠯᠪᠠᠰᠤᠨ ᠦᠶ᠎ᠡ ᠳᠤ ᠣᠷᠣᠭᠰᠠᠨ ᠤ ᠳᠠᠷᠠᠭ᠎ᠠ ᠳᠣᠷᠣᠨᠠᠳᠠᠬᠢᠨ ᠥᠷᠥᠨᠡᠳᠠᠬᠢᠨ ᠤ ᠲᠣᠷᠭᠠᠨ | ᠵᠠᠮ ᠤᠨ ᠶᠠᠪᠤᠯᠴᠠᠭ᠎ᠠ ᠶᠢᠨ ᠵᠠᠩᠭᠢᠯᠠᠭ᠎ᠠ ᠶᠢᠨ ᠴᠡᠭ ᠤᠨ ᠦᠢᠯᠡᠳᠦᠯ ᠢ ᠥᠷᠭᠡᠳᠬᠡᠵᠦ᠂ ᠲᠠᠷᠢᠶᠠᠯᠠᠩ ᠮᠠᠯ ᠠᠵᠤ | ᠠᠬᠤᠢ ᠶᠢᠨ ᠠᠭᠤᠰᠤᠯᠴᠠᠯ᠂ ᠡᠮᠦᠨ᠎ᠡ ᠤᠮᠠᠷ᠎ᠠ ᠶᠢ ᠨᠡᠪᠲᠡᠷᠡᠭᠦᠯᠬᠦ᠂ ᠵᠡᠭᠦᠨ ᠪᠠᠷᠠᠭᠤᠨ ᠢ ᠬᠤᠯᠪᠣᠬᠤ ᠴᠢᠬᠤᠯᠠ | ᠦᠢᠯᠡᠳᠦᠯ ᠢ ᠪᠠᠳᠠᠷᠠᠭᠤᠯᠤᠭᠰᠠᠨ ᠪᠠᠶᠢᠨ᠎ᠠ᠃ | ᠠᠯᠠᠱᠠ ᠶᠢᠨ ᠤᠷᠲᠤ ᠴᠠᠭᠠᠨ ᠬᠡᠷᠡᠮ ᠤᠨ ᠦᠯᠡᠳᠡᠭᠳᠡᠯ ᠨᠢ ᠮᠠᠨ ᠤ ᠤᠯᠤᠰ ᠤᠨ ᠳᠡᠯᠡᠬᠡᠢ ᠳᠤ | ᠨᠥᠯᠥᠭᠡ ᠪᠦᠬᠦᠢ ᠴᠢᠬᠤᠯᠠ ᠲᠡᠦᠬᠡ ᠰᠣᠶᠣᠯ ᠤᠨ ᠥᠪ ᠪᠣᠯᠤᠭᠰᠠᠨ ᠤ ᠬᠤᠪᠢ ᠳᠤ᠂ ᠡᠯᠪᠡᠭ ᠪᠠᠶᠠᠯᠢᠭ ᠲᠡᠦᠬᠡ ᠶᠢᠨ | ᠬᠤᠷᠠᠮᠳᠤᠭᠤᠯᠤᠯ ᠲᠠᠢ᠂ ᠭᠦᠨ ᠭᠦᠨᠵᠡᠭᠡᠢ ᠰᠣᠶᠣᠯ ᠤᠨ ᠠᠭᠤᠯᠤᠭᠳᠠᠬᠤᠨ ᠲᠠᠢ᠂ ᠢᠯᠡ ᠲᠣᠳᠣ ᠭᠠᠵᠠᠷ ᠣᠷᠣᠨ ᠤ | ᠣᠨᠴᠠᠯᠢᠭ ᠲᠠᠢ᠂ ᠨᠡᠩ ᠴᠢᠬᠤᠯᠠ ᠴᠠᠭ ᠦᠶ᠎ᠡ ᠶᠢᠨ ᠦᠨ᠎ᠡ ᠦᠷᠳᠡᠭ ᠲᠠᠢ᠂ ᠠᠯᠠᠱᠠ ᠶᠢᠨ ᠥᠨᠳᠦᠷᠯᠢᠭ ᠤᠨ ᠭᠦᠨ | ᠵᠤᠵᠠᠭᠠᠨ ᠰᠣᠶᠣᠯ ᠤᠨ ᠬᠡᠰᠡᠭ ᠲᠠᠢ᠂ ᠳᠤᠮᠳᠠᠳᠤ ᠶᠢᠨ ᠤᠷᠳᠤ ᠴᠠᠭᠠᠨ ᠬᠡᠷᠡᠮ ᠤᠨ ᠰᠣᠶᠣᠯ ᠤᠨ ᠲᠤᠲᠠᠭᠳᠠᠵᠤ | ᠪᠣᠯᠣᠰᠢ ᠦᠭᠡᠢ ᠣᠷᠭᠠᠨᠢᠭ ᠪᠦᠲᠦᠴᠡ ᠲᠠᠢ᠂ ᠮᠥᠨᠴᠦ ᠮᠠᠨ ᠤ ᠤᠯᠤᠰ ᠤᠨ ᠤᠷᠳᠤ ᠴᠠᠭᠠᠨ ᠬᠡᠷᠡᠮ ᠤᠨ ᠰᠣᠶᠣᠯ ᠢ | ᠰᠤᠳᠤᠯᠬᠤ ᠡᠷᠳᠡᠮ ᠰᠢᠨᠵᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠴᠢᠬᠤᠯᠠ ᠡᠬᠢ ᠪᠠᠶᠠᠯᠢᠭ ᠪᠣᠯᠵᠠᠢ᠃ | ︵ᠠᠯᠠᠱᠠ ᠠᠶᠢᠮᠠᠭ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠰᠤᠳᠤᠯᠭᠠᠨ ᠤ ᠲᠥᠪ︶ | | |